《ᠵᠢᠷᠭᠤᠭᠠᠨ ᠠᠵᠢᠯᠯᠠᠭ᠎ᠠ》 ᠵᠢ ᠭᠦᠨᠵᠡᠭᠡᠢ ᠤᠬᠠᠭᠠᠯᠠᠨ ᠲᠦᠯᠦᠪᠯᠡᠨ ᠪᠣᠳᠠᠲᠠᠢ ᠠᠳᠭᠤᠵᠤ ᠤᠨᠤᠴᠠᠳᠠᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ
2024-12-31 11:45:09
ᠵᠣᠬᠢᠶᠠᠭ᠍ᠴᠢ᠄
ᠭᠦᠸᠧ ᠬᠣᠩ ᠱᠸᠨ ᠪᠠᠶᠠᠰᠭᠤᠯᠠᠩ ᠵᠧᠩ ᠱᠢᠤᠸᠠᠢ ᠯᠢᠶᠠᠩ ᠰᠦᠩ ᠠ ᠨᠠᠨ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

  — ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ ᠪᠦᠬᠦ᠌ ᠣᠷᠣᠨ᠎ᠤ ᠡᠯ᠎ᠡ ᠭᠠᠵᠠᠷ᠎ᠲᠤ ᠴᠢᠩᠭ᠎ᠠ ᠲᠤᠰᠭᠠᠯ ᠭᠠᠷᠪᠠ

 

12 ᠰᠠᠷ᠎ᠠ᠎ᠶ᠋ᠢᠨ 25 ᠎ᠡᠴᠡ 26 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠤᠢ᠍ᠢᠷ᠎ᠠ᠎ᠶ᠋ᠢᠨ ᠡᠳᠦᠷ᠎ᠦᠳ᠎ᠲᠦ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠡᠯ᠎ᠡ ᠵᠦᠢᠯ᠎ᠦᠨ ᠡᠭᠦᠷᠭᠡ᠎ᠶ᠋ᠢ ᠱᠠᠯᠠᠪᠳᠠᠨ ᠰᠤᠳᠤᠯᠤᠨ ᠪᠠᠢᠷᠢᠯᠠᠭᠤᠯᠵᠤ᠂ ᠬᠠᠷᠠᠯᠲᠠ᠎ᠪᠠᠨ ᠪᠠᠲᠤ ᠡᠵᠡᠮᠳᠡᠵᠦ᠂ ᠪᠦᠬᠦ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ 《ᠵᠢᠷᠭᠤᠭᠠᠨ ᠠᠵᠢᠯᠯᠠᠭ᠎ᠠ》 ᠵᠢ ᠭᠦᠨᠵᠡᠭᠡᠢ ᠤᠬᠠᠭᠠᠯᠠᠨ ᠲᠦᠯᠦᠪᠯᠡᠵᠦ ᠪᠣᠳᠠᠲᠠᠢ ᠠᠳᠭᠤᠵᠤ᠂ ᠤᠨᠤᠴᠠᠳᠠᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ ᠪᠤᠢ᠃


ᠴᠢᠭ᠌ᠯᠡᠯ᠎ᠢ ᠣᠨᠣᠪᠴᠢᠲᠠᠶ ᠡᠵᠡᠮᠳᠡᠵᠦ᠍᠂ ᠭᠠᠷᠳᠠᠴᠠ ᠵᠢ ᠲᠣᠳᠣᠷᠬᠠᠢᠯᠠᠨ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠤᠨ᠎ᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠮᠧᠩ ᠱᠢᠶᠠᠨ ᠳ᠋ᠦᠩ᠂ ᠢᠷᠡᠬᠦ᠌ ᠵᠢᠯ᠎ᠦᠨ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠨᠢ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠲᠤᠬᠠᠢ ᠵᠢᠨ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠡᠯ᠎ᠡ ᠲᠠᠯ᠎ᠠ᠎ᠶ᠋ᠢᠨ᠎ᠬᠢᠨ᠎ᠤ ᠴᠢᠭ᠌ᠯᠡᠯ᠎ᠢ ᠣᠨᠣᠪᠴᠢᠲᠠᠶ ᠡᠵᠡᠮᠳᠡᠨ᠂ ᠭᠠᠷᠳᠠᠴᠠ᠎ᠶ᠋ᠢ ᠲᠣᠳᠣᠷᠬᠠᠢᠯᠠᠵᠤ᠂ ᠤᠨᠤᠴᠠᠳᠠᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠠᠱᠢᠭ᠍ᠲᠠᠶ ᠶᠤᠮ᠃ ᠲᠦᠩᠯᠢᠶᠣᠤ ᠬᠣᠲᠠ ᠵᠢᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠤᠨ᠎ᠠ ᠭᠡᠵᠦ᠍ ᠢᠯᠡᠳᠭᠡᠪᠡ᠃ ᠮᠸᠩ ᠱᠢᠶᠠᠨ ᠳ᠋ᠦᠩ᠄ 《ᠪᠢᠳᠡ 〈ᠵᠢᠷᠭᠤᠭᠠᠨ ᠠᠵᠢᠯᠯᠠᠭ᠎ᠠ〉 ᠶ᠋ᠢ ᠭᠦᠨᠵᠡᠭᠡᠶ ᠤᠬᠠᠭᠠᠯᠠᠨ ᠲᠦᠯᠦᠪᠯᠡᠨ ᠪᠣᠳᠠᠲᠠᠶ ᠠᠳᠭᠤᠵᠤ᠂ ᠲᠣᠭ᠍ᠲᠠᠴᠠ᠎ᠶ᠋ᠢ ᠱᠢᠯᠢᠳᠡᠭ᠌ᠵᠢᠭᠦᠯᠬᠦ᠌᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠂ ᠪᠠᠲᠤᠯᠠᠭ᠎ᠠ᠎ᠶ᠋ᠢ ᠴᠢᠩᠭᠠᠳᠭᠠᠬᠤ ᠂ ᠵᠢᠷᠤᠮᠵᠢᠯ᠎ᠢ ᠠᠳᠭᠤᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠶᠡᠷᠦᠩᠬᠡᠢᠯᠡᠨ ᠬᠦᠴᠦᠯᠡᠵᠦ᠍᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠂ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠨ᠎ᠠ》 ᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠂ ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠤᠷᠢᠶ᠎ᠠ ᠵᠢᠨ ᠱᠦᠵᠢ ᠵᠠᠩ ᠪᠠᠢ ᠴᠧᠩ᠂ ᠡᠨᠡ ᠪᠣᠯ ᠨᠢᠭᠡ ᠤᠳᠠᠭ᠎ᠠ ᠵᠢᠨ ᠢᠲᠡᠭᠡᠯ ᠵᠣᠷᠢᠭ᠎ᠢᠶᠠᠨ ᠪᠠᠲᠤᠳᠬᠠᠭᠰᠠᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭᠰᠠᠨ᠂ ᠡᠷᠴᠢ ᠵᠣᠷᠢᠭ᠎ᠢ ᠬᠥᠭ᠌ᠵᠢᠭᠡᠭᠰᠡᠨ ᠬᠤᠷᠠᠯ ᠪᠣᠯᠤᠨ᠎ᠠ᠂ 《ᠵᠢᠷᠭᠤᠭᠠᠨ ᠠᠵᠢᠯᠯᠠᠭ᠎ᠠ》ᠵᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢ ᠣᠨᠴᠠᠭᠠᠢᠯᠠᠨ ᠳᠤᠷᠠᠳᠴᠤ᠌᠂ ᠢᠷᠡᠬᠦ᠌ ᠵᠢᠯ᠎ᠦᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ ᠬᠡᠪᠡ᠃ ᠲᠡᠷᠡ᠄《ᠪᠢᠳᠡ 〈ᠵᠢᠷᠭᠤᠭᠠᠨ ᠠᠵᠢᠯᠯᠠᠭ᠎ᠠ〉᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠪᠣᠳᠠᠲᠠᠶ ᠠᠵᠢᠯ᠎ᠤᠨ ᠡᠭᠦᠷᠭᠡ᠎ᠶ᠋ᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠥᠭᠡᠷᠡᠴᠢᠯᠡᠯᠲᠡ᠎ᠶ᠋ᠢᠨ ᠰᠡᠳᠭᠢᠬᠦᠶ ᠪᠠ ᠠᠷᠭ᠎ᠠ ᠪᠠᠷᠢᠯ᠎ᠢ ᠬᠡᠷᠡᠭ᠌ᠯᠡᠨ ᠬᠦᠴᠢᠷᠳᠠᠯ ᠪᠠ ᠲᠦᠭ᠌ᠵᠢᠷᠡᠯ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠳᠠᠯᠠᠵᠤ᠂ ᠨᠠᠢᠳᠠᠪᠤᠷᠢᠵᠢᠭᠤᠯᠤᠯᠲᠠ᠎ᠶ᠋ᠢ ᠠᠯᠬᠤᠮ ᠠᠯᠬᠤᠮ᠎ᠢᠶᠠᠷ ᠠᠬᠢᠭᠤᠯᠤᠨ᠂ ᠴᠢᠨᠠᠷ ᠰᠠᠢᠲᠠᠶ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢᠶᠡᠷ ᠣᠳᠣᠬᠢᠴᠢᠯᠠᠭ᠍ᠰᠠᠨ ᠱᠢᠯᠢ᠎ᠶ᠋ᠢᠨ ᠭᠤᠤᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠦ ᠡᠨᠧᠷᠬᠢ ᠤᠯᠭᠤᠵᠤ ᠬᠦᠴᠦᠨ ᠴᠢᠳᠠᠯ ᠬᠤᠷᠠᠮᠳᠤᠭᠤᠯᠤᠨ᠎ᠠ᠃ ᠡᠭᠦᠨ᠎ᠦ ᠬᠠᠮᠲᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ ᠂ ᠥᠪᠡᠷ᠎ᠦᠨ ᠪᠡᠶ᠎ᠡ᠎ᠪᠡᠨ ᠴᠢᠩᠭ᠎ᠠ ᠱᠠᠭᠠᠷᠳᠠᠬᠤ ᠵᠢ ᠪᠠᠷᠢᠮᠳᠠᠯᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠎ᠪᠠᠨ ᠴᠢᠩᠭᠠᠳᠭᠠᠵᠤ᠂ ᠠᠯᠢ ᠣᠯᠠᠨ ᠵᠤᠷᠱᠢᠯ᠎ᠡᠴᠡ ᠳᠠᠪᠠᠭ᠍ᠰᠠᠨ ᠠᠷᠭ᠎ᠠ ᠬᠡᠮᠵᠢᠶ᠎ᠡ᠎ᠪᠡᠷ ᠳᠠᠮᠵᠢᠨ ᠡᠯ᠎ᠡ ᠵᠦᠶ᠋ᠯ᠎ᠦᠨ ᠭᠦᠶ᠋ᠴᠡᠳᠭᠡᠯ ᠲᠣᠭ᠎ᠠ᠎ᠶ᠋ᠢ ᠨᠠᠩ ᠰᠠᠢᠲᠤᠷ ᠪᠡᠶᠡᠯᠡᠭᠦᠯᠵᠦ᠍᠂ ᠪᠥᠬᠥ᠌ ᠣᠷᠣᠨ᠎ᠤ ᠱᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ》 ᠭᠡᠵᠡᠢ᠃

ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠥᠬᠡᠬᠣᠲᠠ᠎ᠶ᠋ᠢᠨ  ᠬᠤᠳᠠ ᠵᠢᠨ ᠳᠠᠷᠤᠭ᠎ᠠ ᠾᠧ ᠬᠠᠢ ᠳ᠋ᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠲᠡᠭᠡᠯ ᠵᠣᠷᠢᠭ᠎ᠢᠶᠠᠨ ᠬᠦᠭᠵᠢᠭᠡᠵᠦ᠂ ᠡᠷᠴᠢ ᠬᠦᠴᠦᠨ᠎ᠢᠶᠡᠨ ᠪᠠᠳᠠᠷᠠᠭᠤᠯᠵᠤ᠂ ᠪᠦᠬᠦ᠌ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃ 《ᠨᠢᠭᠡ᠎ᠳᠦ᠂ ᠬᠠᠷᠠᠯᠲᠠ᠎ᠵᠢ ᠪᠠᠲᠤ ᠡᠵᠡᠮᠳᠡᠵᠦ ᠬᠥᠭ᠌ᠵᠢᠯᠲᠡ᠎ᠶ᠋ᠢ ᠠᠳᠭᠤᠨ᠎ᠠ᠃ ᠥᠪᠡᠷᠲᠡᠭᠡᠨ ᠵᠠᠰᠠᠬᠤ ᠣᠷᠣᠨ᠎ᠤ 〈ᠬᠠᠮᠤᠭ᠎ᠤᠨ ᠰᠠᠢᠬᠠᠨ ᠭᠠᠵᠠᠷ〉 ᠢ᠋ ᠴᠣᠭ᠍ᠴᠠᠯᠠᠬᠤ ᠱᠠᠭᠠᠷᠳᠠᠯᠭ᠎ᠠ ᠶᠣᠰᠣᠭᠠᠷ᠂ ᠬᠠᠷᠠᠯᠲᠠ᠎ᠪᠠᠨ ᠴᠢᠩᠭ᠎ᠠ ᠠᠩᠬᠠᠷᠴᠤ᠌᠂ ᠠᠵᠠ ᠲᠣᠬᠢᠶᠠᠯ᠎ᠢ ᠠᠮᠵᠢᠨ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ᠃ ᠬᠣᠶᠠᠷ᠎ᠲᠤ᠂ ᠱᠢᠨᠵᠢᠯᠡᠬᠦ᠌ ᠤᠬᠠᠭᠠᠨᠴᠢ ᠨᠠᠷᠢᠯᠢᠭ ᠤᠨᠤᠴᠠᠲᠠᠢ ᠪᠡᠷ ᠠᠬᠢᠭᠤᠯᠬᠤ ᠵᠢ ᠠᠳᠬᠤᠨ᠎ᠠ᠃ 〈ᠵᠢᠷᠭᠤᠭᠠᠨ ᠲᠣᠮᠣ ᠠᠵᠤ ᠦᠶ᠋ᠯᠡᠰ᠎ᠦᠨ ᠪᠦᠯᠦᠭᠵᠢᠯ〉 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠵᠢᠯ᠎ᠳᠦ ᠴᠢᠬᠤᠯᠠ ᠶᠡᠬᠡ ᠲᠥᠷᠥᠯ ᠵᠦᠶ᠋ᠯ᠎ᠢ 1200 ᠡᠴᠡ ᠳᠡᠭᠡᠭ᠌ᠰᠢ ᠬᠡᠷᠡᠭ᠌ᠵᠢᠭᠦᠯᠵᠦ᠍᠂ ᠵᠢᠯ ᠳ᠋ᠤ 1700 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠪᠠᠯᠠ ᠣᠷᠣᠭᠤᠯᠤᠯᠲᠠ᠎ᠶ᠋ᠢ ᠪᠠᠶᠡᠯᠡᠭᠦᠯᠦᠨ᠎ᠡ; ᠠᠵᠤ ᠠᠬᠤᠢᠯᠠᠯ᠎ᠢ ᠬᠠᠪᠰᠤᠷᠤᠨ ᠪᠡᠯᠡ ᠮᠥᠩᠭᠥ᠌ ᠡᠷᠢᠬᠦ᠌᠂ ᠲᠦᠭᠦᠬᠡᠶ ᠮᠠᠲ᠋ᠧᠷᠢᠶᠠᠯ ᠡᠷᠢᠬᠦ᠌᠂ ᠠᠵᠢᠯᠴᠢᠨ ᠡᠷᠢᠬᠦ᠂ ᠵᠠᠬ᠎ᠠ ᠳᠡᠯᠭᠡᠭᠦᠷ ᠡᠷᠢᠬᠦ᠌ ᠵᠡᠷᠭᠡ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ》 ᠭᠡᠵᠦ᠍ ᠢᠯᠡᠳᠭᠡᠪᠡ᠃

ᠪᠤᠭᠤᠲᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠪᠤᠭᠤᠲᠤ ᠬᠣᠲᠠ᠎ᠶ᠋ᠢᠨ  ᠳᠠᠷᠤᠭ᠎ᠠ ᠮᠸᠩ ᠴᠢᠩ ᠸᠧᠶ᠂ ᠲᠣᠰ ᠤᠳᠠᠭ᠎ᠠ ᠵᠢᠨ ᠬᠤᠷᠠᠯ᠎ᠡᠴᠡ 《ᠵᠢᠷᠭᠤᠭᠠᠨ ᠠᠵᠢᠯᠯᠠᠭ᠎ᠠ》 ᠶ᠋ᠢ ᠶᠡᠬᠡ᠎ᠪᠡᠷ ᠬᠡᠷᠡᠭ᠌ᠵᠢᠭᠦᠯᠬᠦ ᠬᠡᠷᠡᠭᠲᠡᠢ ᠭᠡᠵᠦ ᠲᠤᠷᠠᠳᠤᠬᠰᠠᠨ ᠨᠢ᠂ ᠡᠯ᠎ᠡ ᠭᠠᠵᠠᠷ᠎ᠤᠨ ᠬᠢᠨ᠎ᠤ ᠱᠢᠨ᠎ᠡ ᠵᠠᠮ᠎ᠨᠡᠭᠡᠭᠡᠵᠦ ᠲᠤᠮᠳᠠ ᠲᠦᠪᠰᠢᠨ᠎ᠳᠤ ᠤᠷᠤᠬᠤ ᠵᠢ ᠬᠦᠴᠦᠲᠡᠶ ᠬᠥᠲᠥᠯᠦᠨ ᠳᠠᠭᠠᠭᠤᠯᠬᠤ ᠨᠢ ᠯᠠᠪᠲᠠᠶ ᠶᠤᠮ᠃ ᠬᠠᠭᠤᠴᠢᠨ ᠠᠵᠤ ᠦᠶ᠋ᠯᠡᠳᠪᠦᠷᠢ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ᠂ ᠪᠤᠭᠤᠲᠤ ᠬᠣᠲᠠ᠎ᠶ᠋ᠢᠨ᠎ᠬᠢᠨ ᠲᠡᠦᠬᠡ᠎ᠶ᠋ᠢᠨ ᠬᠠᠮᠤᠭ᠎ᠤᠨ ᠥᠨᠳᠥᠷ ᠲᠦᠪᠱᠢᠨ᠎ᠳᠦ ᠬᠥᠷᠬᠥ᠌ ᠡᠷᠴᠢ ᠵᠣᠷᠢᠭ᠎ᠢ ᠭᠦᠢᠴᠡᠳ ᠬᠥᠪᠴᠢᠯᠡᠵᠦ᠍᠂ ᠭᠠᠷᠳᠠᠬᠤ ᠴᠡᠭ ᠪᠣᠯᠤᠨ ᠱᠢᠪᠲᠤᠯᠤᠯᠲᠠ᠎ᠶ᠋ᠢᠨ ᠴᠡᠭ᠎ᠢ ᠣᠨᠣᠪᠴᠢᠲᠠᠶ ᠣᠯᠵᠤ᠂ ᠦᠷᠭᠦᠯᠵᠢᠯᠡᠨ ᠲᠣᠭ᠍ᠲᠠᠭᠤᠨ᠎ᠤ ᠳᠤᠮᠳᠠ ᠲᠦᠷᠭᠡᠨ ᠤᠷᠤᠭ᠍ᠰᠢᠯᠠᠵᠤ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠨ᠎ᠠ ᠭᠡᠵᠦ ᠢᠯᠡᠳᠭᠡᠪᠡ᠃ 《ᠲᠥᠷᠥᠯ ᠵᠦᠶ᠋ᠯ᠎ᠦᠨ ᠲᠠᠯ᠎ᠠ᠎ᠪᠠᠷ᠂〈 3 + 5 + N 〉 ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 650 ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠠᠯᠠ ᠣᠷᠣᠭᠤᠯᠤᠯᠲᠠ᠎ᠶ᠋ᠢᠨ ᠬᠦᠭᠵᠢᠶᠡᠨ ᠲᠠᠢ ᠪᠠᠢᠳᠠᠯ᠎ᠢ ᠪᠠᠲᠤᠯᠠᠵᠤ᠂ ᠨᠡᠮᠡᠭ᠌ᠳᠡᠯ᠎ᠦᠨ ᠬᠠᠯᠠᠮᠱᠢᠯ ᠴᠡᠭ᠎ᠢ ᠪᠣᠢᠵᠢᠭᠤᠯᠵᠤ᠂ ᠱᠢᠨ᠎ᠡ᠎ᠪᠡᠷ ᠠᠵᠢᠯ ᠡᠬᠢᠯᠡᠭᠦᠯᠦᠭ᠌ᠰᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠶ᠋ᠯ᠎ᠢᠶᠡᠷ ᠪᠠᠷᠢᠮᠵᠢᠶ᠎ᠠ ᠪᠤᠯᠭᠠᠨ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠠᠵᠢᠯ᠎ᠢ ᠪᠣᠳᠠᠲᠠᠶ ᠠᠳᠭᠤᠭ᠍ᠰᠠᠨ ᠡᠰᠡᠬᠦ᠌ ᠵᠢ ᠦᠨᠡᠯᠡᠵᠦ ᠱᠢᠯᠭᠠᠨ ᠪᠠᠢᠴᠠᠭᠠᠬᠤ᠂ ᠱᠢᠨ᠎ᠡ᠎ᠪᠡᠷ ᠨᠡᠮᠡᠭ᠌ᠳᠡᠭ᠌ᠰᠡᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠠᠬᠤᠢᠯᠠᠯ᠎ᠢᠶᠠᠷ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠦᠷ᠎ᠡ ᠪᠦᠲᠦᠮᠵᠢ ᠲᠠᠢ ᠠᠳᠭᠤᠭ᠍ᠰᠠᠨ ᠡᠰᠡᠬᠦ ᠵᠢ ᠦᠨᠡᠯᠡᠵᠦ ᠱᠢᠯᠭᠠᠨ ᠪᠠᠢᠴᠠᠭᠠᠬᠤ ᠵᠢ ᠪᠠᠷᠢᠮᠳᠠᠯᠠᠨ᠎ᠠ᠃ ᠠᠵᠤ ᠠᠬᠤᠢᠯᠠᠯ᠎ᠢ ᠲᠤᠰᠠᠯᠠᠬᠤ ᠲᠠᠯ᠎ᠠ᠎ᠪᠠᠷ᠂ 〈ᠵᠠᠰᠠᠭ᠎ᠤᠨ ᠣᠷᠳᠣᠨ ᠪᠤᠯᠤᠨ ᠬᠤᠳᠠᠯᠳᠤᠭᠠᠴᠢᠨ ᠵᠥᠪᠳᠡᠯᠴᠡᠨ ᠶᠠᠷᠢᠯᠴᠠᠬᠤ ᠥᠷᠯᠥᠭᠡ᠎ᠶ᠋ᠢᠨ ᠴᠠᠢ᠎ᠶᠢᠨ ᠬᠤᠷᠠᠯ〉 ᠤ᠋ᠨ ᠠᠵᠢᠯᠯᠠᠭ᠎ᠠ ᠪᠠ 〈ᠭᠤᠷᠪᠠ᠎ᠶ᠋ᠢ ᠪᠠᠲᠤᠯᠠᠵᠤ ᠨᠢᠭᠡ᠎ᠶ᠋ᠢ ᠡᠷᠢᠬᠦ᠌〉ᠠᠵᠢᠯ᠎ᠤᠨ ᠠᠴᠢᠶᠠᠯᠠᠪᠤᠷᠢ᠎ᠳᠤ ᠲᠦᠱᠢᠭ᠌ᠯᠡᠨ᠂ ᠲᠣᠭ᠍ᠲᠠᠴᠠ᠎ᠶ᠋ᠢ ᠪᠦᠷᠢᠯᠳᠦᠭᠦᠯᠵᠦ᠍᠂ ᠪᠠᠷᠢᠮᠲᠠᠯᠠᠬᠤ ᠵᠢ ᠪᠠᠢᠩᠭᠤᠵᠢᠭᠤᠯᠵᠤ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠪᠦᠲᠦᠮᠵᠢᠲᠡᠶ ᠱᠢᠶ᠋ᠳᠪᠦᠷᠢᠯᠡᠵᠤ ᠦᠬᠬᠦᠨ᠎ᠠ》 ᠭᠡᠵᠦ᠍ ᠮᠸᠩ ᠴᠢᠩ ᠸᠧᠢ ᠭᠡᠪᠡ᠃


ᠬᠠᠷᠠᠯᠲᠠ ᠵᠢ ᠪᠠᠳᠤ ᠡᠵᠡᠮᠳᠡᠵᠦ᠂ ᠪᠦᠬᠦ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ ᠨᠡᠩ ᠤᠯᠠᠨ ᠪᠣᠳᠠᠲᠤ ᠦᠷ᠎ᠡ ᠪᠦᠲᠦᠮᠵᠢ᠎ᠪᠡᠷ ᠬᠢᠷᠢ ᠲᠡᠩᠴᠡᠭᠰᠡᠨ ᠰᠢᠯᠭᠠᠯᠳᠠ᠎ᠶᠢᠨ ᠬᠠᠭᠤᠳᠠᠰᠤ ᠵᠢ ᠲᠤᠰᠢᠶᠠᠨ᠎ᠠ

ᠨᠢᠭᠡ ᠬᠤᠪᠢ᠎ᠶ᠋ᠢᠨ ᠪᠠᠢᠷᠢᠯᠠᠭᠤᠯᠤᠯᠲᠠ᠂ ᠶᠢᠰᠦᠨ ᠬᠤᠪᠢ᠎ᠶ᠋ᠢᠨ ᠨᠠᠢᠳᠠᠪᠤᠷᠢᠵᠢᠭᠤᠯᠤᠯᠲᠠ᠃ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠠᠵᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠢ ᠰᠤᠳᠤᠯᠵᠤ᠂ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃

ᠮᠸᠩ ᠱᠢᠶᠠᠨ ᠳ᠋ᠦᠩ᠂ ᠲᠦᠩᠯᠢᠶᠣᠤ ᠬᠣᠲᠠ ᠪᠠᠯᠠ ᠣᠷᠣᠭᠤᠯᠤᠯᠲᠠ᠎ᠶ᠋ᠢᠨ ᠨᠡᠯᠢᠶᠡᠳ ᠲᠦᠷᠭᠡᠨ ᠨᠡᠮᠡᠭ᠌ᠳᠡᠯ᠎ᠢ ᠴᠢᠷᠮᠠᠢᠨ ᠪᠠᠲᠤᠯᠠᠵᠤ᠂ ᠪᠠᠯᠠ ᠮᠥᠩᠭᠥ᠌ ᠤᠯᠵᠤ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠠᠵᠢᠯ᠎ᠤᠨ ᠡᠷᠴᠢᠮ᠎ᠢᠶᠡᠨ ᠴᠢᠩᠭᠠᠷᠠᠭᠤᠯᠵᠤ᠂ ᠪᠤᠬᠢᠷᠳᠤᠯ ᠦᠭᠡᠢ ᠴᠠᠬᠢᠯᠭᠠᠨ᠂ ᠰᠠᠭᠤᠷᠢ ᠮᠥᠩᠭᠥ᠌᠂ ᠠᠵᠤ ᠦᠶ᠋ᠯᠡᠰ᠎ᠦᠨ ᠬᠦᠷᠢᠶᠡᠯᠡᠩ᠎ᠦᠨ ᠠᠷᠠᠯᠵᠢᠶᠠᠴᠢᠨ ᠤᠷᠢᠬᠤ ᠵᠡᠷᠭᠡ ᠠᠷᠭ᠎ᠠ᠎ᠶ᠋ᠢᠨ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ ᠪᠥᠬᠥ᠌ ᠨᠡᠢᠭᠡᠮ᠎ᠦᠨ ᠪᠠᠯᠠ ᠣᠷᠣᠭᠤᠯᠤᠯᠲᠠ᠎ᠶ᠋ᠢᠨ ᠨᠡᠯᠢᠶᠡᠳ ᠲᠦᠷᠭᠡᠨ ᠨᠡᠮᠡᠭ᠌ᠳᠡᠯ᠎ᠦᠨ ᠪᠠᠢᠳᠠᠯ᠎ᠢ ᠪᠡᠶᠡᠯᠡᠭᠦᠯᠬᠦ᠌᠎ᠶ᠋ᠢ ᠲᠤᠯᠭᠠᠭᠤᠷᠢᠯᠠᠨ᠎ᠠ; ᠬᠡᠷᠡᠭ᠌ᠯᠡᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠠᠭᠤᠰᠤᠯᠴᠠᠯ ᠪᠠ ᠬᠣᠯᠪᠣᠭᠠᠯᠠᠨ ᠬᠥᠳᠡᠯᠦᠯᠴᠡᠬᠦ᠌᠎ᠶ᠋ᠢ ᠬᠦᠴᠦᠯᠡᠨ ᠴᠢᠩᠭᠠᠳᠭᠠᠵᠤ᠂ ᠤᠯᠤᠰ ᠡᠴᠡ ᠬᠡᠷᠡᠭ᠌ᠯᠡᠭᠡ᠎ᠶ᠋ᠢ ᠬᠥᠭ᠌ᠵᠢᠭᠡᠬᠦ᠌ ᠬᠠᠮ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ ᠵᠢ ᠰᠠᠨᠠᠭᠠᠴᠢᠯᠠᠭ᠎ᠠ ᠡᠴᠡ᠎ᠪᠠᠨ ᠵᠠᠯᠭᠠᠨ ᠨᠠᠢᠳᠠᠪᠤᠷᠢᠵᠢᠭᠤᠯᠵᠤ᠂ ᠶᠡᠬᠡ ᠬᠡᠪᠴᠢᠶ᠎ᠡ᠂ ᠣᠯᠠᠨ ᠬᠦᠷᠢᠶ᠎ᠡ ᠴᠠᠷᠠᠭ᠎ᠠ᠂ ᠥᠨᠳᠥᠷ ᠳᠠᠪᠲᠠᠮᠵᠢᠲᠤ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ᠎ᠪᠠᠷ ᠬᠡᠷᠡᠭ᠌ᠯᠡᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠥᠷᠭᠡᠳᠭᠡᠨ᠎ᠡ; ᠠᠵᠤ ᠦᠶ᠋ᠯᠡᠰ᠎ᠦᠨ ᠱᠢᠰᠲ᠋ᠧᠮ᠎ᠦᠨ ᠵᠠᠩᠭᠢᠯᠠᠭ᠎ᠠ᠎ᠶ᠋ᠢᠨ ᠲᠤᠯᠭᠠᠭᠤᠷᠢᠯᠠᠯ᠎ᠢ ᠲᠦᠷᠭᠡᠳᠭᠡᠨ ᠪᠡᠬᠢᠵᠢᠭᠦᠯᠵᠦ᠍᠂ ᠦᠶ᠋ᠯᠡᠴᠢᠯᠡᠭᠡᠨ᠎ᠦ ᠦᠶ᠋ᠯᠡᠰ᠎ᠦᠨ ᠳᠤᠲᠠᠭᠤᠳᠠᠯ᠎ᠢ ᠱᠢᠪᠲᠤᠯᠬᠤ᠂ ᠦᠶ᠋ᠯᠡᠳᠬᠦ᠌ ᠦᠶ᠋ᠯᠡᠰ᠎ᠦᠨ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠂ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠬᠦ᠌ ᠵᠡᠷᠭᠡ ᠲᠠᠯ᠎ᠠ ᠡᠴᠡ ᠭᠠᠷᠳᠠᠵᠤ᠂ ᠦᠶ᠋ᠯᠡᠴᠢᠯᠡᠭᠡᠨ᠎ᠦ ᠦᠶ᠋ᠯᠡᠰ᠎ᠦᠨ ᠨᠡᠮᠡᠭ᠌ᠳᠡᠯ᠎ᠦᠨ ᠨᠣᠷᠮ᠎ᠠ ᠳᠤᠤᠷ᠎ᠠ ᠪᠠᠢᠬᠤ᠂ ᠦᠶ᠋ᠯᠡᠳᠬᠦ᠌ ᠦᠶ᠋ᠯᠡᠰ᠎ᠦᠨ ᠪᠠᠷᠢᠮᠵᠢᠶ᠎ᠠ᠎ᠳᠤ ᠬᠥᠷᠬᠥ᠌ ᠨᠣᠷᠮ᠎ᠠ ᠬᠦᠷᠦᠯᠴᠡᠬᠦ᠌ ᠥᠬᠡᠶ ᠪᠠᠢᠬᠤ᠂ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠠᠵᠢᠯ ᠤᠳᠠᠭᠠᠨ ᠪᠠᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠨ᠎ᠡ᠃ ᠡᠭᠦᠨ᠎ᠦ ᠬᠠᠮᠲᠤ᠂ ᠬᠣᠷᠴᠢᠨ᠎ᠤ ᠡᠯᠡᠰᠦᠷᠬᠡᠭ ᠭᠠᠵᠠᠷ᠎ᠤᠨ ᠰᠦᠨᠦᠭᠡᠯᠳᠡ᠎ᠶᠢᠨ ᠳᠠᠢᠯᠠᠯᠳᠤᠭᠠᠨ᠎ᠢ ᠱᠢᠰᠲᠧᠮ᠎ᠲᠡᠶ ᠠᠬᠢᠭᠤᠯᠵᠤ᠂ 《ᠤᠮᠠᠷᠠᠲᠤ᠎ᠶᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭ᠎ᠠ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ᠂ ᠭᠣᠣᠯᠳᠠᠯᠭ᠎ᠠ᠎ᠲᠠᠶ ᠤᠰᠤ ᠲᠠᠲᠠᠬᠤ ᠵᠡᠷᠭᠡ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠣᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ᠌ ᠡᠭᠦᠷᠭᠡ᠎ᠶ᠋ᠢ ᠪᠡᠶᠡᠯᠡᠭᠦᠯᠵᠦ᠍᠂ ᠡᠯᠡᠰᠦᠷᠬᠡᠭ᠌ᠵᠢᠯ᠎ᠢ 350 ᠲᠦᠮᠡᠨ ᠮᠦ᠍ ᠶᠡᠷᠦᠩᠬᠡᠢᠯᠡᠨ ᠵᠠᠰᠠᠬᠤ᠎ᠶ᠋ᠢ ᠦᠨᠡᠨᠬᠦ᠌ ᠪᠠᠲᠤᠯᠠᠨ᠎ᠠ ᠭᠡᠪᠡ᠃

ᠠᠵᠤ ᠠᠬᠤᠶ᠎ᠶ᠋ᠢᠨ ᠬᠥᠭ᠌ᠵᠢᠯᠲᠡ᠎ᠶ᠋ᠢ ᠳᠠᠭᠠᠯᠳᠤᠨ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠴᠦ᠍ ᠲᠠᠰᠤᠷᠠᠯᠲᠠ ᠥᠬᠡᠶ ᠲᠠᠰ ᠳᠡᠪᠱᠢᠵᠦ᠍ ᠪᠤᠢ᠃ ᠾᠧ ᠬᠠᠢ ᠳ᠋ᠦᠩ᠂ ᠬᠥᠬᠡᠬᠣᠲᠠ 《ᠭᠤᠷᠪᠠᠨ ᠵᠢᠯ᠎ᠳᠦ ᠠᠷᠪᠠᠨ ᠲᠠᠪᠤᠨ ᠲᠦᠮᠡᠨ ᠵᠠᠯᠠᠭᠤᠴᠤᠳ᠎ᠢ ᠬᠥᠬᠡᠬᠣᠲᠠ᠎ᠳᠤ ᠦᠯᠡᠳᠡᠭᠡᠬᠦ᠌ ᠠᠵᠢᠯᠯᠠᠭ᠎ᠠ》 ᠶ᠋ᠢ ᠭᠦᠨᠵᠡᠭᠡᠢ ᠠᠬᠢᠭᠤᠯᠵᠤ᠂ 《ᠠᠵᠤ ᠦᠢᠯᠡᠰ + ᠣᠷᠣᠨ ᠰᠠᠭᠤᠴᠠ + ᠰᠤᠷᠭᠠᠨ ᠬᠥᠮᠦᠵᠢᠯ + ᠡᠮ ᠡᠮᠨᠡᠯᠭᠡ》᠎ᠶ᠋ᠢᠨ ᠬᠠᠮ ᠠᠷᠭ᠎ᠠ ᠬᠡᠮᠵᠢᠶ᠎ᠡ᠎ᠪᠡᠷ ᠳᠠᠮᠵᠢᠨ ᠨᠡᠩ ᠤᠯᠠᠨ ᠵᠠᠯᠠᠭᠤᠴᠤᠳ᠎ᠤᠨ ᠬᠥᠬᠡᠬᠣᠲᠠ᠎ᠳᠤ ᠢᠷᠡᠵᠦ᠍ ᠨᠤᠳᠤᠬᠰᠢᠨ ᠠᠵᠢᠯ ᠤᠯᠬᠤ ᠵᠢ ᠠᠬᠢᠭᠤᠯᠤᠨ᠎ᠠ; ᠬᠣᠲᠠ ᠬᠥᠳᠡᠭᠡ᠂ ᠠᠵᠤ ᠦᠢᠯᠡᠳᠪᠦᠷᠢ ᠲᠠᠷᠢᠶᠠᠯᠠᠩ᠂ ᠦᠢᠯᠡᠳᠪᠦᠷᠢᠯᠡᠯ ᠠᠮᠢᠳᠤᠷᠠᠯ ᠵᠡᠷᠭᠡ᠎ᠶᠢᠨ ᠤᠰᠤ ᠠᠷᠪᠢᠯᠠᠬᠤ᠎ᠶ᠋ᠢ ᠨᠢᠭᠡᠳᠦᠯᠲᠡᠶ ᠲᠥᠯᠥᠪᠵᠢᠬᠦᠯᠦᠨ᠎ᠡ; ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠣᠷᠣᠨ᠎ᠤ ᠲᠥᠪ᠎ᠦᠨ《ᠨᠠᠢᠵᠠ᠎ᠶ᠋ᠢᠨ ᠲᠣᠭᠣᠷᠢᠭ》 ᠢ᠋ ᠪᠤᠵᠠᠭᠠᠢᠷᠠᠭᠤᠯᠤᠨ᠎ᠠ; ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠬᠤᠨ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ 《ᠨᠢᠭᠡ ᠬᠣᠩᠭᠢᠯ ᠬᠣᠶᠠᠷ ᠲᠡᠩᠭᠡᠯᠢᠭ ᠲᠠᠪᠤᠨ ᠪᠦᠰᠡ》 ᠶ᠋ᠢᠨ ᠰᠣᠶᠣᠯ ᠵᠢᠭᠤᠯᠴᠢᠯᠠᠯ᠎ᠤᠨ ᠪᠠᠢᠷᠢᠱᠢᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠢᠭᠡ ᠪᠦᠯᠦᠭ ᠰᠣᠶᠣᠯ ᠵᠢᠭᠤᠯᠴᠢᠯᠠᠯ᠎ᠤᠨ ᠭᠢᠯᠠᠰ ᠴᠡᠭ᠂ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠤᠬᠢᠶᠠᠨ ᠪᠦᠳᠦᠬᠡᠨ᠎ᠡ᠃《ᠪᠣᠳᠠᠲᠠᠢ》ᠵᠢ ᠲᠡᠷᠢᠭᠦᠨ᠎ᠳᠦ ᠡᠷᠬᠢᠮᠯᠡᠬᠦ᠂ 《ᠠᠵᠢᠯᠯᠠᠬᠤ》 ᠵᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠦᠷᠯᠦᠭᠡ ᠦᠳᠡᠰᠢ ᠵᠢ ᠳᠡᠮᠡᠴᠡᠵᠦ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠴᠠᠭ ᠢᠮᠠᠭ᠍ᠲᠠ ᠠᠬᠢᠭᠤᠯᠤᠨ᠎ᠠ ᠭᠡᠪᠡ᠃

ᠠᠵᠢᠯ ᠣᠯᠭᠣᠯᠲᠠ᠎ᠶ᠋ᠢ ᠪᠠᠲᠤᠯᠠᠬᠤ᠎ᠳᠤ ᠦᠢᠯᠡᠴᠢᠯᠡᠵᠦ᠍᠂ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠬᠠᠨ᠎ᠠ ᠁ ᠡᠳᠡᠭᠡᠷ ᠨᠢ ᠠᠷᠠᠳ ᠤᠯᠠᠨ᠎ᠤ ᠬᠦᠰᠡᠯ ᠡᠷᠡᠮᠡᠯᠵᠡᠯ ᠪᠣᠯᠬᠤ ᠪᠥᠭᠡᠳ ᠪᠠᠰᠠ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃

《ᠠᠵᠢᠯ ᠣᠯᠭᠣᠯᠲᠠ᠎ᠶ᠋ᠢᠨ ᠲᠠᠯ᠎ᠠ᠎ᠪᠠᠷ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠂ ᠠᠵᠤ ᠠᠬᠤᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠂ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠴᠢᠩᠭᠠᠳᠭᠠᠵᠤ᠂ ᠰᠤᠷᠭᠠᠭᠤᠯᠢ᠎ᠵᠢᠨ ᠬᠢᠨ ᠠᠵᠤ ᠠᠬᠤᠢᠯᠠᠯ᠎ᠤᠨ ᠬᠡᠷᠡᠭᠴᠡᠬᠡ ᠲᠠᠢ ᠬᠥᠮᠦᠨ᠎ᠢ ᠢᠯᠡᠭᠦᠬᠡᠨ ᠬᠥᠮᠦᠵᠢᠭᠦᠯᠬᠦ᠌᠂ ᠠᠵᠤ ᠠᠬᠤᠢᠯᠠᠯ᠎ᠤᠨ ᠬᠢᠨ  ᠰᠤᠷᠭᠠᠭᠤᠯᠢ᠎ᠶᠢᠨ ᠬᠥᠮᠦᠵᠢᠭᠦᠯᠦᠭᠰᠡᠨ ᠬᠥᠮᠦᠨ᠎ᠢ ᠢᠯᠡᠭᠦᠦ ᠬᠡᠷᠡᠭᠯᠡᠬᠦ ᠪᠣᠯᠭᠠᠨ᠎ᠠ᠃ ᠤᠰᠤ ᠠᠷᠪᠢᠯᠠᠬᠤ ᠲᠠᠯ᠎ᠠ᠎ᠪᠠᠷ᠂ ᠡᠯ᠎ᠡ ᠬᠦᠷᠢᠶᠡᠨ᠎ᠦ ᠤᠰᠤ ᠠᠷᠪᠢᠯᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠳᠠᠬᠢᠨ ᠡᠭᠦᠰᠴᠦ ᠪᠤᠯᠬᠤ ᠤᠰᠤ᠎ᠶ᠋ᠢ ᠲᠣᠬᠢᠷᠠᠭᠤᠯᠤᠨ ᠠᠱᠢᠭ᠍ᠯᠠᠬᠤ᠎ᠶ᠋ᠢ ᠲᠣᠪᠣᠢᠮ᠎ᠠ ᠰᠠᠢᠲᠤᠷ ᠠᠳᠭᠤᠨ᠎ᠠ᠃ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠲᠠᠯ᠎ᠠ᠎ᠪᠠᠷ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭ᠍ᠴᠠᠵᠢᠭᠤᠯᠬᠤ ᠲᠥᠯᠥᠪᠵᠢᠭᠦᠯᠭᠡ ᠪᠠ ᠪᠡᠭᠡᠵᠢᠩ ᠥᠪᠥᠷ ᠮᠣᠩᠭᠣᠯ ᠱᠠᠩᠬᠠᠶ ᠥᠪᠥᠷ ᠮᠣᠩᠭᠣᠯ᠎ᠤᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠨᠢᠭᠡ ᠪᠦᠯᠦᠭ ᠪᠡᠯᠭᠡ ᠲᠡᠮᠳᠡᠭ᠎ᠦᠨ ᠴᠢᠨᠡᠷᠳᠡᠢ ᠲᠥᠷᠥᠯ ᠵᠦᠶ᠋ᠯ ᠪᠠ ᠥᠭᠡᠷᠡᠴᠢᠯᠡᠯᠲᠡ᠎ᠶ᠋ᠢᠨ ᠵᠦᠶ᠋ᠯᠡᠰ᠎ᠢ ᠪᠡᠶᠡᠯᠡᠭᠦᠯᠦᠨ᠎ᠡ᠃ ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ᠂ ᠠᠵᠢᠯ᠎ᠤᠨ ᠭᠤᠤᠯ ᠰᠢᠵᠢᠮ᠎ᠢ ᠲᠤᠭᠤᠰᠢᠯᠠᠭᠤᠯᠬᠤ᠎ᠶ᠋ᠢᠨ ᠲᠣᠭᠣᠷᠢᠨ᠎ᠳᠤ᠂ ᠤᠮᠠᠷᠠᠲᠤ ᠬᠢᠯᠢ᠎ᠶ᠋ᠢᠨ ᠰᠣᠶᠣᠯ᠎ᠤᠨ ᠨᠠᠷᠠᠲᠤ ᠲᠥᠷᠥᠯ ᠲᠡᠮᠳᠡᠭ᠌᠎ᠢ ᠡᠬᠦᠳᠴᠤ᠂ ᠰᠤᠯᠠ ᠪᠠᠢᠭ᠎ᠠ ᠡᠳ᠋ ᠬᠥᠷᠥᠩᠭᠡ᠎ᠶ᠋ᠢ ᠠᠮᠢᠳᠤᠯᠢᠭ ᠪᠣᠯᠭᠠᠬᠤ ᠠᠷᠭ᠎ᠠ ᠬᠢᠳᠡᠯ᠎ᠢ ᠳᠡᠯᠭᠡᠷᠡᠭᠦᠯᠦᠨ᠂ ᠰᠣᠶᠣᠯ ᠵᠢᠭᠤᠯᠴᠢᠯᠠᠯ᠎ᠤᠨ ᠱᠢᠨ᠎ᠡ ᠬᠠᠯᠠᠮᠱᠢᠯ ᠴᠡᠭ᠂ ᠬᠣᠲᠠ᠎ᠶ᠋ᠢᠨ ᠬᠢᠯᠠᠰ ᠴᠡᠭ᠂ ᠠᠵᠤ ᠠᠬᠤᠶ᠎ᠶ᠋ᠢᠨ ᠨᠡᠮᠡᠭ᠌ᠳᠡᠯ᠎ᠦᠨ ᠴᠡᠭ᠎ᠢ ᠪᠣᠢᠵᠢᠭᠤᠯᠤᠨ᠎ᠠ》 ᠭᠡᠵᠦ᠍ ᠮᠸᠩ ᠴᠢᠩ ᠸᠧᠢ ᠬᠡᠯᠡᠪᠡ᠃

ᠬᠦᠴᠢᠷ ᠡᠴᠡ ᠠᠶᠤᠬᠤ ᠦᠭᠡᠢ ᠱᠢᠨ᠎ᠡ ᠵᠠᠮ᠎ᠢ ᠨᠡᠭᠡᠭᠡᠵᠦ᠍᠂ ᠴᠤᠴᠠᠯᠳᠠ ᠦᠭᠡᠢ ᠤᠷᠤᠭᠰᠢᠯᠠᠨ ᠳᠤᠮᠳᠠ ᠳᠦᠪᠰᠢᠨ᠎ᠳᠦ ᠤᠷᠤᠨ᠎ᠠ᠃  ᠪᠥᠬᠥᠳᠡ ᠬᠤᠷᠠᠯ ᠡᠴᠡ᠂ 《ᠵᠢᠷᠭᠤᠭᠠᠨ ᠢᠨᠵᠧᠨᠧᠷᠢᠩ》 ᠨᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠦ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ᠂ ᠬᠥᠱᠢᠭᠦᠷᠭᠡ᠎ᠶ᠋ᠢᠨ ᠴᠢᠨᠠᠷᠲᠠᠶ ᠦᠶ᠋ᠯᠡᠳᠦᠯ᠎ᠲᠡᠶ ᠶᠤᠮ᠂ ᠡᠷᠬᠡᠪᠰᠢ ᠦᠷᠭᠦᠯᠵᠢᠯᠡᠨ ᠬᠦᠴᠦᠯᠡᠨ ᠠᠳᠭᠤᠬᠤ ᠬᠡᠷᠡᠭ᠌ᠲᠡᠶ ᠭᠡᠵᠦ ᠴᠢᠬᠤᠯᠠᠴᠢᠯᠠᠪᠠ᠃ ᠵᠠᠩ ᠪᠠᠢ ᠴᠧᠩ᠂ ᠬᠣᠶᠠᠷ ᠶᠡᠬᠡ ᠶᠠᠪᠤᠳᠠᠯ᠎ᠢ ᠦᠷᠭᠦᠯᠵᠢᠯᠡᠨ ᠰᠠᠢᠲᠤᠷ ᠬᠢᠵᠦ᠍᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠭ᠍ᠰᠠᠨ ᠠᠵᠢᠯᠯᠠᠭ᠎ᠠ᠎ᠶ᠋ᠢ ᠡᠷᠡᠰ ᠲᠤᠭᠤᠱᠢᠲᠠᠢ ᠬᠢᠵᠦ᠍᠂ ᠱᠢᠯᠢ᠎ᠶ᠋ᠢᠨ ᠭᠣᠣᠯ ᠠᠢᠮᠠᠭ᠎ᠤᠨ ᠪᠣᠳᠠᠲᠠᠢ᠎ᠲᠠᠶ ᠤᠶᠠᠯᠳᠤᠭᠤᠯᠤᠨ ᠥᠪᠡᠷ᠎ᠤᠨ ᠲᠤᠬᠢᠷᠠᠭᠤᠯᠤᠬᠰᠠᠨ ᠠᠵᠢᠯᠯᠠᠭ᠎ᠠ ᠪᠠᠨ ᠭᠣᠢᠳᠠ ᠰᠠᠢᠬᠠᠨ ᠪᠠᠶᠠᠯᠡᠬᠦᠯᠵᠤ᠂ ᠨᠡᠩ ᠤᠯᠠᠨ ᠪᠣᠳᠠᠲᠤ ᠦᠷ᠎ᠡ ᠪᠦᠲᠦᠮᠵᠢ᠎ᠪᠡᠷ ᠥᠪᠡᠷᠲᠡᠭᠡᠨ ᠵᠠᠰᠠᠬᠤ ᠣᠷᠣᠨ᠎ᠳᠤ ᠬᠢᠷᠢ ᠲᠡᠩᠴᠡᠭᠰᠡᠨ  ᠰᠢᠯᠭᠠᠯᠳᠠ᠎ᠶᠢᠨ ᠬᠠᠭᠤᠳᠠᠰᠤ ᠳᠤᠰᠢᠶᠠᠨ᠎ᠠ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号