《ᠦᠡᠭᠭᠡ ᠵᠢᠨ ᠴᠡᠴᠡᠭᠡᠰ ᠪᠠᠬᠰᠢᠷᠠᠨ ᠲᠡᠯᠭᠡᠷᠡᠵᠤ᠂ ᠦᠨᠳᠤᠰᠤᠳᠡᠨ ᠪᠦᠬᠦᠨ ᠨᠢᠭᠡ ᠬᠡᠷ ᠶᠤᠮ ᠡ᠂ ᠦᠨᠢ ᠡᠬᠦᠷᠢᠳᠡ ᠨᠢᠬᠳᠠᠷᠠᠨ ᠪᠦᠯᠬᠦᠮᠳᠡᠵᠤ᠂ ᠦᠶ᠎ᠠ ᠵᠢᠨ ᠦᠶ᠎ᠠ᠎ᠳᠤ ᠨᠡᠮ ᠵᠢᠡᠨ ᠲᠠᠭᠠᠨ᠎ᠠ ᠁》 ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠳᠤᠷᠠᠳᠤᠭᠰᠠᠨ ᠲᠡᠭᠡᠷ᠎ᠠ ᠵᠠᠭᠤᠨ᠎ᠤ ᠲᠠᠪᠢᠭᠠᠳ ᠣᠨ᠎ᠠᠴᠠ ᠡᠳᠦᠭᠡ ᠪᠣᠯᠲᠠᠯ᠎ᠠ ᠲᠠᠭᠤᠯᠠᠬᠳᠠᠬᠰᠠᠨ ᠳᠠᠭᠤᠤ ᠨᠢ ᠨᠠᠢᠵᠠ ᠵᠢᠨ ᠲᠤᠭᠤᠷᠢᠭ ᠲᠸ᠋ ᠵᠤᠭᠤᠭ᠎ᠤᠨ ᠬᠠᠯᠠᠭᠤᠨ ᠰᠡᠳᠤᠪ ᠪᠤᠯᠤᠬᠰᠠᠨ ᠵᠢᠡᠷ ᠪᠠᠷᠠᠬᠤ ᠦᠭᠡᠢ᠂ ᠨᠡᠩ ᠴᠤ᠌ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠠᠬᠤᠢ ᠲᠠᠯᠠᠪᠠᠢᠬᠢᠭᠡᠳ ᠨᠡᠢᠭᠡᠮ ᠲᠡᠭᠡᠷ᠎ᠠ ᠴᠸ᠋ ᠬᠠᠯᠠᠮᠰᠢᠯ ᠪᠤᠯᠤᠬᠰᠠᠨ ᠪᠠᠢᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠤᠯᠤᠰ ᠤᠨ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠦᠨ᠂ ᠤᠶᠤᠨ ᠰᠠᠨᠠᠭᠠᠨ᠎ᠤ ᠬᠦᠴᠦᠨ ᠤ᠋ ᠰᠦᠭ ᠰᠦᠨᠡᠰᠦ ᠮᠥᠨ᠃ ᠶᠡᠷᠦ᠎ᠡᠴᠡ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢᠮᠠᠭᠲᠠ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠴᠤ᠂ ᠨᠠᠮ ᠵᠢᠡᠨ ᠳᠠᠭᠠᠵᠤ᠂ ᠢᠮᠠᠭᠲᠠ ᠴᠢ ᠪᠢ ᠬᠡᠵᠤ ᠢᠯᠭᠠᠯ ᠦᠬᠡᠢ᠂ ᠠᠬ᠎ᠠ ᠳᠡᠭᠦᠦ ᠮᠡᠳᠤ᠂ ᠰᠡᠳᠬᠢᠯ ᠨᠢᠭᠡᠳᠦᠨ ᠬᠠᠮᠲᠤ᠎ᠪᠠᠷ ᠤᠷᠤᠭᠰᠢᠯᠠᠬᠰᠠᠨ ᠡᠴᠡ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠣᠯᠣᠭᠰᠠᠨ ᠪᠥᠭᠡᠳ ᠤᠷᠳᠤ ᠬᠤᠭᠤᠴᠠᠭ᠎ᠠ᠎ᠪᠠᠷ ᠬᠠᠢᠷᠠᠯᠠᠨ ᠬᠠᠮᠠᠭᠠᠯᠠᠭᠰᠠᠭᠠᠷ ᠢᠷᠡᠵᠠᠢ᠃ ᠥᠩᠭᠡᠷᠡᠭᠰᠡᠨ ᠨᠢᠭᠡ ᠵᠢᠯ᠎ᠳᠦ᠂ ᠥᠪᠥᠷ ᠮᠣᠩᠭᠣᠯ ᠨᠡᠩ ᠴᠤ᠌ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ᠎ᠢᠶᠠᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠬᠥᠮᠦᠵᠢᠯ᠎ᠢ ᠪᠣᠳᠠᠲᠠᠢ ᠲᠥᠷᠥᠭᠳᠡᠯ᠎ᠲᠠᠢ ᠪᠦᠲᠦᠮᠵᠢᠲᠡᠢ ᠥᠷᠨᠢᠭᠦᠯᠵᠦ᠂ 《ᠵᠢᠷᠭᠤᠭᠠᠨ ᠥᠭᠦᠯᠡᠪᠦᠷᠢ᠎ᠶᠢᠨ ᠪᠣᠳᠠᠲᠤ ᠶᠠᠪᠤᠳᠠᠯ ᠪᠠ ᠶᠣᠰᠣ᠌ ᠤᠴᠢᠷ》 ᠢ᠋ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠠᠢ᠃
ᠪᠦᠯᠬᠦᠮᠳᠡᠯ ᠪᠣᠯ ᠬᠦᠴᠦᠨ ᠴᠢᠳᠠᠯ᠎ᠤᠨ ᠡᠬᠢ ᠪᠤᠯᠠᠭ᠂ ᠬᠥᠭᠵᠢᠯᠲᠡ᠎ᠶᠢᠨ ᠰᠠᠭᠤᠷᠢ ᠮᠥᠨ᠃ ᠰᠢᠨ᠎ᠡ ᠨᠢᠭᠡ ᠵᠢᠯ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠳ᠋ᠤ ᠶᠠᠭᠤ ᠬᠢᠬᠦ᠂ ᠶᠠᠭᠠᠬᠢᠵᠤ ᠬᠢᠬᠦ ᠪᠤᠢ? ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠴᠢᠭᠯᠡᠯ᠎ᠢ ᠲᠣᠳᠣᠷᠬᠠᠢ ᠵᠢᠭᠠᠨ ᠥᠭᠴᠡᠢ᠄ ᠡᠯ᠎ᠠ ᠱᠠᠳᠤᠨ᠎ᠤ ᠵᠠᠰᠠᠭ᠎ᠤᠨ ᠤᠷᠳᠤᠨ ᠠᠯᠢᠪᠠ ᠠᠵᠢᠯ ᠵᠢᠡᠨ ᠴᠦᠮ ᠡᠨᠡ ᠬᠦ᠌ ᠭᠤᠤᠯ ᠰᠢᠵᠢᠮ᠎ᠤᠨ ᠲᠤᠭᠤᠷᠢᠨ᠎ᠳᠤ ᠨᠢᠬᠳᠠ ᠤᠶᠠᠯᠳᠤᠭᠤᠯᠤᠨ᠂ ᠦᠴᠤᠭᠡᠨ ᠲᠡᠳᠤᠢ ᠴᠸ᠋ ᠬᠡᠯᠪᠡᠢᠯᠭᠡᠬᠦ ᠦᠬᠡᠢ ᠪᠠᠢᠬᠤ ᠬᠡᠷᠡᠭᠳᠡᠢ᠃ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠭᠤᠤᠯ ᠰᠢᠵᠢᠮ᠎ᠢ ᠪᠦᠬᠦ ᠲᠠᠯ᠎ᠠ ᠪᠡᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠠ ᠨᠤᠬᠦᠳ》 ᠢ᠋ ᠨᠠᠷᠢᠨ ᠬᠢᠨᠠᠮᠠᠭᠠᠢ ᠪᠡᠷ ᠨᠠᠢᠳᠠᠪᠤᠷᠢᠵᠢᠭᠤᠯᠤᠨ ᠪᠤᠳᠠᠳᠠᠢᠵᠢᠭᠤᠯᠵᠤ᠂ ᠢᠮᠠᠬᠳᠠ 《ᠵᠢᠷᠭᠤᠭᠠᠨ ᠥᠭᠦᠯᠡᠪᠦᠷᠢ᠎ᠶᠢᠨ ᠪᠣᠳᠠᠲᠤ ᠶᠠᠪᠤᠳᠠᠯ ᠪᠠ ᠶᠣᠰᠣ᠌ ᠤᠴᠢᠷ》 ᠢ᠋ ᠪᠠᠳᠤ ᠴᠡᠭᠡᠵᠢᠯᠡᠨ᠂ 《ᠲᠤᠯᠤᠭᠠᠨ ᠲᠠᠯ᠎ᠠ ᠪᠡᠷ ᠵᠢᠱ᠌ᠢᠶᠠᠴᠢ ᠪᠤᠯᠬᠤ》 ᠪᠡᠷ ᠵᠤᠷᠢᠬᠳᠠᠢ ᠡᠬᠦᠷᠭᠡᠯᠡᠵᠤ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠳᠠᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠡᠨᠡ ᠬᠦ᠌ ᠭᠤᠤᠯ ᠰᠢᠵᠢᠮ ᠪᠠ ᠡᠯ᠎ᠠ ᠵᠦᠢᠯ ᠤᠨ ᠠᠵᠢᠯ᠎ᠢ ᠨᠢᠬᠳᠠ ᠤᠶᠠᠯᠳᠤᠭᠤᠯᠤᠨ᠂ ᠡᠳᠤᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠴᠦᠬᠦᠷᠠᠰᠢ ᠦᠬᠡᠢ ᠪᠠᠳᠤᠳᠠᠢ ᠦᠢᠯᠡᠳᠤᠯᠭᠡᠵᠢᠬᠦᠯᠪᠡᠯ ᠰᠠᠶᠢ ᠪᠦᠯᠬᠦᠮᠳᠡᠨ ᠲᠡᠮᠡᠴᠡᠬᠦ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠰᠢᠨ᠎ᠡ ᠭᠠᠷᠤᠭ᠎ᠠ ᠳᠡᠭᠡᠷ᠎ᠡ ᠨᠡᠩ ᠶᠡᠬᠡ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃
ᠬᠦᠰᠡᠯ᠎ᠢᠶᠡᠨ ᠬᠠᠮᠲᠤᠳᠬᠠᠬᠰᠠᠳ ᠢᠯᠠᠵᠤ᠂ ᠬᠠᠳᠠᠭᠤ ᠪᠡᠷᠭᠡᠰᠢᠶᠠᠯ᠎ᠢ ᠬᠠᠮᠳᠤ ᠪᠡᠷ ᠲᠤᠭᠤᠯᠤᠬᠰᠠᠳ ᠠᠮᠵᠢᠯᠳᠠ᠎ᠳᠤ ᠬᠦᠷᠤᠨ᠎ᠠ᠃ ᠰᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠤᠬᠠᠮᠰᠠᠷ᠎ᠠᠴᠠ᠎ᠪᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠵᠢᠱ᠌ᠢᠶ᠎ᠡ ᠦᠵᠡᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ᠎ᠪᠠᠷ᠎ᠢᠶᠠᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠪᠠᠯ᠂ ᠥᠪᠥᠷ ᠮᠣᠩᠭᠣᠯ᠎ᠤᠨ ᠥᠨᠥᠳᠥᠷ ᠯᠠᠪᠲᠠᠢ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠥᠪᠥᠷ ᠮᠣᠩᠭᠣᠯ᠎ᠤᠨ ᠢᠷᠡᠬᠦ ᠮᠠᠷᠭᠠᠰᠢ ᠯᠠᠪᠲᠠᠢ ᠬᠢᠵᠠᠭᠠᠯᠠᠰᠢ ᠦᠭᠡᠢ ᠳᠠᠯᠳᠠ ᠬᠦᠴᠦᠨ᠎ᠲᠠᠢ ᠪᠣᠯᠣᠨ᠎ᠠ᠃