ᠴᠢᠬᠤᠯᠠ ᠶᠡᠬᠡ ᠲᠥᠷᠥᠯ ᠵᠦᠶ᠋ᠯ ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠨᠡᠮᠡᠭ᠌ᠳᠡᠯ ᠎ᠢ ᠲᠣᠭ᠍ᠲᠠᠪᠤᠷᠢᠵᠢᠭᠤᠯᠵᠤ ᠲᠤᠯᠭᠠᠭᠤᠷᠢᠯᠠᠯ ᠢ᠋ ᠴᠢᠩᠭᠠᠳᠬᠠᠵᠤ ᠨᠥᠭᠡᠴᠡ ᠬᠦᠴᠦᠨ᠎ᠢ ᠨᠡᠮᠡᠭ᠌ᠳᠡᠭᠦᠯᠦᠨ᠎ᠠ — ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠎ᠶ᠋ᠢᠨ ᠵᠥᠪᠯᠡᠯ ᠎ᠦᠨ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ ᠡᠷᠬᠢᠯᠡᠭ᠌ᠴᠢ ᠬᠥᠩ ᠮᠢᠩ ᠵᠤ᠌ ᠵᠢ ᠰᠤᠷᠪᠤᠯᠵᠢᠯᠠᠭ᠍ᠰᠠᠨ ᠨᠢ
2024-12-30 17:10:16
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ 2025 ᠣᠨ᠎ᠳᠤ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠵᠡᠷᠭᠡ 《ᠵᠢᠷᠭᠤᠭᠠᠨ ᠠᠵᠢᠯᠯᠠᠭ᠎ᠠ》 ᠵᠢ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠭᠦᠨ ᠎ᠳᠦ᠂ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ ᠨᠢ 《ᠵᠢᠷᠭᠤᠭᠠᠨ ᠠᠵᠢᠯᠯᠠᠭ᠎ᠠ》  ᠵᠢᠨ ᠨᠢᠭᠡᠳᠦᠭᠡᠷ ᠠᠵᠢᠯᠯᠠᠭ᠎ᠠ ᠪᠣᠯᠤᠭ᠍ᠰᠠᠨ ᠎ᠤ ᠬᠤᠪᠢ ᠎ᠳᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠵᠤ ᠲᠤᠯᠭᠠᠭᠤᠷᠢᠯᠠᠯ ᠢ᠋ ᠴᠢᠩᠭᠠᠳᠬᠠᠵᠤ ᠨᠥᠭᠡᠴᠡ ᠬᠦᠴᠦᠨ ᠎ᠢ ᠨᠡᠮᠡᠭ᠌ᠳᠡᠭᠦᠯᠬᠦ᠌᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠤᠷᠠᠮᠳᠤᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃

《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠴᠤᠩᠬᠤᠪᠴᠢ ᠵᠢᠨ ᠬᠤᠭᠤᠴᠠᠭ᠎ᠠ᠎ᠶ᠋ᠢ ᠠᠳᠭᠤᠵᠤ᠂ ᠨᠢᠭᠡ ᠪᠦᠯᠦᠭ ᠪᠡᠯᠭᠡ ᠳᠡᠮᠳᠡᠭ᠎ᠦᠨ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠴᠢᠬᠤᠯᠠ ᠶᠡᠬᠡ ᠢᠨᠵᠧᠨᠧᠷᠢᠩ ᠎ᠢ ᠲᠥᠯᠥᠪᠵᠢᠭᠦᠯᠵᠦ᠍᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ᠎ᠶ᠋ᠢ ᠦᠷᠭᠦᠯᠵᠢᠯᠡᠨ ᠴᠢᠩᠭ᠎ᠠ ᠠᠳᠭᠤᠵᠤ᠂ ᠭᠠᠵᠠᠷ ᠱᠢᠷᠣᠢ᠂ ᠪᠡᠯᠡ ᠮᠥᠩᠭᠥ᠌ ᠵᠡᠷᠭᠡ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠲᠦᠷᠦᠯ ᠵᠦᠢᠯ ᠢ᠋ ᠲᠦᠷᠭᠡᠨ ᠪᠦᠳᠦᠭᠡᠨ ᠪᠠᠢᠭᠤᠯᠵᠤ ᠲᠦᠷᠭᠡᠨ ᠠᠱᠢᠭ᠍ᠯᠠᠯᠲᠠ ᠎ᠳᠤ ᠣᠷᠣᠬᠤ᠎ᠶ᠋ᠢ ᠠᠬᠢᠭᠤᠯᠵᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠨᠥᠭᠡᠴᠡ ᠬᠦᠴᠦᠨ᠎ᠢ ᠨᠡᠮᠡᠭ᠌ᠳᠡᠭᠦᠯᠬᠦ᠌᠎ᠳᠦ ᠲᠤᠯᠭᠠᠭᠤᠷᠢᠯᠠᠯ ᠬᠠᠩᠭᠠᠬᠤ ᠬᠡᠷᠡᠭ᠌ᠲᠡᠢ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠴᠢᠬᠤᠯᠠ ᠶᠡᠬᠡ ᠲᠦᠷᠦᠯ ᠵᠦᠢᠯ ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠳᠤ ᠪᠣᠳᠠᠲᠠᠢ ᠪᠠᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠨᠢ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠪᠥᠬᠥ᠌ ᠣᠷᠣᠨ᠎ᠤ ᠴᠢᠬᠤᠯᠠ ᠶᠡᠬᠡ ᠲᠥᠷᠥᠯ ᠵᠦᠶ᠋ᠯ ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠬᠡᠷᠬᠢᠨ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠣᠶ? ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠦᠩ ᠮᠢᠩ ᠵᠦ᠍᠎ᠶ᠋ᠢ ᠰᠤᠷᠪᠤᠯᠵᠢᠯᠠᠪᠠ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠭ᠍ᠰᠠᠨ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ ᠨᠢ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯ᠎ᠢ ᠱᠢᠨ᠎ᠡ ᠦᠨᠳᠦᠷᠴᠡ ᠳ᠋ᠦ᠍ ᠬᠦᠷᠭᠡᠵᠦ᠍᠂ ᠲᠦᠷᠦᠯ ᠵᠦᠢᠯ ᠢ᠋ ᠡᠬᠢ ᠡᠭᠦᠰᠦᠯ᠎ᠡᠴᠡ ᠨᠢ ᠠᠬᠢᠭᠤᠯᠵᠤ᠂ ᠪᠦᠬᠦ᠌ ᠠᠮᠢ ᠨᠠᠰᠤᠨ ᠤ᠋ ᠦᠶᠡᠯᠡᠯ ᠵᠢᠡᠷ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠡᠩ ᠴᠢᠨᠠᠷ ᠰᠠᠢᠲᠠᠢ ᠲᠦᠷᠦᠯ ᠵᠦᠢᠯ᠂ ᠨᠡᠩ ᠶᠡᠬᠡ ᠬᠡᠮᠵᠢᠶᠡᠨ᠎ᠦ ᠪᠡᠯᠡ ᠣᠷᠣᠭᠤᠯᠤᠯᠲᠠ᠎ᠪᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠤᠷᠤᠬᠤ ᠳ᠋ᠤ ᠨᠡᠩ ᠶᠡᠬᠡ ᠠᠬᠢᠴᠠ᠎ᠲᠠᠶ ᠪᠣᠯᠬᠤ᠎ᠶ᠋ᠢ ᠠᠬᠢᠭᠤᠯᠪᠠ᠃ 2025 ᠣᠨ᠎ᠳᠤ᠂ ᠪᠢᠳᠡ ᠤᠯᠠᠨ ᠴᠢᠭ᠌ᠯᠡᠯ᠎ᠢᠶᠡᠷ ᠬᠦᠴᠦᠯᠡᠵᠦ᠍᠂ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠠᠬᠢᠭᠤᠯᠤᠨ᠎ᠠ》 ᠭᠡᠵᠦ᠍ ᠭᠦᠩ ᠮᠢᠩ ᠵᠦ᠍ ᠬᠡᠯᠡᠪᠡ᠃

ᠭᠦᠢᠴᠡᠳ ᠬᠡᠮᠵᠢᠶᠡᠨ᠎ᠦ ᠲᠦᠷᠦᠯ ᠵᠦᠢᠯ ᠢ᠋ ᠪᠦᠬᠦ᠌ ᠲᠠᠯ᠎ᠠ᠎ᠪᠠᠷ ᠨᠥᠭᠡᠴᠡᠯᠠᠨ᠎ᠠ᠃ ᠨᠢᠭᠡ᠎ᠳᠦ᠂《ᠲᠦᠷᠦᠯ ᠵᠦᠢᠯ ᠨᠢ ᠲᠥᠯᠥᠪᠵᠢᠭᠦᠯᠭᠡ᠎ᠶ᠋ᠢ ᠲᠠᠭᠠᠵᠦ᠍᠂ ᠴᠢᠬᠤᠯᠠ ᠡᠯᠧᠮᠧᠨ᠋ᠲ ᠨᠢ ᠲᠦᠷᠦᠯ ᠵᠦᠢᠯ᠎ᠢ ᠲᠠᠭᠠᠬᠤ》 ᠵᠢ ᠪᠠᠷᠢᠮᠳᠠᠯᠠᠨ᠎ᠠ᠃ 《ᠠᠷᠪᠡᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠠᠳᠭᠤᠵᠤ᠂ ᠡᠯ᠎ᠡ ᠲᠥᠷᠥᠯ᠎ᠦᠨ ᠲᠥᠯᠥᠪᠵᠢᠭᠦᠯᠭᠡ᠂ ᠬᠡᠷᠡᠭ᠌ᠵᠢᠭᠦᠯᠬᠦ᠌ ᠲᠥᠰᠦᠯ᠂ ᠭᠣᠣᠯᠳᠠᠯᠭ᠎ᠠ᠎ᠲᠠᠶ ᠡᠭᠦᠷᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢ ᠠᠬᠢᠭᠤᠯᠬᠤ᠎ᠳᠠᠭᠠᠨ᠂ ᠲᠥᠷᠥᠯ ᠵᠦᠢᠯ᠎ᠦᠨ ᠬᠥᠮᠥᠷᠭᠡ᠎ᠶ᠋ᠢᠨ ᠪᠠᠢᠭᠤᠯᠤᠯᠲᠠ᠎ᠶ᠋ᠢ ᠴᠢᠩᠭᠠᠷᠠᠭᠤᠯᠤᠨ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠲᠤᠯᠭᠠᠭᠤᠷᠢᠯᠠᠯ ᠪᠣᠯᠭᠠᠵᠤ᠂ ᠡᠯ᠎ᠡ ᠵᠦᠢᠯ᠎ᠦᠨ ᠠᠵᠢᠯ ᠎ᠤᠨ ᠡᠭᠦᠷᠭᠡ ᠎ᠪᠡᠨ ᠪᠡᠶᠡᠯᠡᠭᠦᠯᠬᠦ᠌᠎ᠶ᠋ᠢ ᠠᠬᠢᠭᠤᠯᠤᠨ᠎ᠠ; ᠡᠯ᠎ᠡ ᠵᠦᠶ᠋ᠯ᠎ᠦᠨ ᠲᠤᠰᠭᠠᠶ ᠠᠵᠢᠯᠯᠠᠭ᠎ᠠ᠎ᠶ᠋ᠢ ᠪᠡᠶᠡᠯᠡᠭᠦᠯᠬᠦ᠌᠂ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠤᠯᠬᠤ᠂ ᠬᠠᠮᠲᠤᠷᠠᠯᠴᠠᠭᠠᠨ ᠎ᠤ ᠵᠥᠪᠯᠡᠯᠴᠡᠭᠡᠷ ᠲᠣᠭ᠍ᠲᠠᠬᠤ ᠵᠡᠷᠭᠡ ᠲᠠᠯ᠎ᠠ᠎ᠪᠠᠷ ᠲᠥᠷᠥᠯ ᠵᠦᠶ᠋ᠯ᠎ᠦᠨ ᠲᠤᠯᠭᠠᠭᠤᠷᠢᠯᠠᠯ ᠎ᠢ ᠵᠡᠷᠭᠡ᠎ᠪᠡᠷ ᠴᠢᠩᠭᠠᠳᠭᠠᠵᠤ᠂ ᠠᠯᠢ ᠴᠢᠳᠠᠬᠤ ᠎ᠪᠠᠷ ᠪᠣᠳᠠᠲᠠᠶ ᠲᠥᠷᠥᠯ ᠵᠦᠶ᠋ᠯ ᠳᠡᠭᠡᠷ᠎ᠡ ᠪᠣᠳᠠᠲᠠᠢᠵᠢᠭᠤᠯᠤᠨ ᠨᠠᠷᠢᠯᠢᠬ᠍ᠵᠢᠭᠤᠯᠤᠨ᠎ᠠ᠃ ᠬᠣᠶᠠᠷ᠎ᠲᠤ᠂ ᠠᠵᠤ ᠦᠢᠯᠡᠰ᠎ᠦᠨ ᠲᠥᠷᠥᠯ ᠵᠦᠢᠯ᠎ᠢ ᠲᠥᠯᠦᠪᠵᠢᠬᠦᠯᠤᠨ ᠨᠥᠭᠡᠴᠡᠯᠡᠬᠦ᠌ ᠪᠠ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃ ᠤᠯᠤᠰ᠎ᠤᠨ ᠴᠢᠬᠤᠯᠠ ᠶᠡᠬᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠪᠠ ᠣᠷᠣᠨ ᠨᠤᠲᠤᠭ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠢ ᠣᠨᠣᠴᠠᠳᠠᠢ ᠡᠵᠡᠮᠳᠡᠵᠦ᠍᠂ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠦᠨ ᠬᠡᠯᠬᠢᠶ᠎ᠡ᠂ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠦᠨ ᠪᠦᠯᠦᠭ᠌ᠵᠢᠯ ᠳᠡᠭᠡᠷ᠎ᠡ ᠲᠦᠷᠤᠯ ᠵᠦᠢᠯ᠎ᠢ ᠲᠥᠯᠦᠪᠵᠢᠬᠦᠯᠤᠨ ᠨᠥᠭᠡᠴᠡᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠨᠢᠭᠡ ᠪᠦᠯᠦᠭ《ᠬᠡᠯᠬᠢᠶ᠎ᠡ᠎ᠶ᠋ᠢ ᠤᠷᠲᠤᠳᠭᠠᠬᠤ᠂ ᠬᠡᠯᠬᠢᠶ᠎ᠡ᠎ᠶ᠋ᠢ ᠨᠥᠬᠥᠪᠥᠷᠢᠯᠡᠬᠦ᠌᠂ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠂ ᠬᠡᠯᠬᠢᠶ᠎ᠡ᠎ᠶ᠋ᠢ ᠪᠠᠢᠭᠤᠯᠬᠤ》ᠲᠦᠷᠤᠯ ᠵᠦᠢᠯ᠎ᠢ ᠣᠷᠣᠭᠤᠯᠤᠨ ᠠᠪᠴᠢᠷᠠᠵᠤ᠂ ᠠᠵᠤ ᠦᠢᠯᠡᠰ ᠎ᠦᠨ ᠬᠡᠯᠬᠢᠶ᠎ᠡ᠂ ᠦᠷᠳᠡᠭ᠎ᠦᠨ ᠬᠡᠯᠬᠢᠶ᠎ᠡ᠂ ᠱᠢᠨ᠎ᠡ ᠎ᠶ᠋ᠢ ᠡᠭᠦᠳᠬᠦ᠌ ᠬᠡᠯᠬᠢᠶ᠎ᠡ᠎ᠶ᠋ᠢ ᠲᠡᠭᠦᠯᠳᠡᠷᠵᠢᠭᠦᠯᠤᠨ᠎ᠠ᠃ ᠢᠷᠡᠭᠡᠳᠦᠢ ᠎ᠶ᠋ᠢᠨ ᠠᠵᠤ ᠦᠢᠯᠡᠰ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠂ ᠣᠳᠣ ᠦᠶ᠎ᠡ᠎ᠶ᠋ᠢᠨ ᠦᠢᠯᠡᠴᠢᠯᠡᠭᠡᠨ ᠎ᠦ ᠦᠢᠯᠡᠰ ᠵᠡᠷᠭᠡ ᠭᠣᠣᠯᠳᠠᠯᠭ᠎ᠠ᠎ᠲᠠᠶ ᠬᠦᠷᠢᠶ᠎ᠡ᠎ᠶ᠋ᠢ ᠲᠥᠯᠦᠪᠵᠢᠬᠦᠯᠤᠨ ᠪᠠᠢᠷᠢᠯᠠᠭᠤᠯᠬᠤ᠎ᠶ᠋ᠢ ᠴᠢᠩᠭᠠᠳᠭᠠᠵᠤ᠂ ᠲᠥᠷᠥᠯ ᠵᠦᠢᠯ ᠣᠷᠣᠭᠤᠯᠤᠨ ᠠᠪᠴᠢᠷᠠᠬᠤ᠂ ᠪᠣᠢᠵᠢᠭᠤᠯᠬᠤ ᠡᠷᠴᠢᠮ ᠎ᠢ ᠴᠢᠩᠭᠠᠷᠠᠭᠤᠯᠤᠨ᠂ ᠴᠡᠭ᠎ᠢᠶᠡᠷ ᠨᠡᠢᠳᠡᠮ᠎ᠢ ᠳᠠᠢᠴᠢᠯᠠᠵᠤ᠂ ᠣᠳᠣ ᠦᠶ᠎ᠡ᠎ᠶ᠋ᠢᠨ ᠠᠵᠤ ᠦᠢᠯᠡᠰ ᠎ᠦᠨ ᠱᠢᠰᠲ᠋ᠧᠮ ᠢ᠋ ᠲᠦᠷᠭᠡᠳᠭᠡᠨ ᠪᠦᠷᠢᠨᠱᠢᠭᠦᠯᠦᠨ᠎ᠡ᠃ ᠭᠤᠷᠪᠠ᠎ᠳᠤ᠂ ᠤᠯᠤᠰ᠎ᠡᠴᠡ ᠬᠡᠷᠡᠭ᠌ᠵᠢᠭᠦᠯᠵᠦ᠍ ᠪᠠᠢᠭ᠎ᠠ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠴᠤᠩᠬᠤᠪᠴᠢ ᠬᠤᠭᠤᠴᠠᠭ᠎ᠠ᠎ᠶ᠋ᠢ ᠡᠵᠡᠮᠳᠡᠵᠦ᠍᠂ ᠤᠷᠳᠤ ᠬᠤᠭᠤᠴᠠᠭᠠᠨ᠎ᠤ ᠣᠨᠴᠠᠭᠠᠢ ᠤᠯᠤᠰ ᠎ᠤᠨ ᠵᠢᠭᠡᠯᠡᠯᠭᠡ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠎ᠤᠨ ᠵᠠᠰᠠᠭ᠎ᠤᠨ ᠣᠷᠳᠣᠨ᠎ᠤ ᠲᠤᠰᠭᠠᠢ ᠲᠦᠷᠦᠯ᠎ᠦᠨ ᠵᠢᠭᠡᠯᠡᠯᠭᠡ ᠵᠡᠷᠭᠡ ᠡᠯ᠎ᠡ ᠲᠦᠷᠦᠯ᠎ᠦᠨ ᠲᠥᠪ᠎ᠦᠨ ᠪᠡᠯᠡ ᠮᠥᠩᠭᠥᠨ᠎ᠦ ᠳᠡᠮᠵᠢᠯᠭᠡ᠎ᠶ᠋ᠢᠨ ᠬᠦᠷᠢᠶ᠎ᠡ ᠪᠣᠯᠤᠨ ᠴᠢᠭ᠌ᠯᠡᠯ᠎ᠢ ᠣᠨᠤᠴᠠᠳᠠᠢ ᠡᠵᠡᠮᠳᠡᠵᠦ᠍᠂ ᠲᠦᠷᠦᠯ ᠵᠦᠢᠯ᠎ᠦᠨ ᠨᠥᠭᠡᠴᠡᠯᠡᠯᠲᠡ ᠵᠢᠴᠢ ᠡᠮᠦᠨᠡᠬᠢ ᠬᠤᠭᠤᠴᠠᠭᠠᠨ᠎ᠤ ᠠᠵᠢᠯ᠎ᠢ ᠤᠷᠢᠳᠴᠢᠯᠠᠨ ᠰᠠᠢᠲᠤᠷ ᠬᠢᠵᠦ᠍᠂ ᠲᠦᠷᠦᠯ ᠵᠦᠢᠯ᠎ᠦᠨ ᠨᠥᠭᠡᠴᠡᠯᠡᠯᠲᠡ᠎ᠶ᠋ᠢᠨ ᠣᠨᠣᠪᠴᠢᠲᠤ ᠴᠢᠨᠠᠷ ᠪᠣᠯᠤᠨ ᠪᠦᠳᠦᠮᠵᠢᠳᠤ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠤᠨ᠎ᠠ᠃《ᠵᠥᠭᠡᠯᠡᠨ ᠪᠠᠢᠭᠤᠯᠤᠯᠲᠠ》ᠶ᠋ᠢᠨ ᠠᠵᠢᠯ᠎ᠢ ᠨᠠᠩ ᠶᠡᠬᠡ ᠡᠷᠴᠢᠮ᠎ᠢᠶᠡᠷ ᠰᠠᠢᠲᠤᠷ ᠬᠢᠵᠦ᠍᠂ ᠲᠦᠯᠦᠪᠵᠢᠭᠦᠯᠭᠡ ᠵᠢᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ ᠪᠠ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠠᠪᠬᠤᠴᠠᠯ ᠦᠶ᠋ᠯᠡᠳᠦᠯ᠎ᠢ ᠰᠠᠢᠲᠤᠷ ᠪᠠᠳᠠᠷᠠᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠰᠠᠭᠤᠷᠢ ᠲᠦᠬᠦᠭᠡᠷᠤᠮᠵᠢ᠂ ᠠᠵᠤ ᠦᠶ᠋ᠯᠡᠰ᠎ᠦᠨ ᠬᠥᠭ᠌ᠵᠢᠯᠲᠡ᠂ ᠨᠡᠢᠭᠡᠮ ᠠᠷᠠᠳ᠎ᠤᠨ ᠠᠮᠢᠳᠤᠷᠠᠯ᠂ ᠠᠮᠢ ᠠᠬᠤᠶ ᠣᠷᠴᠢᠨ ᠲᠣᠭᠣᠷᠢᠨ᠂ ᠤᠯᠤᠰ᠎ᠤᠨ ᠠᠮᠤᠷ ᠲᠦᠪᠱᠢᠨ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠶ᠋ᠢᠨ ᠲᠣᠭᠣᠷᠢᠨ᠎ᠳᠤ᠂ ᠨᠢᠭᠡ ᠪᠦᠯᠦᠭ ᠪᠥᠬᠥ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠪᠡᠯᠭᠡ ᠲᠡᠮᠳᠡᠭ᠎ᠦᠨ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ᠂ ᠪᠠᠷᠠᠯᠠᠯᠳᠤ ᠴᠢᠨᠠᠷᠲᠠᠶ ᠪᠠ ᠲᠥᠯᠥᠪᠯᠡᠭᠡᠲᠦ ᠴᠢᠨᠠᠷᠲᠠᠶ ᠴᠢᠬᠤᠯᠠ ᠶᠡᠬᠡ ᠲᠥᠷᠥᠯ ᠵᠦᠶ᠋ᠯ ᠪᠣᠯᠤᠨ ᠴᠢᠬᠤᠯᠠ ᠶᠡᠬᠡ ᠢᠨᠵᠧᠨᠧᠷᠢᠩ᠎ᠢ ᠲᠥᠯᠥᠪᠵᠢᠭᠦᠯᠵᠦ᠍᠂ ᠪᠠᠯᠠ ᠮᠥᠩᠭᠥ᠌ ᠲᠡᠮᠡᠴᠡᠨ ᠤᠯᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠨ᠎ᠠ᠃ ᠳᠥᠷᠪᠡ᠂ ᠣᠳᠣᠬᠠᠨ᠎ᠤ ᠪᠠᠢᠳᠠᠯ᠎ᠳᠤ ᠰᠠᠭᠤᠷᠢᠯᠠᠬᠤ᠎ᠪᠠᠷ ᠪᠠᠷᠠᠬᠤ ᠥᠬᠡᠶ ᠪᠠᠰᠠ ᠠᠯᠤᠰ ᠬᠡᠲᠦ᠍᠎ᠶ᠋ᠢ ᠪᠣᠳᠣᠯᠬᠢᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠎ᠦᠨ᠎ᠬᠢᠨ᠎ᠦ ᠲᠥᠷᠥᠯ ᠵᠦᠶ᠋ᠯ ᠨᠥᠭᠡᠴᠡᠯᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠯᠳᠦᠭᠦᠯᠬᠦ᠌ ᠎ᠶ᠋ᠢ ᠠᠬᠢᠭᠤᠯᠵᠤ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠦᠨ᠎ᠬᠢᠨ ᠲᠦᠷᠦᠭᠦᠯᠡᠨ ᠱᠢᠰᠲ᠋ᠧᠮ ᠪᠦᠷᠢᠯᠳᠦᠭᠦᠯᠵᠦ᠍᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠤᠬᠠᠭᠠᠯᠠᠨ ᠲᠦᠯᠦᠪᠯᠡᠭᠰᠡᠨ ᠲᠥᠷᠥᠯ ᠵᠦᠶ᠋ᠯ᠎ᠨᠢ ᠴᠠᠭ ᠬᠤᠭᠤᠴᠠᠭᠠᠨ᠎ᠤ ᠠᠯᠭᠠᠰᠠᠯ᠂ ᠪᠠᠯᠠ ᠮᠥᠩᠭᠥ᠎ᠶ᠋ᠢᠨ ᠦᠷᠭᠡᠴᠡ᠂ ᠠᠵᠤ ᠦᠶ᠋ᠯᠡᠰ᠎ᠦᠨ ᠭᠦᠨᠴᠡ᠎ᠲᠡᠶ ᠪᠠᠢᠬᠤ ᠬᠡᠷᠡᠭ᠌ᠲᠡᠶ᠃ ᠲᠥᠷᠥᠯ ᠵᠦᠢᠯ᠎ᠦᠨ ᠨᠥᠭᠡᠴᠡ᠎ᠶ᠋ᠢ《ᠰᠠᠢᠨ ᠮᠥᠷᠲᠡᠭᠡᠨ ᠤᠯᠠᠨ》ᠪᠠᠢᠯᠭᠠᠬᠤ᠎ᠪᠠᠷ ᠴᠢᠷᠮᠠᠢᠵᠤ᠂《ᠨᠢᠭᠡ ᠪᠦᠯᠦᠭ᠎ᠢ ᠨᠥᠭᠡᠴᠡᠯᠡᠵᠦ᠂ ᠨᠢᠭᠡ ᠪᠦᠯᠦᠭ᠎ᠢ ᠠᠵᠢᠯ ᠡᠬᠢᠯᠡᠭᠦᠯᠵᠤ᠂ ᠨᠢᠭᠡ ᠪᠦᠯᠦᠭ᠎ᠢ ᠪᠦᠲᠦᠭᠡᠨ ᠪᠠᠢᠭᠤᠯᠵᠤ᠂ ᠨᠢᠭᠡ ᠪᠦᠯᠦᠭ᠎ᠢ ᠠᠵᠢᠯ ᠳᠠᠭᠤᠰᠭᠠᠬᠤ》ᠰᠠᠢᠨ ᠣᠷᠴᠢᠯ᠎ᠢ ᠪᠣᠶ ᠪᠤᠯᠭᠠᠨ᠎ᠠ᠃

ᠲᠥᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠶ᠋ᠢ ᠠᠬᠢᠭᠤᠯᠤᠨ᠎ᠠ᠃ ᠨᠢᠭᠡ᠎ᠳᠦ᠂ ᠵᠢᠯ᠎ᠦᠨ ᠡᠬᠢᠨ᠎ᠳᠦ ᠪᠠᠢᠷᠢᠯᠠᠭᠤᠯᠬᠤ᠂ ᠠᠵᠢᠯ ᠡᠬᠢᠯᠡᠭᠦᠯᠬᠦ᠌ ᠤᠯᠠᠷᠢᠯ᠎ᠳᠤ ᠳᠠᠢᠴᠢᠯᠠᠬᠤ᠂ ᠵᠤᠬᠢᠰᠳᠠᠢ ᠴᠠᠭ ᠲᠤ᠌ ᠲᠤᠰᠭᠠᠶ ᠰᠡᠳᠦᠪ᠎ᠢᠶᠡᠷ ᠲᠣᠬᠢᠷᠠᠭᠤᠯᠬᠤ ᠴᠢᠬᠤᠯᠠ ᠶᠡᠬᠡ ᠲᠥᠷᠥᠯ ᠵᠦᠶ᠋ᠯ᠎ᠢ ᠠᠬᠢᠭᠤᠯᠬᠤ ᠲᠣᠭ᠍ᠲᠠᠴᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠬᠠᠪᠤᠷ᠎ᠤᠨ ᠡᠬᠢ᠎ᠪᠡᠷ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌᠎ᠶ᠋ᠢ ᠱᠠᠯᠠᠪᠳᠠᠨ ᠠᠬᠢᠭᠤᠯᠤᠨ᠎ᠠ;ᠠᠵᠢᠯ ᠡᠬᠢᠯᠡᠬᠦ᠌ ᠤᠯᠠᠷᠢᠯ᠎ᠪᠤᠯᠪᠠᠯ ᠡᠯ᠎ᠡ ᠭᠠᠵᠠᠷ᠎ᠤᠨ ᠲᠥᠪᠯᠡᠷᠡᠭᠦᠯᠦᠨ ᠠᠵᠢᠯ ᠡᠬᠢᠯᠡᠭᠦᠯᠬᠦ᠌᠎ᠶ᠋ᠢ ᠠᠬᠢᠭᠤᠯᠤᠨ᠎ᠠ;ᠪᠠᠷᠢᠯᠭ᠎ᠠ᠎ᠶ᠋ᠢᠨ ᠤᠯᠠᠷᠢᠯ᠎ᠪᠤᠯᠪᠠᠯ ᠱᠠᠲᠤᠴᠢ ᠴᠢᠨᠠᠷᠲᠠᠶ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠣᠷᠣᠱᠢᠵᠤ ᠪᠠᠢᠭ᠎ᠠ ᠨᠡᠢᠲᠡᠯᠢᠭ ᠴᠢᠨᠠᠷᠲᠠᠶ ᠠᠰᠠᠭᠤᠳᠠᠯ᠎ᠢ ᠱᠢᠶ᠋ᠳᠪᠦᠷᠢᠯᠡᠨ᠎ᠡ;ᠡᠪᠦᠯ᠎ᠦᠨ ᠤᠯᠠᠷᠢᠯ᠎ᠳᠤ᠂ ᠲᠤᠰ ᠵᠢᠯ᠎ᠦᠨ ᠪᠡᠯᠡ ᠣᠷᠣᠭᠤᠯᠤᠯᠲᠠ᠎ᠶ᠋ᠢ ᠪᠦᠷᠢᠳᠭᠡᠯ ᠳ᠋ᠤ ᠤᠷᠤᠭᠤᠯᠬᠤ ᠪᠠ ᠢᠷᠡᠬᠦ᠌ ᠵᠢᠯ᠎ᠦᠨ ᠲᠥᠯᠥᠪᠯᠡᠭᠡ᠎ᠶ᠋ᠢ ᠪᠣᠳᠠᠲᠠᠢᠵᠢᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂《ᠰᠡᠯᠡᠭᠦᠦ ᠡᠪᠦᠯ》 ᠢ᠋ 《ᠶᠠᠭᠠᠷᠠᠤ ᠡᠪᠦᠯ》 ᠪᠣᠯᠭᠠᠨ ᠬᠤᠪᠢᠷᠠᠭᠤᠯᠤᠨ᠎ᠠ᠃ ᠬᠣᠶᠠᠷ᠎ᠲᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠴᠢᠬᠤᠯᠠ ᠶᠡᠬᠡ ᠲᠥᠷᠥᠯ ᠵᠦᠶ᠋ᠯ᠎ᠦᠨ ᠭᠤᠷᠪᠠᠨ ᠱᠠᠲᠤᠨ᠎ᠤ ᠤᠳᠤᠷᠢᠳᠤᠯᠭ᠎ᠠ ᠳᠠᠭᠠᠭᠠᠴᠢᠯᠠᠨ ᠬᠣᠯᠪᠣᠭᠠᠯᠠᠬᠤ᠂ ᠡᠮᠦᠨᠡᠬᠢ ᠬᠤᠭᠤᠴᠠᠭᠠᠨ᠎ᠤ ᠭᠠᠷᠳᠠᠮ᠎ᠢ ᠭᠤᠷᠪᠠᠨ ᠱᠠᠲᠤᠨ᠎ᠤ ᠰᠠᠯᠠᠭ᠎ᠠ ᠮᠥᠴᠢᠷ ᠳᠠᠭᠠᠭᠠᠴᠢᠯᠠᠨ ᠬᠣᠯᠪᠣᠭᠠᠯᠠᠬᠤ᠂ ᠴᠢᠬᠤᠯᠠ ᠶᠡᠬᠡ ᠲᠥᠷᠥᠯ ᠵᠦᠶ᠋ᠯ᠎ᠦᠨ ᠲᠢᠩᠬᠢᠮ᠎ᠦᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠲᠦᠷᠢᠮ ᠵᠡᠷᠭᠡ ᠠᠵᠢᠯ᠎ᠤᠨ ᠲᠣᠭ᠍ᠲᠠᠴᠠ᠎ᠶ᠋ᠢ ᠦᠷᠭᠦᠯᠵᠢᠯᠡᠨ ᠪᠠᠳᠠᠷᠠᠭᠤᠯᠵᠤ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠶᠠᠪᠤᠴᠠ᠎ᠳᠤ ᠣᠷᠣᠱᠢᠵᠤ ᠪᠠᠢᠭ᠎ᠠ ᠬᠦᠴᠢᠷᠳᠡᠯ ᠲᠦᠭ᠌ᠵᠢᠷᠡᠯ ᠤ᠋ᠨ ᠠᠰᠠᠭᠤᠳᠠᠯ᠎ᠢ ᠬᠦᠴᠦ᠍᠎ᠪᠡᠨ ᠬᠠᠮᠲᠤᠳᠭᠠᠨ ᠱᠢᠶ᠋ᠳᠪᠦᠷᠢᠯᠡᠨ᠎ᠡ᠃ ᠭᠤᠷᠪᠠ᠎ᠳᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠪᠠᠷᠢᠮᠲᠠᠯᠠᠨ᠎ᠠ᠃ ᠲᠤᠬᠢᠷᠠᠭᠤᠯᠬᠤ ᠵᠠᠷᠯᠠᠨ ᠮᠡᠳᠡᠭᠳᠡᠬᠦ ᠨᠡᠷᠡᠰ ᠢ᠋ ᠵᠢᠭᠰᠠᠭᠠᠬᠤ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠲᠤᠬᠢᠷᠠᠭᠤᠯᠤᠨ ᠵᠠᠳᠠᠯᠠᠬᠤ᠎ᠪᠠᠷ ᠠᠵᠢᠯ᠎ᠤᠨ ᠭᠣᠣᠯᠳᠠᠯᠭ᠎ᠠ᠎ᠶ᠋ᠢ ᠲᠣᠳᠣᠷᠬᠠᠢᠯᠠᠨ᠂ ᠵᠠᠷᠯᠠᠨ ᠮᠡᠳᠡᠭ᠌ᠳᠡᠵᠤ ᠨᠡᠷᠡᠰ ᠢ᠋ ᠵᠢᠭᠰᠠᠭᠠᠬᠤ ᠪᠡᠷ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠰᠠᠷ᠎ᠠ ᠪᠦᠷᠢ ᠪᠡᠯᠡ ᠣᠷᠣᠭᠤᠯᠤᠯᠲᠠ᠎ᠶ᠋ᠢᠨ ᠠᠬᠢᠴᠠ ᠵᠢᠨ ᠵᠢᠭ᠍ᠰᠠᠭᠠᠯᠲᠠ ᠵᠢ ᠵᠠᠷᠯᠠᠨ ᠮᠡᠳᠡᠭ᠌ᠳᠡᠵᠦ᠍᠂ ᠱᠠᠳᠤ ᠱᠠᠳᠤ ᠪᠡᠷ ᠳᠠᠷᠤᠯᠲᠠ᠎ᠦᠭᠴᠦ᠂ 《ᠠᠳᠠᠯᠢᠳᠭᠠᠬᠤ ᠰᠤᠷᠤᠯᠴᠠᠬᠤ ᠭᠦᠢᠴᠡᠬᠦ᠌ ᠳᠠᠪᠠᠬᠤ》ᠠᠵᠢᠯ ᠎ᠤᠨ ᠪᠠᠢᠳᠠᠯ᠎ᠢ ᠪᠤᠢ ᠪᠣᠯᠭᠠᠨ᠎ᠠ᠃ ᠲᠦᠷᠪᠡ᠎ᠳᠦ᠂ ᠲᠥᠪ᠎ᠦᠨ ᠪᠡᠯᠡ ᠮᠥᠩᠭᠥᠨ᠎ᠦ ᠲᠦᠷᠦᠯ ᠵᠦᠢᠯ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠲᠥᠷᠥᠯ ᠵᠦᠶ᠋ᠯ᠎ᠦᠨ ᠬᠠᠷᠢᠶ᠎ᠠ ᠨᠢᠭᠡᠴᠢ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠲᠤ ᠳᠠᠷᠠᠭᠠᠯᠠᠨ ᠪᠣᠳᠠᠲᠠᠢᠵᠢᠭᠤᠯᠵᠤ᠂ ᠲᠥᠷᠥᠯ ᠵᠦᠶ᠋ᠯ᠎ᠢ ᠬᠢᠨᠠᠨ ᠬᠡᠮᠵᠢᠬᠦ᠂ ᠰᠤᠳᠤᠯᠤᠨ ᠵᠠᠳᠠᠯᠬᠤ ᠪᠠ ᠦᠨᠡᠯᠡᠨ ᠵᠢᠱ᠌ᠢᠵᠦ᠍ ᠱᠠᠯᠠᠪᠳᠠᠭᠤᠯᠤᠨ ᠵᠢᠯᠣᠭᠣᠳᠭᠤ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍᠂ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠳ ᠴᠢᠬᠤᠯᠠ ᠶᠡᠬᠡ ᠲᠥᠷᠥᠯ ᠵᠦᠶ᠋ᠯ᠎ᠦᠨ《ᠠᠷᠠᠯᠵᠢᠶᠠᠴᠢᠨ ᠤᠷᠢᠬᠤ᠎ᠶ᠋ᠢ ᠠᠳᠭᠤᠬᠤ᠂ ᠨᠥᠭᠡᠴᠡᠯᠡᠬᠦ᠌ ᠎ᠶ᠋ᠢ ᠠᠳᠭᠤᠬᠤ᠂ ᠡᠮᠦᠨᠡᠬᠢ ᠬᠤᠭᠤᠴᠠᠭ᠎ᠠ᠎ᠶ᠋ᠢ ᠠᠳᠭᠤᠬᠤ᠂ ᠠᠵᠢᠯ ᠡᠬᠢᠯᠡᠭᠦᠯᠬᠦ᠌᠎ᠶ᠋ᠢ ᠠᠳᠭᠤᠬᠤ᠂ ᠠᠬᠢᠴᠠ᠎ᠶ᠋ᠢ ᠠᠳᠭᠤᠬᠤ᠂ ᠠᠱᠢᠭ᠍ᠯᠠᠯᠲᠠ᠎ᠳᠤ ᠣᠷᠣᠭᠤᠯᠬᠤ᠎ᠶ᠋ᠢ ᠠᠳᠭᠤᠬᠤ》ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌᠎ᠶ᠋ᠢ ᠠᠬᠢᠭᠤᠯᠤᠨ᠎ᠠ᠃

ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠨ᠎ᠠ᠃ ᠨᠢᠭᠡ᠎ᠳᠦ᠂ ᠠᠵᠢᠯ ᠲᠥᠷᠥᠯ᠎ᠦᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠠᠷᠠᠳ᠎ᠤᠨ ᠬᠥᠷᠥᠩᠭᠡ ᠬᠦᠷᠦᠯᠴᠡᠬᠦ᠌ ᠥᠬᠡᠶ ᠠᠵᠢᠯ ᠲᠥᠷᠥᠯ᠎ᠦᠨ ᠬᠦᠷᠢᠶ᠎ᠡ᠎ᠶ᠋ᠢ ᠣᠨᠣᠪᠴᠢᠲᠠᠶ ᠡᠷᠢᠨ ᠣᠯᠵᠤ᠂ ᠲᠥᠷᠥᠯ ᠵᠦᠶ᠋ᠯ ᠲᠠᠨᠢᠯᠴᠠᠭᠤᠯᠬᠤ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢᠯᠠᠯ᠎ᠤᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠱᠢᠭ᠍ᠯᠠᠯᠲᠠ ᠵᠡᠷᠭᠡ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠡᠵᠡᠩᠨᠡᠯᠲᠡ᠎ᠳᠦ ᠣᠷᠣᠯᠴᠠᠬᠤ᠎ᠶ᠋ᠢ ᠠᠬᠢᠭᠤᠯᠤᠨ᠎ᠠ᠃ ᠬᠣᠶᠠᠷ᠎ᠲᠤ᠂ PPP ᠱᠢᠨ᠎ᠡ ᠲᠣᠭ᠍ᠲᠠᠴᠠ᠎ᠶ᠋ᠢᠨ ᠲᠥᠷᠥᠯ ᠵᠦᠶ᠋ᠯ᠎ᠢ ᠵᠢᠷᠤᠮᠵᠢᠭᠤᠯᠤᠨ ᠬᠡᠷᠡᠭ᠌ᠵᠢᠭᠦᠯᠦᠨ᠎ᠡ᠃ ᠬᠡᠷᠡᠭ᠌ᠯᠡᠭ᠌ᠴᠢ ᠰᠦᠶ᠋ᠳᠭᠡᠯ ᠲᠤᠱᠢᠶᠠᠬᠤ᠂ ᠪᠦᠭᠦᠳᠡ ᠣᠨᠴᠠ ᠵᠥᠪᠱᠢᠶᠡᠷᠡᠭ᠌ᠰᠡᠨ ᠡᠵᠡᠩᠨᠡᠯᠲᠡ᠎ᠶ᠋ᠢᠨ ᠵᠠᠭ᠍ᠪᠤᠷ᠎ᠢ ᠬᠡᠷᠡᠭ᠌ᠯᠡᠬᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢᠯᠠᠯ ᠢ᠋ ᠤᠷᠢᠳ ᠵᠢᠡᠷ ᠪᠤᠳᠤᠯᠬᠢᠯᠠᠨ ᠤᠷᠤᠯᠴᠠᠭᠤᠯᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠠᠷᠠᠳ᠎ᠤᠨ ᠪᠠᠯᠠ ᠣᠷᠣᠭᠤᠯᠤᠯᠲᠠ᠎ᠶ᠋ᠢᠨ ᠣᠷᠣᠯᠴᠠᠬᠤ ᠢᠳᠡᠪᠬᠢᠵᠢᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠳᠠᠢᠴᠢᠯᠠᠨ᠎ᠠ᠃ ᠭᠤᠷᠪᠠ᠎ᠳᠤ᠂ ᠪᠠᠯᠠ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠬᠤ ᠪᠠ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠲᠤᠬᠠᠶ ᠰᠣᠨᠢᠨ ᠮᠡᠳᠡᠭᠡᠨ᠎ᠦ ᠤᠬᠠᠭᠤᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢ ᠴᠢᠩᠭᠠᠳᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠭᠠᠵᠠᠷ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠦ᠍᠂ ᠵᠠᠬ᠎ᠠ ᠳᠡᠯᠭᠡᠭᠦᠷ ᠎ᠦᠨ ᠪᠠᠯᠠ ᠣᠷᠣᠭᠤᠯᠤᠯᠲᠠ᠎ᠶ᠋ᠢᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠢᠲᠡᠭᠡᠯ᠎ᠢ ᠬᠥᠪᠴᠢᠯᠡᠨ᠎ᠡ᠃

《ᠢᠷᠡᠬᠦ᠌ ᠵᠢᠯ ᠪᠣᠯ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠥᠭ᠌ᠵᠢᠯᠲᠡ᠎ᠶ᠋ᠢ ᠲᠥᠯᠥᠪᠵᠢᠭᠦᠯᠬᠦ᠌ ᠵᠢᠯ ᠮᠥᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠶᠡᠬᠡ ᠲᠥᠷᠥᠯ ᠵᠦᠶ᠋ᠯ᠎ᠢ ᠠᠬᠢᠭᠤᠯᠬᠤ ᠠᠵᠢᠯᠯᠠᠭ᠎ᠠ᠎ᠶ᠋ᠢᠨ ᠲᠤᠬᠠᠶ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠬᠢᠬᠦ᠌᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠢᠲᠡᠭᠡᠯ ᠵᠣᠷᠢᠭ᠎ᠢᠶᠠᠨ ᠬᠥᠪᠴᠢᠯᠡᠵᠦ᠍᠂ ᠬᠦᠴᠢᠷ᠎ᠢ ᠰᠥᠷᠥᠨ ᠤᠷᠤᠭ᠍ᠰᠢᠯᠠᠵᠤ᠂ ᠬᠦᠴᠦᠯᠡᠨ ᠴᠢᠷᠮᠠᠢᠵᠤ᠂ ᠪᠠᠯᠠ ᠣᠷᠣᠭᠤᠯᠤᠯᠲᠠ᠎ᠶ᠋ᠢᠨ ᠠᠵᠢᠯ᠎ᠤᠨ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠥᠭ᠌ᠵᠢᠭᠦᠯᠦᠯᠲᠡ ᠪᠠ ᠦᠭᠡᠷᠡᠴᠢᠯᠡᠯᠲᠡ᠎ᠶ᠋ᠢᠨ ᠬᠦᠴᠦᠨ ᠴᠢᠳᠠᠯ ᠎ᠢᠶᠠᠨ ᠡᠷᠭᠦᠨ᠎ᠡ》ᠭᠡᠵᠦ ᠬᠥᠩ ᠮᠢᠩ ᠵᠦ᠍ ᠢᠲᠡᠭᠡᠯ ᠳᠦᠭᠦᠷᠡᠩ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号