2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠮᠠᠨ᠎ᠤ ᠣᠷᠣᠨ᠎ᠳᠤ ᠰᠢᠨᠵᠢᠯᠡᠨ ᠪᠠᠢᠴᠠᠭᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠦᠨ ᠭᠡᠵᠦ ᠠᠩᠬ᠎ᠠ ᠤᠳᠠᠭ᠎ᠠ ᠳᠤᠷᠠᠳᠴᠠᠢ᠃ ᠡᠨᠡ ᠬᠦ᠌ ᠴᠢᠬᠤᠯᠠ ᠶᠡᠬᠡ ᠨᠤᠲᠠᠯᠠᠯᠲᠠ ᠨᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠭᠠᠵᠠᠷ ᠣᠷᠣᠨ᠎ᠤ ᠠᠵᠢᠯ᠎ᠢ ᠰᠠᠢᠲᠤᠷ ᠬᠢᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠡᠬᠦᠨ᠎ᠢ ᠲᠠᠭᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠭᠠᠷᠭᠠᠭᠰᠠᠨ ᠰᠢᠷᠢᠰ ᠠᠷᠭ᠎ᠠ ᠬᠡᠮᠵᠢᠶ᠎ᠡ ᠨᠢ ᠢᠳᠡ ᠬᠦᠴᠦᠲᠡᠢ ᠪᠠᠢᠵᠤ᠂ ᠪᠦᠬᠦ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠢᠳᠡᠪᠬᠢᠲᠡᠢ ᠬᠥᠳᠡᠯᠦᠯᠴᠡᠵᠦ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠣᠨ ᠨᠠᠮ᠎ᠤᠨ ᠪᠠᠢᠭᠤᠯᠤᠯᠲᠠ ᠵᠡᠷᠭᠡ ᠬᠦᠷᠢᠶᠡᠨ᠎ᠳᠦ ᠠᠯᠢ ᠤᠯᠠᠨ ᠠᠵᠢᠯ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ 《ᠥᠪᠥᠷ ᠮᠣᠩᠭᠣᠯ᠎ᠤᠨ ᠳᠠᠭᠤᠨ》ᠬᠠᠩᠭᠢᠨᠠᠮ᠎ᠠ ᠪᠥᠭᠡᠳ ᠠᠯᠤᠰ ᠬᠤᠯᠠᠴᠤᠤᠷᠢᠶᠠᠳᠤᠪᠠ ︱
ᠲᠡᠦᠬᠡ ᠵᠢᠨ ᠲᠤᠬᠠᠢ ᠦᠭᠦᠯᠡᠵᠤ ᠦᠨᠳᠦᠰᠦᠲᠡᠨ ᠤ᠋ ᠪᠦᠯᠬᠦᠮᠳᠡᠯ ᠤ᠋ᠨ ᠥᠯᠢᠭᠡᠷ ᠢ᠋ ᠪᠣᠳᠠᠲᠠᠶ ᠠᠮᠢᠳᠤᠯᠢᠭ ᠰᠠᠢᠬᠠᠨ ᠶᠠᠷᠢᠨ᠎ᠡ
《ᠡᠨᠡ ᠡᠳᠦᠷ ᠪᠢ ᠤᠯᠠᠨ᠎ᠳᠠᠭᠠᠨ 〈ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠦᠬᠢᠨ ᠳᠡᠭᠦᠦ〉 ᠵᠢᠨ ᠦᠯᠢᠭᠡᠷ ᠢ᠋ ᠶᠠᠷᠢᠵᠤ ᠥᠭ᠌ᠭᠦᠶ᠎ᠡ ᠁》 ᠬᠠᠬᠢᠷ ᠡᠪᠦᠯ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠪᠤᠯᠠᠭ᠎ᠤᠨ ᠬᠤᠸᠠ ᠭᠠᠴᠠᠭ᠎ᠠ ᠵᠢᠨ ᠰᠣᠶᠣᠯ᠎ᠤᠨ ᠠᠵᠢᠯᠯᠠᠭ᠎ᠠ ᠵᠢᠨ ᠦᠷᠦᠭᠡ᠎ᠳᠦ᠂ ᠡᠯ᠎ᠡ ᠦᠨᠳᠦᠰᠦᠲᠡᠨᠤ᠋ ᠬᠦᠮᠦᠰ ᠴᠤᠭ᠍ᠯᠠᠷᠠᠨ᠂ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠦᠯᠢᠭᠡᠷ ᠢ᠋ ᠴᠢᠬᠢ ᠲᠠᠯᠪᠢᠨ ᠰᠣᠨᠣᠰᠴᠤ᠌᠂ ᠠᠯᠠᠭ᠎ᠠ ᠲᠠᠱᠢᠯᠳᠠ ᠵᠢᠨ ᠲᠠᠭᠤᠨ ᠨᠢᠵᠢᠭᠢᠨᠡᠨ᠎ᠡ᠃
《2024 ᠣᠨ᠎ᠳᠤ ᠬᠢᠩᠭᠠᠨ ᠠᠢᠮᠠᠭ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ᠎ᠪᠠᠷ ᠪᠠᠢᠭᠤᠯᠬᠤ᠎ᠪᠠᠷ ᠭᠣᠣᠯᠳᠠᠭᠤᠯᠵᠤ᠂ ᠪᠦᠬᠦ᠌ ᠤᠯᠤᠰ᠎ᠤᠨ ᠠᠩᠬᠠᠳᠠᠭ᠍ᠴᠢ ᠪᠦᠯᠦᠭ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢᠱ᠌ᠢᠢ᠎ᠡ ᠦᠵᠡᠭᠦᠯᠬᠦ᠌ ᠭᠠᠵᠠᠷ ᠣᠷᠣᠨ ᠢ᠋ ᠡᠭᠦᠳᠦᠨ ᠪᠠᠢᠭᠤᠯᠬᠤ᠎ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠨ᠂ 〈ᠳᠤᠯᠤᠭᠠᠨ ᠲᠠᠯ᠎ᠠ ᠪᠡᠷ ᠵᠢᠱ᠌ᠢᠶᠡᠴᠢ ᠪᠤᠯᠬᠤ〉 ᠪᠠᠢᠷᠢᠯᠠᠭᠤᠯᠤᠯᠲᠠ ᠵᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠦᠢᠯᠡᠳᠦᠯᠭᠡᠵᠢᠭᠦᠯᠵᠤ᠂〈ᠬᠣᠶᠠᠷ ᠲᠤᠭᠤᠷᠢᠭ ᠨᠢᠭᠡ ᠴᠣᠩᠬᠤᠪᠴᠢ〉 ᠵᠢᠨ ᠲᠤᠷᠱᠢᠯᠲᠠ ᠵᠢᠨ ᠴᠡᠭ᠎ᠤᠨ ᠡᠭᠦᠷᠭᠡ᠎ᠶ᠋ᠢ ᠰᠠᠢᠲᠤᠷ ᠪᠡᠶᠡᠯᠡᠭᠦᠯᠪᠡ》 ᠭᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠠᠢᠮᠠᠭ᠎ᠤᠨ ᠳᠠᠷᠤᠭ᠎ᠠ ᠰᠦᠬᠡ ᠬᠡᠯᠡᠨ᠎ᠡ᠃ ᠬᠢᠩᠭᠠᠨ ᠠᠢᠮᠠᠬ ᠬᠠᠳᠬᠤᠮᠠᠯ ᠬᠠᠳᠭᠤᠬᠤ ᠡᠷᠳᠡᠮ ᠵᠢᠡᠷ 《ᠲᠡᠷᠢᠭᠦᠨ ᠡᠩᠨᠡᠭᠡᠨ ᠤ᠋ ᠬᠢᠯᠢ ᠵᠢᠨ ᠬᠠᠮᠠᠭᠠᠯᠠᠯᠲᠠ ᠵᠢᠨ ᠱᠤᠭᠤᠮ》 ᠢ᠋ ᠰᠠᠢᠲᠤᠷ ᠪᠠᠢᠭᠤᠯᠤᠨ᠂ ᠪᠦᠬᠦ᠌ ᠤᠯᠤᠰ᠎ᠤᠨ ᠠᠩᠬᠠᠳᠠᠭ᠍ᠴᠢ ᠪᠦᠯᠦᠭ ᠤ᠋ᠨ ᠵᠢᠭᠤᠯᠴᠢᠯᠠᠯ ᠵᠢᠡᠷ 《ᠭᠤᠷᠪᠠᠨ ᠠᠭᠤᠰᠤᠯᠴᠠᠯ》 ᠢ᠋ ᠠᠬᠢᠭᠤᠯᠬᠤ ᠲᠤᠷᠱᠢᠯᠲᠠ᠎ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ᠍᠂ 《ᠲᠠᠪᠤᠨ ᠰᠠᠷ᠎ᠠ ᠵᠢᠨ ᠨᠢᠭᠡᠨ ᠤ᠋ ᠬᠤᠷᠠᠯ᠎ᠤᠨ ᠭᠠᠵᠠᠷ》 ᠲᠤ᠌ ᠲᠤᠬᠠᠢ ᠵᠢᠨ ᠦᠶ᠎ᠡ ᠵᠢᠨ ᠪᠠᠢᠳᠠᠯ ᠢ᠋ ᠮᠡᠳᠡᠷᠡᠬᠦ᠌ ᠵᠡᠷᠭᠡ ᠬᠤᠪᠢᠰᠭᠠᠯ᠎ᠤᠨ ᠬᠥᠮᠦᠵᠢᠯ ᠤ᠋ᠨ 《ᠠᠷᠪᠠᠨ ᠨᠢᠭᠡᠨ》 ᠱᠢᠷᠢᠰ ᠠᠵᠢᠯᠯᠠᠭ᠎ᠠ᠎ᠶ᠋ᠢ ᠨᠠᠷᠢᠨ ᠨᠢᠮᠪᠠᠢ ᠬᠡᠷᠡᠭ᠌ᠵᠢᠭᠦᠯᠤᠨ᠂ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠢ᠋ ᠨᠠᠮ᠎ᠤᠨ ᠠᠴᠢ᠎ᠳ᠋ᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ ᠵᠢᠡᠨ ᠳᠠᠭᠠᠬᠤ ᠪᠤᠯᠭᠠᠵᠤ᠂ ᠨᠡᠷ᠎ᠡ ᠨᠢᠳᠡᠷ ᠳᠡᠭᠡᠨ ᠲᠡᠩᠴᠡᠭᠰᠡᠨ ᠤᠯᠤᠰ᠎ᠤᠨ 《ᠬᠣᠶᠠᠷ ᠲᠤᠭᠤᠷᠢᠭ ᠨᠢᠭᠡ ᠴᠣᠩᠬᠣᠪᠴᠢ》 ᠵᠢᠨ ᠲᠤᠷᠱᠢᠯᠲᠠ ᠴᠡᠭ ᠢ᠋ ᠪᠠᠢᠭᠤᠯᠪᠠ᠃
《ᠥᠪᠥᠷ ᠮᠣᠩᠭᠣᠯ ᠣᠷᠣᠨ᠎ᠤ ᠬᠥᠭ᠌ᠵᠢᠯᠲᠡ ᠵᠢᠨ ᠲᠡᠦᠬᠡ ᠪᠣᠯ ᠲᠡᠷᠡ ᠴᠢᠭ ᠵᠢᠡᠷ ᠵᠢᠡᠨ ᠤᠯᠠᠨ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠣᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ᠎ᠤᠨ ᠮᠦᠽᠧᠢ ᠵᠢᠨ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠵᠢᠨ ᠬᠡᠯᠲᠡᠰ ᠤ᠋ᠨ ᠳᠠᠷᠤᠭ᠎ᠠ ᠵᠠᠩ ᠬᠤᠢ ᠶᠤᠸᠠᠨ ᠤᠴᠢᠷᠯᠠᠨ᠎ᠠ᠃ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠵᠢᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠲᠡᠷᠡ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠥᠪ ᠢ᠋ ᠬᠠᠮᠠᠭᠠᠯᠠᠬᠤ ᠪᠠ ᠠᠮᠢᠳᠤᠯᠢᠭ ᠵᠢᠡᠷ ᠠᠱᠢᠭ᠍ᠯᠠᠬᠤ ᠵᠡᠷᠭᠡ ᠠᠵᠢᠯ ᠢ᠋ ᠰᠠᠢᠲᠤᠷ ᠬᠢᠬᠦ᠌᠎ᠪᠡᠷ ᠴᠢᠷᠮᠠᠢᠭ᠍ᠰᠠᠭᠠᠷ᠃
ᠴᠠᠭ ᠦᠶ᠎ᠡ᠎ᠶ᠋ᠢ ᠨᠥᠯᠥᠭᠡᠯᠡᠵᠦ᠍ ᠭᠣᠸ᠋ᠯ ᠰᠢᠵᠢᠮ ᠤ᠋ᠨ ᠬᠥᠲᠥᠯᠦᠨ ᠳᠠᠭᠠᠭᠤᠯᠬᠤ ᠦᠶ᠋ᠯᠡᠳᠦᠯ ᠢ᠋ ᠯᠠᠪᠳᠠᠭᠤᠨ ᠪᠠᠲᠤᠲᠠᠶᠪᠠᠳᠠᠷᠠᠭᠤᠯᠤᠨᠠ
ᠱᠢᠨ᠎ᠡ ᠵᠢᠯ ᠤ᠋ᠨ ᠡᠬᠢ᠎ᠪᠡᠷ᠂ ᠪᠠᠶᠠᠷ᠎ᠤᠨ ᠴᠢᠮᠡᠭᠡ ᠪᠡᠭᠡᠵᠢᠩ᠎ᠡᠴᠡ ᠤᠯᠠᠮᠵᠢᠯᠠᠭ᠍ᠳᠠᠨ᠂ ᠤᠮᠠᠷᠠᠲᠤ ᠬᠢᠯᠢ ᠵᠢᠨ ᠬᠥᠪᠡᠭᠦᠳ ᠥᠬᠢᠳ ᠪᠠᠶᠠᠷ ᠬᠦᠷ ᠵᠢᠡᠷ ᠪᠢᠯᠬᠠᠨ᠎ᠠ — ᠤᠯᠤᠰ᠎ᠤᠨ ᠦᠨᠳᠦᠰᠦᠲᠡᠨ ᠤ᠋ ᠬᠡᠷᠡᠭ ᠡᠷᠬᠢᠯᠡᠬᠦ᠌ ᠵᠦᠪᠯᠡᠯ 《ᠠᠷᠪᠠᠨ ᠨᠢᠭᠡᠳᠦᠭᠡᠷ ᠪᠦᠯᠦᠭ ᠤ᠋ᠨ ᠪᠦᠬᠦ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠵᠢᠱ᠌ᠢᠢ᠎ᠡ ᠦᠵᠡᠭᠦᠯᠬᠦ᠌ ᠲᠣᠭᠣᠷᠢᠭᠵᠢᠱ᠌ᠢᠢᠡ ᠦᠵᠡᠭᠦᠯᠬᠦ᠌ ᠨᠢᠭᠡᠴᠢ᠎ᠶ᠋ᠢ ᠨᠡᠷᠡᠢᠳᠬᠦ᠌ ᠲᠤᠬᠠᠢ ᠲᠣᠭ᠍ᠲᠠᠭᠠᠯ》 ᠢ᠋ ᠳᠠᠷᠤᠮᠠᠯᠯᠠᠨ ᠲᠠᠷᠬᠠᠭᠠᠵᠤ᠂ ᠮᠠᠨ᠎ᠤ ᠣᠷᠣᠨ᠎ᠤ 16 ᠭᠠᠵᠠᠷ ᠣᠷᠣᠨ ᠪᠠ ᠨᠢᠭᠡᠴᠢ ᠰᠤᠩᠭᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠤ᠋ ᠬᠡᠷᠡᠭ ᠡᠷᠬᠢᠯᠡᠬᠦ᠌ ᠵᠥᠪᠯᠡᠯ ᠤ᠋ᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᠵᠠᠨ ᠱᠧᠩ᠂ 2024 ᠣᠨ᠎ᠳᠤ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠶ᠋ᠢ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠵᠢᠱ᠌ᠢᠢ᠎ᠡ ᠦᠵᠡᠭᠦᠯᠵᠦ᠍ ᠡᠭᠦᠳᠦᠨ ᠪᠠᠢᠭᠤᠯᠬᠤ ᠠᠵᠢᠯ᠎ᠤᠨ ᠡᠯ᠎ᠡ ᠭᠣᠭ᠍ᠴᠣᠭ᠎ᠠ᠂ ᠪᠦᠬᠦ᠌ ᠶᠠᠪᠤᠴᠠ᠎ᠳᠤ ᠲᠤᠭᠤᠰᠢᠯᠠᠭᠤᠯᠵᠤ᠂ 2027 ᠣᠨ ᠪᠣᠯᠬᠤ᠎ᠳᠤ ᠪᠦᠬᠦ᠌ ᠣᠷᠣᠨ᠎ᠤ ᠤᠯᠤᠰ᠎ᠤᠨ ᠲᠡᠰ᠎ᠤᠨ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠵᠢᠱ᠌ᠢᠢ᠎ᠡ ᠦᠵᠡᠭᠦᠯᠬᠦ᠌ ᠣᠷᠣᠨ᠎ᠤ ᠵᠢᠱ᠌ᠢᠢ᠎ᠡ ᠦᠵᠡᠭᠦᠯᠬᠦ᠌ ᠨᠢᠭᠡᠴᠢ᠎ᠶ᠋ᠢ 100 ᠵᠢ ᠳᠠᠪᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠲᠡᠰ ᠢ᠋ 1000 ᠵᠢ ᠳᠠᠪᠠᠭᠤᠯᠬᠤ᠂ ᠠᠢᠮᠠᠭ ᠬᠤᠳᠠ ᠪᠣᠯᠤᠨ ᠬᠣᠱᠢᠭᠤ ᠱᠢᠶᠠᠨ᠎ᠤ ᠲᠡᠰ ᠢ᠋ 10000 ᠵᠢ ᠳᠠᠪᠠᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠨ᠎ᠠ ᠭᠡᠪᠡ᠃
ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ᠎ᠳᠤ᠂ ᠨᠢᠳᠦᠨ᠎ᠳᠦ ᠦᠵᠡᠭ᠌ᠳᠡᠵᠤ᠂ ᠭᠠᠷ᠎ᠲᠤ ᠪᠠᠷᠢᠭᠳᠠᠲᠠᠯᠠ ᠬᠢᠬᠦ ᠬᠡᠷᠡᠭᠲᠡᠢ ᠪᠦᠭᠡᠳ ᠪᠠᠰᠠ 《ᠵᠦᠭᠡᠯᠡᠨ ᠪᠤᠷᠤᠭ᠎ᠠ ᠲᠦᠮᠡᠨ ᠪᠤᠳᠠᠰ᠎ᠢ ᠤᠮᠳᠠᠯᠠᠬᠤ》 ᠬᠡᠷᠡᠭ᠌ᠲᠡᠢ᠃ ᠳᠠᠯᠠᠨ ᠬᠠᠷ᠎ᠠ ᠠᠭᠤᠯᠠ ᠵᠢᠨ ᠬᠣᠷᠮᠣᠢ᠎ᠳᠤ᠂ ᠵᠢᠭᠤᠯᠴᠢᠯᠠᠭᠰᠠᠳ ᠤᠨᠴᠠᠯᠢᠬ᠍ᠳᠤ ᠳᠠᠭᠤᠤ ᠪᠥᠵᠢᠭ ᠢ᠋ ᠰᠣᠨᠢᠷᠬᠠᠨ᠂ ᠦᠨᠳᠦᠰᠦᠲᠡᠨ ᠤ᠋ ᠪᠦᠯᠬᠦᠮᠳᠡᠯ ᠤ᠋ᠨ ᠦᠯᠢᠭᠡᠷ ᠢ᠋ ᠰᠣᠨᠣᠰᠴᠤ᠌᠂ ᠦᠨᠳᠦᠰᠦᠲᠡᠨ ᠤ᠋ ᠵᠠᠩ ᠦᠢᠯᠡ᠎ᠶ᠋ᠢ ᠪᠡᠶᠡᠴᠢᠯᠡᠨ ᠣᠢᠯᠠᠭᠠᠨ᠎ᠠ; ᠬᠠᠲᠤᠨ ᠭᠣᠸ᠋ᠯ᠎ᠤᠨ ᠬᠥᠪᠡᠭᠡᠨ᠎ᠳᠦ 《ᠤᠯᠠᠭᠠᠨ ᠠᠨᠠᠷ》 ᠨᠡᠷᠡᠮᠵᠢᠲᠦ ᠭᠣᠸ᠋ᠯ ᠰᠡᠳᠦᠪᠲᠦ ᠨᠡᠢᠲᠡ ᠵᠢᠨ ᠮᠠᠱᠢᠨ ᠲᠡᠷᠭᠡ ᠣᠷᠳᠣᠰ ᠬᠣᠲᠠ ᠵᠢᠨ ᠵᠡᠭᠡᠯᠢ ᠭᠤᠳᠤᠮᠵᠢ᠎ᠪᠠᠷ ᠰᠦᠯᠵᠢᠯᠳᠦᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠷᠢᠶ᠎ᠠ ᠤᠬᠠᠭᠤᠯᠭ᠎ᠠ ᠵᠢᠨ ᠵᠢᠷᠤᠭ ᠭᠠᠵᠠᠷ ᠰᠠᠢ ᠦᠭᠡᠢ ᠬᠠᠷᠠᠭᠳᠠᠨ᠎ᠠ᠃
ᠢᠷᠡᠭᠡᠳᠦᠢ᠎ᠳᠤ ᠬᠠᠨᠳᠤᠵᠦ ᠭᠠᠷ ᠬᠣᠯᠪᠣᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠠᠤᠭ᠎ᠠ ᠵᠢᠷᠤᠭ ᠢ᠋ ᠵᠢᠷᠤᠭ᠍ᠯᠠᠨ᠎ᠠ
ᠬᠦᠭᠵᠢᠯᠲᠡ ᠪᠣᠯ ᠦᠨᠳᠦᠰᠦᠲᠡᠨ ᠤ᠋ ᠭᠠᠵᠠᠷ ᠣᠷᠣᠨ᠎ᠤ ᠠᠰᠠᠭᠤᠳᠠᠯ ᠢ᠋ ᠱᠢᠶ᠋ᠳᠪᠦᠷᠢᠯᠡᠬᠦ᠌ ᠠᠨᠢᠰᠤ ᠮᠥᠨ᠃ ᠬᠠᠬᠢᠷ ᠡᠪᠦᠯ ᠤ᠋ᠨ ᠬᠦᠬᠡᠭᠡ ᠰᠠᠷ᠎ᠠ᠎ᠳᠤ᠂ ᠶᠢᠰᠦᠳᠦᠭᠡᠷ ᠪᠦᠯᠦᠭ ᠤ᠋ᠨ ᠪᠦᠬᠦ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠵᠢᠱ᠌ᠢᠢ᠎ᠡ ᠦᠵᠡᠭᠦᠯᠬᠦ᠌ ᠨᠢᠭᠡᠴᠢ — ᠤᠯᠠᠭᠠᠨᠬᠠᠳᠠ ᠬᠤᠳᠠ ᠵᠢᠨ ᠰᠦᠩᠱᠠᠨ ᠲᠣᠭᠣᠷᠢᠭ᠎ᠤᠨ ᠶᠡᠬᠡ ᠰᠦᠮ᠎ᠡ ᠪᠠᠯᠭᠠᠰᠤ ᠵᠢᠨ ᠱᠢᠶᠤᠤ ᠮᠢᠶᠣᠣ ᠽᠢ ᠲᠣᠰᠭᠣᠨ ᠤ᠋ ᠡᠳ᠋ᠱᠢᠭᠦᠯᠦᠨ ᠪᠣᠯᠪᠠᠰᠤᠷᠠᠭᠤᠯᠬᠤ ᠲᠠᠰᠤᠭ ᠲᠤ᠌ ᠬᠦᠮᠦᠰ ᠶᠠᠭᠠᠷᠠᠯᠲᠠᠢ ᠠᠵᠢᠯᠯᠠᠵᠤ᠂ ᠬᠥᠳᠡᠭᠡ ᠲᠣᠰᠭᠣᠨ᠎ᠤ ᠶᠡᠬᠡ ᠬᠢᠴᠢᠶᠡᠯ ᠤ᠋ᠨ ᠲᠠᠩᠬᠢᠮ᠎ᠳᠤ ᠦᠨᠳᠦᠰᠦᠲᠡᠨ ᠤ᠋ ᠪᠦᠯᠬᠦᠮᠳᠡᠯ ᠤ᠋ᠨ ᠲᠡᠦᠬᠡ ᠵᠢᠨ ᠦᠯᠢᠭᠡᠷ ᠤᠯᠠᠮᠵᠢᠯᠠᠭᠳᠠᠨ᠎ᠠ᠃
《ᠦᠨᠳᠦᠰᠦᠲᠡᠨ ᠤ᠋ ᠪᠦᠯᠬᠦᠮᠳᠡᠯ ᠪᠣᠯ ᠮᠠᠨ᠎ᠤ ᠲᠣᠰᠭᠣᠨ᠎ᠤ ᠬᠥᠭ᠌ᠵᠢᠯᠲᠡ ᠵᠢᠨ ᠨᠢᠭᠤᠴᠠ ᠵᠣᠷ ᠮᠥᠨ᠂ ᠡᠨᠡ ᠬᠡᠳᠦᠨ ᠵᠢᠯ᠎ᠳᠦ ᠪᠢᠳᠡ ᠨᠠᠮ᠎ᠤᠨ ᠦᠨᠳᠦᠰᠦᠲᠡᠨ ᠤ᠋ ᠲᠦᠷᠦ᠍ ᠵᠢᠨ ᠪᠤᠳᠤᠯᠭ᠎ᠠ᠎ᠶ᠋ᠢ ᠲᠠᠰᠤᠷᠠᠯᠲᠠ ᠦᠭᠡᠢ ᠤᠬᠠᠭᠤᠯᠵᠤ᠂ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠵᠤ᠂ ᠤᠯᠠᠨ ᠵᠢᠡᠷ ᠵᠢᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠠᠮᠢᠳᠤᠷᠠᠯ ᠤᠯᠠᠮ᠎ᠠᠴᠠ ᠦᠭᠡᠳᠡᠯᠡᠪᠡ》 ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ ᠤ᠋ᠨ ᠱᠦᠵᠢ ᠵᠤᠤ ᠬᠤᠢ ᠵᠢᠶ᠍ᠸ ᠬᠡᠯᠡᠪᠡ᠃
1 ᠰᠠᠷ᠎ᠠ ᠵᠢᠨ 24 ᠤ᠋ ᠤᠷᠤᠢ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠦᠴᠦᠭᠡ 《ᠤᠯᠤᠰ᠎ᠤᠨ ᠬᠡᠦᠬᠡᠳ》 ᠤᠯᠤᠰ᠎ᠤᠨ ᠲᠤᠮᠤ ᠲᠢᠶᠠᠲ᠋ᠷ᠎ᠲᠤ ᠳᠡᠯᠭᠡᠭᠳᠡᠵᠤ᠂ ᠰᠡᠳᠭᠢᠯ ᠳᠤᠭᠳᠤᠯᠤᠮᠠ ᠦᠢᠯᠡ ᠶᠠᠪᠤᠳᠠᠯ ᠵᠢᠡᠷ ᠳᠠᠮᠵᠢᠭᠤᠯᠤᠨ᠂ ᠪᠦᠬᠦ᠌ ᠤᠯᠤᠰ᠎ᠤᠨ ᠠᠷᠠᠳ ᠲᠦᠮᠡᠨ᠎ᠳᠦ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠤ᠋ᠨ ᠺᠠᠳ᠋ᠷ ᠤᠯᠠᠨ ᠲᠦᠮᠡᠨ ᠤ᠋ ᠶᠡᠬᠡ ᠶᠣᠰᠣ᠎ᠶ᠋ᠢ ᠲᠠᠨᠢᠬᠤ᠂ ᠶᠡᠬᠡ ᠲᠠᠯ᠎ᠠ᠎ᠶ᠋ᠢ ᠬᠠᠷᠠᠭᠠᠯᠵᠠᠬᠤ᠂ ᠬᠡᠪ ᠨᠠᠮᠪᠠ᠎ᠶ᠋ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠂ ᠬᠠᠷᠢᠭᠤᠴᠠᠯᠭ᠎ᠠ᠎ᠲᠠᠶ ᠪᠠᠢᠬᠤ ᠡᠷᠬᠢᠮ ᠨᠠᠨᠳᠢᠨ ᠵᠠᠩ ᠴᠢᠨᠠᠷ ᠢ᠋ ᠬᠠᠷᠠᠭᠤᠯᠵᠤ᠂ ᠥᠪᠥᠷ ᠮᠣᠩᠭᠣᠯ᠎ᠤᠨ ᠵᠦᠪ ᠲᠠᠯ᠎ᠠ ᠵᠢᠨ ᠲᠦᠷᠢ ᠲᠥᠷᠬᠦ᠌᠎ᠶ᠋ᠢ ᠪᠦᠬᠦ᠌ ᠲᠠᠯ᠎ᠠ᠎ᠪᠠᠷ ᠱᠤᠭᠤᠪᠠ᠃
《ᠮᠠᠨ᠎ᠤ ᠰᠤᠷᠭᠠᠭᠤᠯᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠶ᠋ᠢ ᠢᠮᠠᠭ᠍ᠲᠠ ᠪᠠᠭ᠍ᠰᠢ ᠵᠢᠨ ᠡᠩᠨᠡᠭᠡᠨ ᠤ᠋ ᠪᠠᠢᠭᠤᠯᠤᠯᠲᠠ ᠪᠣᠯᠤᠨ ᠵᠢᠭᠠᠨ ᠰᠤᠷᠭᠠᠯᠲᠠ ᠵᠢᠨ ᠡᠬᠢᠨ᠎ᠡᠴᠡ ᠳᠠᠭᠤᠰᠲᠠᠯ᠎ᠠ ᠲᠤᠭᠤᠰᠢᠯᠠᠭᠤᠯᠳᠠᠭ》ᠭᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠯᠠᠱᠠ ᠵᠡᠭᠦᠨ ᠬᠣᠱᠢᠭᠤᠨ᠎ᠤ ᠶᠢᠰᠦᠳᠦᠭᠡᠷ ᠪᠠᠭ᠎ᠠ ᠰᠤᠷᠭᠠᠭᠤᠯᠢ ᠵᠢᠨ ᠪᠠᠭ᠍ᠰᠢ ᠵᠶ᠋ᠢ ᠶᠦᠩ ᠯᠢᠩ ᠲᠠᠨᠢᠯᠴᠠᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ᠂ ᠬᠥᠯᠥᠨ ᠪᠤᠢ᠌ᠷ ᠬᠤᠳᠠ ᠵᠢᠨ ᠡᠷᠭᠦᠨ᠎ᠡ ᠬᠤᠳᠠ ᠵᠢᠨ ᠳᠡᠳ᠋ ᠳᠠᠷᠤᠭ᠎ᠠ ᠭᠡᠭᠡᠨ᠄ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠡᠷ ᠭᠣᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠤ᠋ ᠦᠢᠯᠡᠳᠪᠦᠷᠢᠯᠡᠯ ᠠᠮᠢᠳᠤᠷᠠᠯᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ᠂ ᠬᠠᠷᠢᠯᠴᠠᠨ ᠬᠠᠪᠰᠤᠷᠤᠯᠴᠠᠨ ᠲᠤᠰᠠᠯᠠᠯᠴᠠᠬᠤ᠎ᠶ᠋ᠢ ᠠᠬᠢᠭᠤᠯᠤᠨ᠂ ᠦᠨᠳᠦᠰᠦᠲᠡᠨ ᠤ᠋ ᠪᠦᠯᠬᠦᠮᠳᠡᠯ ᠪᠣᠯᠤᠨ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠢ᠋ ᠬᠠᠮᠠᠭᠠᠯᠠᠬᠤ᠎ᠪᠠᠷ ᠲᠤᠰᠤᠯᠲᠠ ᠵᠢᠨ ᠴᠡᠭᠵᠢᠡᠨ ᠪᠣᠯᠭᠠᠵᠤ᠂ ᠪᠦᠬᠦ᠌ ᠲᠠᠯ᠎ᠠ᠎ᠪᠠᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠳᠦᠭᠡᠨ ᠪᠠᠢᠭᠤᠯᠬᠤ᠎ᠳᠤ ᠦᠷᠭᠦᠯᠵᠢᠯᠡᠨ ᠬᠦᠴᠦᠨ ᠨᠡᠮᠡᠷᠢᠯᠡᠨ᠎ᠡ》 ᠭᠡᠪᠡ᠃