— ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠢ᠋ᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠲᠢᠩᠬᠢᠮ ᠤ᠋ᠨ ᠳᠠᠷᠤᠭ᠎ᠠ ᠵᠠᠶ ᠶᠢᠩ ᠵᠢᠶᠦ᠋ᠨ ᠢ᠋ ᠰᠤᠷᠪᠤᠯᠵᠢᠯᠠᠭᠰᠠᠨ ᠨᠢ
《ᠡᠯ᠎ᠡ ᠭᠠᠵᠠᠷ ᠤ᠋ᠨ ᠬᠢᠨ ᠠᠷᠭ᠎ᠠ ᠰᠦᠪᠡᠭ᠌ᠴᠢᠯᠡᠨ ᠢᠯᠡᠭᠦᠬᠡᠨ ᠠᠵᠤ ᠠᠬᠤᠢᠯᠠᠯ ᠡᠷᠭᠢᠯᠡᠵᠦ᠍ ᠂ ᠠᠵᠤ ᠠᠬᠤᠢᠯᠠᠯ ᠤ᠋ᠨ ᠣᠢᠷ᠎ᠠ ᠬᠠᠪᠢ ᠪᠠ ᠲᠤᠬᠠᠶ ᠢ᠋ᠢᠨ ᠭᠠᠵᠠᠷᠲᠠᠭᠠᠨ ᠠᠵᠢᠯᠴᠢᠨ ᠬᠡᠷᠡᠭ᠌ᠯᠡᠬᠦ᠌ ᠢ᠋ᠢ ᠬᠥᠲᠥᠯᠦᠨ ᠵᠢᠯᠣᠭᠣᠳᠬᠤ ᠬᠡᠷᠡᠭᠲᠡᠢ᠃ ᠡᠩ ᠤ᠋ᠨ ᠳᠡᠭᠡᠳᠦ ᠰᠤᠷᠭᠠᠭᠤᠯᠢ ᠪᠣᠯᠤᠨ ᠠᠵᠢᠯ ᠮᠡᠷᠭᠡᠵᠢᠯ ᠤ᠋ᠨ ᠳᠡᠭᠡᠳᠤ ᠰᠤᠷᠭᠠᠭᠤᠯᠢᠨᠤᠭᠤᠳ ᠠᠵᠢᠯ ᠣᠯᠭᠣᠬᠤ ᠪᠡᠷ ᠤᠳᠤᠷᠢᠳᠤᠮᠵᠢ ᠪᠣᠯᠭᠠᠨ ᠲᠤᠰᠭᠠᠶ ᠮᠡᠷᠭᠡᠵᠢᠯ ᠤ᠋ᠨ ᠪᠠᠢᠷᠢᠯᠠᠭᠤᠯᠤᠯᠲᠠᠪᠠᠨ ᠲᠣᠬᠢᠷᠠᠭᠤᠯᠤᠨ ᠱᠢᠯᠢᠳᠡᠭ᠌ᠵᠢᠭᠦᠯᠵᠦ᠍᠂ ᠠᠵᠤ ᠠᠬᠤᠢᠯᠠᠯᠯᠤᠭᠠ ᠬᠥᠮᠦᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭᠠᠪᠠᠨ ᠤᠷᠢᠳᠴᠢᠯᠠᠨ ᠵᠣᠯᠭᠠᠭᠤᠯᠵᠤ᠂ ᠵᠠᠬᠢᠶᠠᠯᠠᠭ᠎ᠠ ᠢ᠋ᠢᠨ ᠮᠠᠶᠢᠭ ᠤ᠋ᠨ ᠬᠥᠮᠦᠵᠢᠯ ᠥᠷᠨᠢᠭᠦᠯᠬᠦ ᠬᠡᠷᠡᠭᠲᠡᠢ᠃ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤ᠋ᠨ ᠬᠢᠨ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠦ ᠴᠢᠭᠯᠡᠬᠦᠯᠵᠦ ᠦᠨᠡᠨ ᠪᠤᠳᠠᠳᠠᠢ ᠪᠣᠯᠪᠠᠰᠤᠷᠠᠯ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ᠋ ᠵᠠᠰᠠᠭ ᠤ᠋ᠨ ᠣᠷᠳᠣᠨ ᠪᠠ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠤᠯᠠᠨ ᠲᠦᠮᠡᠨ ᠢ᠋ ᠬᠠᠪᠰᠤᠷᠴᠤ᠌ ᠠᠵᠢᠯ ᠣᠯᠭᠣᠬᠤ ᠢ᠋ᠢ ᠴᠢᠬᠤᠯᠠ ᠶᠠᠪᠤᠳᠠᠯ ᠪᠣᠯᠭᠠᠵᠤ᠂ ᠠᠵᠢᠯ ᠣᠯᠭᠣᠬᠤ ᠵᠣᠬᠢᠶᠠᠨ ᠪᠠᠢᠭᠤᠯᠤᠯᠲᠠ ᠪᠠ ᠦᠢᠯᠡᠴᠢᠯᠡᠭᠡ ᠢ᠋ᠢ ᠰᠠᠢᠲᠤᠷ ᠬᠢᠬᠦ ᠬᠡᠷᠡᠭᠲᠡᠢ》 ᠭᠡᠵᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠢ ᠢ᠋ᠢᠨ ᠠᠵᠢᠯ ᠤ᠋ᠨ ᠬᠤᠷᠠᠯ ᠡᠴᠡ ᠠᠵᠢᠯ ᠣᠯᠭᠣᠯᠲᠠ ᠢ᠋ᠢ ᠠᠬᠢᠭᠤᠯᠬᠤ ᠠᠵᠢᠯᠯᠠᠭ᠎ᠠ ᠳ᠋ᠤ ᠲᠣᠳᠣᠷᠬᠠᠢ ᠪᠠᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠢ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠢ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠢ᠋ᠢ ᠠᠬᠢᠭᠤᠯᠬᠤ ᠳᠤᠮᠳᠠ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠢ᠋ᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠵᠠᠶ ᠶᠢᠩ ᠵᠢᠶᠦ᠋ᠨ ᠢ᠋ ᠰᠤᠷᠪᠤᠯᠵᠢᠯᠠᠪᠠ᠃
《ᠠᠵᠢᠯ ᠣᠯᠭᠣᠯᠲᠠ ᠨᠢ ᠲᠦᠭ ᠲᠦᠮᠡᠨ ᠠᠢᠯ ᠡᠷᠦᠬᠡ ᠢ᠋ᠢᠨ ᠠᠮᠢᠳᠤᠷᠠᠯ ᠢ᠋ ᠨᠥᠯᠥᠭᠡᠯᠡᠬᠦ᠌ ᠪᠥᠭᠡᠳ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ ᠶᠡᠬᠡ ᠲᠠᠯ᠎ᠠ ᠳ᠋ᠤ ᠬᠣᠯᠪᠣᠭ᠍ᠳᠠᠵᠤ ᠪᠠᠢᠳᠠᠭ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠢ᠋ᠢᠨ ᠠᠵᠢᠯ ᠤ᠋ᠨ ᠬᠤᠷᠠᠯ ᠤ᠋ᠨ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠢ᠋ᠢᠨ ᠲᠢᠩᠬᠢᠮᠡᠴᠡ〈ᠵᠢᠷᠭᠤᠭᠠᠨ ᠠᠵᠢᠯᠯᠠᠭ᠎ᠠ〉 ᠶ᠋ᠢᠨ ᠠᠵᠢᠯ ᠤ᠋ᠨ ᠱᠠᠭᠠᠷᠳᠠᠯᠭ᠎ᠠ ᠢ᠋ᠢ ᠲᠣᠭ᠍ᠲᠠᠭᠠᠵᠤ᠂ ᠠᠵᠢᠯ ᠣᠯᠭᠣᠯᠲᠠ ᠢ᠋ᠢ ᠤᠷᠢᠳ ᠢ᠋ᠢᠡᠷ ᠪᠣᠳᠣᠯᠬᠢᠯᠠᠬᠤ ᠤᠳᠤᠷᠢᠳᠤᠮᠵᠢ ᠢ᠋ᠢ ᠪᠠᠲᠤ ᠪᠣᠶ ᠪᠣᠯᠭᠠᠵᠤ᠂ ᠠᠵᠢᠯ ᠣᠯᠭᠣᠯᠲᠠ ᠢ᠋ᠢ ᠠᠬᠢᠭᠤᠯᠬᠤ ᠠᠵᠢᠯᠯᠠᠭ᠎ᠠ ᠢ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠪᠠᠢᠭᠤᠯᠤᠯ ᠲᠣᠭ᠍ᠲᠠᠴᠠ ᠢ᠋ᠢ ᠲᠡᠭᠦᠯᠳᠡᠷᠵᠢᠭᠦᠯᠬᠦ᠌᠂ ᠤᠷ᠎ᠠ ᠴᠢᠳᠠᠪᠤᠷᠢ ᠢ᠋ᠢᠨ ᠪᠣᠯᠪᠠᠰᠤᠷᠠᠯ ᠢ᠋ ᠴᠢᠩᠭᠠᠳᠭᠠᠬᠤ᠂ ᠭᠤᠤᠯᠳᠠᠯᠭᠠᠲᠠᠶ ᠬᠥᠮᠦᠰ ᠢ᠋ ᠪᠠᠲᠤᠯᠠᠬᠤ᠂ ᠠᠵᠢᠯ ᠣᠯᠭᠣᠯᠲᠠ ᠢ᠋ᠢᠨ ᠦᠶ᠋ᠯᠡᠴᠢᠯᠡᠭᠡ ᠢ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ ᠳ᠋ᠤ ᠬᠦᠴᠦ ᠪᠡᠨ ᠲᠦᠪᠯᠡᠷᠡᠭᠦᠯᠵᠤ᠂ ᠬᠠᠳᠠᠭᠠᠯᠠᠯᠲᠠ ᠢ᠋ᠢ ᠲᠣᠭ᠍ᠲᠠᠪᠤᠷᠢᠵᠢᠭᠤᠯᠬᠤ᠂ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠨᠡᠮᠡᠭᠳᠡᠯ ᠤ᠋ᠨ ᠬᠡᠮᠵᠢᠶ᠎ᠡ ᠢ᠋ᠢ ᠦᠷᠭᠡᠳᠬᠡᠬᠦ᠂ ᠬᠣᠷᠢᠭ᠎ᠠ ᠱᠤᠭᠤᠮ ᠢ᠋ ᠪᠠᠲᠤᠯᠠᠬᠤ ᠪᠡᠷ ᠪᠦᠬᠦ ᠬᠦᠴᠦᠨ ᠢ᠋ᠢᠡᠷ ᠢ᠋ᠢᠡᠨ ᠴᠢᠷᠮᠠᠢᠵᠤ᠂ ᠨᠠᠩ ᠴᠢᠨᠠᠷ ᠰᠠᠢᠲᠠᠶ ᠨᠠᠩ ᠭᠦᠶ᠋ᠴᠡᠳ ᠠᠵᠢᠯ ᠣᠯᠭᠣᠯᠲᠠ ᠪᠡᠷ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠵᠦ᠍ ᠬᠥᠭ᠌ᠵᠢᠯᠲᠡ ᠢ᠋ᠢ ᠠᠬᠢᠭᠤᠯᠤᠨ᠎ᠠ》 ᠭᠡᠵᠦ᠍ ᠵᠠᠶ ᠶᠢᠩ ᠵᠢᠶᠦ᠋ᠨ ᠢᠯᠡᠷᠬᠡᠢᠯᠡᠪᠠ᠃
ᠨᠢᠭᠡᠳᠦ᠂ ᠠᠵᠢᠯ ᠣᠯᠭᠣᠯᠲᠠ ᠢ᠋ᠢᠨ ᠪᠠᠢᠭᠤᠯᠤᠯ ᠲᠣᠭ᠍ᠲᠠᠴᠠ ᠢ᠋ᠢᠨ ᠥᠭᠡᠷᠡᠴᠢᠯᠡᠯᠲᠡ ᠢ᠋ᠢ ᠭᠦᠨᠵᠡᠭᠡᠢᠷᠡᠭᠦᠯᠦᠨ᠎ᠡ᠃ 《ᠥᠪᠡᠷᠲᠡᠭᠡᠨ ᠵᠠᠰᠠᠬᠤ ᠣᠷᠣᠨ ᠤ᠋ ᠠᠵᠢᠯ ᠣᠯᠭᠣᠯᠲᠠ ᠢ᠋ᠢᠨ ᠬᠦᠷᠢᠶᠡᠨᠦ ᠶᠡᠷᠦᠩᠬᠡᠢᠯᠡᠭ᠌ᠰᠡᠨ ᠥᠭᠡᠷᠡᠴᠢᠯᠡᠯᠲᠡ ᠢ᠋ᠢ ᠭᠦᠨᠵᠡᠭᠡᠢᠷᠡᠭᠦᠯᠬᠦ᠌ ᠰᠠᠨᠠᠯ》 ᠢ᠋ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠢ᠋ᠢ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ ᠲᠡᠷᠢᠭᠦᠨ ᠬᠠᠷᠠᠯᠲᠠ ᠪᠣᠯᠭᠠᠵᠤ᠂ ᠴᠢᠬᠤᠯᠠ ᠶᠡᠬᠡ ᠲᠥᠷᠥ ᠢ᠋ᠢᠨ ᠪᠣᠳᠣᠯᠭ᠎ᠠ᠂ ᠴᠢᠬᠤᠯᠠ ᠶᠡᠬᠡ ᠲᠥᠷᠥᠯ ᠵᠦᠶ᠋ᠯ᠂ ᠴᠢᠬᠤᠯᠠ ᠶᠡᠬᠡ ᠦᠶ᠋ᠯᠡᠳᠪᠦᠷᠢᠯᠡᠯ ᠤ᠋ᠨ ᠬᠦᠴᠦᠨᠦ ᠪᠠᠢᠷᠢᠱᠢᠭᠤᠯᠤᠯᠲᠠ ᠢ᠋ᠢᠨ ᠠᠵᠢᠯ ᠣᠯᠭᠣᠯᠲᠠ ᠳ᠋ᠦ ᠦᠵᠡᠬᠦᠯᠬᠦ ᠨᠥᠯᠥᠭᠡ ᠢ᠋ᠢ ᠦᠨᠡᠯᠡᠨ ᠵᠢᠱ᠌ᠢᠬᠦ᠌ ᠲᠣᠭ᠍ᠲᠠᠴᠠ ᠢ᠋ᠢ ᠪᠠᠢᠭᠤᠯᠵᠤ᠂ ᠠᠵᠢᠯ ᠣᠯᠭᠣᠯᠲᠠ ᠢ᠋ᠢ ᠠᠬᠢᠭᠤᠯᠬᠤ ᠲᠥᠷᠥ ᠢ᠋ᠢᠨ ᠪᠣᠳᠣᠯᠭ᠎ᠠ ᠢ᠋ᠢ ᠠᠵᠤ ᠦᠶ᠋ᠯᠡᠰ᠂ ᠪᠠᠯᠠ ᠣᠷᠣᠭᠤᠯᠤᠯᠲᠠ᠂ ᠭᠠᠳᠠᠭᠠᠳᠤ ᠠᠷᠠᠯᠵᠢᠶ᠎ᠠ᠂ ᠬᠡᠷᠡᠭ᠌ᠯᠡᠭᠡ᠂ ᠮᠥᠩᠭᠥᠨ ᠭᠦᠶ᠋ᠯᠭᠡᠭᠡ ᠵᠡᠷᠭᠡ ᠲᠥᠷᠥ ᠢ᠋ᠢᠨ ᠪᠣᠳᠣᠯᠭᠠᠯᠤᠭᠠ ᠵᠣᠬᠢᠴᠠᠯᠳᠤᠭᠤᠯᠤᠨ ᠬᠤᠯᠪᠤᠯᠳᠤᠭᠤᠯᠬᠤ ᠶ᠋ᠢ ᠠᠬᠢᠭᠤᠯᠤᠨ᠎ᠠ᠃ ᠲᠣᠭᠠᠴᠢᠯᠠᠭ᠍ᠰᠠᠨ ᠠᠵᠤ ᠠᠬᠤᠶ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠶ᠂ ᠠᠮᠢ ᠠᠬᠤᠶ ᠣᠷᠴᠢᠨ ᠲᠣᠭᠣᠷᠢᠨ ᠤ᠋ ᠵᠠᠰᠠᠯᠲᠠ ᠵᠡᠷᠭᠡ ᠠᠵᠢᠯ ᠣᠯᠭᠣᠯᠲᠠ ᠢ᠋ᠢᠨ ᠠᠵᠢᠯ ᠤ᠋ᠨ ᠪᠠᠢᠷᠢ ᠢ᠋ᠢ ᠭᠦᠨᠵᠡᠭᠡᠶ ᠠᠭᠤᠳᠠᠯᠵᠤ᠂ ᠡᠷᠡᠭᠦᠯ ᠮᠡᠨᠳᠦ᠂ ᠨᠠᠰᠤᠵᠢᠯ ᠤ᠋ᠨ ᠠᠰᠠᠷᠠᠮᠵᠢ᠂ ᠰᠣᠶᠣᠯ ᠵᠢᠭᠤᠯᠴᠢᠯᠠᠯ ᠵᠡᠷᠭᠡ ᠠᠵᠤ ᠦᠶ᠋ᠯᠡᠰ ᠢ᠋ ᠬᠥᠭ᠌ᠵᠢᠭᠦᠯᠬᠦ᠌ ᠢ᠋ᠢ ᠳᠡᠮᠵᠢᠵᠦ᠍᠂ ᠠᠵᠢᠯ ᠣᠯᠭᠣᠯᠲᠠ ᠢ᠋ᠢ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠱᠢᠨ᠎ᠡ ᠬᠥᠳᠡᠯᠭᠡᠬᠦ᠌ ᠡᠨᠧᠷᠭᠢ ᠢ᠋ᠢ ᠪᠣᠢᠵᠢᠭᠤᠯᠤᠨᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤ᠋ᠨᠬᠢᠨ ᠲᠠᠰ ᠳᠠᠪᠬᠤᠷᠭ᠎ᠠ ᠲᠥᠷᠥᠯ ᠬᠡᠯᠪᠡᠷᠢ ᠬᠦᠷᠢᠶ᠎ᠡ ᠴᠠᠷᠠᠭ᠎ᠠ ᠬᠤᠪᠢᠶᠠᠭ᠍ᠰᠠᠨ ᠴᠢᠳᠠᠪᠤᠷᠢᠲᠠᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢ ᠤᠷᠢᠳᠴᠢᠯᠠᠨ ᠵᠢᠱ᠌ᠢᠬᠦ᠌ ᠲᠣᠭ᠍ᠲᠠᠴᠠ ᠢ᠋ᠢ ᠪᠠᠢᠭᠤᠯᠬᠤ ᠢ᠋ᠢ ᠲᠦᠷᠭᠡᠳᠭᠡᠨ ᠠᠬᠢᠭᠤᠯᠵᠤ᠂ ᠠᠵᠢᠯ ᠲᠥᠷᠥᠯ ᠤ᠋ᠨ ᠬᠡᠷᠡᠭ᠌ᠴᠡᠭᠡ ᠱᠠᠭᠠᠷᠳᠠᠯᠭ᠎ᠠ᠂ ᠴᠢᠳᠠᠪᠤᠷᠢᠲᠠᠨ ᠤ᠋ ᠳᠤᠲᠠᠭᠤᠳᠠᠯ ᠢ᠋ ᠬᠥᠳᠡᠯᠦᠩᠭᠦᠶ ᠪᠥᠭᠡᠳ ᠣᠨᠣᠪᠴᠢᠲᠠᠶ ᠡᠵᠡᠮᠱᠢᠵᠦ᠍᠂ ᠰᠤᠷᠭᠠᠨ ᠬᠥᠮᠦᠵᠢᠯ ᠤ᠋ᠨ ᠰᠠᠯᠠᠭ᠎ᠠ ᠮᠥᠴᠢᠷᠲᠡᠶ ᠬᠠᠮᠵᠢᠯᠴᠠᠨ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠢ᠋ᠢ ᠠᠩᠬᠠᠷᠤᠨ ᠶᠡᠬᠡ ᠳᠡᠭᠡᠳᠦ ᠰᠤᠷᠭᠠᠭᠤᠯᠢ ᠢ᠋ᠢᠨ ᠣᠲᠣ ᠢ᠋ᠢᠨ ᠪᠠᠢᠭ᠎ᠠ ᠲᠤᠰᠭᠠᠶ ᠮᠡᠷᠭᠡᠵᠢᠯ ᠢ᠋ ᠱᠢᠯᠢᠳᠡᠭ᠌ᠵᠢᠭᠦᠯᠦᠨ ᠳᠣᠭᠢᠷᠠᠭᠤᠯᠵᠤ᠂ ᠰᠣᠯᠪᠢᠴᠠᠨ ᠠᠭᠤᠰᠤᠯᠴᠠᠭ᠍ᠰᠠᠨ ᠲᠤᠰᠭᠠᠶ ᠮᠡᠷᠭᠡᠵᠢᠯ ᠢ᠋ ᠪᠣᠢᠵᠢᠭᠤᠯᠤᠨ᠂ ᠴᠢᠳᠠᠪᠤᠷᠢᠲᠠᠨ ᠢ᠋ ᠬᠥᠮᠦᠵᠢᠭᠦᠯᠬᠦ᠌ ᠪᠠ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠢ᠋ᠢᠨ ᠵᠣᠬᠢᠴᠠᠯᠳᠤᠬᠤ ᠬᠡᠮᠵᠢᠶ᠎ᠡ ᠢ᠋ᠢ ᠳᠡᠭᠡᠭ᠌ᠰᠢᠯᠡᠭᠦᠯᠦᠨᠡ᠃ 《ᠠᠵᠢᠯᠪᠠᠢᠭᠠᠳ ᠬᠢᠬᠦ ᠬᠥᠮᠦᠨ ᠥᠬᠡᠶ》 ᠠᠵᠢᠯ ᠤ᠋ᠨ ᠪᠠᠢᠷᠢ ᠢ᠋ᠢᠨ ᠨᠠᠷᠢᠨ ᠳᠠᠡᠭᠰᠠ᠂ 《ᠠᠵᠢᠯ ᠬᠢᠬᠦ᠌ ᠬᠥᠮᠦᠨ ᠥᠬᠡᠶ》 ᠠᠵᠢᠯᠲᠠᠨ ᠤ᠋ ᠨᠠᠷᠢᠨ ᠳᠠᠡᠭᠰᠠ᠂ 《ᠲᠠᠰ ᠲᠥᠷᠥᠯ ᠬᠤᠪᠢᠶᠠᠬᠤ》ᠲᠥᠷᠥ ᠢ᠋ᠢᠨ ᠪᠣᠳᠣᠯᠭ᠎ᠠ ᠢ᠋ᠢᠨ ᠨᠠᠷᠢᠨ ᠳᠠᠡᠭᠰᠠ᠂ 《ᠵᠢᠷᠤᠮᠵᠢᠯᠲᠠᠶ ᠨᠢᠭᠡᠳᠦᠯᠲᠡᠶ》ᠦᠶ᠋ᠯᠡᠴᠢᠯᠡᠭᠡᠨᠦ ᠨᠠᠷᠢᠨ ᠳᠠᠡᠭᠰᠠ ᠢ᠋ᠢ ᠬᠥᠳᠡᠯᠦᠩᠭᠦᠶᠪᠡᠷ ᠪᠠᠢᠭᠤᠯᠵᠤ᠂ ᠬᠠᠩᠭᠠᠯᠭ᠎ᠠ ᠬᠡᠷᠡᠭ᠌ᠴᠡᠭᠡ ᠢ᠋ᠢ ᠥᠨᠳᠥᠷ ᠪᠦᠲᠦᠮᠵᠢᠲᠡᠶᠪᠡᠷ ᠵᠣᠯᠭᠠᠭᠤᠯᠬᠤ ᠢ᠋ᠢ ᠠᠬᠢᠭᠤᠯᠤᠨ᠎ᠠ᠃ ᠱᠢᠯᠭᠠᠨ ᠬᠢᠨᠠᠬᠤ 《ᠳᠣᠬᠢᠭᠤᠷ》 ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠠᠵᠢᠯ ᠣᠯᠭᠣᠬᠤ ᠠᠵᠢᠯ ᠢ᠋ ᠬᠣᠱᠢᠭᠤ ᠱᠢᠶᠠᠨ ᠡᠴᠡ ᠳᠡᠭᠡᠭ᠌ᠰᠢᠬᠢ ᠨᠠᠮ ᠵᠠᠰᠠᠭ ᠤ᠋ᠨ ᠤᠳᠤᠷᠢᠳᠭᠤ ᠪᠠᠭ ᠤ᠋ᠨ ᠠᠵᠢᠯ ᠤ᠋ᠨ ᠠᠮᠵᠢᠯᠲᠠ ᠪᠦᠲᠦᠮᠵᠢ ᠢ᠋ᠢ ᠱᠢᠯᠭᠠᠨ ᠬᠢᠨᠠᠬᠤ ᠠᠭᠤᠯᠭ᠎ᠠ ᠪᠣᠯᠭᠠᠵᠤ᠂ ᠪᠠᠯᠠ ᠣᠷᠣᠭᠤᠯᠤᠯᠲᠠ ᠢ᠋ᠢᠨ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ᠂ ᠠᠵᠢᠯ ᠣᠯᠭᠣᠬᠤ ᠪᠡᠷ ᠲᠡᠳᠬᠦᠮᠵᠢ ᠢ᠋ᠢ ᠣᠷᠣᠯᠠᠭᠤᠯᠬᠤ ᠲᠥᠷᠥᠯ ᠵᠦᠶ᠋ᠯ ᠢ᠋ ᠬᠡᠷᠡᠭ᠌ᠵᠢᠭᠦᠯᠬᠦ᠌᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠵᠡᠷᠭᠡ ᠶᠠᠪᠤᠴᠠ ᠳ᠋ᠤ ᠠᠵᠢᠯ ᠣᠯᠭᠣᠯᠲᠠ ᠢ᠋ᠢ ᠳᠠᠢᠴᠢᠯᠠᠬᠤ ᠦᠶ᠋ᠯᠡᠳᠦᠯ ᠢ᠋ ᠭᠦᠶ᠋ᠴᠡᠳ ᠪᠣᠳᠣᠯᠬᠢᠯᠠᠨ᠂ ᠬᠠᠷᠢᠶ᠎ᠠ ᠭᠠᠵᠠᠷ ᠤ᠋ᠨ ᠠᠵᠢᠯ ᠣᠯᠭᠣᠯᠲᠠ ᠢ᠋ᠢ ᠠᠬᠢᠭᠤᠯᠬᠤ ᠬᠠᠷᠢᠭᠤᠴᠠᠯᠭ᠎ᠠ ᠢ᠋ᠢ ᠤᠯᠠᠮ ᠨᠢᠭᠡ ᠠᠯᠬᠤᠮ ᠪᠣᠳᠠᠲᠠᠢᠵᠢᠭᠤᠯᠤᠨᠠ᠃
ᠬᠣᠶᠠᠷ ᠲᠤ᠌᠂ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠵᠢᠨ ᠪᠣᠯᠪᠠᠰᠤᠷᠠᠯ ᠢ᠋ ᠴᠢᠩᠭᠠᠳᠭᠠᠨ᠎ᠠ᠃ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭᠠᠲᠠᠶ ᠠᠵᠤ ᠦᠶ᠋ᠯᠡᠰ ᠤ᠋ᠨ ᠬᠡᠯᠬᠢᠶ᠎ᠡ ᠪᠠ ᠴᠢᠬᠤᠯᠠ ᠶᠡᠬᠡ ᠲᠥᠷᠥᠯ ᠵᠦᠶ᠋ᠯ ᠵᠢᠴᠢ ᠠᠵᠢᠯ ᠣᠯᠭᠣᠯᠲᠠ ᠶ᠋ᠢ ᠱᠢᠩᠭᠡᠭᠡᠨ ᠠᠪᠬᠤ ᠪᠠᠭ᠍ᠲᠠᠭᠠᠮᠵᠢ ᠪᠡᠷ ᠶᠡᠬᠡ ᠬᠡᠷ ᠤ᠋ᠨ ᠶᠠᠪᠤᠳᠠᠯ᠂ ᠨᠠᠰᠤᠵᠢᠯ ᠤ᠋ᠨ ᠠᠰᠠᠷᠠᠮᠵᠢ᠂ ᠰᠣᠶᠣᠯ ᠵᠢᠭᠤᠯᠴᠢᠯᠠᠯ᠂ ᠪᠠᠷᠠᠭᠠᠨ ᠤ᠋ ᠭᠦᠶ᠋ᠯᠭᠡᠭᠡ᠂ ᠱᠢᠨ᠎ᠡ ᠡᠨᠧᠷᠭᠢ ᠵᠢᠨ ᠲᠡᠭᠡᠭᠡᠪᠦᠷᠢ ᠰᠡᠯᠪᠢᠯᠳᠡ ᠵᠡᠷᠭᠡ ᠵᠠᠬ᠎ᠠ ᠳᠡᠯᠭᠡᠭᠦᠷ ᠤ᠋ᠨ ᠪᠠᠴᠢᠮ ᠬᠡᠷᠡᠭ᠌ᠴᠡᠭᠡᠨᠦ ᠬᠦᠷᠢᠶ᠎ᠡ ᠴᠠᠷᠠᠭ᠎ᠠ ᠶ᠋ᠢ ᠴᠢᠩᠭ᠎ᠠ ᠠᠩᠬᠠᠷᠴᠤ᠌᠂ ᠨᠢᠭᠡ ᠪᠦᠯᠦᠭ ᠣᠷᠣᠨ ᠨᠤᠲᠤᠭ ᠤ᠋ᠨ ᠣᠨᠴᠠᠯᠢᠭᠲᠠᠶ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠵᠢᠨ ᠪᠣᠯᠪᠠᠰᠤᠷᠠᠯ ᠤ᠋ᠨ ᠲᠥᠷᠥᠯ ᠲᠡᠮᠳᠡᠭ᠌ᠲᠦ᠍ ᠶ᠋ᠢ ᠬᠦᠴᠦᠯᠡᠨ ᠪᠣᠢᠵᠢᠭᠤᠯᠵᠤ᠂ ᠨᠢᠭᠡ ᠪᠦᠯᠦᠭ ᠠᠵᠤ ᠦᠶ᠋ᠯᠡᠰ ᠤ᠋ᠨ ᠣᠨᠴᠠᠯᠢᠭ ᠲᠤ᠌ ᠨᠡᠢᠴᠡᠭ᠌ᠰᠡᠨ ᠳᠠᠳᠤᠯᠭ᠎ᠠ ᠪᠣᠯᠪᠠᠰᠤᠷᠠᠯ ᠤ᠋ᠨ ᠰᠠᠭᠤᠷᠢᠨ ᠢ᠋ ᠪᠥᠲᠥᠭᠡᠨ ᠪᠠᠢᠭᠤᠯᠵᠤ᠂ ᠨᠢᠭᠡ ᠪᠦᠯᠦᠭ ᠠᠵᠢᠯ ᠲᠥᠷᠥᠯ ᠤ᠋ᠨ ᠣᠨᠴᠠᠯᠢᠭᠲᠠᠶ ᠱᠢᠨ᠎ᠡ ᠠᠵᠢᠯ ᠮᠡᠷᠭᠡᠵᠢᠯ ᠤ᠋ᠨ ᠡᠩᠨᠡᠭᠡ ᠵᠢ ᠠᠭᠤᠳᠠᠯᠤᠨ᠂ ᠡᠯ᠎ᠡ ᠰᠠᠯᠠᠭ᠎ᠠ ᠮᠥᠴᠢᠷᠲᠡᠶ ᠬᠠᠮᠲᠤᠷᠠᠨ ᠵᠠᠬᠢᠶᠠᠯᠠᠭ᠎ᠠ ᠵᠢᠨ ᠮᠠᠶᠢᠭ᠂ ᠬᠠᠨᠳᠤᠯᠭᠠᠲᠤ ᠮᠠᠶᠢᠭ ᠤ᠋ᠨ ᠪᠣᠯᠪᠠᠰᠤᠷᠠᠯ ᠢ᠋ ᠶᠡᠬᠡ ᠬᠡᠪᠴᠢᠶᠡᠪᠡᠷ ᠥᠷᠨᠢᠭᠦᠯᠤᠨ᠂ ᠤᠷ᠎ᠠ ᠴᠢᠳᠠᠪᠤᠷᠢᠲᠠᠶ ᠬᠥᠳᠡᠯᠮᠦᠷᠢᠴᠢᠳ ᠤ᠋ᠨ ᠬᠠᠩᠭᠠᠯᠭ᠎ᠠ ᠶ᠋ᠢ ᠪᠦᠲᠦᠮᠵᠢᠲᠡᠶ ᠨᠡᠮᠡᠭ᠌ᠳᠡᠭᠦᠯᠦᠨᠡ᠃ ᠠᠵᠤ ᠠᠬᠤᠢᠯᠠᠯ ᠤ᠋ᠨ ᠠᠵᠢᠯᠲᠠᠨ ᠠᠵᠢᠯᠴᠢᠨ ᠤ᠋ ᠠᠵᠢᠯ ᠤ᠋ᠨ ᠪᠠᠢᠷᠢ ᠳ᠋ᠤ ᠭᠠᠷᠬᠤ ᠡᠴᠡ ᠡᠮᠦᠨᠡᠬᠢ ᠪᠣᠯᠪᠠᠰᠤᠷᠠᠯ᠂ ᠱᠢᠨ᠎ᠡ ᠬᠡᠯᠪᠡᠷᠢ ᠵᠢᠨ ᠲᠠᠭᠠᠵᠦ ᠰᠤᠷᠬᠤ ᠠᠵᠢᠯᠴᠢᠨᠤ ᠳᠦᠷᠢᠮᠲᠦ ᠪᠣᠯᠪᠠᠰᠤᠷᠠᠯ ᠪᠠ ᠮᠡᠷᠭᠡᠵᠢᠯᠳᠡᠨ᠂ ᠳᠡᠭᠡᠳᠦ ᠵᠡᠷᠭᠡ ᠵᠢᠨ ᠮᠡᠷᠭᠡᠵᠢᠯᠳᠡᠨᠤ ᠪᠣᠯᠪᠠᠰᠤᠷᠠᠯ ᠥᠷᠨᠢᠭᠦᠯᠬᠦ᠌ ᠶ᠋ᠢ ᠳᠡᠮᠵᠢᠵᠦ᠍᠂ ᠲᠣᠭ᠍ᠲᠠᠭᠠᠯ ᠶᠣᠰᠣᠭᠠᠷ ᠪᠣᠯᠪᠠᠰᠤᠷᠠᠯ ᠤ᠋ᠨ ᠨᠥᠬᠥᠪᠥᠷᠢ ᠣᠯᠭᠣᠨ᠎ᠠ᠃ ᠪᠤᠯᠪᠠᠰᠤᠷᠠᠯ ᠤ᠋ᠨ ᠠᠴᠢᠶᠠᠯᠠᠪᠤᠷᠢ ᠵᠢᠨ ᠪᠠᠢᠭᠤᠯᠤᠯᠲᠠ ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠰ ᠤ᠋ᠨ ᠪᠠᠢᠷᠢᠱᠢᠭᠤᠯᠤᠯ ᠤ᠋ᠨ ᠲᠣᠭᠣᠷᠢᠨ ᠳ᠋ᠤ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ᠂ ᠮᠡᠷᠭᠡᠵᠢᠯ ᠤ᠋ᠨ ᠠᠵᠢᠯᠴᠢᠨ ᠤ᠋ ᠰᠤᠷᠭᠠᠨ ᠬᠥᠮᠦᠵᠢᠯ ᠢ᠋ ᠬᠥᠭ᠌ᠵᠢᠭᠦᠯᠤᠨ᠂ ᠨᠢᠭᠡ ᠪᠦᠯᠦᠭ ᠠᠵᠢᠯ ᠲᠥᠷᠥᠯ ᠤ᠋ᠨ ᠴᠢᠨᠠᠷᠲᠠᠶ᠂ ᠣᠷᠣᠨ ᠪᠦᠰᠡ ᠵᠢᠨ ᠴᠢᠨᠠᠷᠲᠠᠶ ᠮᠡᠷᠭᠡᠵᠢᠯ ᠤ᠋ᠨ ᠠᠵᠢᠯᠴᠢᠨ ᠤ᠋ ᠰᠤᠷᠭᠠᠨ ᠬᠥᠮᠦᠵᠢᠯ ᠤ᠋ᠨ ᠬᠣᠯᠪᠣᠭ᠎ᠠ (ᠪᠦᠯᠦᠭ᠌ᠯᠡᠯ) ᠶ᠋ᠢ ᠵᠣᠬᠢᠶᠠᠨ ᠪᠠᠢᠭᠤᠯᠵᠤ᠂ ᠮᠡᠷᠭᠡᠵᠢᠯ ᠤ᠋ᠨ ᠠᠵᠢᠯᠴᠢᠨ ᠤ᠋ ᠰᠤᠷᠭᠠᠨ ᠬᠥᠮᠦᠵᠢᠯ ᠤ᠋ᠨ ᠴᠢᠨᠠᠷ ᠰᠠᠢᠲᠠᠶ ᠣᠨᠴᠠᠯᠢᠭ᠍ᠲᠤ ᠬᠥᠭ᠌ᠵᠢᠯᠲᠡ ᠶ᠋ᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠥᠷᠥᠯ ᠵᠦᠶ᠋ᠯ ᠤ᠋ᠨ ᠲᠣᠭᠣᠷᠢᠨ ᠳ᠋ᠤ᠂ ᠱᠢᠨᠡᠪᠡᠷ ᠨᠠᠢᠳᠠᠪᠤᠷᠢᠵᠢᠭᠤᠯᠤᠭ᠍ᠰᠠᠨ ᠠᠵᠤ ᠠᠬᠤᠢᠯᠠᠯ ᠪᠠ ᠭᠤᠤᠯᠳᠠᠯᠭᠠᠲᠠᠶ ᠠᠵᠤ ᠦᠶ᠋ᠯᠡᠰ ᠤ᠋ᠨ ᠪᠠᠴᠢᠮ ᠬᠡᠷᠡᠭ᠌ᠰᠡᠬᠦ᠌ ᠳᠤᠲᠠᠭ᠍ᠳᠠᠵᠤ ᠪᠠᠢᠭ᠎ᠠ ᠴᠢᠳᠠᠪᠤᠷᠢᠲᠠᠨ ᠤ᠋ ᠲᠣᠭᠣᠷᠢᠨ ᠳ᠋ᠤ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠣᠯᠠᠨ ᠨᠡᠢᠲᠡ ᠵᠢᠨ ᠳᠠᠳᠤᠯᠭ᠎ᠠ ᠪᠤᠯᠪᠠᠰᠤᠷᠠᠯ ᠤ᠋ᠨ ᠰᠠᠭᠤᠷᠢᠨ ᠤ᠋ ᠬᠠᠮᠲᠤᠷᠠᠯᠴᠠᠭ᠎ᠠ ᠪᠡᠨ ᠴᠢᠩᠭᠠᠳᠭᠠᠬᠤ ᠶ᠋ᠢ ᠬᠥᠲᠥᠯᠦᠨ ᠵᠢᠯᠣᠭᠣᠳᠬᠤ ᠪᠡᠷ ᠳᠡᠮᠵᠢᠨ᠂ ᠠᠵᠢᠯ ᠮᠡᠷᠭᠡᠵᠢᠯ ᠤ᠋ᠨ ᠰᠤᠷᠭᠠᠨ ᠬᠦᠮᠦᠵᠢᠯ ᠪᠠ ᠡᠩ ᠤ᠋ᠨ ᠰᠤᠷᠭᠠᠨ ᠬᠦᠮᠦᠵᠢᠯ ᠢ᠋ᠠᠭᠤᠰᠤᠯᠴᠠᠭᠤᠯᠬᠤ᠂ ᠦᠶ᠋ᠯᠡᠳᠪᠦᠷᠢᠯᠡᠯ ᠪᠠ ᠵᠢᠭᠠᠨ ᠰᠤᠷᠭᠠᠯᠲᠠ ᠶ᠋ᠢ ᠠᠭᠤᠰᠤᠯᠴᠠᠭᠤᠯᠬᠤ᠂ ᠱᠢᠨᠵᠢᠯᠡᠬᠦ᠌ ᠤᠬᠠᠭᠠᠨ ᠪᠠ ᠰᠤᠷᠭᠠᠨ ᠬᠥᠮᠦᠵᠢᠯ ᠢ᠋ ᠠᠭᠤᠰᠤᠯᠴᠠᠭᠤᠯᠬᠤ ᠶ᠋ᠢ ᠠᠬᠢᠭᠤᠯᠵᠤ᠂ ᠬᠥᠮᠦᠨ ᠪᠠ ᠠᠵᠢᠯ ᠤ᠋ᠨ ᠪᠠᠢᠷᠢ ᠵᠢᠨ ᠵᠣᠬᠢᠴᠠᠯᠳᠤᠬᠤ ᠬᠡᠮᠵᠢᠶ᠎ᠡ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ᠃
ᠭᠤᠷᠪᠠ ᠳ᠋ᠤ᠂ ᠭᠤᠤᠯᠳᠠᠯᠭᠠᠲᠠᠶ ᠬᠠᠮᠲᠤ ᠨᠡᠢᠲᠡ ᠵᠢᠨ ᠠᠵᠢᠯ ᠣᠯᠭᠣᠯᠲᠠ ᠶ᠋ᠢ ᠠᠬᠢᠭᠤᠯᠤᠨ᠎ᠠ᠃ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ ᠤ᠋ᠨ ᠠᠵᠢᠯ ᠣᠯᠭᠣᠯᠲᠠ ᠶ᠋ᠢ ᠭᠣᠣᠯᠳᠠᠯᠭ᠎ᠠ ᠵᠢᠨ ᠭᠣᠣᠯᠳᠠᠯᠭ᠎ᠠ ᠪᠣᠯᠭᠠᠵᠤ᠂ ᠲᠡᠷᠢᠭᠦᠨᠦ ᠦᠢᠯᠡᠳᠬᠦ᠌ ᠦᠢᠯᠡᠰ᠂ ᠤᠳᠤ ᠦᠶ᠎ᠡ ᠵᠢᠨ ᠦᠢᠯᠡᠴᠢᠯᠡᠭᠡᠨᠦ ᠦᠢᠯᠡᠰ ᠪᠣᠯᠤᠨ ᠦᠨᠳᠦᠰᠦᠨ ᠱᠠᠲᠤᠨ ᠤ᠋ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤ᠋ᠨ ᠦᠢᠯᠡᠴᠢᠯᠡᠭᠡ᠂ ᠨᠡᠢᠭᠡᠮ ᠤ᠋ᠨ ᠠᠵᠢᠯ᠂ ᠬᠠᠤᠯᠢ ᠴᠠᠭᠠᠵᠠ ᠵᠢᠨ ᠲᠤᠰᠠᠯᠠᠮᠵᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠤᠰᠠᠯᠠᠭ᠍ᠴᠢ ᠵᠡᠷᠭᠡ ᠠᠵᠢᠯ ᠣᠯᠭᠣᠯᠲᠠ ᠵᠢᠨ ᠠᠵᠢᠯ ᠤ᠋ᠨ ᠪᠠᠢᠷᠢ ᠶ᠋ᠢ ᠭᠦᠨᠵᠡᠭᠡᠢ ᠠᠭᠤᠳᠠᠯᠤᠨ᠂ ᠪᠠᠢᠭᠤᠯᠭ᠎ᠠ ᠠᠵᠢᠯ ᠦᠢᠯᠡᠰ ᠤ᠋ᠨ ᠨᠢᠭᠡᠴᠢ ᠵᠡᠷᠭᠡ ᠲᠦᠷᠦ᠍ ᠵᠢᠨ ᠪᠤᠳᠤᠯᠭ᠎ᠠ ᠵᠢᠨ ᠴᠢᠨᠠᠷᠲᠠᠢ ᠠᠵᠢᠯ ᠤ᠋ᠨ ᠪᠠᠢᠷᠢ ᠵᠢᠨ ᠡᠬᠢ ᠪᠠᠶᠠᠯᠢᠭ ᠢ᠋ ᠲᠦᠷᠭᠡᠨ ᠠᠭᠤᠳᠠᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ ᠤ᠋ᠨ ᠭᠣᠣᠯᠳᠠᠯᠭᠠᠲᠠᠶ ᠬᠦᠷᠢᠶ᠎ᠡ᠂ ᠭᠣᠣᠯᠳᠠᠯᠭᠠᠲᠠᠶ ᠠᠵᠢᠯ ᠲᠦᠷᠦᠯ᠂ ᠬᠤᠳᠠ ᠬᠥᠳᠡᠭᠡ ᠵᠢᠨ ᠦᠨᠳᠦᠰᠦᠨ ᠱᠠᠳᠤ ᠪᠣᠯᠤᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠠᠵᠢᠯ ᠣᠯᠵᠤ ᠦᠢᠯᠡᠰ ᠪᠤᠰᠭᠠᠬᠤ ᠳ᠋ᠤ ᠣᠷᠣᠯᠴᠠᠬᠤ ᠶ᠋ᠢ ᠵᠣᠷᠢᠭ᠍ᠵᠢᠭᠤᠯᠤᠨᠠ᠃ ᠠᠵᠢᠯ ᠣᠯᠭᠣᠯᠲᠠ ᠵᠢᠨ ᠮᠡᠳᠡᠭᠡ ᠵᠠᠩᠭᠢ ᠶ᠋ᠢ ᠬᠠᠮᠲᠤ ᠪᠡᠷ ᠡᠳ᠋ᠯᠡᠬᠦ᠌ ᠲᠣᠭ᠍ᠲᠠᠴᠠ ᠶ᠋ᠢ ᠪᠠᠢᠭᠤᠯᠵᠤ᠂ ᠰᠤᠷᠭᠠᠨ ᠬᠥᠮᠦᠵᠢᠯ ᠵᠢᠴᠢ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠰᠠᠯᠠᠭ᠎ᠠ ᠮᠥᠴᠢᠷ ᠤ᠋ᠨ ᠪᠥᠬᠥ᠌ ᠶᠠᠪᠤᠴᠠ ᠵᠢᠨ ᠠᠵᠢᠯ ᠣᠯᠭᠣᠯᠲᠠ ᠵᠢᠨ ᠦᠶ᠋ᠯᠡᠴᠢᠯᠡᠭᠡ ᠶ᠋ᠢ ᠵᠣᠯᠭᠠᠯᠴᠠᠭᠤᠯᠬᠤ ᠶ᠋ᠢ ᠴᠢᠩᠭᠠᠳᠭᠠᠨ᠎ᠠ᠃ ᠭᠠᠳᠠᠭ᠍ᠰᠢ ᠭᠠᠷᠴᠤ᠌ ᠠᠵᠢᠯ ᠣᠯᠬᠤ ᠪᠠ ᠲᠤᠬᠠᠶ ᠵᠢᠨ ᠭᠠᠵᠠᠷ ᠲᠠᠭᠠᠨ ᠣᠢᠷ᠎ᠠ ᠬᠠᠪᠢᠳᠠᠭᠠᠨ ᠠᠵᠢᠯ ᠣᠯᠭᠣᠬᠤ ᠶ᠋ᠢ ᠵᠡᠷᠭᠡᠳᠦᠨᠢ ᠴᠢᠬᠤᠯᠠᠴᠢᠯᠠᠬᠤ ᠶ᠋ᠢ ᠪᠠᠷᠢᠮᠲᠠᠯᠠᠨ᠂ ᠪᠡᠭᠡᠵᠢᠩ ᠥᠪᠥᠷ ᠮᠣᠩᠭᠣᠯ᠂ ᠬᠠᠲᠤᠨ ᠭᠣᠣᠯ ᠳᠠᠭᠠᠤ ᠵᠢᠨ ᠮᠤᠵᠢ ᠣᠷᠣᠨ᠂ ᠪᠠᠷᠠᠭᠤᠨ ᠬᠡᠰᠡᠭ ᠤ᠋ᠨ ᠮᠤᠵᠢ ᠣᠷᠣᠨ᠂ ᠵᠡᠭᠦᠨ ᠬᠣᠢᠲᠤ ᠵᠢᠨ ᠭᠤᠷᠪᠠᠨ ᠮᠤᠵᠢ ᠨᠢᠭᠡ ᠣᠷᠣᠨ ᠪᠣᠯᠤᠨ ᠠᠢᠮᠠᠭ ᠬᠣᠲᠠ ᠵᠢᠨ ᠬᠣᠭᠣᠷᠣᠨᠳᠣᠬᠢ 《4 +N》 ᠬᠥᠳᠡᠯᠮᠦᠷᠢ ᠦᠢᠯᠡᠴᠢᠯᠡᠭᠡᠨᠦ ᠬᠠᠮᠵᠢᠯᠴᠠᠭᠠᠨ ᠤ᠋ ᠬᠣᠯᠪᠣᠭ᠎ᠠ ᠶ᠋ᠢ ᠪᠠᠢᠭᠤᠯᠵᠤ᠂《ᠠᠵᠢᠯᠮᠡᠷᠭᠡᠵᠢᠯ ᠤ᠋ᠨ ᠴᠢᠳᠠᠪᠤᠷᠢ ᠵᠢᠨ ᠪᠤᠯᠪᠠᠰᠤᠷᠠᠯ + ᠬᠥᠳᠡᠯᠮᠦᠷᠢ ᠦᠢᠯᠡᠴᠢᠯᠡᠭᠡ》 ᠶ᠋ᠢᠨ ᠲᠦᠷᠦᠯ ᠲᠡᠮᠳᠡᠭ ᠢ᠋ ᠪᠣᠶ ᠪᠣᠯᠭᠠᠨ᠂ 《ᠬᠠᠪᠤᠷ ᠤ᠋ᠨ ᠤᠷᠢᠬᠠᠨ ᠰᠠᠯᠬᠢ ᠠᠵᠢᠯᠯᠠᠭ᠎ᠠ》᠂ ᠠᠵᠢᠯ ᠣᠯᠭᠣᠬᠤ ᠲᠤᠰᠠᠯᠠᠮᠵᠢ ᠵᠢᠨ ᠰᠠᠷ᠎ᠠ ᠵᠡᠷᠭᠡ ᠠᠵᠢᠯᠯᠠᠭ᠎ᠠ ᠶ᠋ᠢ ᠰᠠᠢᠲᠤᠷ ᠥᠷᠨᠢᠭᠦᠯᠵᠦ᠍᠂ ᠮᠠᠯᠴᠢᠨ ᠲᠠᠷᠢᠶᠠᠴᠢᠨᠤ ᠪᠠᠷᠢᠯᠭ᠎ᠠ ᠵᠢᠨ ᠠᠩᠭᠢ᠂ ᠬᠥᠳᠡᠯᠮᠦᠷᠢ ᠦᠢᠯᠡᠴᠢᠯᠡᠭᠡᠨᠦ ᠬᠣᠷᠱᠢᠶᠠ ᠪᠠᠢᠭᠤᠯᠬᠤ ᠵᠡᠷᠭᠡ ᠠᠷᠭ᠎ᠠ ᠮᠠᠶᠢᠭ ᠵᠢᠡᠷ ᠳᠠᠮᠵᠢᠭᠤᠯᠤᠨ᠂ ᠮᠠᠯᠴᠢᠨ ᠲᠠᠷᠢᠶᠠᠴᠢᠨ ᠢ᠋ᠬᠥᠲᠥᠯᠥᠨ ᠵᠢᠯᠣᠭᠣᠳᠴᠤ᠌ ᠪᠠᠢᠭᠠᠳ ᠠᠵᠢᠯ ᠣᠯᠭᠣᠬᠤ ᠪᠡᠷ ᠲᠡᠳᠬᠦᠮᠵᠢ ᠶ᠋ᠢ ᠣᠷᠣᠯᠠᠭᠤᠯᠬᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢᠵᠠᠰᠠᠬᠤ᠂ ᠲᠠᠷᠢᠶᠠᠨ ᠭᠠᠵᠠᠷ ᠤᠰᠤᠨ ᠠᠱᠢᠭ᠍ᠯᠠᠯᠲᠠ ᠵᠡᠷᠭᠡ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠳ᠋ᠤ ᠢᠳᠡᠪᠬᠢᠲᠡᠶ ᠤᠷᠤᠯᠴᠠᠭᠤᠯᠵᠤ᠂ ᠮᠠᠯᠴᠢᠨ ᠲᠠᠷᠢᠶᠠᠴᠢᠨ ᠤᠨᠴᠠᠭᠠᠢᠯᠠᠨ ᠶᠠᠳᠠᠭᠤ ᠡᠴᠡ ᠠᠩᠬᠢᠵᠢᠷᠠᠭᠰᠠᠨ ᠬᠦᠮᠦᠰ ᠤ᠋ᠨ ᠠᠵᠢᠯ ᠤᠯᠭᠤᠯᠲᠠ ᠪᠠ ᠤᠷᠤᠯᠭ᠎ᠠ ᠵᠢᠨ ᠨᠡᠮᠡᠭᠳᠡᠯᠢ ᠠᠬᠢᠭᠤᠯᠤᠨ᠎ᠠ᠃ ᠰᠠᠯᠠᠭ᠎ᠠ ᠮᠥᠴᠢᠷᠦᠳ ᠬᠠᠮᠲᠤᠷᠠᠨ ᠬᠥᠳᠡᠯᠦᠯᠴᠡᠬᠦ᠌᠂ ᠣᠨᠣᠪᠴᠢᠲᠠᠶ ᠪᠡᠷ ᠢᠯᠭᠠᠨ ᠲᠠᠨᠢᠬᠤ᠂ ᠴᠠᠭ ᠲᠤᠬᠠᠶ ᠳ᠋ᠤᠨᠢ ᠤᠷᠢᠳᠴᠢᠯᠠᠨ ᠰᠡᠷᠡᠮᠵᠢᠯᠡᠭᠦᠯᠬᠦ᠌᠂ ᠲᠥᠷᠥᠯ ᠬᠤᠪᠢᠶᠠᠨ ᠬᠠᠪᠰᠤᠷᠤᠨ ᠲᠡᠳᠬᠦᠬᠦ᠌᠂ ᠬᠥᠳᠡᠯᠦᠩᠭᠦᠶᠪᠡᠷ ᠬᠠᠮᠢᠶᠠᠷᠬᠤ ᠠᠵᠢᠯ ᠣᠯᠭᠣᠯᠲᠠ ᠵᠢᠨ ᠲᠤᠰᠠᠯᠠᠮᠵᠢ ᠦᠵᠡᠭᠦᠯᠬᠦ᠌ ᠲᠣᠭ᠍ᠲᠠᠴᠠ ᠶ᠋ᠢ ᠪᠠᠢᠭᠤᠯᠵᠤ᠂ ᠠᠮᠢᠳᠤᠷᠠᠯ ᠤ᠋ᠨ ᠨᠠᠭᠠᠳᠤ ᠵᠠᠬ᠎ᠠ ᠵᠢᠨ ᠪᠠᠲᠤᠯᠠᠭᠠᠲᠤ ᠭᠡᠷ ᠪᠦᠯᠢ᠂ ᠠᠵᠢᠯᠲᠠᠶ ᠬᠥᠮᠦᠨ ᠥᠬᠡᠶ ᠭᠡᠷ ᠪᠦᠯᠢ᠂ ᠵᠡᠮᠳᠡᠭ᠌ᠴᠦᠳ ᠵᠡᠷᠭᠡ ᠬᠦᠴᠢᠷᠳᠡᠯᠲᠡᠶ ᠬᠥᠮᠦᠰ ᠢ᠋ ᠬᠠᠪᠰᠤᠷᠤᠨ ᠲᠡᠳᠬᠦᠬᠦ᠌ ᠶ᠋ᠢ ᠴᠢᠭ᠌ᠯᠡᠬᠦᠯᠦᠯᠲᠤ ᠴᠢᠨᠠᠷᠲᠠᠶ ᠪᠡᠷ ᠴᠢᠩᠭᠠᠳᠭᠠᠵᠤ᠂ ᠬᠦᠴᠢᠷᠳᠡᠯᠲᠡᠶ ᠬᠥᠮᠦᠰ ᠤ᠋ᠨ ᠠᠵᠢᠯ ᠣᠯᠬᠤ ᠬᠣᠷᠢᠭ᠎ᠠ ᠱᠤᠭᠤᠮ ᠢ᠋ ᠪᠠᠲᠤ ᠰᠠᠬᠢᠨ᠎ᠠ᠃
ᠳᠥᠷᠪᠡᠳᠦ᠂ ᠠᠵᠢᠯ ᠣᠯᠭᠣᠯᠲᠠ ᠵᠢᠨ ᠣᠯᠠᠨ ᠨᠡᠢᠲᠡ ᠵᠢᠨ ᠦᠶ᠋ᠯᠡᠴᠢᠯᠡᠭᠡ ᠶ᠋ᠢ ᠱᠢᠯᠢᠳᠡᠭ᠌ᠵᠢᠭᠦᠯᠦᠨᠡ᠃ ᠪᠥᠬᠥ᠌ ᠣᠷᠣᠨ ᠤ᠋ ᠠᠵᠢᠯ ᠣᠯᠭᠣᠬᠤ ᠣᠯᠠᠨ ᠨᠡᠢᠲᠡ ᠵᠢᠨ ᠦᠶ᠋ᠯᠡᠴᠢᠯᠡᠭᠡᠨᠦ ᠨᠢᠭᠡᠳᠦᠯᠲᠡᠶ ᠲᠠᠪᠴᠠᠩ ᠢ᠋ ᠲᠦᠷᠭᠡᠳᠭᠡᠨ ᠪᠠᠢᠭᠤᠯᠵᠤ᠂ ᠠᠵᠢᠯ ᠣᠯᠭᠣᠬᠤ ᠠᠵᠢᠯ ᠤ᠋ᠨ ᠪᠠᠢᠷᠢ ᠵᠢᠨ 《ᠨᠢᠭᠡ ᠰᠦᠯᠵᠢᠶᠡᠪᠡᠷ ᠡᠯᠰᠡᠵᠦ᠍ ᠪᠣᠯᠬᠤ》᠂ ᠠᠵᠢᠯ ᠣᠯᠭᠣᠬᠤ ᠲᠥᠷᠥ ᠵᠢᠨ ᠪᠣᠳᠣᠯᠭ᠎ᠠ ᠵᠢᠨ《ᠨᠢᠭᠡ ᠰᠦᠯᠵᠢᠶᠡᠪᠡᠷ ᠪᠠᠢᠴᠠᠭᠠᠵᠤ ᠪᠣᠯᠬᠤ》᠂ ᠠᠵᠢᠯ ᠣᠯᠭᠣᠬᠤ ᠦᠶ᠋ᠯᠡᠴᠢᠯᠡᠭᠡᠨᠦ 《ᠨᠢᠭᠡ ᠰᠦᠯᠵᠢᠶᠡᠪᠡᠷ ᠭᠦᠶ᠋ᠴᠡᠳᠭᠡᠵᠦ᠍ ᠪᠣᠯᠬᠤ》 ᠶ᠋ᠢ ᠪᠡᠶᠡᠯᠡᠭᠦᠯᠦᠨ᠂ ᠠᠵᠢᠯ ᠣᠯᠭᠣᠬᠤ ᠣᠯᠠᠨ ᠨᠡᠢᠲᠡ ᠵᠢᠨ ᠦᠶ᠋ᠯᠡᠴᠢᠯᠡᠭᠡᠨᠦ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠶ᠋ᠢ ᠳᠡᠭᠡᠭ᠌ᠰᠢᠯᠡᠭᠦᠯᠤᠨᠠ᠃ ᠠᠵᠢᠯ ᠣᠯᠭᠣᠯᠲᠠ ᠵᠢᠨ ᠤᠯᠠᠨ ᠨᠡᠢᠲᠡ ᠵᠢᠨ ᠦᠢᠯᠡᠴᠢᠯᠡᠭᠡ ᠶ᠋ᠢ ᠦᠨᠳᠦᠰᠦᠨ ᠱᠠᠲᠤᠨ ᠳ᠋ᠤ ᠪᠠᠭᠤᠯᠭᠠᠬᠤ ᠶ᠋ᠢ ᠠᠬᠢᠭᠤᠯᠵᠤ᠂ ᠦᠢᠯᠡᠴᠢᠯᠡᠭᠡᠨᠦ ᠵᠦᠢᠯᠡᠰ ᠤ᠋ᠨ ᠲᠣᠳᠣᠷᠬᠠᠢ ᠨᠠᠷᠢᠨ ᠳᠠᠩᠰᠠ ᠪᠠ ᠭᠠᠷᠳᠠᠨ ᠬᠢᠬᠦ᠌ ᠲᠦᠷᠢᠮ ᠢ᠋ ᠲᠡᠭᠦᠯᠳᠡᠷᠵᠢᠭᠦᠯᠦᠨ᠂ ᠠᠵᠢᠯ ᠣᠯᠭᠣᠯᠲᠠ ᠵᠢᠨ ᠬᠡᠷᠡᠭ᠌ᠴᠡᠭᠡ ᠶ᠋ᠢ ᠪᠠᠢᠴᠠᠭᠠᠨ ᠣᠢᠯᠠᠭᠠᠬᠤ᠂ ᠠᠵᠢᠯ ᠣᠯᠭᠣᠯᠲᠠ ᠵᠢᠨ ᠠᠵᠢᠯ ᠤ᠋ᠨ ᠪᠠᠢᠷᠢ ᠶ᠋ᠢ ᠴᠤᠭ᠍ᠯᠠᠭᠤᠯᠬᠤ᠂ ᠠᠵᠢᠯ ᠣᠯᠭᠣᠯᠲᠠ ᠵᠢᠨ ᠬᠠᠩᠭᠠᠯᠭ᠎ᠠ ᠬᠡᠷᠡᠭ᠌ᠴᠡᠭᠡ ᠶ᠋ᠢ ᠵᠣᠬᠢᠴᠠᠭᠤᠯᠬᠤ᠂ ᠠᠵᠢᠯ ᠣᠯᠭᠣᠯᠲᠠ ᠵᠢᠨ ᠴᠢᠳᠠᠪᠤᠷᠢ ᠶ᠋ᠢ ᠳᠡᠭᠡᠭ᠌ᠰᠢᠯᠡᠭᠦᠯᠬᠦ᠌᠂ ᠠᠵᠢᠯ ᠣᠯᠭᠣᠯᠲᠠ ᠵᠢᠨ ᠲᠤᠰᠠᠯᠠᠮᠵᠢ ᠪᠡᠷ ᠬᠠᠪᠰᠤᠷᠤᠨ ᠲᠡᠳᠬᠦᠬᠦ᠌᠂ ᠲᠦᠷᠦ᠍ ᠵᠢᠨ ᠪᠤᠳᠤᠯᠭ᠎ᠠ ᠶ᠋ᠢ ᠤᠬᠠᠭᠤᠯᠤᠨ ᠲᠠᠨᠢᠯᠴᠠᠭᠤᠯᠬᠤ ᠵᠡᠷᠭᠡ ᠦᠢᠯᠡᠴᠢᠯᠡᠭᠡ ᠶ᠋ᠢ ᠴᠢᠩᠭᠠᠳᠭᠠᠵᠤ᠂《ᠡᠬᠦᠳᠡᠨ ᠡᠮᠦᠨᠡᠬᠢ》ᠠᠵᠢᠯ ᠣᠯᠭᠣᠯᠲᠠ ᠵᠢᠨ ᠦᠢᠯᠡᠴᠢᠯᠡᠭᠡᠨᠦ ᠲᠣᠣᠷ ᠴᠡᠭ ᠢ᠋ ᠵᠦᠢ ᠵᠣᠬᠢᠰᠲᠠᠢ ᠪᠠᠢᠷᠢᠱᠢᠭᠤᠯᠤᠨ᠂ ᠦᠨᠳᠦᠷ ᠪᠠᠷᠢᠮᠵᠢᠶᠠᠲᠤ《ᠡᠬᠦᠳᠡᠨ ᠡᠮᠦᠨᠡᠬᠢ》 ᠠᠵᠢᠯ ᠣᠯᠭᠣᠯᠲᠠ ᠵᠢᠨ ᠦᠢᠯᠡᠴᠢᠯᠡᠭᠡᠨᠦ ᠦᠷᠳᠡᠭᠡ ᠶ᠋ᠢ 300 ᠡᠴᠡ ᠳᠡᠭᠡᠭ᠌ᠰᠢ ᠥᠨᠳᠥᠷ ᠪᠠᠷᠢᠮᠵᠢᠶ᠎ᠠ ᠪᠡᠷ ᠪᠠᠢᠭᠤᠯᠵᠤ᠂ 《15 ᠮᠢᠨᠦ᠋ᠲ》 ᠤ᠋ᠨ ᠠᠵᠢᠯ ᠣᠯᠭᠣᠯᠲᠠ ᠵᠢᠨ ᠦᠢᠯᠡᠴᠢᠯᠡᠭᠡᠨᠦ ᠲᠣᠭᠣᠷᠢᠭ ᠢ᠋ ᠬᠦᠴᠦᠯᠡᠨ ᠪᠠᠢᠭᠤᠯᠵᠤ᠂ ᠤᠯᠠᠨ ᠲᠦᠮᠡᠨᠳᠦ ᠨᠡᠩ ᠤᠯᠠᠨ ᠨᠡᠩ ᠳᠥᠭᠥᠮ ᠳᠥᠲᠡ 《ᠡᠭᠦᠳᠡᠨ ᠡᠮᠦᠨᠡᠬᠢ》 ᠠᠵᠢᠯ ᠣᠯᠭᠣᠯᠲᠠ ᠵᠢᠨ ᠦᠢᠯᠡᠴᠢᠯᠡᠭᠡ ᠶ᠋ᠢ ᠬᠦᠷᠲᠡᠭᠡᠨ᠎ᠡ᠃ ᠡᠶ᠎ᠡ ᠵᠣᠬᠢᠴᠠᠩᠭᠤᠶ ᠬᠥᠳᠡᠯᠮᠦᠷᠢ ᠵᠢᠨ ᠬᠠᠷᠢᠴᠠᠭ᠎ᠠ ᠶ᠋ᠢ ᠦᠷᠭᠦᠯᠵᠢᠯᠡᠨ ᠪᠠᠢᠭᠤᠯᠵᠤ᠂ ᠠᠵᠢᠯ ᠣᠯᠭᠣᠯᠲᠠ ᠵᠢᠨ ᠭᠠᠳᠠᠭᠤᠷᠴᠢᠯᠠᠯ ᠡᠴᠡ ᠪᠦᠲᠦᠮᠵᠢᠳᠡᠢ ᠠᠪᠤᠷᠠᠨ ᠲᠡᠳᠬᠦᠬᠦ ᠪᠠᠢᠭᠤᠯᠤᠯᠢ ᠪᠦᠷᠢᠨᠱᠢᠭᠦᠯᠤᠨ᠂ 《ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠠᠵᠢᠯ ᠤ᠋ᠨ ᠪᠥᠬᠥ᠌ ᠬᠦᠷᠢᠶ᠎ᠡ ᠴᠠᠷᠠᠭ᠎ᠠ᠂ ᠬᠥᠳᠡᠯᠮᠦᠷᠢ ᠬᠦᠴᠦᠨ ᠬᠡᠷᠡᠭ᠌ᠯᠡᠬᠦ᠌ ᠪᠥᠬᠥ᠌ ᠬᠡᠯᠬᠢᠶ᠎ᠡ》 ᠵᠢᠨ ᠬᠢᠨᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠶ᠋ᠢ ᠪᠠᠢᠩᠭᠤᠵᠢᠭᠤᠯᠤᠨ ᠥᠷᠨᠢᠭᠦᠯᠵᠦ᠍᠂ ᠴᠠᠯᠢᠩ ᠬᠥᠯᠥᠰᠥᠥᠷᠢᠲᠦᠬᠦ᠌ ᠳᠠᠭᠠᠳᠬᠠᠯᠥᠷᠢᠲᠦᠬᠦ᠌᠂ ᠬᠠᠤᠯᠢ ᠡᠴᠡ ᠵᠥᠷᠢᠴᠡᠨ ᠠᠵᠢᠯᠲᠠᠨ ᠬᠠᠰᠤᠬᠤ᠂ ᠬᠤᠳᠠᠯ ᠬᠠᠭᠤᠷᠮᠠᠭ ᠵᠢᠡᠷ ᠤᠷᠢᠨ ᠬᠡᠷᠡᠭ᠌ᠯᠡᠬᠦ᠌ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠨᠠᠰᠤᠨ ᠡᠴᠡ ᠬᠡᠲᠦᠷᠡᠭ᠌ᠰᠡᠨ ᠬᠥᠳᠡᠯᠮᠦᠷᠢᠴᠢᠳ ᠤ᠋ᠨ ᠡᠷᠬᠡ ᠠᠱᠢᠭ ᠤ᠋ᠨ ᠪᠠᠲᠤᠯᠠᠭ᠎ᠠ ᠶ᠋ᠢ ᠰᠠᠢᠲᠤᠷ ᠬᠢᠵᠦ᠍᠂ ᠡᠷᠬᠡ ᠲᠡᠭ᠌ᠰᠢᠪᠡᠷ ᠠᠵᠢᠯ ᠣᠯᠭᠣᠬᠤ ᠰᠠᠢᠨ ᠰᠠᠢᠬᠠᠨ ᠣᠷᠴᠢᠨ ᠨᠥᠬᠥᠴᠡᠯ ᠢ᠋ ᠪᠣᠶ ᠪᠣᠯᠭᠠᠨ᠎ᠠ᠃