ᠬᠤᠸᠠᠩ ᠮᠢᠨ ᠲᠥᠯᠥᠭᠡᠯᠡᠭᠴᠢ᠄ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠬᠦᠯᠬᠦ ᠵᠢ ᠠᠬᠢᠭᠤᠯᠤᠨ᠎ᠠ
2024-02-01 10:29:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠬᠢ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠲᠤᠬᠠᠢ ᠥᠭᠦᠯᠡᠯᠲᠡ ᠨᠢ ᠮᠢᠨᠤ ᠬᠣᠢᠰᠢᠳᠠ᠎ᠶᠢᠨ ᠠᠵᠢᠯ᠎ᠳᠤ ᠴᠢᠭᠯᠡᠯ᠎ᠢ ᠵᠢᠭᠠᠵᠤ ᠥᠭᠴᠡᠢ᠃ ᠤᠨᠤᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠥᠮᠦᠵᠢᠯ᠂ ᠰᠤᠳᠤᠯᠭᠠᠨ᠎ᠢ ᠭᠦᠨᠵᠡᠭᠡᠢ ᠥᠷᠨᠢᠭᠦᠯᠬᠦ ᠪᠣᠯ ᠵᠠᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠠ ᠡᠭᠦᠷᠭᠡ ᠮᠥᠨ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠪᠤᠭᠤᠲᠤ ᠬᠤᠳᠠ᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶᠢᠨ ᠪᠠᠢᠩᠭᠤ᠎ᠶᠢᠨ ᠳᠡᠳ᠋ ᠵᠠᠬᠢᠷᠤᠯ ᠬᠤᠸᠠᠩ ᠮᠢᠨ ᠬᠡᠯᠡᠨ᠎ᠠ᠃


4936003_lity_1706732946669_m.jpg


ᠬᠤᠸᠠᠩ ᠮᠢᠨ᠂ ᠪᠤᠭᠤᠲᠤ ᠬᠣᠲᠠ᠎ᠶᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠣᠨᠣᠯ᠎ᠤᠨ ᠰᠤᠳᠤᠯᠭᠠᠨ᠎ᠤ ᠠᠵᠢᠯ᠎ᠢ ᠰᠠᠢᠲᠤᠷ ᠠᠳᠬᠤᠵᠤ᠂ ᠣᠯᠠᠨ ᠵᠦᠢᠯ᠎ᠦᠨ ᠴᠢᠨᠠᠷ ᠰᠠᠢᠲᠠᠢ ᠪᠠᠢᠴᠠᠭᠠᠨ ᠰᠤᠳᠤᠯᠤᠯᠲᠠ᠎ᠶᠢᠨ ᠦᠷ᠎ᠡ ᠪᠦᠲᠦᠭᠡᠯ᠎ᠢ ᠪᠣᠶ ᠪᠣᠯᠭᠠᠪᠠ᠃ ᠲᠡᠬᠦᠨ᠎ᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠲᠡᠦᠬᠡᠨ ᠤᠳᠬ᠎ᠠ ᠰᠠᠨᠠᠭ᠎ᠠ᠂ ᠤᠨᠤᠯ᠎ᠤᠨ ᠬᠤᠪᠢ ᠨᠡᠮᠡᠷᠢ ᠪᠣᠯᠣᠨ ᠴᠠᠭ ᠦᠶ᠎ᠡ᠎ᠶᠢᠨ ᠦᠷᠳᠡᠭ᠎ᠦᠨ ᠰᠤᠳᠤᠯᠭᠠᠨ》 ᠭᠡᠬᠦ ᠤᠨᠤᠯ᠎ᠤᠨ ᠰᠤᠳᠤᠯᠭᠠᠨ᠎ᠤ ᠪᠦᠲᠦᠭᠡᠯ᠎ᠢ ᠤᠯᠤᠰ᠎ᠤᠨ ᠴᠢᠬᠤᠯᠠ ᠬᠤᠭᠤᠴᠠᠭᠠᠲᠤ ᠰᠡᠳᠬᠦᠯ᠎ᠳᠦ ᠬᠡᠷᠡᠭᠯᠡᠵᠠᠢ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ  ᠪᠠᠳᠤ ᠴᠤᠭᠴᠠᠯᠠᠬᠤ  ᠬᠥᠮᠦᠵᠢᠯ᠎ᠢ ᠪᠠᠲᠤ ᠪᠡᠬᠢ ᠪᠤᠢ ᠪᠣᠯᠭᠠᠬᠤ᠎ᠳᠤ ᠤᠷᠳᠤ ᠬᠤᠭᠤᠴᠠᠭ᠎ᠠ᠎ᠪᠠᠷ ᠴᠢᠷᠮᠠᠢᠵᠤ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠬᠤᠸᠠᠩ ᠮᠢᠨ᠂ ᠨᠠᠮ᠎ᠤᠨ ᠰᠤᠷᠭᠠᠭᠤᠯᠢ᠎ᠶᠢᠨ ᠺᠠᠳ᠋ᠷ᠎ᠤᠨ ᠬᠥᠮᠦᠵᠢᠯ᠎ᠦᠨ ᠭᠣᠣᠯ ᠠᠷᠭ᠎ᠠ ᠵᠠᠮ᠂ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢᠨ ᠰᠠᠭᠤᠷᠢᠨ᠎ᠢ ᠬᠦᠴᠦᠨ᠎ᠢᠶᠡᠨ ᠲᠥᠪᠯᠡᠷᠡᠭᠦᠯᠦᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ  ᠬᠥᠮᠦᠵᠢᠯ᠎ᠦᠨ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠢ ᠥᠷᠭᠡᠳᠬᠡᠨ ᠪᠡᠬᠢᠵᠢᠭᠦᠯᠬᠦ ᠬᠡᠷᠡᠭᠲᠡᠢ᠃ ᠪᠦᠬᠦᠯᠢ ᠴᠣᠭᠴᠠ᠎ᠪᠠᠷ ᠪᠠᠢᠷᠢᠰᠢᠭᠤᠯᠵᠤ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠵᠦ᠂ ᠰᠢᠯᠢᠳᠡᠭ ᠡᠬᠢ ᠪᠠᠶᠠᠯᠢᠭ᠋᠎ᠢ ᠨᠡᠢᠳᠬᠡᠨ ᠵᠢᠭᠠᠨ ᠰᠤᠷᠭᠠᠯᠲᠠ᠎ᠶᠢᠨ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠥᠮᠦᠵᠢᠯ᠎ᠦᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ ᠬᠡᠪᠡ᠃ 《ᠪᠢᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠰᠤᠷᠭᠠᠭᠤᠯᠢ᠎ᠶᠢ ᠵᠠᠰᠠᠬᠤ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠳᠤ ᠴᠢᠳᠠᠪᠤᠷᠢᠲᠠᠨ ᠬᠥᠮᠥᠵᠢᠭᠦᠯᠬᠦ᠂ ᠠᠷᠭ᠎ᠠ ᠤᠬᠠᠭᠠᠨ ᠭᠠᠷᠭᠠᠬᠤ ᠦᠨ᠎ᠡ ᠦᠷᠳᠡᠭ᠎ᠢ ᠭᠦᠢᠴᠡᠳ ᠢᠯᠡᠷᠡᠭᠦᠯᠵᠦ᠂ ᠤᠨᠤᠯ᠎ᠤᠨ ᠰᠤᠳᠤᠯᠭᠠᠨ᠎ᠢ ᠭᠦᠨᠵᠡᠭᠡᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠥᠮᠦᠵᠢᠯ᠎ᠢ ᠪᠣᠳᠠᠲᠠᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠨ᠎ᠠ》 ᠭᠡᠵᠦ ᠬᠤᠸᠠᠩ ᠮᠢᠨ ᠬᠡᠯᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号