ᠠᠨᠠᠷ᠎ᠤᠨ ᠦᠷ᠎ᠠ ᠰᠢᠭ ᠪᠦᠯᠬᠦᠮᠳᠠᠨ ᠨᠢᠬᠳᠠᠷᠠᠨ᠎ᠠ
2024-02-01 11:14:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2024 ᠣᠨ᠎ᠤ ᠦᠪᠡᠷᠳᠡᠭᠡᠨ ᠵᠠᠰᠠᠬᠤ ᠤᠷᠤᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠨᠢ ᠲᠥᠯᠥᠭᠡᠯᠡᠭᠴᠢᠳ ᠭᠡᠰᠢᠭᠦᠳ᠎ᠦᠨ ᠠᠩᠬᠠᠷᠤᠯ ᠎ᠤᠨ ᠲᠦᠪ ᠪᠤᠯᠪᠠ᠃


QQ截图20240201111639.png


ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠭᠡᠷ᠎ᠢ ᠬᠡᠷᠬᠢᠨ ᠰᠠᠢᠲᠤᠷ ᠶᠠᠷᠢᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠪᠤᠢ? ᠬᠠᠮᠲᠤ᠎ᠪᠠᠷ ᠲᠥᠯᠥᠭᠡᠯᠡᠭᠴᠢᠳ ᠭᠡᠰᠢᠭᠦᠳ᠎ᠦᠨ ᠶᠠᠷᠢᠬᠤ ᠵᠢ ᠰᠣᠨᠣᠰᠤᠶ᠎ᠠ !

《ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠡᠨᠡ ᠬᠦ᠌ ᠠᠵᠢᠯ᠎ᠢ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠭᠠᠨ ᠳᠡᠭᠡᠭᠰᠢᠯᠡᠭᠦᠯᠬᠦ ᠬᠡᠷᠡᠭᠳᠠᠢ ᠬᠡᠵᠤ ᠵᠢᠭᠠᠵᠤ ᠭᠠᠷᠭᠠᠪᠠ᠂ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠪᠤᠯᠤᠬᠰᠠᠨ ᠬᠤᠪᠢ᠎ᠳᠤ᠂ ᠪᠢᠳᠡ ᠯᠠᠪᠲᠠᠢ ᠶᠡᠷᠦᠩᠬᠡᠢ ᠱᠦᠵᠢ᠎ᠶᠢᠨ ᠵᠢᠭᠠᠪᠤᠷᠢ᠎ᠶᠢᠨ ᠱᠠᠭᠠᠷᠳᠠᠯᠭ᠎ᠠ᠎ᠶᠢ ᠡᠷᠡᠰ ᠰᠠᠢᠲᠤᠷ  ᠲᠤᠭᠤᠰᠢᠯᠠᠭᠤᠯᠵᠤ᠂ ᠭᠠᠵᠠᠷ ᠣᠷᠣᠨ᠎ᠤ ᠬᠥᠭᠵᠢᠯᠲᠡ᠎ᠶᠢᠨ ᠰᠡᠳᠬᠢᠴᠡ᠎ᠳᠦ ᠲᠣᠬᠢᠷᠠᠭᠤᠯᠤᠯᠲᠠ ᠬᠢᠵᠦ᠂ 〈ᠵᠦᠭᠡᠯᠡᠨ ᠪᠤᠷᠤᠭ᠎ᠠ ᠲᠦᠮᠡᠨ ᠪᠤᠳᠠᠰ᠎ᠢ ᠤᠮᠳᠠᠯᠠᠬᠤ〉 ᠠᠵᠢᠯ᠎ᠢ ᠢᠯᠡᠭᠦᠬᠡᠨ ᠬᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ  ᠶᠠᠪᠤᠳᠠᠯ᠎ᠢ ᠡᠳᠦᠷ ᠲᠤᠳᠤᠮ᠎ᠤᠨ ᠠᠮᠢᠳᠤᠷᠠᠯ᠎ᠳᠠᠭᠠᠨ ᠠᠭᠤᠰᠤᠯᠴᠠᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠶᠠᠨ ᠸᠸᠨ ᠯᠦᠩ ᠲᠠᠨᠢᠯᠴᠠᠭᠤᠯᠤᠨ᠎ᠠ᠃

ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠢᠷᠠᠯᠠᠨ ᠬᠠᠮᠠᠭᠠᠯᠠᠬᠤ ᠪᠣᠯ ᠥᠪᠥᠷ ᠮᠣᠩᠭᠣᠯ᠎ᠤᠨ ᠢᠷᠠᠭᠤ ᠠᠯᠳᠠᠷᠲᠤ ᠤᠯᠠᠮᠵᠢᠯᠠᠯ ᠮᠥᠨ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠰᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ  ᠵᠢᠡᠨ ᠦᠷᠭᠦᠯᠵᠢᠯᠡᠨ ᠪᠠᠲᠤᠯᠠᠬᠤ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

《ᠬᠥᠬᠡᠬᠣᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠴᠥᠬᠥᠷᠡᠰᠢ ᠦᠭᠡᠢ ᠪᠠᠷᠢᠮᠲᠠᠯᠠᠵᠤ᠂ ᠶᠣᠰᠣ᠌ ᠰᠤᠷᠲᠠᠬᠤᠨ᠎ᠢ ᠪᠤᠢ ᠪᠣᠯᠭᠠᠵᠤ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠳᠤᠮᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠥᠮᠦᠵᠢᠯ᠎ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠢᠷᠠᠯᠠᠨ ᠬᠠᠮᠠᠭᠠᠯᠠᠬᠰᠠᠭᠠᠷ ᠢᠷᠡᠪᠡ》 ᠬᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠼᠤᠤ ᠬᠣᠩ ᠲᠠᠨᠢᠯᠴᠠᠭᠤᠯᠤᠨ᠎ᠠ᠃ ᠬᠥᠬᠡᠬᠣᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠬᠠᠮᠲᠤ᠎ᠪᠠᠷ ᠤᠷᠤᠭᠰᠢᠯᠠᠭᠰᠠᠨ ᠬᠠᠮᠵᠢᠯᠴᠠᠨ ᠬᠥᠮᠥᠨ ᠬᠥᠮᠥᠵᠢᠭᠦᠯᠬᠦ ᠪᠠᠢᠷᠢᠰᠢᠯ᠎ᠢ ᠪᠦᠷᠢᠯᠳᠦᠭᠦᠯᠵᠦ᠂ ᠰᠤᠷᠭᠠᠭᠤᠯᠢ᠎ᠶᠢᠨ ᠪᠠᠭ᠎ᠠ ᠬᠢᠴᠢᠶᠡᠯ᠎ᠦᠨ ᠲᠠᠩᠬᠢᠮ᠎ᠢ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠲᠠᠢ ᠤᠶᠠᠯᠳᠤᠭᠤᠯᠵᠤ᠂ ᠪᠡᠶ᠎ᠡ᠎ᠪᠡᠷ᠎ᠢᠶᠡᠨ ᠣᠢᠯᠠᠭᠠᠬᠤ᠂ ᠬᠠᠷᠢᠯᠴᠠᠨ ᠦᠢᠯᠡᠳᠦᠯᠴᠡᠬᠦ ᠵᠡᠷᠭᠡ ᠣᠨᠴᠠᠯᠢᠭ᠋᠎ᠲᠠᠢ ᠦᠢᠯᠡᠳᠦᠯᠭᠡ᠎ᠶᠢᠨ ᠠᠵᠢᠯᠯᠠᠭ᠎ᠠ᠎ᠪᠠᠷ ᠳᠠᠮᠵᠢᠭᠤᠯᠵᠤ᠂ ᠰᠤᠷᠤᠭ᠍ᠴᠢᠳ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠬᠠᠢ ᠣᠢᠯᠠᠭᠠᠯᠲᠠ᠎ᠶᠢ ᠨᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠠᠯᠢ ᠤᠯᠠᠨ ᠴᠢᠷᠮᠠᠢᠯᠭ᠎ᠠ᠎ᠪᠠᠷ ᠳᠠᠮᠵᠢᠭᠤᠯᠵᠤ᠂ 《ᠭᠤᠷᠪᠡᠨ ᠰᠠᠯᠵᠤ ᠴᠢᠳᠠᠬᠤ ᠦᠭᠡᠢ》᠂ 《ᠳᠥᠷᠪᠡ᠎ᠶᠢ ᠬᠠᠮᠲᠤᠳᠬᠠᠬᠤ》 ᠪᠠ 《ᠲᠠᠪᠤᠨ ᠬᠠᠮᠳᠤ ᠵᠢᠨ ᠲᠠᠨᠢᠯᠳᠠ》 ᠵᠢᠨ ᠦᠵᠡᠯ ᠰᠠᠨᠠᠭ᠎ᠠ᠎ᠶᠢ ᠰᠤᠷᠤᠭ᠍ᠴᠢᠳ᠎ᠤᠨ ᠰᠡᠳᠬᠢᠯ᠎ᠦᠨ ᠭᠦᠨ᠎ᠳᠦ ᠦᠨᠳᠦᠰᠦᠯᠡᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠰᠤᠷᠭᠠᠭᠤᠯᠢ᠎ᠶᠢᠨ ᠬᠦᠷᠢᠶᠡᠨ᠎ᠳᠦ ᠥᠨᠢᠳᠡ ᠴᠡᠴᠡᠭᠯᠡᠭᠦᠯᠦᠨ ᠳᠡᠯᠭᠡᠷᠡᠭᠦᠯᠤᠨ᠎ᠠ᠃

《 ᠰᠣᠶᠣᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠤᠯᠠᠨ ᠪᠦᠳᠤᠭᠡᠯ ᠵᠤᠬᠢᠶᠠᠨ ᠲᠠᠭᠤᠯᠠᠬᠰᠠᠨ᠂ ᠵᠢᠱ᠌ᠢᠶᠠᠯᠠᠪᠠᠯ 〈ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ〉᠂ 〈ᠲᠤᠮᠳᠠᠳᠤ ᠵᠢᠨ ᠦᠨᠳᠤᠰᠤᠳᠡᠨ ᠵᠢᠡᠨ ᠮᠠᠬᠳᠠᠨ ᠳᠠᠭᠤᠯᠠᠶ᠎ᠠ》 ᠭᠡᠬᠦ ᠮᠡᠲᠦ᠂ ᠡᠳᠡᠭᠡᠷ ᠢᠷᠠᠭᠤ ᠰᠠᠢᠬᠠᠨ ᠳᠠᠭᠤᠤ ᠬᠦᠭᠵᠢᠮ ᠵᠢᠡᠷ ᠳᠠᠮᠵᠢᠭᠤᠯᠤᠨ᠂ ᠨᠠᠩ ᠣᠯᠠᠨ ᠬᠥᠮᠥᠰ᠎ᠲᠦ ᠡᠬᠡ ᠤᠯᠤᠰ᠎ᠢᠶᠠᠨ ᠬᠠᠢᠷᠠᠯᠠᠬᠤ ᠳᠤᠮᠳᠠᠳᠤ᠎ᠶᠢᠨ ᠰᠡᠳᠬᠢᠯᠭᠡ ᠦᠨᠳᠦᠰᠦᠲᠡᠨ᠎ᠦ ᠰᠡᠳᠬᠢᠯᠭᠡ᠎ᠶᠢ ᠡᠳ᠋ᠯᠡᠭᠦᠯᠬᠦ᠎ᠶᠢ ᠬᠦᠰᠡᠵᠦ ᠪᠠᠢᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠤᠯᠠᠭᠠᠨᠲᠤᠶᠠᠭ᠎ᠠ ᠶᠡᠷᠢᠨ᠎ᠠ᠃ ᠲᠡᠷᠡ ᠪᠠᠰᠠ ᠬᠢᠩᠭᠠᠨ ᠠᠢᠮᠠᠭ᠎ᠲᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠷᠠᠨ ᠵᠢᠷᠤᠭ᠎ᠤᠨ ᠦᠵᠡᠰᠬᠦᠯᠡᠩ᠎ᠦᠨ ᠣᠷᠳᠣᠨ ᠪᠠᠢᠭᠤᠯᠬᠤ ᠪᠡᠷ ᠰᠠᠨᠠᠭᠤᠯᠭ᠎ᠠ ᠲᠤᠷᠠᠳᠴᠤ᠂ ᠤᠷᠠᠯᠢᠭ᠋᠎ᠤᠨ ᠬᠡᠯᠪᠡᠷᠢ᠂ ᠤᠷᠠᠨ ᠵᠢᠷᠤᠭ᠎ᠤᠨ ᠬᠡᠯᠪᠡᠷᠢ᠎ᠪᠡᠷ ᠳᠠᠮᠵᠢᠭᠤᠯᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠵᠦ᠂ ᠤᠮᠠᠷᠠᠲᠤ ᠬᠢᠯᠢ᠎ᠶᠢᠨ ᠰᠣᠶᠣᠯ᠎ᠢ ᠪᠠᠳᠠᠷᠠᠭᠤᠯᠤᠨ᠎ᠠ ᠭᠡᠵᠡᠢ ᠃


( ᠲᠤᠰ ᠰᠤᠨᠢᠨ᠎ᠤ ᠰᠤᠷᠪᠤᠯᠵᠢᠯᠠᠬᠴᠢ ᠄ ᠳ᠋ᠠᠢ ᠬᠣᠩ   ᠵᠤᠤ ᠵᠢᠩ   ᠸᠠᠩ ᠵᠢᠩ ᠴᠤᠤ  ᠴᠢᠮᠪᠠᠢ  ᠬᠤᠸᠠᠩ ᠶᠠᠨ ᠹᠧᠢ    ᠸᠠᠩ ᡁᠢ ᠬᠤᠸᠠ  ᠮᠡᠷᠭᠡᠨᠪᠢᠯᠢᠭ    ᠬᠠᠨ ᠰᠢᠶᠣᠣ ᠢᠦᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号