《ᠤᠯᠠᠮᠵᠢᠯᠠᠯᠲᠤ ᠡᠨᠧᠷᠭᠢ ᠵᠢᠨ ᠠᠵᠤ ᠦᠢᠯᠡᠰ ᠤ᠋ᠨ ᠰᠠᠭᠤᠷᠢᠵᠢ ᠪᠠᠳᠤᠳᠬᠠᠬᠤ ᠵᠢᠨ ᠵᠠᠩᠭᠢᠯᠠᠭᠠ ᠨᠢ 〈ᠲᠣᠭ᠍ᠲᠠᠭᠤᠨ〉 ᠳ᠋ᠤ ᠪᠤᠢ᠂ ᠭᠡᠪᠡᠴᠦ᠍ 〈ᠲᠣᠭ᠍ᠲᠠᠭᠤᠨ〉 ᠭᠡᠳᠡᠭ ᠨᠢ ᠬᠠᠭᠤᠴᠢᠨᠢᠶᠠᠨ ᠪᠠᠷᠢᠮᠲᠠᠯᠠᠬᠤ ᠪᠢᠰᠢ ᠬᠠᠷᠢᠨ ᠨᠡᠢᠭᠡᠮ ᠤ᠋ᠨ ᠬᠥᠭ᠌ᠵᠢᠯᠲᠡ ᠵᠢᠨ ᠪᠣᠳᠠᠲᠤ ᠪᠠᠢᠳᠠᠯ ᠪᠣᠯᠤᠨ ᠤᠯᠠᠮᠵᠢᠯᠠᠯᠲᠤ ᠡᠨᠧᠷᠭᠢ ᠵᠢᠨ ᠠᠵᠤ ᠦᠢᠯᠡᠰ ᠤ᠋ᠨ ᠣᠨᠴᠠᠯᠢᠭᠢ ᠦᠨᠳᠦᠰᠦᠯᠡᠨ᠂ ᠱᠢᠨᠡ ᠶ᠋ᠢ ᠡᠭᠦᠳᠬᠦ᠌ ᠳᠤᠮᠳᠠ ᠬᠥᠭ᠌ᠵᠢᠯᠲᠡ ᠶ᠋ᠢ ᠡᠷᠢᠯᠬᠢᠯᠡᠬᠦ ᠶᠠᠪᠤᠳᠠᠯ ᠪᠤᠯᠤᠨᠠ》 ᠭᠡᠵᠦ᠍ ᠥᠪᠡᠷᠲᠡᠭᠡᠨ ᠵᠠᠰᠠᠬᠤ ᠣᠷᠣᠨᠤ ᠤᠯᠤᠰ ᠲᠦᠷᠦ᠍ ᠵᠢᠨ ᠵᠥᠪᠯᠡᠯᠭᠡᠨᠦ ᠭᠡᠱᠢᠭᠦᠨ᠂ ᠥᠪᠥᠷ ᠮᠣᠩᠭᠣᠯᠤᠨ ᠢᠲᠡᠶ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭ᠌ᠴᠢ ᠸᠠᠩ ᠰᠠᠨ ᠮᠢᠨ ᠬᠡᠯᠡᠨᠠ᠃

ᠤᠯᠠᠮᠵᠢᠯᠠᠯᠲᠤ ᠡᠨᠧᠷᠭᠢ ᠵᠢᠨ ᠠᠵᠢᠯ ᠲᠥᠷᠥᠯ ᠤ᠋ᠨ ᠠᠵᠢᠯᠯᠠᠭ᠍ᠴᠢ ᠪᠣᠯᠤᠭ᠍ᠰᠠᠨᠤ ᠬᠤᠪᠢ ᠳ᠋ᠤ᠂ ᠸᠠᠩ ᠰᠠᠨ ᠮᠢᠨ᠄《ᠪᠢᠳᠡ ᠨᠡᠭᠡᠭᠡᠨ ᠮᠠᠯᠲᠠᠬᠤ᠂ ᠲᠡᠭᠡᠭᠡᠪᠦᠷᠢᠯᠡᠨ ᠪᠣᠷᠣᠯᠠᠭᠤᠯᠬᠤ᠂ ᠠᠱᠢᠭ᠍ᠯᠠᠬᠤ ᠭᠤᠷᠪᠠᠨ ᠭᠤᠭᠴᠤᠭᠠ ᠳ᠋ᠤ ᠱᠢᠨᠡ ᠶ᠋ᠢ ᠡᠭᠦᠳᠬᠦ ᠪᠡᠷ ᠳᠠᠮᠵᠢᠭᠤᠯᠵᠤ᠂ ᠤᠯᠠᠮᠵᠢᠯᠠᠯᠲᠤ ᠡᠨᠧᠷᠭᠢ ᠵᠢᠨ ᠠᠵᠤ ᠦᠢᠯᠡᠰ ᠤ᠋ᠨ ᠰᠠᠭᠤᠷᠢ ᠶ᠋ᠢ ᠱᠢᠰᠲ᠋ᠧᠮᠲᠡᠶᠪᠡᠷ ᠪᠠᠲᠤᠳᠭᠠᠵᠤ ᠪᠣᠯᠤᠨᠠ》ᠭᠡᠵᠤ ᠪᠤᠳᠤᠯᠵᠢᠡᠨ ᠲᠡᠯᠭᠡᠨᠠ᠃ ᠲᠠᠷᠠ᠂ ᠨᠡᠭᠦᠷᠡᠰᠦ ᠮᠠᠯᠲᠠᠬᠤ ᠭᠣᠭ᠍ᠴᠣᠭᠠ ᠳ᠋ᠤ ᠣᠶᠤᠨᠴᠢᠪᠠᠷ ᠨᠡᠭᠦᠷᠡᠰᠦ ᠮᠠᠯᠲᠠᠬᠤ᠂ ᠤᠬᠢᠶᠠᠵᠤ ᠱᠢᠯᠢᠬᠦ᠌ ᠵᠡᠷᠭᠡ ᠲᠡᠷᠢᠭᠦᠨᠦ ᠮᠡᠷᠭᠡᠵᠢᠯᠢ ᠲᠠᠰᠤᠷᠠᠯᠲᠠ ᠥᠬᠡᠶ ᠣᠷᠣᠭᠤᠯᠤᠨ ᠠᠪᠴᠢᠷᠠᠵᠤ᠂ ᠠᠭᠤᠷᠬᠠᠶ ᠵᠢᠨ ᠪᠥᠲᠥᠭᠡᠨ ᠪᠠᠢᠭᠤᠯᠤᠯᠲᠠ ᠵᠢᠨ ᠤᠶᠤᠨᠴᠢᠯᠠᠯᠲᠠ᠂ ᠠᠶᠤᠯᠭᠦᠶ ᠦᠶ᠋ᠯᠡᠳᠪᠦᠷᠢᠯᠡᠯ ᠤ᠋ᠨ ᠪᠠᠷᠢᠮᠵᠢᠶᠠᠵᠢᠯᠲᠠ᠂ ᠠᠭᠤᠷᠬᠠᠶ ᠵᠢᠨ ᠣᠷᠣᠨᠤ ᠠᠮᠢ ᠠᠬᠤᠶ ᠪᠣᠬᠢᠷᠲᠤᠯ ᠥᠬᠡᠶ ᠪᠠᠢᠬᠤ ᠶ᠋ᠢ ᠠᠬᠢᠭᠤᠯᠤᠨ᠂ ᠨᠡᠭᠦᠷᠡᠰᠦᠨᠦ ᠠᠮᠤᠷ ᠲᠦᠪᠱᠢᠨ ᠲᠣᠭ᠍ᠲᠠᠭᠤᠨ ᠬᠠᠩᠭᠠᠯᠭᠠ ᠶ᠋ᠢ ᠪᠠᠲᠤᠯᠠᠨᠠ; ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠭᠤᠭᠴᠤᠭᠠ ᠳ᠋ᠤ᠂ ᠢᠨᠲ᠋ᠸᠷ ᠰᠦᠯᠵᠢᠶᠡ᠂ ᠲᠣᠮᠣ ᠳ᠋ᠠᠢᠲ᠋ᠠ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠢ ᠭᠣᠣᠯᠳᠠᠯᠭᠠᠲᠠᠶ ᠠᠰᠢᠭᠯᠠᠵᠤ᠂ ᠨᠢᠭᠡ ᠲᠠᠯᠠᠪᠠᠷ ᠨᠡᠭᠦᠷᠡᠰᠦᠨᠦ ᠡᠬᠢ ᠪᠠᠶᠠᠯᠢᠭᠤᠨ ᠶᠠᠰᠤ ᠴᠢᠨᠠᠷ ᠲᠣᠭᠠ ᠬᠡᠮᠵᠢᠶᠡ ᠶ᠋ᠢ ᠪᠠᠲᠤᠯᠠᠵᠤ᠂ ᠨᠦᠭᠦᠭᠡ ᠲᠠᠯᠠᠪᠠᠷ᠂ ᠦᠢᠯᠡᠳᠪᠦᠷᠢᠯᠡᠬᠦ ᠲᠡᠭᠡᠭᠡᠪᠦᠷᠢᠯᠡᠬᠦ ᠬᠡᠷᠡᠭᠴᠡᠭᠡ ᠭᠤᠷᠪᠠᠨ ᠲᠠᠯᠠ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷᠡ ᠶ᠋ᠢ ᠭᠦᠢᠴᠡᠳᠭᠡᠵᠦ᠍ ᠪᠠᠢᠭᠠ ᠪᠠᠢᠳᠠᠯᠢ ᠴᠠᠭ ᠲᠤᠬᠠᠶ ᠳ᠋ᠤᠨᠢ ᠬᠢᠨᠠᠨ ᠡᠵᠡᠮᠳᠡᠵᠦ᠍ ᠪᠣᠯᠤᠨᠠ; ᠨᠡᠭᠦᠷᠡᠰᠦ ᠶ᠋ᠢ ᠠᠱᠢᠭ᠍ᠯᠠᠬᠤ ᠭᠣᠭ᠍ᠴᠣᠭᠠ ᠳ᠋ᠤ᠂ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ ᠶ᠋ᠢ ᠴᠢᠩᠭᠠᠳᠭᠠᠵᠤ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠤ᠋ᠨ ᠳᠡᠭᠡᠳᠤ ᠳᠡᠰᠵᠢᠯᠲᠡ᠂ ᠤᠯᠠᠨ ᠡᠰᠢᠵᠢᠯᠲᠡ᠂ ᠳᠤᠤᠷᠠ ᠨᠡᠭᠦᠷᠡᠰᠦᠲᠦ᠋ᠷᠦᠭᠴᠢᠲᠤ ᠶ᠋ᠢ ᠠᠬᠢᠭᠤᠯᠵᠤ᠂ ᠨᠡᠭᠦᠷᠡᠰᠤ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠤ᠋ᠨ ᠪᠦᠯᠦᠭ᠌ᠵᠢᠯᠢ ᠪᠦᠬᠦ᠌ ᠬᠦᠴᠦᠨᠢᠶᠡᠷᠢᠶᠡᠨ ᠴᠣᠭ᠍ᠴᠠᠯᠠᠨ᠂ ᠨᠡᠭᠦᠷᠡᠰᠦᠪᠡᠷ ᠲᠤᠰᠤ ᠦᠢᠯᠡᠳᠬᠦ᠂ ᠨᠡᠭᠦᠷᠡᠰᠦᠪᠡᠷ ᠰᠠᠭᠤᠷᠢ ᠪᠣᠯᠭᠠᠭ᠍ᠰᠠᠨ ᠱᠢᠨᠡ ᠮᠠᠲ᠋ᠧᠷᠢᠶᠠᠯ ᠵᠡᠷᠭᠡ ᠤᠯᠠᠨ ᠠᠵᠤ ᠦᠢᠯᠡᠰ ᠤ᠋ᠨ ᠬᠡᠯᠬᠢᠶᠡ ᠶ᠋ᠢ ᠪᠦᠷᠢᠯᠳᠦᠭᠦᠯᠤᠨ᠂ ᠠᠵᠤ ᠦᠢᠯᠡᠰ ᠤ᠋ᠨ ᠬᠡᠯᠬᠢᠶᠡ᠂ ᠬᠠᠩᠭᠠᠯᠭᠠ ᠵᠢᠨ ᠬᠡᠯᠬᠢᠶᠡ ᠵᠢᠨ ᠣᠳᠣᠬᠢᠴᠢᠯᠠᠯᠲᠠ ᠪᠠ ᠦᠷᠳᠡᠭ ᠤ᠋ᠨ ᠬᠡᠯᠬᠢᠶᠡ ᠵᠢᠨ ᠳᠡᠭᠡᠳᠦ ᠲᠡᠰᠵᠢᠯᠲᠡ ᠶ᠋ᠢ ᠪᠡᠶᠡᠯᠡᠭᠦᠯᠵᠦ᠍ ᠪᠣᠯᠤᠨᠠ ᠭᠡᠯᠠ᠃
《ᠰᠢᠨᠡ ᠶ᠋ᠢ ᠡᠭᠦᠳᠬᠦ ᠶ᠋ᠢ ᠴᠢᠬᠤᠯᠠᠴᠢᠯᠠᠳᠠᠭ ᠯᠠ ᠶᠤᠮ ᠪᠣᠯ ᠪᠢᠳᠡ ᠤᠯᠠᠮᠵᠢᠯᠠᠯᠲᠤ ᠡᠨᠧᠷᠭᠢ ᠵᠢᠨ ᠠᠵᠤ ᠦᠶ᠋ᠯᠡᠰ ᠢ᠋ ᠲᠤᠭᠳᠠᠪᠤᠷᠢᠵᠢᠭᠤᠯᠵᠤ ᠴᠢᠳᠠᠬᠤ ᠨᠢ ᠯᠠᠪᠳᠠᠢ 》 ᠭᠡᠵᠦ᠍ ᠸᠠᠩ ᠰᠠᠨ ᠮᠢᠨ ᠢᠲᠡᠭᠡᠯ ᠲᠦᠬᠦᠷᠠᠡᠭ ᠬᠡᠯᠡᠨᠡ᠃
ᠵᠤᠬᠢᠶᠠᠯ᠄ ᠲᠤᠰ ᠰᠣᠨᠢᠨᠤ ᠰᠤᠷᠪᠤᠯᠵᠢᠯᠠᠭ᠍ᠴᠢ ᠭᠣᠸ᠋ ᠬᠣᠶ
ᠵᠢᠷᠤᠭ ᠄ ᠲᠤᠰ ᠰᠣᠨᠢᠨᠤ ᠰᠤᠷᠪᠤᠯᠵᠢᠯᠠᠭ᠍ᠴᠢ ᠸᠠᠩ ᡁᠢ ᠬᠤᠸᠠ