ᠯᠢ ᠬᠦᠸᠸ ᠬᠣᠩ ᠭᠡᠱᠢᠭᠦᠨ ᠄ ᠨᠡᠷ᠎ᠡ ᠨᠢᠳᠡᠷ ᠲᠡᠭᠡᠨ ᠲᠡᠩᠴᠡᠭᠰᠡᠨ 《 ᠬᠣᠶᠠᠷ ᠲᠤᠭᠤᠷᠢᠭ ᠨᠢᠭᠡ ᠴᠣᠩᠬᠤᠪᠴᠢ 》 ᠶ᠋ᠢ ᠪᠠᠢᠭᠤᠯᠤᠨ᠎ᠠ
2024-02-01 10:55:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠬᠥᠮᠦᠰ ᠤ᠋ᠨ ᠰᠡᠳᠭᠢᠯ ᠢ᠋ ᠬᠥᠭ᠌ᠵᠢᠭᠡᠵᠦ᠍᠂ ᠤᠷᠮ᠎ᠠ ᠵᠣᠷᠢᠭ ᠢ᠋ ᠳᠠᠢᠴᠢᠯᠠᠨ᠂ ᠪᠦᠬᠦ᠌ ᠣᠷᠣᠨ ᠤ᠋ ᠦᠨᠳᠦᠰᠦᠳᠡᠨ ᠨᠤᠭᠦᠳ ᠤ᠋ᠨ ᠺᠠᠳ᠋ᠷ ᠤᠯᠠᠨ ᠲᠦᠮᠡᠨ ᠤ᠋ ᠠᠵᠢᠯ ᠬᠢᠵᠦ᠍ ᠦᠢᠯᠡᠰ ᠪᠤᠰᠭᠠᠬᠤ ᠤᠷᠭᠢᠯᠦᠮ᠎ᠠ ᠰᠡᠳᠭᠢᠯᠭᠡ᠎ᠶ᠋ᠢ ᠤᠯᠠᠮ ᠴᠢᠨᠠᠭ᠍ᠰᠢᠳᠠ ᠪᠠᠳᠠᠷᠠᠭᠤᠯᠤᠨ᠂ ᠠᠴᠢ ᠎ᠳᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ ᠨᠠᠮ ᠵᠢᠡᠨ ᠲᠠᠭᠠᠬᠤ᠂ ᠱᠢᠨ᠎ᠡ ᠵᠠᠮ ᠢ᠋ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠢᠲᠡᠭᠡᠯ ᠵᠣᠷᠢᠭ ᠢ᠋ ᠪᠠᠲᠤᠳᠭᠠᠪᠠ》᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭᠰᠠᠨ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠬᠢᠩᠭᠠᠨ ᠠᠢᠮᠠᠭ ᠤ᠋ᠨ ᠨᠠᠮ ᠤ᠋ᠨ ᠬᠣᠷᠢᠶ᠎ᠠ ᠵᠢᠨ ᠭᠡᠱᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ ᠤ᠋ᠨ ᠳᠠᠷᠤᠭ᠎ᠠ ᠯᠢ ᠭᠦᠸᠧ ᠬᠣᠩ ᠢᠩᠬᠢᠵᠦ ᠵᠤᠷᠢᠬᠵᠢᠨ ᠬᠡᠯᠡᠨ᠎ᠡ᠃


4935999_lity_1706732909009_m.jpg


ᠯᠢ ᠭᠦᠸᠧ ᠬᠣᠩ᠄ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠣᠯ ᠦᠨᠳᠦᠰᠦᠲᠡᠨ ᠤ᠋ ᠭᠠᠵᠠᠷ ᠣᠷᠣᠨ ᠤ᠋ ᠡᠯ᠎ᠡ ᠵᠦᠢᠯ ᠤ᠋ᠨ ᠠᠵᠢᠯ ᠤ᠋ᠨ ᠭᠣᠣᠯ ᠰᠢᠵᠢᠮ᠂ ᠶᠡᠷᠦᠩᠬᠡᠢ ᠱᠦᠵᠢ ᠰᠢ ᠵᠢᠨ ᠫᠢᠩ ᠮᠠᠨ ᠤ᠋ ᠣᠷᠣᠨ᠎ᠳᠤ ᠱᠢᠨᠵᠢᠯᠡᠨ ᠪᠠᠢᠴᠠᠭᠠᠬᠤ ᠦᠶ᠎ᠡ ᠳ᠋ᠤ ᠳᠤᠷᠠᠳᠤᠭ᠍ᠰᠠᠨ ᠴᠢᠬᠤᠯᠠ ᠱᠠᠭᠠᠷᠳᠠᠯᠭ᠎ᠠ ᠪᠣᠯᠤᠨ᠎ᠠ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ 〈ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ᠎ᠭᠣᠸ᠋ᠯ ᠱᠢᠵᠢᠮ ᠢ᠋ ᠪᠥᠬᠥ᠌ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ〉 ᠢ᠋ ᠲᠣᠭ᠍ᠲᠠᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤ᠋ᠨ ᠴᠢᠬᠤᠯᠠ ᠵᠢᠷᠤᠮᠯᠠᠯ᠂ ᠴᠢᠬᠤᠯᠠ ᠡᠭᠦᠷᠭᠡ ᠬᠠᠷᠢᠭᠤᠴᠠᠯᠭ᠎ᠠ ᠪᠠ ᠪᠣᠳᠠᠲᠠᠶ ᠡᠭᠦᠷᠭᠡ᠎ᠶ᠋ᠢ ᠲᠣᠳᠣᠷᠬᠠᠢᠯᠠᠪᠠ᠃ 〈ᠳᠣᠯᠣᠭᠠᠨ ᠲᠠᠯ᠎ᠠ ᠪᠡᠷ ᠵᠢᠱ᠌ᠢᠶᠡᠴᠢ ᠪᠣᠯᠬᠤ〉 ᠪᠠᠢᠷᠢᠯᠠᠭᠤᠯᠤᠯᠲᠠ ᠵᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠰᠠᠢᠲᠤᠷ ᠦᠢᠯᠡᠳᠦᠯᠭᠡᠵᠢᠭᠦᠯᠤᠨ᠂ 〈ᠵᠢᠷᠭᠤᠭᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ〉 ᠢ᠋ ᠪᠦᠬᠦ᠌ ᠲᠠᠯ᠎ᠠ᠎ᠪᠠᠷ ᠰᠠᠢᠲᠤᠷ ᠶᠠᠷᠢᠵᠤ᠂ ᠱᠢᠨ᠎ᠡ ᠴᠠᠭ ᠦᠶ᠎ᠡ ᠵᠢᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠦᠯᠢᠭᠡᠷ ᠳᠠᠭᠤᠷᠢᠶᠠᠯ ᠤ᠋ᠨ ᠲᠣᠭᠣᠷᠢᠭ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠤ᠋ᠨ ᠦᠯᠢᠭᠡᠷ ᠳᠠᠭᠤᠷᠢᠶᠠᠯ ᠤ᠋ᠨ ᠲᠣᠭᠣᠷᠢᠭ ᠢ᠋ ᠢᠳᠡᠪᠬᠢᠲᠡᠢ ᠪᠦᠲᠦᠭᠡᠨ ᠪᠠᠢᠭᠤᠯᠵᠤ ᠪᠠᠲᠤ ᠪᠡᠬᠢ ᠪᠣᠯᠭᠠᠬᠤ ᠬᠡᠷᠡᠭ᠌ᠲᠡᠢ》 ᠭᠡᠪᠡ᠃

《ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠴᠢᠬᠤᠯᠠ ᠠᠴᠢᠶᠠᠯᠠᠪᠤᠷᠢ ᠪᠣᠯᠤᠨ᠎ᠠ᠂ ᠬᠣᠢᠱᠢᠳᠠ ᠬᠢᠩᠭᠠᠨ ᠠᠢᠮᠠᠭ ᠤᠮᠠᠷᠠᠲᠤ  ᠬᠢᠯᠢ ᠵᠢᠨ ᠰᠣᠶᠣᠯ ᠤ᠋ᠨ ᠬᠢᠩᠭᠠᠨ ᠠᠢᠮᠠᠭ ᠤ᠋ᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭᠯᠡᠵᠤ᠂ ᠮᠣᠩᠭᠣᠯ ᠮᠤᠷᠢᠨ ᠤ᠋ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠤᠬᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠱᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠵᠤ ᠯᠢ ᠭᠦᠸᠧ ᠬᠣᠩ ᠬᠡᠯᠡᠨ᠎ᠡ᠃


ᠵᠤᠬᠢᠶᠠᠯ \ ᠵᠢᠷᠤᠭ᠄ ᠲᠤᠰ ᠰᠣᠨᠢᠨ ᠤ᠋ ᠰᠤᠷᠪᠤᠯᠵᠢᠯᠠᠭ᠍ᠴᠢ   ᠰᠥᠩ ᠱᠤᠸᠠᠩ    ᠸᠠᠩ ᡁᠢ ᠬᠤᠸᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号