ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠯᠠᠪᠳᠠᠭᠤᠨ ᠬᠦᠴᠦᠲᠡᠶ ᠥᠷᠨᠢᠭᠦᠯᠵᠦ᠍ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2024-12-30 15:29:11
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠨᠠᠮ᠎ᠤᠨ 

ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠢᠩᠬᠢᠮ᠎ᠦᠨ ᠳᠡᠳ᠋ ᠳᠠᠷᠤᠭ᠎ᠠ ᠬᠤᠸᠠ ᠷᠦᠢ ᠹᠸᠩ ᠢ᠋ ᠰᠤᠷᠪᠤᠯᠵᠢᠯᠠᠭ᠍ᠰᠠᠨ᠎ᠨᠢ


《ᠠᠷᠭ᠎ᠠ ᠪᠦᠬᠦᠨ᠎ᠢ ᠰᠦᠪᠡᠭ᠌ᠴᠢᠯᠡᠨ ᠠᠵᠤ ᠠᠬᠤᠢᠯᠠᠯ᠎ᠢ ᠬᠠᠪᠰᠤᠷᠤᠨ ᠬᠦᠴᠢᠷᠳᠡᠢ ᠠᠰᠠᠭᠤᠳᠠᠯ᠎ᠢ᠎ᠨᠢ ᠱᠢᠶ᠋ᠳᠪᠦᠷᠢᠯᠡᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠳᠠᠩᠰᠠᠠ ᠳ᠋ᠡᠬᠢ ᠵᠣᠭᠣᠰ᠎ᠢ ᠲᠦᠷᠭᠡᠳᠭᠡᠨ ᠳᠥᠯᠥᠵᠦ᠍᠂ ᠪᠠᠩᠬᠢ᠎ᠶ᠋ᠢᠨ ᠵᠢᠭᠡᠯᠡᠯᠭᠡ ᠲᠠᠯᠪᠢᠬᠤ᠂ ᠵᠠᠰᠠᠭ᠎ᠤᠨ ᠣᠷᠳᠣᠨ᠎ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠠᠳᠠᠯᠢᠬᠠᠨ ᠬᠠᠨᠳᠤᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠵᠦ᠍᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠵᠢᠷᠤᠮᠵᠢᠩᠭᠤᠢ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ ᠡᠷᠢᠵᠦ᠍᠂ ᠵᠠᠬ᠎ᠠ ᠳᠡᠯᠭᠡᠭᠦᠷ᠎ᠢ ᠥᠷᠭᠡᠳᠭᠡᠬᠦ ᠬᠡᠷᠡᠭᠳᠠᠢ》 ᠭᠡᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠡᠴᠡ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠳᠤ ᠲᠣᠳᠣᠷᠬᠠᠶ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠬᠤᠸᠠ ᠷᠦᠢ ᠹᠸᠩ᠎ᠢ ᠰᠤᠷᠪᠤᠯᠵᠢᠯᠠᠪᠠ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ 〈ᠵᠢᠷᠭᠤᠭᠠᠨ ᠠᠵᠢᠯᠯᠠᠭ᠎ᠠ〉᠎ᠶ᠋ᠢᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠶᠡᠬᠡ᠎ᠪᠡᠷ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ᠎ᠪᠠᠷ ᠠᠵᠤ ᠠᠬᠤᠢᠯᠠᠯ᠎ᠢ ᠲᠤᠰᠠᠯᠠᠬᠤ᠂ ᠢᠲᠡᠭᠡᠮᠵᠢᠲᠦ ᠵᠢᠭᠡᠯᠡᠯᠭᠡ᠎ᠪᠡᠷ ᠠᠵᠤ ᠠᠬᠤᠢᠯᠠᠯ᠎ᠢ ᠲᠤᠰᠠᠯᠠᠬᠤ᠂ ᠪᠣᠢᠵᠢᠭᠤᠯᠬᠤ ᠪᠠᠷ ᠠᠵᠤ ᠠᠬᠤᠢᠯᠠᠯ᠎ᠢ ᠲᠤᠰᠠᠯᠠᠬᠤ᠂ ᠣᠷᠴᠢᠨ ᠲᠤᠭᠤᠷᠢᠨ᠎ᠢᠶᠠᠷ ᠠᠵᠤ ᠠᠬᠤᠢᠯᠠᠯ᠎ᠢ ᠲᠤᠰᠠᠯᠠᠬᠤ᠂ ᠦᠶ᠋ᠯᠡᠴᠢᠯᠡᠭᠡ᠎ᠪᠡᠷ ᠠᠵᠤ ᠠᠬᠤᠢᠯᠠᠯ᠎ᠢ ᠲᠤᠰᠠᠯᠠᠬᠤ ᠵᠡᠷᠭᠡ ᠲᠠᠯ᠎ᠠ᠎ᠪᠠᠷ ᠪᠥᠬᠥ᠌ ᠲᠠᠯ᠎ᠠ᠎ᠶ᠋ᠢᠨ ᠳᠡᠮᠵᠢᠯᠭᠡ᠎ᠶ᠋ᠢᠨ ᠱᠢᠰᠲ᠋ᠧᠮ᠎ᠢ ᠪᠠᠢᠭᠤᠯᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠱᠢᠮᠡᠳᠦ ᠬᠥᠷᠥᠰᠥ᠎ᠶ᠋ᠢ ᠪᠤᠢ ᠪᠤᠯᠭᠠᠨ᠎ᠠ》 ᠭᠡᠵᠦ᠍ ᠬᠤᠸᠠ ᠷᠦᠢ ᠹᠸᠩ ᠢᠯᠡᠳᠭᠡᠪᠡ᠃

ᠨᠢᠭᠡ᠎ᠳᠦ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠤᠭᠤᠰᠢᠯᠠᠭᠤᠯᠬᠤ ᠡᠷᠴᠢᠮ᠎ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ᠎ᠤᠨ ᠰᠦᠯᠵᠢᠶᠡᠨ ᠥᠷᠲᠡᠭᠡ᠂ ᠵᠢᠷᠭᠢᠶ᠎ᠠ ᠵᠢᠨ ᠣᠯᠠᠨ ᠨᠡᠢᠲᠡ᠎ᠶ᠋ᠢᠨ ᠲᠠᠪᠴᠠᠩ᠂ 《ᠮᠸᠩ ᠴᠢ ᠲᠦᠩ》 ᠵᠡᠷᠭᠡ ᠲᠠᠪᠴᠠᠩ᠎ᠢ ᠰᠠᠢᠲᠤᠷ ᠬᠡᠷᠡᠭ᠌ᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠤᠭᠤᠱᠢᠯᠠᠭᠤᠯᠤᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠲᠦᠷᠭᠡᠨ ᠳᠠᠮᠵᠢᠭᠤᠯᠬᠤ ᠺᠠᠷᠲ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠬᠠᠯᠠᠮᠱᠢᠯ ᠲᠥᠷᠥ᠎ᠶ᠋ᠢᠨ ᠪᠣᠳᠣᠯᠭ᠎ᠠ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌ ᠵᠡᠷᠭᠡ ᠪᠢᠴᠢᠭ ᠮᠠᠲ᠋ᠧᠷᠢᠶᠠᠯ ᠤ᠋ᠨ ᠵᠠᠩᠭᠢᠯᠠᠭ᠎ᠠ᠎ᠶ᠋ᠢᠨ ᠥᠰᠥᠭ᠎ᠢ ᠳᠤᠳᠤᠷᠬᠠᠢᠯᠠᠨ ᠦᠭᠴᠤ᠂ ᠲᠠᠢᠯᠤᠮᠵᠢ ᠬᠢᠵᠦ᠍᠂ ᠭᠤᠤᠯᠳᠠᠯᠭ᠎ᠠ ᠲᠠᠢ ᠠᠭᠤᠯᠭ᠎ᠠ ᠪᠣᠯᠭᠠᠨ ᠲᠦᠷᠭᠡᠨ ᠳᠠᠮᠵᠢᠭᠤᠯᠵᠤ᠂ ᠠᠵᠤ ᠠᠬᠤᠢᠯᠠᠯ᠎ᠳᠤ ᠵᠠᠩᠭᠢᠯᠠᠭ᠎ᠠ᠎ᠶ᠋ᠢᠨ ᠦᠭᠡ ᠪᠡᠷ ᠳᠠᠮᠵᠢᠭᠤᠯᠤᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠭᠤᠯᠵᠤ᠂ ᠬᠡᠷᠡᠭ᠌ᠴᠡᠭᠡ  ᠲᠡᠶ ᠪᠤᠯ ᠰᠦᠯᠵᠢᠶ᠎ᠡ ᠪᠤᠶᠤ ᠵᠢᠷᠬᠢᠶ᠎ᠠ ᠵᠢᠨ ᠣᠯᠠᠨ ᠨᠡᠢᠲᠡ᠎ᠶ᠋ᠢᠨ ᠲᠠᠪᠴᠠᠩ ᠳ᠋ᠤ ᠤᠷᠤᠵᠤ ᠨᠠᠷᠢᠨ ᠤᠩᠰᠢᠵᠤ ᠪᠤᠯᠤᠨ᠎ᠠ᠃ ᠲᠢᠩᠬᠢᠮ ᠲᠣᠪᠴᠢᠶ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠤᠩᠱᠢᠨ ᠲᠠᠢᠯᠪᠤᠷᠢᠯᠠᠬᠤ ᠲᠤᠰᠭᠠᠶ ᠪᠤᠯᠤᠩ᠎ᠢ ᠦᠷᠭᠦᠯᠵᠢᠯᠡᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠲᠢᠩᠬᠢᠮ ᠲᠣᠪᠴᠢᠶ᠎ᠠ᠎ᠶ᠋ᠢᠨ ᠲᠠᠰ᠎ᠤᠨ ᠡᠯ᠎ᠡ ᠰᠠᠯᠠᠭ᠎ᠠ ᠮᠥᠴᠢᠷ᠎ᠢ ᠤᠷᠢᠵᠤ ᠰᠠᠯᠠᠭ᠎ᠠ ᠮᠥᠴᠢᠷ᠎ᠦᠨ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠳᠤ ᠴᠢᠭ᠌ᠯᠡᠭᠦᠯᠦᠨ᠂ ᠲᠤᠰᠭᠠᠶ ᠲᠠᠢᠯᠤᠮᠵᠢ ᠬᠢᠯᠭᠡᠨ᠎ᠠ᠃

ᠬᠣᠶᠠᠷ᠎ᠲᠤ᠂ ᠢᠲᠡᠭᠡᠮᠵᠢᠲᠦ ᠪᠠᠯᠠ ᠬᠤᠷᠠᠮᠳᠤᠭᠤᠯᠭ᠎ᠠ᠎ᠶ᠋ᠢᠨ ᠦᠶ᠋ᠯᠡᠴᠢᠯᠡᠭᠡ᠎ᠶ᠋ᠢ ᠰᠠᠢᠲᠤᠷ ᠬᠢᠨ᠎ᠠ᠃ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ ᠎ᠳᠠᠭᠠᠨ ᠡᠳ᠋ᠯᠡᠵᠤ ᠬᠡᠷᠡᠭ᠌ᠯᠡᠬᠦ᠌᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠳᠤᠮᠳᠠ ᠪᠠᠭ᠎ᠠ ᠠᠵᠤ ᠠᠬᠤᠢᠯᠠᠯ ᠤ᠋ᠨ ᠬᠢᠨ ᠤ᠋ 《ᠢᠲᠡᠭᠡᠮᠵᠢ》 ᠪᠠᠷ ᠵᠢᠡᠨ 《ᠵᠢᠭᠡᠯᠡᠯᠭᠡ》 ᠰᠣᠯᠢᠬᠤ ᠵᠢ ᠠᠬᠢᠭᠤᠯᠵᠤ᠂ ᠳᠤᠮᠳᠠ ᠪᠠᠭ᠎ᠠ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ᠎ᠳᠤ ᠬᠦᠴᠢᠷᠲᠡᠶ᠂ ᠪᠠᠯᠠ ᠬᠤᠷᠠᠮᠳᠤᠭᠤᠯᠬᠤ᠎ᠳᠤ ᠦᠨᠡᠲᠡᠶ ᠪᠠᠢᠬᠤ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠨ᠎ᠡ᠃ ᠥᠪᠥᠷ ᠮᠣᠩᠭᠣᠯ᠎ᠤᠨ ᠪᠠᠯᠠ ᠬᠤᠷᠠᠮᠳᠤᠭᠤᠯᠭ᠎ᠠ᠎ᠶ᠋ᠢᠨ ᠢᠲᠡᠭᠡᠮᠵᠢ᠎ᠶ᠋ᠢᠨ ᠦᠶ᠋ᠯᠡᠴᠢᠯᠡᠭᠡᠨ᠎ᠦ ᠲᠠᠪᠴᠠᠩ᠎ᠨᠢ ᠨᠢᠭᠡᠨᠲᠡ 13 ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ 16 ᠶᠡᠬᠡ ᠲᠥᠷᠥᠯ᠎ᠦᠨ 42 ᠵᠦᠶ᠋ᠯ᠎ᠦᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠲᠣᠭ᠎ᠠ ᠪᠠᠷᠢᠮᠲᠠ᠎ᠶ᠋ᠢ ᠵᠠᠯᠭᠠᠨ ᠣᠷᠣᠭᠤᠯᠵᠤ᠂ 593 ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠣᠷᠣᠵᠤ ᠢᠷᠡᠵᠤ᠂ 1100 ᠵᠦᠶ᠋ᠯ᠎ᠦᠨ ᠮᠥᠩᠭᠥᠨ ᠭᠦᠶ᠋ᠯᠭᠡᠭᠡᠨ᠎ᠦ ᠪᠦᠲᠦᠭᠡᠭᠳᠡᠭᠦᠨ᠎ᠢ ᠨᠡᠢᠲᠡᠯᠡᠵᠦ᠍᠂ ᠳᠠᠩᠰᠠᠯᠠᠭᠤᠯᠤᠭ᠍ᠰᠠᠨ ᠠᠵᠤ ᠠᠬᠤᠢᠯᠠᠯ 19.7 ᠲᠦᠮᠡ ᠳ᠋ᠤ ᠬᠦᠷᠴᠤ᠂ ᠵᠢᠱ᠌ᠢᠯᠲᠡ᠎ᠪᠡᠷ 2025 ᠣᠨ᠎ᠳᠤ 100 ᠳ᠋ᠦᠩᠱᠢᠭᠤᠷ ᠲᠥᠭᠥᠷᠢᠭ᠎ᠦᠨ ᠵᠢᠭᠡᠯᠡᠯᠭᠡ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌ ᠪᠣᠯᠤᠨ᠎ᠠ᠃

ᠭᠤᠷᠪᠠ᠎ᠳᠤ᠂ ᠳᠤᠮᠳᠠ ᠪᠠᠭ᠎ᠠ ᠠᠵᠤ ᠠᠬᠤᠢᠯᠠᠯ᠎ᠤᠨ ᠰᠢᠯᠢᠳᠡᠭᠵᠢᠨ ᠬᠥᠭ᠌ᠵᠢᠬᠦ᠌᠎ᠶ᠋ᠢ ᠬᠥᠲᠥᠯᠥᠨ ᠵᠢᠯᠣᠭᠣᠳᠤᠨ᠎ᠠ᠃ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠲᠠ᠎ᠲᠠᠢᠰᠢ ᠬᠡᠯᠪᠡᠷᠢ᠎ᠪᠡᠨ ᠬᠤᠪᠢᠷᠠᠭᠤᠯᠤᠨ ᠴᠢᠳᠠᠪᠤᠷᠢ ᠣᠯᠭᠣᠬᠤ ᠠᠵᠢᠯ᠎ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ 2024 ᠣᠨ᠎ᠳᠤ ᠬᠥᠬᠡᠬᠣᠲᠠ ᠪᠥᠬᠥ᠌ ᠤᠯᠤᠰ᠎ᠤᠨ ᠬᠣᠶᠠᠳᠤᠭᠠᠷ ᠪᠦᠯᠦᠭ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠲᠠ ᠲᠠᠢᠰᠢ ᠬᠡᠯᠪᠡᠷᠢ᠎ᠪᠡᠨ ᠬᠤᠪᠢᠷᠠᠭᠤᠯᠬᠤ ᠬᠣᠲᠠ᠎ᠶ᠋ᠢᠨ ᠲᠤᠷᠱᠢᠯᠲᠠ᠎ᠶ᠋ᠢᠨ ᠴᠡᠭ᠎ᠵᠢᠡᠷ ᠰᠣᠩᠭᠣᠭ᠍ᠳᠠᠪᠠ᠃ ᠭᠤᠤᠯᠳᠠᠯᠭ᠎ᠠ᠎ᠲᠠᠶ ᠠᠵᠤ ᠠᠬᠤᠢᠯᠠᠯ ᠵᠢᠴᠢ ᠬᠤᠯᠪᠤᠬᠳᠠᠯ ᠪᠥᠬᠥᠶ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠳᠠ ᠵᠢᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠬᠡᠯᠪᠡᠷᠢ᠎ᠪᠡᠨ ᠬᠤᠪᠢᠷᠠᠭᠤᠯᠬᠤ ᠥᠯᠢᠭᠡᠷ ᠳᠠᠭᠤᠷᠢᠶᠠᠯ᠎ᠢ ᠲᠦᠷᠭᠡᠳᠭᠡᠨ ᠪᠦᠷᠢᠯᠳᠦᠭᠦᠯᠵᠦ᠍᠂ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠪᠦᠷᠢᠯᠳᠦᠭᠦᠯᠦᠨ᠎ᠡ᠃ ᠰᠢᠯᠢᠳᠡᠭ ᠳᠤᠮᠳᠠ ᠪᠠᠭ᠎ᠠ ᠠᠵᠤ ᠠᠬᠤᠢᠯᠠᠯ᠎ᠢ ᠱᠠᠲᠤᠯᠢᠭ ᠬᠡᠯᠪᠡᠷᠢ ᠪᠡᠷ  ᠪᠣᠢᠵᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠵᠣᠬᠢᠬᠤ ᠳᠠᠪᠠᠭᠤᠯᠢᠭ᠎ᠲᠠᠶ ᠳᠤᠮᠳᠠ ᠪᠠᠭ᠎ᠠ ᠠᠵᠤ ᠠᠬᠤᠢᠯᠠᠯ᠎ᠢ ᠬᠠᠪᠰᠤᠷᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠣᠯᠤᠨ ᠲᠤᠰᠭᠠᠢᠵᠢᠭ᠍ᠰᠠᠨ ᠲᠦᠪᠱᠢᠨ᠎ᠢ᠎ᠨᠢ ᠳᠡᠭᠡᠭ᠌ᠰᠢᠯᠡᠭᠦᠯᠵᠦ᠍᠂ ᠲᠤᠰᠭᠠᠢᠵᠢᠭ᠍ᠰᠠᠨ ᠨᠠᠷᠢᠯᠢᠭᠵᠢᠬᠰᠡᠨ ᠣᠨᠴᠠᠯᠢᠬᠵᠢᠬᠰᠡᠨ ᠱᠢᠨ᠎ᠡ ᠳᠤᠮᠳᠠ ᠪᠠᠭ᠎ᠠ ᠠᠵᠤ ᠠᠬᠤᠢᠯᠠᠯ ᠪᠣᠯᠤᠨ 《ᠪᠢᠴᠢᠯ ᠠᠪᠤᠷᠭᠤ》 ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ 2025 ᠣᠨ᠎ᠳᠤ᠂ ᠪᠠᠰᠠ ᠨᠢᠭᠡ ᠠᠢᠮᠠᠭ ᠬᠣᠲᠠ᠎ᠶ᠋ᠢ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠳᠠ ᠲᠠᠢᠰᠢ ᠬᠡᠯᠪᠡᠷᠢ᠎ᠪᠡᠨ ᠬᠤᠪᠢᠷᠠᠭᠤᠯᠬᠤ ᠬᠣᠲᠠ᠎ᠶ᠋ᠢᠨ ᠲᠤᠷᠱᠢᠯᠲᠠ᠎ᠶ᠋ᠢᠨ ᠴᠡᠭ ᠪᠣᠯᠭᠠᠬᠤ᠎ᠪᠠᠷ ᠲᠠᠨᠢᠯᠴᠠᠭᠤᠯᠬᠤ᠎ᠪᠠᠷ ᠴᠢᠷᠮᠠᠢᠨ᠎ᠠ; ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ 400 ᠡᠷᠦᠬᠡ᠂ ᠲᠤᠰᠭᠠᠢᠵᠢᠬᠰᠡᠨ ᠨᠠᠷᠢᠯᠢᠭᠵᠢᠬᠰᠡᠨ ᠣᠨᠴᠠᠯᠢᠬᠵᠢᠬᠰᠡᠨ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ 70 ᠡᠷᠦᠬᠡ ᠱᠢᠨ᠎ᠡ᠎ᠪᠡᠷ ᠪᠣᠢᠵᠢᠭᠤᠯᠬᠤ᠎ᠪᠠᠷ ᠲᠥᠯᠥᠪᠯᠡᠵᠦ᠍ ᠪᠣᠶ᠃

ᠳᠥᠷᠪᠡ᠎ᠳᠦ᠂ ᠠᠵᠤ ᠠᠬᠤᠢᠯᠠᠯ ᠳ᠋ᠤ ᠦᠷᠢᠳᠤᠵᠤ ᠪᠠᠢᠭ᠎ᠠ ᠲᠠᠩᠰᠠᠨ᠎ᠳᠠᠬᠢ ᠵᠣᠭᠣᠰ᠎ᠢ ᠠᠷᠢᠯᠭᠠᠬᠤ᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭᠠᠳᠭᠠᠬᠤ᠂ ᠰᠠᠬᠢᠯᠭ᠎ᠠ ᠪᠠᠲᠤ᠎ᠶ᠋ᠢᠨ ᠬᠢᠵᠠᠭᠠᠷᠯᠠᠯ᠎ᠢ ᠴᠢᠩᠭᠠᠷᠠᠭᠤᠯᠬᠤ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠬᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠪᠡᠬᠢᠵᠢᠭᠦᠯᠬᠦ᠌᠂ ᠬᠢᠵᠠᠭᠠᠷᠯᠠᠵᠤ ᠵᠠᠯᠬᠠᠭᠠᠨ ᠴᠡᠭᠡᠷᠯᠡᠭᠦᠯᠬᠦ᠌᠎ᠶ᠋ᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠡᠴᠡ ᠭᠠᠷᠳᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠳ᠋ᠤ ᠦᠷᠢᠳᠤᠵᠤ ᠪᠠᠢᠭ᠎ᠠ ᠲᠠᠩᠰᠠᠨ᠎ᠳᠠᠬᠢ ᠵᠣᠭᠣᠰ᠎ᠢ ᠠᠷᠢᠯᠭᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠬᠡᠮᠵᠢ ᠵᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠪᠣᠳᠠᠲᠠᠢᠵᠢᠭᠤᠯᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ᠃ ᠱᠢᠨ᠎ᠡ ᠨᠢᠭᠡᠨ ᠡᠭᠡᠯᠵᠢ᠎ᠶ᠋ᠢᠨ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠲᠠᠩᠰᠠ ᠳ᠋ᠡᠬᠢ ᠵᠣᠭᠣᠰ᠎ᠤᠨ ᠪᠠᠢᠳᠠᠯ᠎ᠢ ᠣᠢᠯᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠣᠨᠣᠪᠴᠢᠲᠠᠶ ᠪᠥᠭᠡᠳ ᠪᠣᠳᠠᠲᠠᠶ ᠣᠢᠯᠠᠭᠠᠭ᠍ᠰᠠᠨ ᠰᠠᠭᠤᠷᠢᠨ ᠳᠡᠭᠡᠷ᠎ᠡ᠂ ᠪᠠᠯᠠ ᠮᠥᠩᠭᠥ᠌᠂ ᠡᠳ᠋ ᠬᠥᠷᠥᠩᠭᠡ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠤᠨ᠂ ᠪᠤᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠤᠴᠠᠭᠠᠬᠤ᠂ ᠡᠷᠲᠡᠬᠡᠨ ᠪᠤᠴᠠᠭᠠᠬᠤ ᠲᠦᠷᠭᠡᠨ ᠪᠤᠴᠠᠭᠠᠬᠤ᠎ᠶ᠋ᠢ ᠪᠡᠶᠡᠯᠡᠭᠦᠯᠦᠨ᠎ᠡ᠃

ᠲᠠᠪᠤ᠎ᠳᠤ᠂ ᠳᠤᠮᠳᠠ ᠪᠠᠭ᠎ᠠ ᠠᠵᠤ ᠠᠬᠤᠢᠯᠠᠯ᠎ᠤᠨ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠶᠠᠮᠤᠨ᠎ᠤ 《ᠪᠥᠬᠥ᠌ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠰᠦᠯᠵᠢᠶ᠎ᠡ᠎ᠶ᠋ᠢ ᠪᠠᠢᠭᠤᠯᠬᠤ》 ᠲᠤᠬᠠᠶ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ ᠨᠢ ᠰᠦᠯᠵᠢᠶᠡᠨ᠎ᠥᠷᠲᠡᠭᠡ᠎ᠪᠡᠨ ᠥᠭᠡᠷᠡᠴᠢᠯᠡᠬᠦ ᠵᠢ ᠪᠠᠶᠠᠯᠡᠬᠦᠯᠵᠤ᠂ ᠲᠥᠷᠥ᠎ᠶ᠋ᠢᠨ ᠪᠣᠳᠣᠯᠭ᠎ᠠ ᠡᠷᠢᠬᠦ᠌᠂ ᠵᠢᠭᠡᠯᠡᠯᠭᠡ ᠡᠷᠢᠬᠦ᠌᠂ ᠦᠶ᠋ᠯᠡᠴᠢᠯᠡᠭᠡ ᠡᠷᠢᠬᠦ᠌᠂ ᠴᠢᠳᠠᠪᠤᠷᠢᠲᠠᠨ ᠡᠷᠢᠬᠦ᠌᠂ ᠵᠠᠬ᠎ᠠ ᠳᠡᠯᠭᠡᠭᠦᠷ ᠡᠷᠢᠬᠦ᠌᠂ ᠬᠢᠴᠢᠶᠡᠯ ᠡᠷᠢᠬᠦ᠌᠂ ᠠᠵᠤ ᠠᠬᠤᠢᠯᠠᠯ ᠠᠵᠢᠯ ᠶᠠᠪᠤᠳᠠᠯ ᠭᠦᠶ᠋ᠴᠡᠳᠭᠡᠬᠦ᠌ ᠵᠡᠷᠭᠡ ᠪᠤᠯᠤᠩ᠎ᠢ ᠲᠣᠬᠢᠷᠠᠭᠤᠯᠵᠠᠶ᠃ 2025 ᠣᠨ᠎ᠳᠤ᠂ ᠤᠯᠤᠰ᠎ᠤᠨ ᠲᠠᠪᠴᠠᠩ᠎ᠯᠤᠭ᠎ᠠ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠬᠦ᠌᠎ᠪᠡᠷ ᠴᠢᠷᠮᠠᠢᠵᠤ᠂ ᠲᠤᠰᠭᠠᠢᠵᠢᠬᠰᠡᠨ ᠨᠠᠷᠢᠯᠢᠭᠵᠢᠬᠰᠡᠨ ᠣᠨᠴᠠᠯᠢᠬᠵᠢᠬᠰᠡᠨ ᠱᠢᠨ᠎ᠡ᠂ ᠡᠳ᠋᠎ᠦᠨ ᠵᠠᠰᠠᠭ ᠭᠠᠢᠯᠢ᠂ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠲᠠ᠎ᠲᠠᠢᠰᠢ ᠬᠡᠯᠪᠡᠷᠢ᠎ᠪᠡᠨ ᠬᠤᠪᠢᠷᠠᠭᠤᠯᠬᠤ᠂ ᠠᠵᠤ ᠠᠬᠤᠢᠯᠠᠯ᠎ᠤᠨ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ᠎ᠶ᠋ᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠪᠣᠯᠪᠠᠰᠤᠷᠠᠯ᠎ᠢ ᠥᠷᠨᠢᠭᠦᠯᠦᠨ᠎ᠡ᠃ ᠤᠬᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠢ 《ᠨᠢᠭᠡ ᠯᠠ ᠰᠦᠯᠵᠢᠶ᠎ᠡ》 ᠳ᠋ᠤ ᠣᠷᠣᠭᠤᠯᠵᠤ᠂ 《ᠨᠢᠭᠡ ᠯᠠ ᠰᠦᠯᠵᠢᠶ᠎ᠡ》 ᠵᠢ ᠭᠡᠷᠡᠭᠯᠡᠬᠦᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号