— 2024 ᠤᠠ᠎ᠤ 2 ᠰᠡᠷ᠎ᠠ ᠶ᠋ᠢᠨ 1᠎ᠤ᠋ ᠡᠳᠦᠷ ᠥᠪᠥᠷ ᠮᠤᠩᠭᠤᠯ᠎ᠤᠨ ᠤᠢ᠍ᠪᠡᠷᠳᠡᠭᠡᠠ ᠵᠡᠰᠡᠬᠤ ᠤᠷᠦᠠ᠎ᠤ ᠠᠷᠪᠡᠠ ᠳᠦᠷᠪᠡᠳᠦᠭᠡᠷ ᠬᠤᠭᠤᠴᠡᠭᠠᠠᠤ ᠠᠷᠡᠦᠠ᠎ᠤᠨ ᠲᠦᠯᠦᠭᠡᠯᠡᠭ᠌ᠴᠢᠦᠠᠤᠨ ᠶᠡᠭᠡ ᠬᠤᠷᠡᠯ᠎ᠤᠨ ᠬᠤᠶᠠᠳᠤᠭᠠᠷ ᠬᠤᠷᠡᠯ ᠲᠡᠭᠡᠷ᠎ᠠ
ᠥᠪᠡᠷ᠎ᠲᠡᠬᠡᠨ ᠵᠡᠰᠠᠬᠤ ᠤᠷᠤᠨ᠎ᠤ ᠠᠷᠠᠳ᠎ᠤᠨ ᠲᠥᠯᠥᠬᠡᠯᠡᠭᠴᠢᠳ᠎ᠤᠨ ᠶᠡᠬᠡ ᠬᠤᠷᠠᠯ᠎ᠤᠨ ᠪᠠᠢᠨᠭᠭᠤ ᠵᠢᠨ ᠬᠤᠷᠢᠶ᠎ᠠ ᠵᠢᠨ ᠲᠡᠳ᠋ ᠡᠷᠬᠢᠯᠡᠭᠴᠢ ᠯᠢᠨ ᠱᠤᠤ ᠴᠦᠨ
ᠲᠥᠯᠥᠭᠡᠯᠡᠭ᠌ᠴᠢᠳ ᠡ ᠄
ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠃
ᠥᠩᠭᠡᠷᠡᠭ᠌ᠰᠡᠨ ᠨᠢᠭᠡ ᠵᠢᠯ᠎ᠤᠨ ᠭᠤᠣᠯ ᠠᠵᠢᠯ
2023 ᠣᠨ ᠪᠣᠯ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠪᠣᠯᠬᠤ ᠪᠥᠭᠡᠳ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠭᠦᠷᠭᠡ ᠲᠤᠱᠢᠶᠠᠯ᠎ᠢᠶᠠᠨ ᠭᠦᠢᠴᠡᠳᠭᠡᠭᠰᠡᠨ ᠠᠩᠬᠠᠨ᠎ᠤ ᠵᠢᠯ ᠪᠣᠯᠣᠨ᠎ᠠ᠃ ᠨᠢᠳᠤᠨᠤᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠲᠠᠬᠢᠨᠳᠡ ᠢᠷᠡᠵᠦ᠍᠂ ᠱᠢᠨᠵᠢᠯᠡᠨ ᠪᠠᠢᠴᠠᠭᠠᠵᠤ ᠠᠵᠢᠯ ᠵᠢᠯᠣᠭᠤᠳᠤᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠮᠠᠨ᠎ᠦ ᠤᠷᠤᠨ᠎ᠦ ᠬᠥᠭ᠌ᠵᠢᠯᠲᠡ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠭᠦ᠌ ᠬᠦᠴᠦᠨ ᠨᠡᠮᠡᠷᠢᠯᠡᠪᠡ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠤᠶᠠᠳᠤᠭᠠᠷ ᠪᠥᠬᠦᠳᠡ ᠬᠤᠷᠠᠯ᠂ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠦᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠦᠨ ᠲᠤᠬᠠᠢ ᠲᠠᠪᠤᠨ ᠶᠡᠭᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠬᠤᠶᠠᠷ ᠶᠡᠭᠡ ᠶᠠᠪᠤᠳᠠᠯ᠎ᠤᠨ ᠲᠣᠭᠤᠷᠢᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ᠎ᠢᠶᠠᠨ ᠪᠤᠯᠭᠠᠬᠤ᠎ᠶ᠋ᠢ ᠪᠠᠷᠢᠮᠲᠠᠯᠠᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠦᠨ ᠬᠤᠷᠢᠶ᠎ᠠ ᠵᠢᠨ ᠠᠷᠪᠠᠨ ᠨᠢᠬᠡᠳᠦᠬᠡᠷ ᠬᠤᠭᠤᠴᠠᠭᠠᠨ᠎ᠦ ᠵᠢᠷᠭᠤᠳᠤᠭᠠᠷ᠂ ᠲᠤᠯᠤᠳᠤᠭᠠᠷ ᠪᠦᠬᠦᠳᠡ ᠬᠤᠷᠠᠯ᠎ᠦᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠦ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠢᠳᠡᠪᠬᠢᠲᠡᠢ ᠬᠥᠭ᠌ᠵᠢᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠡᠯ᠎ᠡ ᠵᠦᠢᠯ᠎ᠤᠨ ᠡᠭᠦᠷᠭᠡ ᠬᠠᠷᠢᠭᠤᠴᠠᠯᠭ᠎ᠠ ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠡᠯ᠎ᠡ ᠵᠦᠢᠯ᠎ᠤᠨ ᠠᠵᠢᠯ ᠱᠢᠨ᠎ᠡ ᠠᠬᠢᠴᠠ᠎ᠲᠠᠢ ᠱᠢᠨ᠎ᠡ ᠦᠷ᠎ᠡ ᠪᠦᠲᠦᠮᠵᠢ ᠣᠯᠪᠠ᠃
ᠨᠢᠭᠡ᠂ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠪᠠᠷᠢᠮᠲᠠᠯᠠᠪᠠ
ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠵᠠᠷᠴᠢᠮ ᠪᠣᠯᠭᠠᠬᠤ ᠶ᠋ᠢ ᠪᠠᠷᠢᠮᠲᠠᠯᠠᠵᠤ᠂ ᠪᠤᠲᠠᠲᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠲᠣᠭ᠍ᠲᠠᠭᠠᠭ᠍ᠰᠠᠨ》 ᠢ᠋ ᠭᠤᠢᠪᠢᠰᠢ ᠦᠭᠡᠢ ᠬᠦᠷᠢᠶᠡᠯᠡᠵᠤ᠂ 《ᠬᠤᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠪᠡ᠃
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠰᠡᠳᠭᠢᠯ᠎ᠢᠶᠠᠨ ᠨᠢᠭ᠍ᠲᠠᠷᠠᠭᠤᠯᠤᠨ ᠰᠦᠭ ᠰᠦᠨᠡᠰᠦ ᠪᠠᠨ ᠱᠤᠭᠤᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠤᠨᠤᠯ᠎ᠤᠨ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ᠂ ᠬᠥᠭ᠌ᠵᠢᠯᠲᠡ᠎ᠶ᠋ᠢ ᠠᠬᠢᠭᠤᠯᠬᠤ᠂ ᠪᠠᠢᠴᠠᠭᠠᠨ ᠦᠵᠡᠵᠦ᠍ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠥᠮᠥᠨ ᠪᠦᠬᠦᠨ᠎ᠢ ᠪᠦᠷᠬᠦᠬᠦᠯᠬᠦ᠂ ᠠᠷᠭ᠎ᠠ ᠬᠡᠮᠵᠢᠶ᠎ᠡ᠎ᠶ᠋ᠢ ᠪᠦᠬᠦᠨ᠎ᠢ ᠨᠠᠢᠳᠠᠪᠤᠷᠢᠵᠢᠭᠤᠯᠬᠤ᠂ ᠶᠠᠪᠤᠴᠠ ᠪᠦᠬᠦᠨ᠎ᠢ ᠪᠣᠳᠠᠲᠠᠢᠵᠢᠭᠤᠯᠬᠤ᠎ᠶ᠋ᠢ ᠪᠡᠶᠡᠯᠡᠭᠦᠯᠪᠡ᠃ ᠤᠨᠤᠯ᠎ᠤᠨ ᠰᠤᠷᠤᠯᠴᠠᠯᠭ᠎ᠠ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠱᠢᠨ᠎ᠡ᠎ᠶ᠋ᠢ ᠡᠬᠦᠳᠦᠭ᠌ᠰᠡᠨ ᠤᠨᠤᠯ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠠᠷ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠣᠷᠢᠭ ᠰᠠᠨᠠᠭ᠎ᠠ ᠪᠠᠨ ᠨᠢᠭᠡᠳᠭᠡᠵᠦ᠍᠂ ᠦᠢᠯᠡ ᠠᠵᠢᠯᠯᠠᠭ᠎ᠠ ᠪᠠᠨ ᠦᠨᠡᠨ ᠬᠦ᠌ ᠨᠢᠭᠡᠳᠭᠡᠪᠡ᠃ ᠪᠠᠢᠴᠠᠭᠠᠨ ᠰᠤᠳᠤᠯᠤᠯᠲᠠ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ 25 ᠭᠤᠣᠯᠳᠠᠯᠭ᠎ᠠ᠎ᠲᠠᠢ ᠪᠠᠢᠴᠠᠭᠠᠨ ᠰᠤᠳᠤᠯᠬᠤ ᠰᠡᠳᠦᠪ᠎ᠤᠨ ᠲᠣᠭᠤᠷᠢᠨ᠎ᠳᠤ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢ ᠪᠦᠷᠢᠯᠳᠦᠭᠦᠯᠵᠦ᠍᠂ ᠪᠠᠢᠴᠠᠭᠠᠨ ᠰᠤᠳᠤᠯᠤᠯᠲᠠ᠎ᠶ᠋ᠢᠨ ᠳᠤᠮᠳᠠ ᠢᠯᠡᠷᠡᠭᠦᠯᠦᠭ᠌ᠰᠡᠨ ᠠᠰᠠᠭᠤᠳᠠᠯ ᠪᠠ ᠰᠠᠨᠠᠯ ᠰᠠᠨᠠᠭᠤᠯᠭ᠎ᠠ᠎ᠶ᠋ᠢ ᠬᠤᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠳᠤ ᠱᠢᠯᠵᠢᠭᠦᠯᠦᠨ ᠥᠭ᠌ᠴᠦ ᠰᠤᠳᠤᠯᠤᠨ ᠱᠢᠢᠳᠪᠦᠷᠢᠯᠡᠭᠦᠯᠪᠡ᠃ ᠪᠠᠢᠴᠠᠭᠠᠨ ᠦᠵᠡᠵᠦ᠍ ᠴᠡᠭ᠌ᠴᠡᠯᠡᠨ ᠰᠠᠢᠵᠢᠷᠠᠭᠤᠯᠬᠤ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠨᠢᠭᠡᠳ ᠨᠢᠭᠡ᠎ᠪᠠᠷ ᠴᠡᠭ᠌ᠴᠡᠯᠡᠨ ᠰᠠᠢᠵᠢᠷᠠᠭᠤᠯᠵᠤ ᠳᠠᠩᠰᠡᠠᠠᠴᠠ ᠬᠠᠰᠤᠪᠠ᠃ ᠳᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠡᠯ᠎ᠡ ᠵᠦᠢᠯ᠎ᠤᠨ ᠳᠦᠷᠢᠮ᠎ᠤᠨ ᠪᠢᠴᠢᠭ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠡᠮᠬᠢᠳᠭᠡᠨ ᠴᠡᠪᠡᠷᠯᠡᠵᠦ᠍᠂ 43 ᠬᠤᠪᠢ ᠮᠠᠲ᠋ᠧᠷᠢᠶᠠᠯ ᠢ ᠲᠥᠪᠯᠡᠷᠡᠭᠦᠯᠦᠨ ᠲᠣᠭ᠍ᠲᠠᠭᠠᠭ᠍ᠰᠠᠨ ᠪᠤᠶᠤ ᠵᠠᠰᠠᠪᠤᠷᠢ ᠣᠷᠣᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶ᠋ᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ᠎ᠢ ᠨᠡᠮᠡᠭ᠌ᠳᠡᠭᠦᠯᠬᠦ᠂ ᠰᠤᠷᠤᠯᠴᠠᠯᠭ᠎ᠠ ᠪᠠᠷ ᠰᠤᠷᠲᠠᠯ᠎ᠢ ᠲᠥᠪ ᠪᠣᠯᠭᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠲᠠᠯ᠎ᠠ ᠪᠠᠷ ᠱᠠᠲᠤ ᠦᠶ᠎ᠡ᠎ᠶ᠋ᠢᠨ ᠴᠢᠨᠠᠷᠲᠠᠢ ᠦᠷ᠎ᠡ ᠪᠦᠲᠦᠮᠵᠢ ᠣᠯᠪᠠ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠪᠣᠯᠭᠠᠬᠤ᠎ᠶ᠋ᠢ ᠡᠷᠡᠰ ᠭᠤᠢᠪᠠᠰᠢ ᠦᠬᠡᠢ ᠪᠠᠷᠢᠮᠲᠠᠯᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠦᠵᠡᠯ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠲᠣᠭ᠍ᠲᠠᠭᠠᠬᠤ᠎ᠶ᠋ᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ᠂ ᠳᠠᠩᠰᠠᠯᠠᠵᠤ ᠬᠢᠨᠠᠨ ᠪᠠᠢᠴᠠᠭᠠᠬᠤ᠎ᠶ᠋ᠢᠨ ᠴᠢᠬᠤᠯᠠ ᠠᠭᠤᠯᠭ᠎ᠠ ᠪᠣᠯᠭᠠᠪᠠ᠃ ᠬᠠᠤᠯᠢ ᠶᠣᠰᠣᠭᠠᠷ᠂ ᠢᠳᠡᠪᠬᠢᠲᠡᠢ᠂ ᠯᠠᠪᠳᠠᠭᠤᠨ ᠪᠣᠯᠭᠤᠮᠵᠢᠲᠠᠢ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ᠌᠂ ᠡᠯ᠎ᠡ ᠲᠣᠭᠤᠷᠢᠭ ᠲᠠᠢ ᠬᠤᠲᠠ ᠪᠣᠯᠣᠨ ᠭᠤᠷᠪᠠᠨ ᠥᠪᠡᠷᠲᠡᠭᠡᠨ ᠵᠠᠰᠠᠬᠤ ᠬᠤᠱᠢᠭᠤᠨ᠎ᠤ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠦᠴᠦᠨ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠥᠪᠡᠷᠲᠡᠭᠡᠨ ᠵᠠᠰᠠᠬᠤ ᠳᠦᠷᠢᠮ᠂ ᠲᠤᠰᠭᠠᠢ ᠳᠦᠷᠢᠮ᠎ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠴᠡᠪᠡᠷᠯᠡᠵᠦ᠍᠂ ᠬᠥᠨᠳᠡᠯᠡᠨ᠎ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ᠎ᠪᠠᠷ ᠡᠴᠦᠰ᠎ᠲᠤᠨᠢ ᠲᠤᠯᠲᠠᠯ᠎ᠠ᠂ ᠥᠨᠴᠥᠭ ᠪᠤᠯᠤᠩ ᠦᠭᠡᠢ᠂ ᠪᠦᠬᠦᠨ᠎ᠢ ᠬᠠᠮᠤᠷᠬᠤ᠎ᠶ᠋ᠢ ᠦᠨᠡᠨ ᠬᠦ᠌ ᠪᠠᠲᠤᠯᠠᠪᠠ᠃ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠳᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠶᠡᠬᠡ ᠪᠡᠷ ᠤᠯᠠᠮᠵᠢᠯᠠᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢᠨ ᠠᠰᠠᠭᠤᠳᠠᠯ᠎ᠤᠨ ᠨᠠᠷᠢᠨ ᠬᠠᠭᠤᠳᠠᠰᠤ᠎ᠶ᠋ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ᠎ᠢ᠎ᠲᠠᠭᠠᠨ ᠬᠢᠨᠠᠯᠲᠠ ᠲᠠᠯᠪᠢᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠭᠦᠨ ᠪᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠳᠤ ᠣᠷᠣᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠳᠤ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠱᠢᠭᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢ᠌ᠯᠠᠭᠠᠭ᠍ᠳᠠᠬᠤᠨᠢ ᠪᠠᠲᠤ ᠴᠤᠭ᠍ᠴᠠᠯᠠᠪᠠ᠃
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠤᠬᠠᠮᠰᠠᠷ᠎ᠡᠴᠡ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠪᠠ᠃ ᠨᠠᠮ ᠡᠴᠡ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠤᠳᠤᠷᠢᠳᠭᠤ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠣᠳᠣᠯᠭ᠎ᠠ ᠪᠠ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠳᠤᠮᠳᠠ᠎ᠪᠠᠨ ᠪᠦᠬᠦ᠌ ᠲᠠᠯ᠎ᠠ ᠪᠠᠷ ᠲᠤᠭᠤᠱᠢᠯᠠᠭᠤᠯᠬᠤ ᠪᠠ ᠪᠦᠲᠦᠮᠵᠢᠲᠡᠢ᠎ᠪᠠᠷ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠪᠠ᠃ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠤᠴᠢᠷ ᠶᠠᠪᠤᠳᠠᠯ᠂ ᠴᠢᠬᠤᠯᠠ ᠪᠠᠢᠳᠠᠯ᠎ᠢ ᠰᠠᠨᠠᠭᠠᠴᠢᠯᠠᠭ᠎ᠠ᠎ᠠᠴᠠ᠎ᠪᠠᠨ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠵᠢᠭᠠᠪᠤᠷᠢ ᠠᠪᠴᠤ᠌᠂ ᠮᠡᠳᠡᠭᠦᠯᠵᠦ᠍᠂ ᠪᠥᠬᠦ᠌ ᠵᠢᠯ᠎ᠳᠤ 60 ᠢᠯᠡᠭᠦᠦ ᠤᠳᠠᠭ᠎ᠠ ᠵᠢᠭᠠᠪᠤᠷᠢ ᠠᠪᠴᠤ᠌ ᠮᠡᠳᠡᠭᠦᠯᠬᠦ᠌᠎ᠶ᠋ᠢᠨ ᠬᠠᠮᠲᠤ ᠨᠠᠮ᠎ᠤᠨ ᠬᠣᠷᠢᠶ᠎ᠠ ᠵᠢᠨ ᠱᠠᠭᠠᠷᠳᠠᠯᠭ᠎ᠠ ᠶᠣᠰᠣᠭᠠᠷ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠪᠠ᠃ ᠮᠤᠵᠢ᠎ᠶ᠋ᠢᠨ ᠱᠠᠲᠤᠨ᠎ᠤ ᠤᠳᠤᠷᠢᠳᠭᠤ ᠨᠥᠬᠦᠳ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠬᠠᠷᠢᠯᠴᠠᠵᠤ ᠵᠢᠯᠤᠭᠤᠳᠭᠤ᠂ ᠵᠠᠬᠢᠳᠠᠯ ᠰᠣᠷᠪᠤᠯᠵᠢᠯᠠᠯ᠎ᠤᠨ ᠬᠡᠷᠡᠭ᠎ᠢ ᠱᠢᠢᠳᠪᠦᠷᠢᠯᠡᠬᠦ᠂ ᠭᠤᠣᠯ ᠰᠡᠳᠦᠪᠲᠦ ᠬᠥᠮᠦᠵᠢᠯ᠎ᠢ ᠵᠢᠯᠤᠭᠤᠳᠭᠤ ᠵᠡᠷᠭᠡ ᠠᠵᠢᠯ᠎ᠢ ᠢᠳᠡᠪᠬᠢᠲᠡᠢ ᠰᠠᠢᠲᠤᠷ ᠬᠢᠪᠡ᠃ ᠨᠠᠮ᠎ᠠᠴᠠ ᠺᠠᠳ᠋ᠷ᠎ᠢ ᠬᠠᠮᠢᠶᠠᠷᠬᠤ ᠵᠠᠷᠴᠢᠮ ᠪᠣᠯᠣᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠶᠣᠰᠣᠭᠠᠷ ᠺᠠᠳ᠋ᠷ᠎ᠢ ᠲᠣᠮᠢᠯᠠᠵᠤ ᠪᠠᠭᠤᠯᠭᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠣᠷᠣᠨ ᠨᠤᠲᠤᠭ᠎ᠤᠨ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯᠲᠠᠨ᠎ᠢ 340 ᠬᠦᠮᠦᠨ ᠤᠳᠠᠭ᠎ᠠ ᠲᠣᠮᠢᠯᠠᠵᠤ ᠪᠠᠭᠤᠯᠭᠠᠪᠠ᠃
ᠬᠤᠶᠠᠷ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠠᠵᠢᠯ ᠱᠢᠨ᠎ᠡ ᠠᠬᠢᠴᠠ᠎ᠲᠠᠢ ᠪᠣᠯᠪᠠ
ᠪᠥᠬᠦ᠌ ᠵᠢᠯ᠎ᠳᠤ ᠣᠷᠣᠨ ᠨᠤᠲᠤᠭ᠎ᠤᠨ ᠴᠢᠨᠠᠷᠲᠠᠢ ᠬᠠᠤᠯᠢ ᠲᠤᠭ᠍ᠲᠠᠭᠠᠯ᠎ᠢ 12 ᠬᠤᠪᠢ ᠲᠣᠭ᠍ᠲᠠᠭᠠᠵᠤ᠂ 12 ᠬᠤᠪᠢ᠎ᠳᠤ ᠵᠠᠰᠠᠪᠤᠷᠢ ᠣᠷᠣᠭᠤᠯᠵᠤ᠂ 2 ᠬᠤᠪᠢ᠎ᠶ᠋ᠢ ᠬᠦᠴᠦᠨ ᠦᠭᠡᠢ ᠪᠣᠯᠭᠠᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ ᠪᠠ ᠲᠤᠰᠭᠠᠢ ᠳᠦᠷᠢᠮ᠎ᠢ 31 ᠬᠤᠪᠢ ᠬᠢᠨᠠᠨ ᠪᠠᠢᠴᠠᠭᠠᠵᠤ ᠵᠥᠪᠱᠢᠶᠡᠷᠡᠪᠡ᠃
ᠬᠤᠶᠠᠷ ᠶᠡᠭᠡ ᠶᠠᠪᠤᠳᠠᠯ᠎ᠢ ᠰᠠᠢᠲᠤᠷ ᠬᠢᠬᠦ᠌ ᠲᠠᠢ ᠨᠢᠭ᠍ᠲᠠ ᠤᠶᠠᠯᠳᠤᠭᠤᠯᠤᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ᠂ ᠶᠡᠭᠡ ᠲᠠᠯ᠎ᠠ᠎ᠶ᠋ᠢᠨ ᠬᠡᠷᠡᠭ᠌ᠴᠡᠭᠡ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠡᠯ ᠤᠨ ᠬᠢᠷᠢ ᠴᠢᠳᠠᠯᠳᠤ ᠰᠠᠭᠤᠷᠢᠯᠠᠵᠤ᠂ ᠪᠠᠢᠩᠭᠤ᠎ᠶ᠋ᠢᠨ ᠬᠣᠷᠢᠶ᠎ᠠ ᠵᠢᠨ ᠪᠥᠬᠦ᠌ ᠬᠦᠴᠦᠨ᠎ᠢ ᠳᠠᠢᠴᠢᠯᠠᠨ᠂ ᠬᠤᠶᠠᠷ ᠶᠡᠭᠡ ᠶᠠᠪᠤᠳᠠᠯ᠎ᠤᠨ 6 ᠠᠬᠢᠭᠤᠯᠬᠤ ᠳᠦᠷᠢᠮ᠎ᠤᠨ ᠪᠠᠢᠴᠠᠭᠠᠨ ᠰᠤᠳᠤᠯᠤᠯᠲᠠ ᠬᠢᠬᠦ᠂ ᠲᠤᠭᠤᠷᠪᠢᠬᠤ᠂ ᠨᠤᠲᠠᠯᠠᠯᠲᠠ ᠬᠢᠬᠦ᠂ ᠰᠠᠨᠠᠯ ᠬᠤᠷᠢᠶᠠᠬᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠂ ᠲᠥᠪᠯᠡᠷᠡᠭᠦᠯᠦᠨ ᠬᠢᠨᠠᠨ ᠵᠥᠪᠯᠡᠬᠦ᠌ ᠵᠡᠷᠭᠡ ᠡᠯ᠎ᠡ ᠵᠦᠢᠯ᠎ᠤᠨ ᠠᠵᠢᠯ᠎ᠢ ᠢᠳᠡᠪᠬᠢᠲᠡᠢ ᠪᠥᠭᠡᠳ ᠪᠣᠯᠭᠤᠮᠵᠢᠲᠠᠢ ᠰᠠᠢᠲᠤᠷ ᠬᠢᠪᠡ᠃ 6 ᠠᠬᠢᠭᠤᠯᠬᠤ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠠᠪᠤᠳᠤᠭᠠᠷ ᠬᠤᠷᠠᠯ ᠳᠡᠭᠡᠷ᠎ᠡ ᠪᠥᠬᠦ᠌ ᠪᠢᠯᠧᠲ᠎ᠢᠶᠠᠷ ᠪᠠᠲᠤᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ 《ᠨᠢᠭᠡ ᠵᠢᠷᠤᠭ ᠲᠥᠰᠥᠪ᠎ᠢ ᠡᠴᠦᠰ᠎ᠲᠤᠨᠢ ᠲᠤᠯᠲᠠᠯ᠎ᠠ ᠵᠢᠷᠤᠭ᠍ᠯᠠᠬᠤ》 ᠵᠢ ᠬᠠᠤᠯᠢ ᠲᠣᠭ᠍ᠲᠠᠭᠠᠯᠲᠠ᠎ᠪᠠᠷ ᠪᠠᠲᠤᠯᠠᠪᠠ᠃ 6 ᠶᠡᠷᠦᠩᠬᠡᠢᠯᠡᠭ᠌ᠰᠡᠨ ᠴᠢᠨᠠᠷᠲᠠᠢ᠂ ᠪᠥᠬᠦ᠌ ᠲᠠᠯ᠎ᠠ᠎ᠶ᠋ᠢᠨ ᠴᠢᠨᠠᠷᠲᠠᠢ ᠬᠠᠤᠯᠢ ᠲᠣᠭ᠍ᠲᠠᠭᠠᠯ᠎ᠢ ᠵᠡᠷᠭᠡ᠎ᠪᠠᠷ ᠲᠣᠭ᠍ᠲᠠᠭᠠᠨ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠲᠡᠦᠬᠡᠨ᠎ᠳᠤ ᠪᠠ ᠥᠪᠥᠷ ᠮᠣᠩᠭᠤᠯ᠎ᠤᠨ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠠᠬᠢᠴᠠ ᠲᠤᠮᠳᠠ ᠴᠥᠮ ᠪᠡᠯᠭᠡ ᠲᠡᠮᠳᠡᠭ᠎ᠤᠨ ᠴᠢᠨᠠᠷᠲᠠᠢ ᠠᠴᠢ ᠬᠤᠯᠪᠣᠭ᠍ᠳᠠᠯ᠎ᠲᠠᠢ ᠶᠤᠮ᠃
ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠪᠡ᠃ 《ᠴᠢᠳᠠᠪᠤᠷᠢᠲᠠᠨ᠎ᠤ ᠬᠥᠭ᠌ᠵᠢᠯᠲᠡ᠎ᠶ᠋ᠢ ᠠᠬᠢᠭᠤᠯᠬᠤ ᠳᠦᠷᠢᠮ》᠂ 《ᠲᠤᠰᠭᠠᠢ ᠠᠱᠢᠭ᠎ᠢ ᠠᠬᠢᠭᠤᠯᠬᠤ ᠪᠠ ᠬᠠᠮᠠᠭᠠᠯᠠᠬᠤ ᠳᠦᠷᠢᠮ》 ᠢ᠋ ᠲᠣᠭ᠍ᠲᠠᠭᠠᠵᠤ᠂ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ ᠱᠢᠨ᠎ᠡ᠎ᠶ᠋ᠢ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ 《ᠰᠦ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠦᠷᠢᠮ》᠂ 《ᠮᠢᠬᠠᠨ᠎ᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠦᠷᠢᠮ》 ᠢ᠋ ᠲᠣᠭ᠍ᠲᠠᠭᠠᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠪᠠ ᠦᠢᠯᠡᠳᠪᠦᠷᠢᠯᠡᠯ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠂ ᠠᠵᠤ ᠦᠢᠯᠡᠰ᠎ᠤᠨ ᠠᠭᠤᠰᠤᠯᠴᠠᠨ ᠬᠥᠭ᠌ᠵᠢᠬᠦ᠌ ᠵᠡᠷᠭᠡ ᠲᠠᠯ᠎ᠠ᠎ᠪᠠᠷ ᠲᠣᠭ᠍ᠲᠠᠭᠠᠯ ᠭᠠᠷᠭᠠᠵᠤ᠂ ᠰᠦ᠎ᠶ᠋ᠢᠨ ᠦᠢᠯᠡᠰ᠂ ᠮᠢᠬᠠᠨ᠎ᠤ ᠦᠢᠯᠡᠰ᠎ᠤᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠱᠢᠯᠢᠳᠡᠭ᠌ᠵᠢᠬᠦᠯᠦᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠪᠠ᠃ 《ᠲᠠᠷᠢᠶᠠᠯᠠᠩ᠎ᠳᠤ ᠬᠡᠷᠡᠭ᠌ᠯᠡᠬᠦ᠌ ᠨᠢᠮᠭᠡᠨ ᠰᠦᠯᠢᠶᠥᠦ ᠪᠦᠷᠬᠦᠬᠦᠯ᠎ᠤᠨ ᠪᠣᠬᠢᠷᠳᠤᠯ᠎ᠢ ᠰᠡᠷᠭᠡᠢᠯᠡᠨ ᠵᠠᠰᠠᠬᠤ ᠳᠦᠷᠢᠮ》᠎ᠢ᠋ ᠲᠣᠭ᠍ᠲᠠᠭᠠᠵᠤ᠂ ᠲᠠᠷᠢᠶᠠᠯᠠᠩ᠎ᠤᠨ ᠠᠮᠢ ᠠᠬᠤᠢ᠎ᠶ᠋ᠢᠨ ᠣᠷᠴᠢᠨ ᠲᠣᠭᠤᠷᠢᠨ᠎ᠢ ᠬᠠᠮᠠᠭᠠᠯᠠᠬᠤ ᠪᠠ ᠰᠠᠢᠵᠢᠷᠠᠭᠤᠯᠪᠡ᠂ 《ᠬᠢᠯᠢ ᠬᠢᠵᠠᠭᠠᠷ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠦᠷᠢᠮ》 ᠢ᠋ ᠲᠣᠭ᠍ᠲᠠᠭᠠᠵᠤ᠂ ᠬᠢᠯᠢ ᠬᠢᠵᠠᠭᠠᠷ ᠢ ᠲᠣᠭ᠍ᠲᠠᠪᠤᠷᠢᠵᠢᠭᠤᠯᠬᠤ᠂ ᠬᠢᠯᠢ ᠬᠢᠵᠠᠭᠠᠷ᠎ᠢ ᠪᠠᠬᠢᠵᠢᠭᠦᠯᠬᠦ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠬᠦ᠂ ᠬᠢᠯᠢ ᠬᠢᠵᠠᠭᠠᠷ᠎ᠢ ᠠᠮᠤᠷᠵᠢᠭᠤᠯᠬᠤ᠂ ᠬᠢᠯᠢ ᠬᠢᠵᠠᠭᠠᠷ᠎ᠢ ᠡᠶ᠎ᠡ ᠨᠠᠢᠷᠠᠮᠳᠠᠭᠤ ᠪᠠᠢᠯᠭᠠᠬᠤ᠂ ᠬᠢᠯᠢ ᠬᠢᠵᠠᠭᠠᠷ᠎ᠢ ᠪᠠᠶᠠᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠠᠮᠵᠢᠯᠴᠠᠨ ᠬᠥᠭ᠌ᠵᠢᠭᠦᠯᠬᠦ᠌᠎ᠶ᠋ᠢ ᠪᠠᠲᠤᠯᠠᠪᠠ᠃ 《〈ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠬᠠᠤᠯᠢ〉᠎ᠶ᠋ᠢ ᠬᠡᠷᠡᠭ᠌ᠵᠢᠭᠦᠯᠬᠦ᠌ ᠠᠷᠭ᠎ᠠ》 ᠳ᠋ᠦ ᠵᠠᠰᠠᠪᠤᠷᠢ ᠣᠷᠣᠭᠤᠯᠵᠤ᠂ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠪᠠ᠃
ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠢᠵᠢᠷᠠᠭᠤᠯᠬᠤ᠎ᠲᠠᠢ ᠨᠢᠭ᠍ᠲᠠ ᠤᠶᠠᠯᠳᠤᠭᠤᠯᠤᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠪᠡ᠃ 《ᠵᠥᠷᠢᠴᠡᠯ ᠵᠠᠭᠤᠷᠠᠯᠳᠤᠭᠠᠨ᠎ᠢ ᠣᠯᠠᠨ ᠲᠠᠯ᠎ᠠ᠎ᠪᠠᠷ ᠱᠢᠢᠳᠪᠦᠷᠢᠯᠡᠬᠦ᠌ ᠳᠦᠷᠢᠮ》 ᠢ᠋ ᠲᠣᠭ᠍ᠲᠠᠭᠠᠵᠤ᠂ ᠵᠦᠷᠢᠴᠡᠯ ᠵᠢᠭᠤᠷᠠᠯᠳᠤᠭᠠᠨ᠎ᠢ ᠤᠤᠯ ᠡᠬᠦᠰᠦᠯᠠᠴᠠᠨᠢ ᠤᠷᠢᠳᠴᠢᠯᠡᠨ ᠰᠡᠷᠬᠡᠢᠯᠡᠬᠦ᠂ ᠡᠬᠢᠨ᠎ᠤ ᠬᠤᠭᠤᠴᠠᠭᠠᠨ᠎ᠳᠤᠨᠢ ᠨᠠᠮᠳᠠᠭᠤᠯᠬᠤ᠂ ᠵᠠᠩᠬᠢᠯᠠᠭᠠᠠᠴᠠᠨᠢ ᠡᠵᠡᠮᠳᠡᠬᠦ᠌᠎ᠶ᠋ᠢ ᠠᠬᠢᠭᠤᠯᠪᠠ᠃ 《ᠠᠵᠢᠯ ᠣᠯᠭᠤᠯᠲᠠ᠎ᠶ᠋ᠢ ᠠᠬᠢᠭᠤᠯᠬᠤ ᠳᠦᠷᠢᠮ》᠂ 《ᠢᠳᠡᠭᠡᠨ᠎ᠤ ᠵᠢᠵᠢᠭ ᠦᠢᠯᠡᠳᠭᠡᠯ ᠢᠳᠡᠭᠡᠨ ᠤᠮᠳᠠᠭᠠᠨ᠎ᠤ ᠵᠢᠵᠢᠭ ᠳᠡᠯᠭᠡᠭᠦᠷ ᠰᠤᠯᠠ ᠢᠳᠡᠭᠡᠨ᠎ᠤ ᠳᠡᠯᠭᠡᠭᠦᠷ ᠪᠠ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ᠎ᠶ᠋ᠢᠨ ᠳᠦᠷᠢᠮ》 ᠳ᠋ᠦ ᠵᠠᠰᠠᠪᠤᠷᠢ ᠣᠷᠣᠭᠤᠯᠵᠤ᠂ ᠠᠵᠢᠯ ᠣᠯᠭᠤᠯᠲᠠ᠎ᠶ᠋ᠢ ᠬᠠᠤᠯᠢ ᠶᠣᠰᠣᠭᠠᠷ ᠠᠬᠢᠭᠤᠯᠵᠤ᠂ ᠠᠷᠠᠳ ᠤᠯᠠᠨ᠎ᠤ ᠢᠳᠡᠭᠡᠨ ᠤᠮᠳᠠᠭᠠᠨ᠎ᠤ ᠠᠮᠤᠷ ᠲᠦᠪᠱᠢᠨ᠎ᠢ ᠪᠠᠲᠤᠯᠠᠪᠠ᠃
ᠵᠠᠰᠠᠪᠤᠷᠢ ᠤᠷᠤᠭᠤᠯᠤᠭ᠍ᠰᠠᠨᠤ ᠳᠠᠷᠠᠭᠠᠬᠢ 《ᠬᠠᠤᠯᠢ ᠲᠤᠭ᠍ᠲᠠᠭᠠᠬᠤ ᠬᠠᠤᠯᠢ》 ᠵᠢ ᠲᠤᠭᠤᠱᠢᠯᠠᠭᠤᠯᠤᠨ ᠬᠡᠷᠡᠭᠵᠢᠬᠦᠯᠵᠦ᠂ ᠮᠠᠨ᠎ᠤ ᠤᠷᠤᠨ᠎ᠤ ᠬᠠᠤᠯᠢ ᠲᠤᠭ᠍ᠲᠠᠭᠠᠬᠤ ᠠᠵᠢᠯ᠎ᠤᠨ ᠲᠤᠷᠱᠢᠯᠭ᠎ᠠ᠎ᠶ᠋ᠢ ᠳ᠋ᠥᠡᠭ᠌ᠨᠡᠵᠦ᠍᠂ 《ᠬᠠᠤᠯᠢ ᠲᠤᠭ᠍ᠲᠠᠭᠠᠬᠤ ᠳᠦᠷᠢᠮ》 ᠳ᠋ᠦ ᠵᠠᠰᠠᠪᠤᠷᠢ ᠤᠷᠤᠭᠤᠯᠬᠤ ᠠᠵᠢᠯ᠎ᠢ ᠡᠬᠢᠯᠡᠬᠦᠯᠵᠦ᠍᠂ ᠨᠠᠮ᠎ᠤᠨ ᠲᠦᠪ ᠬᠣᠷᠢᠶ᠎ᠠ ᠵᠢᠨ ᠬᠠᠤᠯᠢ ᠲᠤᠭ᠍ᠲᠠᠭᠠᠬᠤ ᠠᠵᠢᠯ᠎ᠤᠨ ᠲᠤᠬᠠᠢ ᠱᠢᠢᠳᠪᠤᠷᠢ᠎ᠲᠦ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠤᠷᠤᠨ ᠨᠤᠲᠤᠭ᠎ᠤᠨ ᠬᠠᠤᠯᠢ ᠲᠤᠭ᠍ᠲᠠᠭᠠᠬᠤ ᠤᠢ᠍ᠢᠯᠡᠳᠦᠯᠭᠡᠶ᠋ᠢᠨ ᠲᠤᠮᠳᠠ ᠲᠤᠭᠤᠱᠢᠯᠠᠭᠤᠯᠤᠨ ᠨᠡᠢᠳᠡᠪᠤᠷᠢᠵᠢᠭᠤᠯᠪᠡ᠃ ᠬᠠᠤᠯᠢ ᠲᠣᠭ᠍ᠲᠠᠭᠠᠬᠤ ᠶᠠᠪᠤᠴᠠ᠎ᠳᠤ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠳᠠᠯᠠᠬᠤ ᠪᠠ ᠬᠦᠭᠵᠢᠬᠦᠯᠵᠦ᠂ ᠠᠷᠠᠳ᠎ᠠᠴᠠ ᠠᠷᠭ᠎ᠠ ᠤᠬᠠᠭᠠᠨ ᠠᠰᠠᠭᠤᠵᠤ᠂ ᠠᠷᠠᠳ᠎ᠠᠴᠠ ᠬᠡᠷᠡᠭ᠌ᠴᠡᠭᠡ᠎ᠶ᠋ᠢ᠎ᠨᠢ ᠠᠰᠠᠭᠤᠵᠤ᠂ ᠬᠠᠤᠯᠢ ᠲᠣᠭ᠍ᠲᠠᠭᠠᠯ᠎ᠤᠨ ᠲᠥᠰᠥᠯ᠎ᠳᠤ ᠨᠡᠢᠭᠡᠮ ᠨᠡᠢᠲᠡ᠎ᠠᠴᠠ ᠢᠯᠡ᠎ᠪᠠᠷ ᠰᠠᠨᠠᠯ ᠬᠤᠷᠢᠶᠠᠵᠤ᠂ ᠠᠷᠠᠳ ᠤᠯᠠᠨ᠎ᠤ ᠥᠷᠭᠡᠨ᠎ᠢᠶᠠᠷ ᠠᠩᠬᠠᠷᠴᠤ᠌ ᠪᠠᠢᠭ᠎ᠠ ᠠᠰᠠᠭᠤᠳᠠᠯ᠎ᠳᠤ ᠭᠡᠷᠡᠴᠢᠯᠡᠭᠡ ᠰᠣᠨᠣᠰᠭᠤ᠂ ᠨᠤᠲᠠᠯᠠᠯᠲᠠ ᠬᠢᠬᠦ᠂ ᠦᠨᠡᠯᠡᠨ ᠵᠢᠱ᠌ᠢᠯᠲᠡ ᠬᠢᠬᠦ᠂ ᠬᠠᠤᠯᠢ ᠲᠣᠭ᠍ᠲᠠᠭᠠᠯ ᠨᠢᠭᠡᠪᠦᠷᠢ᠎ᠶ᠋ᠢ ᠴᠥᠮ ᠠᠷᠠᠳ᠎ᠤᠨ ᠰᠠᠨᠠᠭ᠎ᠠ᠎ᠳᠤ ᠬᠦᠷᠭᠡᠵᠦ᠍᠂ ᠠᠷᠠᠳ᠎ᠤᠨ ᠠᠮᠢᠳᠤᠷᠠᠯ᠎ᠳᠤ ᠣᠢ᠌ᠷᠠᠲᠤᠭᠤᠯᠬᠤ᠂ ᠠᠷᠠᠳ᠎ᠤᠨ ᠰᠡᠳᠭᠢᠯ᠎ᠳᠤ ᠨᠡᠢᠴᠡᠭᠦᠯᠬᠦ᠌᠎ᠪᠠᠷ ᠴᠢᠷᠮᠠᠢᠪᠠ᠃
ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠩᠰᠠᠯᠠᠵᠤ ᠬᠢᠨᠠᠨ ᠪᠠᠢᠴᠠᠭᠠᠬᠤ᠎ᠶ᠋ᠢ ᠴᠢᠩᠭᠠᠳᠭᠠᠵᠤ᠂ 《ᠪᠢᠴᠢᠭ ᠮᠠᠲ᠋ᠧᠷᠢᠶᠠᠯ ᠪᠠᠢᠪᠠᠯ ᠵᠠᠪᠠᠯ ᠳᠠᠩᠰᠠᠯᠠᠬᠤ᠂ ᠳᠠᠩᠰᠠᠯᠠᠭᠤᠯᠤᠭ᠍ᠰᠠᠨ ᠪᠠᠢᠪᠠᠯ ᠵᠠᠪᠠᠯ ᠬᠢᠨᠠᠬᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ》 ᠵᠢ ᠪᠠᠷᠢᠮᠲᠠᠯᠠᠵᠤ᠂ ᠪᠦᠬᠦ᠌ ᠵᠢᠯ᠎ᠳᠤ 69 ᠬᠤᠪᠢ ᠮᠡᠳᠡᠭᠦᠯᠦᠨ ᠳᠠᠩᠰᠠᠯᠠᠭᠤᠯᠤᠭ᠍ᠰᠠᠨ ᠪᠢᠴᠢᠭ ᠮᠠᠲ᠋ᠧᠷᠢᠶᠠᠯ᠎ᠢ ᠬᠢᠨᠠᠨ ᠪᠠᠢᠴᠠᠭᠠᠵᠤ᠂ 20 ᠬᠤᠪᠢ᠎ᠶ᠋ᠢ ᠪᠤᠴᠠᠭᠠᠨ ᠦᠭ᠌ᠴᠦ ᠴᠡᠭ᠌ᠴᠡᠯᠡᠨ ᠵᠠᠰᠠᠭᠤᠯᠵᠤ᠂ ᠤᠷᠤᠱᠢᠵᠤ ᠪᠠᠢᠭ᠎ᠠ ᠠᠰᠠᠭᠤᠳᠠᠯ᠎ᠢ ᠴᠠᠭ ᠲᠤᠬᠠᠢᠳᠤᠨᠢ ᠵᠠᠯᠠᠷᠠᠭᠤᠯᠪᠡ᠃ ᠣᠷᠣᠨ ᠪᠦᠰᠡ ᠬᠠᠮᠵᠢᠯᠴᠠᠨ ᠬᠠᠤᠯᠢ ᠲᠣᠭ᠍ᠲᠠᠭᠠᠬᠤ᠎ᠶ᠋ᠢ ᠢᠳᠡᠪᠬᠢᠳᠡᠢ ᠲᠦᠯᠬᠢᠨ ᠠᠬᠢᠭᠤᠯᠵᠤ᠂ ᠵᠡᠭᠦᠨ ᠬᠤᠢᠲᠤ᠎ᠶ᠋ᠢᠨ ᠭᠤᠷᠪᠠᠨ ᠮᠤᠵᠢ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠲᠠᠢ ᠬᠠᠮᠵᠢᠯᠴᠠᠨ ᠬᠠᠤᠯᠢ ᠲᠣᠭ᠍ᠲᠠᠭᠠᠬᠤ ᠪᠠ ᠠᠵᠢᠯᠯᠠᠬᠤ ᠲᠣᠭ᠍ᠲᠠᠴᠠ᠎ᠶ᠋ᠢ ᠪᠠᠢᠭᠤᠯᠪᠠ᠃
ᠭᠤᠷᠪᠠ᠂ ᠵᠥᠪ ᠣᠨᠣᠪᠴᠢᠲᠠᠢ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠳᠤ ᠱᠢᠨ᠎ᠡ ᠵᠢᠳᠬᠦᠯ ᠭᠠᠷᠭᠠᠪᠠ
ᠬᠠᠤᠯᠢ ᠳ᠋ᠦ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ ᠶᠣᠰᠣᠭᠠᠷ ᠂ ᠬᠠᠤᠯᠢ᠎ᠪᠠᠷ ᠲᠣᠭ᠍ᠲᠠᠭᠠᠭ᠍ᠰᠠᠨ ᠬᠦᠷᠢᠶ᠎ᠡ ᠬᠡᠪᠴᠢᠶᠡᠨ᠎ᠳᠤ ᠬᠠᠤᠯᠢ᠎ᠪᠠᠷ ᠲᠣᠭ᠍ᠲᠠᠭᠠᠭ᠍ᠰᠠᠨ ᠳᠠᠷᠠᠭᠠᠯᠠᠯ᠎ᠢ ᠵᠢᠷᠤᠮᠯᠠᠨ ᠬᠢᠨᠠᠯᠲᠠ ᠲᠠᠯᠪᠢᠬᠤ᠎ᠶ᠋ᠢ ᠦᠷᠨᠢᠬᠦᠯᠵᠦ᠍᠂ 7 ᠤᠳᠠᠭ᠎ᠠ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠵᠣᠬᠢᠶᠠᠨ ᠪᠠᠢᠭᠤᠯᠵᠤ᠂ ᠲᠤᠰᠭᠠᠢ ᠠᠵᠢᠯ᠎ᠤᠨ ᠮᠡᠳᠡᠭᠦᠯᠦᠯᠲᠡ 38 ᠵᠦᠢᠯ᠎ᠢ ᠰᠣᠨᠣᠰᠤᠨ ᠬᠢᠨᠠᠨ ᠵᠥᠪᠯᠡᠵᠦ᠍᠂ ᠲᠤᠰᠭᠠᠢ ᠰᠡᠳᠦᠪ᠎ᠢᠶᠠᠷ ᠯᠠᠪᠯᠠᠨ ᠠᠰᠠᠭᠤᠬᠤ᠂ ᠠᠵᠢᠯ᠎ᠤᠨ ᠦᠨᠡᠯᠡᠯᠲᠡ ᠬᠢᠬᠦ᠂ ᠬᠠᠨᠤᠮᠵᠢ᠎ᠶ᠋ᠢᠨ ᠬᠡᠮᠵᠢᠶ᠎ᠡ᠎ᠶ᠋ᠢ ᠱᠢᠯᠭᠠᠨ ᠦᠨᠡᠯᠡᠬᠦ᠌᠎ᠶ᠋ᠢ 5 ᠤᠳᠠᠭ᠎ᠠ ᠥᠷᠨᠢᠭᠦᠯᠪᠡ᠃ 10 ᠬᠤᠪᠢ ᠲᠣᠭ᠍ᠲᠠᠭᠠᠯ᠂ ᠱᠢᠢᠳᠪᠦᠷᠢ ᠭᠠᠷᠭᠠᠪᠠ᠃
ᠠᠮᠢ ᠠᠬᠤᠢ᠎ᠶ᠋ᠢ ᠲᠡᠷᠢᠭᠦᠨ᠎ᠳᠤ ᠲᠠᠯᠪᠢᠵᠤ᠂ ᠪᠣᠬᠢᠷᠳᠤᠯ ᠦᠭᠡᠢ ᠬᠥᠭ᠌ᠵᠢᠭᠦᠯᠬᠦ᠌ ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠪᠡ᠃ 《ᠨᠤᠭᠤ ᠭᠠᠵᠠᠷ᠎ᠢ ᠬᠠᠮᠠᠭᠠᠯᠠᠬᠤ ᠬᠠᠤᠯᠢ》 ᠵᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠬᠤᠶᠠᠳᠤᠭᠠᠷ ᠡᠭᠡᠯᠵᠢ᠎ᠶ᠋ᠢᠨ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ᠎ᠶ᠋ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ᠂ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠰᠡᠷᠭᠡᠢᠯᠡᠨ ᠵᠠᠰᠠᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠠᠮᠢ ᠠᠬᠤᠢ᠎ᠶ᠋ᠢᠨ ᠣᠷᠴᠢᠨ ᠨᠥᠬᠦᠴᠡᠯ᠎ᠢ ᠱᠢᠰᠲ᠋ᠧᠮ᠎ᠲᠠᠢ᠎ᠪᠠᠷ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠲᠦᠯᠬᠢᠨ ᠠᠬᠢᠭᠤᠯᠪᠠ᠃ ᠲᠠᠷᠢᠶᠠᠯᠠᠩ᠎ᠤᠨ ᠤᠰᠤ ᠠᠷᠪᠢᠯᠠᠬᠤ ᠵᠡᠷᠭᠡ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ 《ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ ᠱᠢᠢᠳᠪᠦᠷᠢ》 ᠭᠠᠷᠭᠠᠪᠠ᠃ 《ᠲᠠᠪᠤ᠎ᠶ᠋ᠢ ᠲᠦᠢᠯᠪᠤᠷᠢᠲᠠᠢ ᠪᠠᠢᠴᠠᠭᠠᠬᠤ》 ᠠᠵᠢᠯᠯᠠᠭ᠎ᠠ ᠶ᠋ᠢᠨ ᠠᠬᠢᠴᠠ᠎ᠶ᠋ᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠠᠵᠤ ᠠᠬᠤᠢ ᠨᠡᠢᠭᠡᠮ᠎ᠤᠨ ᠬᠦᠷᠢᠶᠡᠨ᠎ᠳᠠᠬᠢ ᠶᠠᠰᠤ ᠴᠢᠨᠠᠷ ᠦᠷ᠎ᠡ ᠠᠱᠢᠭ ᠳᠣᠣᠷ᠎ᠠ᠂ ᠰᠡᠯᠡᠭᠦᠦ ᠲᠠᠯᠪᠢᠨ ᠪᠦᠷᠢᠯᠭᠡᠬᠦ᠌ ᠵᠡᠷᠭᠡ ᠠᠰᠠᠭᠤᠳᠠᠯ᠎ᠢ ᠱᠢᠢᠳᠪᠦᠷᠢᠯᠡᠬᠦ᠌᠎ᠪᠠᠷ ᠬᠦᠴᠦᠯᠡᠪᠠ᠃
ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠪᠠ᠃ ᠮᠠᠨ᠎ᠤ ᠣᠷᠣᠨ᠎ᠤ ᠡᠨᠧᠷᠭᠢ᠎ᠶ᠋ᠢᠨ ᠠᠵᠤ ᠦᠢᠯᠡᠰ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠬᠤ᠎ᠶ᠋ᠢᠨ ᠲᠣᠭᠤᠷᠢᠨ᠎ᠳᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠥᠷᠨᠢᠭᠦᠯᠦᠭ᠌ᠰᠡᠨ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌᠎ᠶ᠋ᠢᠨ ᠬᠠᠮᠲᠤ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ ᠥᠷᠨᠢᠭᠦᠯᠵᠦ᠍᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢ ᠠᠬᠢᠭᠤᠯᠪᠠ᠃ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢᠨ ᠲᠣᠭᠤᠷᠢᠨ᠎ᠳᠤ᠂ 《ᠦᠷ᠎ᠡ᠎ᠶ᠋ᠢᠨ ᠬᠠᠤᠯᠢ》 ᠵᠢᠨ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠥᠷᠨᠢᠭᠦᠯᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠭ᠍ᠰᠠᠨ᠂ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠦᠬᠡᠷ ᠬᠤᠨᠢᠨ ᠮᠢᠬᠠᠨ᠎ᠤ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠰᠦ ᠵᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌᠎ᠶ᠋ᠢᠨ ᠬᠠᠮᠲᠤ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ ᠤᠯᠤᠰ᠎ᠤᠨ ᠲᠠᠰ᠎ᠤᠨ 《ᠠᠮᠤ᠎ᠶ᠋ᠢᠨ ᠰᠠᠩ᠂ ᠮᠢᠬᠠᠨ᠎ᠤ ᠬᠥᠮᠥᠷᠭᠡ᠂ ᠰᠦ ᠵᠢᠨ ᠬᠥᠨᠥᠭ》 ᠢ᠋ ᠴᠣᠭ᠍ᠴᠠᠯᠠᠬᠤ᠎ᠳᠤ ᠬᠦᠴᠦᠨ ᠨᠡᠮᠡᠷᠢᠯᠡᠪᠡ᠃ ᠤᠮᠠᠷᠠᠰᠢ ᠨᠡᠭᠡᠭᠡᠯᠲᠡ ᠬᠢᠬᠦ᠌ ᠪᠠᠬᠢᠯᠡᠯᠲᠡ᠎ᠶ᠋ᠢᠨ ᠳᠠᠪᠠᠭᠤᠯᠢᠭ᠎ᠢ ᠪᠠᠳᠠᠷᠠᠭᠤᠯᠬᠤ᠎ᠶ᠋ᠢᠨ ᠲᠣᠭᠤᠷᠢᠨ᠎ᠳᠤ ᠪᠠᠢᠯᠳᠤᠬᠤ ᠪᠣᠳᠣᠯᠭ᠎ᠠ᠎ᠶ᠋ᠢᠨ ᠲᠥᠯᠦᠪᠵᠢᠭᠦᠯᠭᠡ᠎ᠶ᠋ᠢ ᠴᠢᠩᠭᠠᠳᠭᠠᠬᠤ᠂ ᠨᠠᠷᠮᠠᠢ ᠪᠣᠭᠤᠮᠲᠠ᠎ᠶ᠋ᠢᠨ ᠠᠵᠤ ᠠᠬᠤᠢ᠎ᠶ᠋ᠢ ᠬᠥᠭ᠌ᠵᠢᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠮᠠᠨ᠎ᠤ ᠣᠷᠣᠨ᠎ᠤ ᠭᠠᠳᠠᠭᠠᠳᠤ ᠨᠡᠭᠡᠭᠡᠯᠲᠡ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃
ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠬᠥᠭ᠌ᠵᠢᠯᠲᠡ᠎ᠶ᠋ᠢᠨ ᠬᠥᠳᠡᠯᠭᠡᠭᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠪᠠ᠃ ᠣᠨᠴᠠ ᠲᠥᠷᠥᠯ᠎ᠤᠨ ᠪᠡᠯᠡᠳᠭᠡᠮᠵᠢ᠎ᠶ᠋ᠢᠨ ᠠᠮᠤᠷ ᠲᠦᠪᠱᠢᠨ᠎ᠤ 《ᠨᠢᠭᠡ ᠬᠠᠤᠯᠢ ᠨᠢᠭᠡ ᠳᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠠᠶᠤᠯ ᠦᠭᠡᠢ ᠦᠢᠯᠡᠳᠪᠦᠷᠢᠯᠡᠯ᠎ᠤᠨ 《ᠨᠢᠭᠡ ᠬᠠᠤᠯᠢ ᠨᠢᠭᠡ ᠳᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠳᠤ ᠢᠯᠡᠷᠡᠭᠦᠯᠦᠭᠰᠡᠨ ᠣᠷᠣᠱᠢᠵᠤ ᠪᠠᠢᠭ᠎ᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌᠎ᠶ᠋ᠢᠨ ᠬᠠᠮᠲᠤ ᠲᠤᠰᠭᠠᠢ ᠰᠡᠳᠦᠪ᠎ᠢᠶᠠᠷ ᠯᠠᠪᠯᠠᠨ ᠠᠰᠠᠭᠤᠬᠤ ᠠᠵᠢᠯ᠎ᠢ ᠥᠷᠨᠢᠭᠦᠯᠪᠡ᠃ ᠲᠤᠭ᠎ᠠ ᠪᠦᠷᠢᠳᠭᠡᠯ᠎ᠤᠨ 《ᠨᠢᠭᠡ ᠬᠠᠤᠯᠢ ᠨᠢᠭᠡ ᠳᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠲᠤᠭ᠎ᠠ ᠪᠦᠷᠢᠳᠭᠡᠯ᠎ᠤᠨ ᠬᠠᠭᠤᠷᠮᠠᠭ᠍ᠯᠠᠨ ᠵᠣᠬᠢᠶᠠᠵᠤ ᠣᠯᠠᠨᠲᠠ ᠴᠠᠭᠠᠵᠠᠯᠠᠪᠠᠴᠤ᠌ ᠵᠣᠭ᠍ᠰᠣᠬᠤ ᠦᠭᠡᠢ ᠠᠰᠠᠭᠤᠳᠠᠯ᠎ᠢ ᠬᠦᠴᠦᠯᠡᠨ ᠰᠡᠷᠭᠡᠢᠯᠡᠪᠡ᠃ ᠠᠵᠤ ᠠᠬᠤᠢ᠌ᠯᠠᠯ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠤᠭ᠍ᠰᠠᠨ ᠪᠠᠢᠳᠠᠯ ᠪᠠ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠤᠨᠤᠰᠤᠨ ᠬᠢᠨᠡᠨ ᠵᠦᠪᠯᠡᠪᠡ᠃ 《ᠥᠪᠡᠷᠲᠡᠭᠡᠨ ᠵᠠᠰᠠᠬᠤ ᠣᠷᠣᠨ᠎ᠤ ᠷᠠᠱᠢᠶᠠᠨ ᠤᠰᠤᠨ᠎ᠤ ᠡᠬᠢ ᠪᠠᠶᠠᠯᠢᠭ᠎ᠤᠨ ᠭᠠᠢᠯᠢ ᠪᠣᠳᠣᠵᠤ ᠲᠠᠲᠠᠪᠤᠷᠢᠯᠠᠬᠤ ᠠᠷᠭ᠎ᠠ ᠬᠡᠯᠪᠡᠷᠢ ᠵᠢᠴᠢ ᠭᠠᠢᠯᠢ᠎ᠶ᠋ᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠌ ᠲᠣᠭ᠍ᠲᠠᠭᠠᠯ》 ᠢ᠋ ᠲᠤᠭ᠍ᠲᠠᠭᠠᠪᠠ᠃ ᠲᠥᠯᠥᠪᠯᠡᠭᠡ᠂ ᠲᠥᠰᠥᠪ ᠪᠠ ᠲᠥᠰᠥᠪ᠎ᠤᠨ ᠭᠦᠢᠴᠡᠳᠭᠡᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠡᠳ᠋᠎ᠤᠨ ᠵᠠᠰᠠᠭ᠎ᠤᠨ ᠲᠥᠰᠥᠪ᠎ᠤᠨ ᠪᠦᠬᠦ᠌ ᠱᠢᠰᠲ᠋ᠧᠮ᠎ᠤᠨ ᠬᠢᠨᠠᠨ ᠪᠠᠢᠴᠠᠭᠠᠯᠲᠠ᠂ ᠪᠦᠬᠦ᠌ ᠶᠠᠪᠤᠴᠠ᠎ᠶ᠋ᠢᠨ ᠬᠢᠨᠠᠯᠲᠠ᠎ᠶ᠋ᠢ ᠴᠢᠩᠭᠠᠳᠭᠠᠪᠠ᠃
ᠠᠷᠠᠳ᠎ᠤᠨ ᠠᠮᠢᠳᠤᠷᠡᠯ᠎ᠤᠨ ᠪᠤᠳᠠᠳᠤ ᠶᠠᠪᠤᠳᠠᠯ᠎ᠳᠤ ᠠᠩᠬᠠᠷᠤᠯ᠎ᠢᠶᠠᠨ ᠲᠦᠪᠯᠡᠷᠡᠬᠦᠯᠵᠦ᠍᠂ ᠬᠢᠨᠠᠯᠲᠠ ᠲᠠᠯᠪᠢᠬᠤ᠎ᠶ᠋ᠢ ᠦᠷᠨᠢᠬᠦᠯᠪᠡ᠃ ᠠᠷᠠᠳ ᠣᠯᠠᠨ᠎ᠤ ᠬᠠᠯᠠᠮᠱᠢᠯ ᠠᠰᠠᠭᠤᠳᠠᠯ᠎ᠳᠤ ᠢᠳᠡᠪᠬᠢᠲᠡᠢ ᠪᠠᠷ ᠬᠠᠷᠢᠭᠤᠯᠲᠠ ᠥᠭ᠌ᠴᠦ᠂ 《ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠠᠤᠯᠢ》᠂ 《ᠭᠡᠷ ᠪᠦᠯᠢ᠎ᠶ᠋ᠢᠨ ᠰᠤᠷᠭᠠᠨ ᠬᠥᠮᠦᠵᠢᠯ ᠢ ᠠᠬᠢᠭᠤᠯᠬᠤ ᠬᠠᠤᠯᠢ》 ᠵᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠪᠡ᠃ ᠥᠨᠳᠥᠷ ᠬᠡᠪ ᠪᠣᠯᠪᠠᠰᠤᠷᠠᠯ᠎ᠲᠠᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢᠨ ᠡᠩᠨᠡᠭᠡ᠎ᠶ᠋ᠢ ᠬᠥᠮᠥᠵᠢᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃ ᠠᠮᠢᠳᠤᠯᠢᠭ ᠠᠵᠢᠯ ᠣᠯᠭᠤᠯᠲᠠ᠎ᠶ᠋ᠢ ᠠᠬᠢᠭᠤᠯᠬᠤ᠂ ᠬᠦᠴᠢᠷᠳᠡᠯᠲᠡᠢ ᠬᠥᠮᠥᠰ᠎ᠤᠨ ᠠᠵᠢᠯ ᠣᠯᠭᠤᠯᠲᠠ᠎ᠶ᠋ᠢ ᠪᠠᠲᠤᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃ ᠬᠥᠳᠡᠭᠡ ᠲᠣᠰᠭᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠲᠣᠭ᠍ᠲᠠᠯᠴᠠᠭ᠎ᠠ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠯᠴᠠᠭ᠎ᠠ ᠶ᠋ᠢᠨ ᠪᠠᠢᠭᠤᠯᠤᠯᠲᠠ ᠶ᠋ᠢ ᠴᠢᠩᠭᠠᠳᠭᠠᠬᠤ ᠲᠠᠯ᠎ᠠ᠎ᠪᠠᠷ ᠬᠢᠨᠠᠯᠲᠠ ᠲᠠᠯᠪᠢᠵᠤ᠂ ᠡᠮᠴᠢᠯᠡᠭᠡᠨ᠎ᠤ ᠳᠠᠭᠠᠳᠭᠠᠯ᠎ᠤᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠭ᠌ᠰᠡᠨ ᠪᠠᠢᠳᠠᠯ᠎ᠳᠤ ᠠᠵᠢᠯ᠎ᠤᠨ ᠦᠨᠡᠯᠡᠯᠲᠡ ᠬᠢᠪᠡ᠃ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠠᠳᠠᠯ ᠠᠬᠤᠢ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠰ ᠳᠡᠪᠱᠢᠭᠦᠯᠬᠦ᠌᠎ᠶ᠋ᠢ ᠠᠬᠢᠭᠤᠯᠪᠠ᠃
ᠬᠠᠤᠯᠢ ᠶᠣᠰᠣᠭᠠᠷ ᠵᠠᠰᠠᠭ ᠶᠠᠪᠤᠭᠤᠯᠬᠤ᠂ ᠲᠥᠪ ᠭᠤᠣᠯᠴᠢ ᠪᠠᠷ ᠬᠠᠤᠯᠢ ᠪᠠᠷᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠬᠢᠨᠠᠯᠲᠠ ᠲᠠᠯᠪᠢᠬᠤ᠎ᠶ᠋ᠢ ᠦᠷᠨᠢᠬᠦᠯᠪᠡ᠃ 《ᠪᠠᠢᠴᠠᠭᠠᠬᠤ ᠲᠤᠱᠢᠶᠠᠯᠲᠠᠨ᠎ᠤ ᠬᠠᠤᠯᠢ》 ᠵᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠪᠡ᠃ 《ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠭ᠍ᠴᠢ ᠠᠵᠢᠯᠲᠠᠨ᠎ᠤ ᠳᠦᠷᠢᠮ》 ᠢ᠋ ᠬᠡᠷᠡᠭ᠌ᠵᠢᠭᠦᠯᠦᠭ᠌ᠰᠡᠨ᠂ ᠦᠨᠳᠦᠰᠦᠨ ᠱᠠᠲᠤᠨ᠎ᠤ ᠬᠠᠤᠯᠢ ᠴᠠᠭᠠᠵᠠ᠎ᠶ᠋ᠢᠨ ᠰᠠᠯᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠭ᠍ᠰᠠᠨ᠂ ᠪᠥᠬᠦ᠌ ᠣᠷᠣᠨ᠎ᠤ ᠱᠢᠭᠦᠬᠦ᠌ ᠬᠤᠷᠢᠶ᠎ᠠ᠎ᠶ᠋ᠢᠨ ᠵᠠᠭᠤᠷᠠᠯᠳᠤᠭᠠᠨ᠎ᠢ ᠣᠯᠠᠨ ᠲᠠᠯ᠎ᠠ᠎ᠪᠠᠷ ᠱᠢᠢᠳᠪᠦᠷᠢᠯᠡᠬᠦ᠌ ᠲᠣᠭ᠍ᠲᠠᠴᠠ᠎ᠶ᠋ᠢᠨ ᠪᠠᠢᠭᠤᠯᠤᠯᠲᠠ ᠵᠡᠷᠭᠡ ᠠᠵᠢᠯ᠎ᠤᠨ ᠮᠡᠳᠡᠭᠦᠯᠦᠯᠲᠡ᠎ᠶ᠋ᠢ ᠲᠣᠰ ᠲᠣᠰ ᠰᠣᠨᠣᠰᠴᠤ᠌ ᠬᠢᠨᠠᠨ ᠵᠥᠪᠯᠡᠪᠡ᠃ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠬᠤ ᠲᠣᠭ᠍ᠲᠠᠭᠠᠯ》 ᠢ᠋ ᠲᠤᠭ᠍ᠲᠠᠭᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢ᠎ᠲᠠᠢ ᠵᠡᠷᠭᠡ᠎ᠪᠠᠷ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠴᠡᠭ᠌ᠴᠡᠯᠡᠨ ᠵᠠᠰᠠᠭ᠍ᠰᠠᠨ ᠪᠠᠢᠳᠠᠯ᠎ᠤᠨ ᠲᠤᠬᠠᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠤᠨ ᠬᠢᠨᠠᠯᠲᠠ᠎ᠶ᠋ᠢᠨ ᠴᠢᠩᠳᠡ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠨᠠᠮ᠎ᠤᠨ ᠬᠣᠷᠢᠶ᠎ᠠ ᠵᠢᠨ ᠬᠢᠨᠠᠯᠲᠠ᠎ᠶ᠋ᠢ ᠨᠡᠪᠲᠡᠷᠡᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠳᠤᠮᠳᠠ ᠢᠯᠡᠷᠡᠭᠦᠯᠦᠭ᠌ᠰᠡᠨ ᠠᠰᠠᠭᠤᠳᠠᠯ᠎ᠢ ᠴᠠᠭ ᠲᠤᠬᠠᠢᠳᠤᠨᠢ ᠨᠡᠪᠲᠡᠷᠡᠭᠦᠯᠬᠦ᠌ ᠲᠠᠪᠴᠠᠩ᠎ᠳᠤ ᠲᠤᠱᠢᠶᠠᠵᠤ᠂ ᠠᠰᠠᠭᠤᠳᠠᠯ᠎ᠢ ᠢᠯᠡᠷᠡᠭᠦᠯᠪᠡᠯ ᠳᠠᠷᠠᠭᠠᠯᠠᠨ ᠴᠡᠭ᠌ᠴᠡᠯᠡᠨ ᠦᠭᠡᠷᠡᠴᠢᠯᠡᠵᠦ᠍᠂ ᠴᠠᠭ ᠲᠤᠬᠠᠢᠳᠤᠨᠢ ᠳᠠᠩᠰᠠᠨ᠎ᠠᠴᠠ ᠬᠠᠰᠤᠬᠤ᠂ ᠬᠢᠨᠠᠯᠲᠠ᠎ᠶ᠋ᠢᠨ ᠪᠢᠲᠡᠭᠦᠦ ᠴᠠᠭᠠᠷᠢᠭ᠎ᠢ ᠪᠦᠷᠢᠯᠳᠦᠭᠦᠯᠪᠡ᠃ ᠠᠰᠠᠭᠤᠳᠠᠯ᠎ᠳᠤ ᠱᠢᠭᠤᠳ ᠬᠠᠨᠳᠤᠵᠤ᠂ ᠰᠤᠯᠠᠷᠠᠭᠤᠯᠤᠯ ᠦᠭᠡᠢ ᠴᠢᠩᠭ᠎ᠠ ᠠᠳᠭᠤᠬᠤ᠎ᠶ᠋ᠢ ᠪᠠᠷᠢᠮᠲᠠᠯᠠᠵᠤ᠂ ᠨᠢᠭᠡᠨᠲᠡ ᠴᠡᠭ᠌ᠴᠡᠯᠡᠨ ᠰᠠᠢᠵᠢᠷᠠᠭᠤᠯᠤᠭ᠍ᠰᠠᠨ ᠶᠠᠪᠤᠳᠡᠯ᠎ᠳᠤ ᠠᠩᠬ᠎ᠠ ᠤᠳᠠᠭ᠎ᠠ ᠰᠤᠭᠤᠴᠢᠨ ᠪᠠᠢᠴᠠᠭᠠᠯᠲᠠ ᠬᠢᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠬᠦ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠠᠵᠢᠯ᠎ᠳᠤ ᠴᠢᠭ᠌ᠯᠡᠭᠦᠯᠦᠨ᠂ ᠴᠡᠭ ᠪᠠ ᠲᠠᠯ᠎ᠠ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠠᠪᠴᠤ᠌᠂ 《ᠡᠷᠬᠢᠨ ᠬᠠᠷᠠᠬᠤ》᠂ 《ᠲᠠᠬᠢᠨ ᠬᠢᠨᠠᠯᠲᠠ ᠲᠠᠯᠪᠢᠬᠤ》 ᠠᠵᠢᠯ ᠦᠷᠨᠢᠬᠦᠯᠵᠦ᠍᠂ ᠴᠡᠭ᠌ᠴᠡᠯᠡᠨ ᠰᠠᠢᠵᠢᠷᠠᠭᠤᠯᠬᠤ᠎ᠶ᠋ᠢ ᠪᠤᠲᠠᠲᠠᠢᠵᠢᠭᠤᠯᠤᠭ᠍ᠰᠠᠨ ᠦᠭᠡᠢ ᠪᠣᠯ ᠬᠢᠨᠠᠯᠲᠠ ᠲᠠᠯᠪᠢᠬᠤ᠎ᠶ᠋ᠢ ᠵᠣᠭ᠍ᠰᠤᠭᠠᠬᠤ ᠦᠭᠡᠢ ᠪᠠᠢᠬᠤ᠎ᠶ᠋ᠢ ᠪᠡᠶᠡᠯᠡᠭᠦᠯᠪᠡ᠃ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠯᠬᠢᠨ ᠠᠬᠢᠭᠤᠯᠬᠤ ᠲᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠣᠯᠳᠠᠯᠭ᠎ᠠ᠎ᠲᠠᠢ ᠬᠢᠨᠠᠯᠲᠠ ᠲᠠᠯᠪᠢᠬᠤ ᠠᠵᠢᠯᠯᠠᠭ᠎ᠠ᠎ᠶ᠋ᠢᠨ ᠲᠥᠰᠥᠯ ᠲᠣᠭ᠍ᠲᠠᠭᠠᠨ ᠨᠡᠢᠲᠡᠯᠡᠵᠦ᠂ 7 ᠬᠦᠷᠢᠶᠡᠨ᠎ᠳᠠᠬᠢ 24 ᠲᠠᠯ᠎ᠠ᠎ᠶ᠋ᠢᠨ ᠠᠵᠢᠯ᠎ᠤᠨ ᠲᠣᠭᠤᠷᠢᠨ᠎ᠳᠤ ᠭᠤᠤᠯᠳᠠᠯᠭ᠎ᠠ᠎ᠲᠠᠢ ᠬᠢᠨᠠᠯᠲᠠ ᠲᠠᠯᠪᠢᠬᠤ ᠲᠦᠷᠦᠯ ᠵᠦᠢᠯ ᠪᠠ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠪᠡ᠃
ᠳᠥᠷᠪᠡ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠶ᠋ᠢ ᠳᠠᠮᠵᠢᠨ ᠪᠠᠲᠤᠯᠠᠪᠠ
ᠲᠥᠯᠥᠭᠡᠯᠡᠭ᠌ᠴᠢᠳ᠎ᠤᠨ ᠤᠯᠤᠰ ᠲᠦᠷᠦ᠍᠎ᠶ᠋ᠢᠨ ᠲᠠᠯ᠎ᠠ᠎ᠪᠠᠷ ᠬᠦᠲᠦᠯᠦᠨ ᠳᠠᠭᠠᠭᠤᠯᠬᠤ ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠤ᠂ ᠲᠦᠯᠦᠭᠡᠯᠡᠭ᠌ᠴᠢᠳ᠎ᠲᠤ ᠣᠢ᠌ᠯᠠᠴᠢᠯᠡᠭᠦ᠌ ᠣᠬᠠᠮᠰᠠᠷ᠎ᠢᠶᠠᠨ ᠴᠢᠩᠭᠠᠳᠭᠠᠵᠤ᠂ ᠲᠦᠯᠦᠭᠡᠯᠡᠭ᠌ᠴᠢᠳ᠎ᠤᠨ ᠭᠦᠭᠦᠷᠭᠡ ᠶ᠋ᠢᠨ ᠣᠢ᠌ᠯᠡᠳᠣᠯᠢ ᠨᠠᠩ ᠰᠠᠢᠨ ᠪᠠᠳᠠᠷᠠᠭᠤᠯᠪᠠ᠃
ᠲᠥᠯᠥᠭᠡᠯᠡᠭ᠌ᠴᠢᠳ᠎ᠤᠨ ᠤᠯᠤᠰ ᠲᠦᠷᠦ᠍᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠤᠯᠤᠰ ᠲᠦᠷᠦ᠍᠎ᠶ᠋ᠢ ᠡᠷᠬᠢᠮᠯᠡᠬᠦ᠌᠎ᠶ᠋ᠢ ᠲᠦᠯᠦᠭᠡᠯᠡᠭ᠌ᠴᠢᠳ᠎ᠤᠨ ᠠᠵᠢᠯ᠎ᠤᠨ ᠲᠦᠷᠦᠬᠦᠨ ᠱᠠᠭᠠᠷᠳᠠᠯᠭ᠎ᠠ ᠪᠤᠯᠭᠠᠵᠤ᠂ 《ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠲᠤᠬᠠᠢ ᠰᠠᠨᠠᠯ》 ᠢ᠋ ᠲᠤᠭ᠍ᠲᠠᠭᠠᠵᠤ᠂ ᠲᠥᠯᠥᠭᠡᠯᠡᠭ᠌ᠴᠢᠳ᠎ᠤᠨ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠲᠦᠷᠦᠭᠦᠯᠡᠨ ᠬᠦᠷᠢᠶᠡᠯᠡᠬᠦ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠦᠷᠦᠭᠦᠯᠡᠨ ᠪᠠᠲᠤ ᠴᠣᠭ᠍ᠴᠠᠯᠠᠬᠤ ᠵᠡᠷᠭᠡ ᠲᠠᠪᠤᠨ ᠲᠠᠯ᠎ᠠ᠎ᠪᠠᠷ ᠥᠯᠢᠭᠡᠷ ᠳᠠᠭᠤᠷᠢᠶᠠᠯ ᠪᠣᠯᠬᠤ᠎ᠶ᠋ᠢ ᠬᠥᠮᠥᠵᠢᠭᠦᠯᠵᠦ᠍ ᠬᠥᠲᠥᠯᠥᠨ ᠵᠢᠯᠣᠭᠤᠳᠪᠠ᠃ ᠤᠯᠤᠰ ᠲᠦᠷᠦ᠍᠎ᠶ᠋ᠢᠨ ᠬᠦᠮᠦᠵᠢᠯ᠎ᠢ ᠲᠥᠯᠥᠭᠡᠯᠡᠭ᠌ᠴᠢᠳ᠎ᠤᠨ ᠡᠬᠦᠷᠭᠡ ᠲᠤᠱᠢᠶᠠᠯ᠎ᠢᠶᠠᠨ ᠬᠦᠢᠴᠡᠳᠭᠡᠬᠦ᠌ ᠪᠤᠯᠪᠠᠰᠤᠷᠡᠯ᠎ᠤᠨ ᠠᠩᠬᠠᠨ᠎ᠤ ᠬᠢᠴᠢᠶᠡᠯ ᠪᠤᠯᠭᠠᠵᠤ᠂ 《ᠨᠠᠮ᠎ᠤᠨ ᠬᠤᠷᠢᠳᠤᠭᠠᠷ ᠶᠡᠭᠡ ᠬᠤᠷᠡᠯ᠎ᠤᠨ ᠵᠤᠷᠢᠬ ᠰᠠᠨᠠᠭ᠎ᠠ᠎ᠶ᠋ᠢ ᠰᠤᠷᠤᠯᠴᠠᠵᠤ᠂ ᠡᠬᠦᠷᠭᠡ ᠲᠤᠱᠢᠶᠠᠯ᠎ᠢᠶᠠᠨ ᠬᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠬᠦᠯᠬᠦ᠌》 5 ᠬᠤᠭᠤᠴᠠᠭᠠᠨ᠎ᠤ ᠲᠤᠰᠭᠠᠢ ᠰᠡᠳᠦᠪᠲᠦ ᠪᠤᠯᠪᠠᠰᠤᠷᠡᠯᠢ ᠡᠷᠬᠢᠯᠡᠪᠡ᠃
ᠲᠦᠯᠦᠭᠡᠯᠡᠭ᠌ᠴᠢᠳ᠎ᠤᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠲᠥᠯᠥᠭᠡᠯᠡᠭ᠌ᠴᠢᠳ᠎ᠤᠨ ᠵᠠᠬᠢᠳᠠᠯ ᠰᠣᠷᠪᠤᠯᠵᠢᠯᠡᠯᠤᠨ ᠵᠦᠢᠯᠡᠰ᠎ᠢ ᠣᠷᠣᠯᠠᠨ ᠭᠦᠢᠴᠡᠳᠭᠡᠬᠦ᠂ ᠵᠠᠷᠭᠤᠯᠳᠤᠬᠤ᠎ᠠᠴᠠ ᠡᠮᠦᠨ᠎ᠡ ᠡᠶᠡᠳᠡᠭᠦᠯᠬᠦ᠌ ᠠᠵᠢᠯ᠎ᠳᠤ ᠣᠷᠤᠯᠴᠠᠬᠤ᠂ ᠲᠥᠯᠥᠭᠡᠯᠡᠭ᠌ᠴᠢᠳ ᠰᠠᠭᠤᠭ᠎ᠠ ᠨᠡᠢᠭᠡᠮ ᠲᠣᠭᠤᠷᠢᠭ᠎ᠲᠤ᠎ᠪᠠᠨ ᠣᠴᠢᠵᠤ ᠨᠡᠷ᠎ᠡ ᠮᠡᠳᠡᠭᠦᠯᠬᠦ᠂ ᠲᠤᠰᠭᠠᠭ᠍ᠰᠠᠨ ᠬᠢᠨᠠᠯᠲᠠ ᠲᠠᠯᠪᠢᠬᠤ ᠵᠦᠢᠯᠡᠰ᠎ᠤᠨ ᠳᠦᠷᠢᠮ ᠵᠡᠷᠭᠡ 4 ᠵᠦᠢᠯ᠎ᠤᠨ ᠱᠢᠨ᠎ᠡ ᠲᠣᠭ᠍ᠲᠠᠴᠠ᠎ᠶ᠋ᠢ ᠰᠦᠪᠡᠭ᠌ᠴᠢᠯᠠᠨ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 68 ᠲᠥᠯᠥᠭᠡᠯᠡᠭ᠌ᠴᠢ ᠵᠠᠬᠢᠳᠠᠯ ᠰᠣᠷᠪᠤᠯᠵᠢᠯᠡᠯᠤᠨ ᠣᠷᠣᠯᠠᠨ ᠭᠦᠢᠴᠡᠳᠭᠡᠭ᠌ᠴᠢ᠎ᠶ᠋ᠢᠨ ᠠᠵᠢᠯ᠎ᠢ ᠡᠭᠦᠷᠭᠡᠯᠡᠵᠦ᠍᠂ 6 ᠬᠤᠱᠢᠭᠤ ᠱᠢᠶᠠᠨ ᠲᠣᠭᠤᠷᠢᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠱᠢᠭᠦᠬᠦ᠌ ᠬᠣᠷᠢᠶ᠎ᠠ ᠵᠢᠨ ᠵᠠᠷᠭᠤᠯᠳᠤᠬᠤ᠎ᠠᠴᠠ ᠡᠮᠦᠨᠡᠬᠢ ᠡᠶᠡᠳᠡᠭᠦᠯᠭᠡ᠎ᠳᠤ ᠣᠷᠤᠯᠴᠠᠬᠤ ᠲᠤᠷᠱᠢᠯᠲᠠ᠎ᠶ᠋ᠢ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠳᠠᠬᠢ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠣᠯᠠᠮ ᠴᠢᠨᠠᠭ᠍ᠰᠢᠳᠠ ᠪᠠᠳᠠᠷᠠᠭᠤᠯᠪᠠ᠃
ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠬᠦᠢᠴᠡᠳᠭᠡᠬᠦ᠌ ᠠᠵᠢᠯ᠎ᠢ ᠰᠠᠢᠲᠤᠷ ᠬᠢᠪᠡ᠃ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠱᠢᠢᠳᠪᠤᠷᠢᠯᠡᠬᠦ᠌ ᠬᠢᠨᠠᠨ ᠱᠢᠯᠭᠠᠵᠤ ᠦᠨᠡᠯᠡᠬᠦ᠌ ᠠᠷᠭ᠎ᠠ᠎ᠶ᠋ᠢ ᠲᠣᠭ᠍ᠲᠠᠭᠠᠨ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠭᠤᠣᠯᠳᠠᠯᠭ᠎ᠠ ᠲᠠᠢ ᠱᠢᠪᠠᠳᠠᠭᠤᠯᠤᠨ ᠱᠢᠢᠳᠪᠦᠷᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ 18 ᠬᠤᠪᠢ ᠰᠠᠨᠠᠯ ᠵᠥᠪᠯᠡᠯᠭᠡ᠎ᠶ᠋ᠢ ᠪᠦᠬᠦᠨ᠎ᠢ ᠬᠢᠨᠠᠨ ᠵᠥᠪᠯᠡᠵᠦ᠍ ᠳᠠᠭᠤᠰᠭᠠᠵᠤ᠂ ᠡᠭᠦᠨ᠎ᠤ ᠳᠣᠲᠣᠷᠠᠬᠢ 10 ᠬᠤᠪᠢ᠎ᠶ᠋ᠢ ᠪᠠᠢᠩᠭᠤ᠎ᠶ᠋ᠢᠨ ᠬᠣᠷᠢᠶ᠎ᠠ ᠵᠢᠨ ᠣᠨ᠎ᠤ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠲᠥᠯᠥᠪᠯᠡᠭᠡ᠎ᠳᠤ ᠣᠷᠣᠭᠤᠯᠪᠠ᠃ 691 ᠬᠤᠪᠢ ᠰᠠᠨᠠᠯ ᠵᠥᠪᠯᠡᠯᠭᠡ᠎ᠶ᠋ᠢ ᠪᠥᠬᠦᠳᠡ᠎ᠶ᠋ᠢ ᠱᠢᠢᠳᠪᠦᠷᠢᠯᠡᠵᠦ᠍ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤᠯᠲᠠ ᠥᠭ᠌ᠴᠦ᠂ ᠱᠢᠢᠳᠪᠦᠷᠢᠯᠡᠭ᠌ᠳᠡᠭ᠌ᠰᠡᠨ ᠪᠤᠶᠤ ᠲᠥᠯᠥᠪᠯᠡᠭᠡᠨ᠎ᠳᠤ ᠣᠷᠣᠭᠤᠯᠤᠭ᠍ᠰᠠᠨ᠎ᠨᠢ 91.2%᠎ᠢ ᠡᠵᠡᠯᠡᠨ᠎ᠡ᠃ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠡᠭᠦᠷᠭᠡ ᠲᠤᠱᠢᠶᠠᠯ᠎ᠢᠶᠠᠨ ᠨᠠᠷᠢᠨ ᠬᠢᠨᠠᠮᠠᠭᠠᠢ ᠭᠦᠢᠴᠡᠳᠭᠡᠵᠦ᠍᠂ ᠠᠷᠠᠳ ᠲᠦᠮᠡᠨ᠎ᠤ ᠳᠤᠮᠳᠠ᠎ᠠᠴᠠ ᠢᠷᠡᠭ᠌ᠰᠡᠨ᠂ ᠠᠷᠠᠳ ᠲᠦᠮᠡᠨ᠎ᠤ ᠳᠤᠮᠳᠠ ᠦᠨᠳᠦᠰᠦᠯᠡᠭ᠌ᠰᠡᠨ ᠣᠨᠴᠠᠯᠢᠭ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠬᠡᠷᠡᠭ᠎ᠤᠨ ᠲᠥᠷᠥᠯ ᠵᠦᠢᠯ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠢᠯᠧᠲ᠎ᠢᠶᠠᠷ ᠱᠢᠢᠳᠪᠦᠷᠢ ᠭᠠᠷᠭᠠᠬᠤ ᠠᠵᠢᠯ᠎ᠳᠤ ᠢᠳᠡᠪᠬᠢᠲᠡᠢ ᠣᠷᠣᠯᠴᠠᠵᠤ᠂ ᠱᠢᠶᠠᠨ᠎ᠤ ᠱᠠᠲᠤᠨ᠎ᠤ 889 ᠲᠥᠷᠥᠯ ᠵᠦᠢᠯ᠂ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ 2783 ᠲᠥᠷᠥᠯ ᠵᠦᠢᠯ᠎ᠢ ᠬᠦᠢᠴᠡᠳᠭᠡᠪᠡ᠃
ᠲᠥᠯᠥᠭᠡᠯᠡᠭ᠌ᠴᠢᠳ᠎ᠤᠨ ᠡᠬᠦᠷᠭᠡ ᠲᠤᠱᠢᠶᠠᠯ᠎ᠢᠶᠠᠨ ᠭᠦᠢᠴᠡᠳᠭᠡᠬᠦ᠌ ᠳᠣᠮᠳᠠᠬᠢ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠪᠠ᠃ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠤᠷᠢᠵᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠳᠤ ᠰᠤᠯᠠ ᠣᠷᠣᠯᠴᠠᠭᠤᠯᠵᠤ᠂ ᠲᠥᠯᠥᠭᠡᠯᠡᠭ᠌ᠴᠢᠳ᠎ᠤᠨ ᠰᠤᠯᠠ ᠤᠷᠤᠯᠴᠠᠭ᠍ᠰᠠᠨ ᠶᠠᠷᠢᠯᠴᠠᠬᠤ ᠬᠤᠷᠠᠯ᠎ᠢ ᠪᠠᠢᠩᠭᠤᠵᠢᠭᠤᠯᠤᠨ ᠬᠤᠷᠠᠯᠳᠤᠭᠤᠯᠵᠤ᠂ ᠶᠠᠷᠢᠯᠴᠠᠬᠤ ᠬᠤᠷᠠᠯ ᠲᠡᠭᠡᠷ᠎ᠠ ᠲᠥᠯᠥᠭᠡᠯᠡᠭ᠌ᠴᠢᠳ᠎ᠤᠨ ᠳᠤᠷᠠᠳᠤᠭ᠍ᠰᠠᠨ 54 ᠵᠤᠷᠪᠤᠰ ᠰᠠᠨᠠᠭᠤᠯᠭ᠎ᠠ᠎ᠶ᠋ᠢ ᠴᠠᠭ ᠲᠤᠬᠠᠢᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠱᠢᠯᠵᠢᠭᠦᠯᠦᠨ ᠲᠤᠱᠢᠶᠠᠵᠤ ᠱᠢᠢᠳᠪᠦᠷᠢᠯᠡᠭᠦᠯᠦᠭ᠌ᠰᠡᠨ ᠪᠥᠭᠡᠳ ᠲᠥᠯᠥᠭᠡᠯᠡᠭ᠌ᠴᠢ᠎ᠳᠤ ᠬᠠᠷᠢᠭᠤᠯᠲᠠ ᠥᠭ᠌ᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠱᠢᠨ᠎ᠡ ᠡᠨᠧᠷᠭᠢ᠎ᠶ᠋ᠢᠨ ᠠᠵᠤ ᠦᠢᠯᠡᠰ᠂ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠭᠤᠣᠯ ᠰᠡᠳᠦᠪ᠎ᠤᠨ ᠲᠣᠭᠤᠷᠢᠨ᠎ᠳᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠬᠠᠤᠯᠢ ᠲᠣᠭ᠍ᠲᠠᠭᠠᠯᠲᠠ᠎ᠶ᠋ᠢᠨ ᠪᠠᠢᠴᠠᠭᠠᠨ ᠰᠤᠳᠤᠯᠤᠯᠲᠠ᠂ ᠲᠤᠰᠭᠠᠢ ᠰᠡᠳᠦᠪᠲᠦ ᠯᠠᠪᠯᠠᠨ ᠠᠰᠠᠭᠤᠬᠤ ᠵᠢᠴᠢ ᠰᠠᠨᠠᠯ ᠬᠤᠷᠢᠶᠠᠬᠤ ᠶᠠᠷᠢᠯᠴᠠᠬᠤ ᠬᠤᠷᠠᠯ᠎ᠳᠤ 284 ᠬᠥᠮᠥᠨ ᠤᠳᠠᠭ᠎ᠠ ᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠲᠥᠯᠥᠭᠡᠯᠡᠭ᠌ᠴᠢ ᠶ᠋ᠢᠨ 30 ᠳᠤᠭᠤᠢ᠌ᠯᠠᠩ ᠵᠣᠬᠢᠶᠠᠨ ᠪᠠᠢᠭᠤᠯᠵᠤ᠂ ᠡᠬᠦᠷᠭᠡ ᠲᠤᠱᠢᠶᠠᠯ᠎ᠢᠶᠠᠨ ᠭᠦᠢᠴᠡᠳᠭᠡᠬᠦ᠌ ᠠᠮᠢᠳᠤᠯᠢᠭ ᠪᠥᠭᠡᠳ ᠤᠯᠠᠨ ᠶᠠᠩᠵᠤ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠣᠨ ᠦᠷᠨᠢᠭᠦᠯᠪᠡ᠃ ᠲᠥᠯᠥᠭᠡᠯᠡᠭ᠌ᠴᠢᠳ᠎ᠤᠨ ᠡᠬᠦᠷᠭᠡ ᠲᠤᠱᠢᠶᠠᠯ᠎ᠢᠶᠠᠨ ᠭᠦᠢᠴᠡᠳᠭᠡᠬᠦ᠌ ᠮᠡᠳᠡᠭᠡ ᠵᠠᠩᠭᠢ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠲᠤ ᠳᠥᠭᠦᠮ ᠳᠥᠲᠡ ᠱᠢᠯᠵᠢᠮᠡᠯ ᠦᠵᠦᠭᠦᠷ ᠮᠡᠷᠭᠡᠵᠢᠯ᠎ᠤᠨ ᠦᠢᠯᠡᠴᠢᠯᠡᠭᠡ ᠬᠠᠩᠭᠠᠪᠠ᠃
ᠲᠠᠪᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠪᠠ
《ᠲᠦᠷᠪᠡᠨ ᠪᠠᠢᠭᠤᠯᠭ᠎ᠠ》 ᠵᠢᠨ ᠪᠠᠢᠭᠤᠯᠣᠯᠳᠠ᠎ᠶ᠋ᠢ ᠭᠦᠨᠵᠡᠭᠡᠢ ᠠᠭᠢᠭᠤᠯᠵᠤ᠂ ᠣᠯᠣᠰ ᠲᠦᠷᠣ᠎ᠶ᠋ᠢᠨ ᠵᠣᠭ᠍ᠰᠣᠯᠳᠠ ᠪᠠᠳᠣ᠂ ᠠᠷᠠᠳ ᠲᠦᠮᠠᠨ ᠳᠤ ᠣᠢ᠌ᠯᠠᠴᠢᠯᠡᠭᠦ᠌᠂ ᠬᠠᠣᠯᠢ ᠪᠠᠷ ᠵᠠᠰᠠᠬᠤ᠎ᠶ᠋ᠢ ᠡᠷᠭᠢᠮᠯᠡᠭᠦ᠌᠂ ᠠᠷᠠᠳᠴᠢᠯᠠᠯ᠎ᠢ ᠪᠠᠳᠠᠷᠠᠭᠤᠯᠬᠤ᠂ ᠬᠠᠷᠢᠭᠤᠴᠠᠯᠭ᠎ᠠ᠎ᠪᠠᠨ ᠭᠢᠴᠢᠶᠡᠩᠭᠦ᠋ᠢᠯᠠᠨ ᠭᠦᠢᠴᠡᠳᠭᠡᠭᠦ᠌ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠴᠢᠷᠮᠠᠢᠨ ᠡᠭᠦᠳᠪᠡ᠃
ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠪᠠ᠃ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠤᠳᠤᠭᠤᠯᠵᠤ᠂ 《ᠨᠢᠭᠡᠳᠦᠭᠡᠷ ᠵᠥᠪᠯᠡᠬᠦ᠌ ᠰᠡᠳᠦᠪ》 ᠤ᠋ᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠠᠮᠤᠭ᠎ᠤᠨ ᠱᠢᠨ᠎ᠡ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠶ᠋ᠢ ᠴᠠᠭ ᠲᠤᠬᠠᠢ ᠳᠤᠨᠢ᠎ᠲᠠᠭᠠᠨ ᠰᠤᠷᠤᠯᠴᠠᠵᠤ᠂ ᠤᠨᠤᠯ᠎ᠤᠨ ᠲᠠᠯ᠎ᠠ᠎ᠶ᠋ᠢᠨ ᠰᠡᠷᠭᠡᠭ ᠪᠠᠢᠬᠤ ᠪᠡᠷ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ ᠪᠠᠢᠬᠤ᠎ᠶ᠋ᠢ ᠪᠠᠲᠤᠯᠠᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠳᠦᠷ ᠲᠤᠳᠤᠮ᠎ᠤᠨ ᠰᠣᠷᠣᠯᠴᠠᠯᠭ᠎ᠠ ᠪᠠ ᠠᠵᠢᠯ᠎ᠳᠤ᠎ᠪᠠᠨ ᠠᠭᠤᠰᠤᠯᠴᠠᠭᠤᠯᠵᠤ᠂ ᠲᠤᠰᠭᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ᠎ᠶ᠋ᠢ ᠣᠯᠠᠨ ᠣᠳᠠᠭ᠎ᠠ ᠥᠷᠨᠢᠭᠦᠯᠵᠦ᠍᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ᠎ᠢ ᠤᠷᠢᠵᠤ ᠲᠤᠰᠭᠠᠢ ᠰᠡᠳᠦᠪᠲᠦ ᠲᠠᠢᠯᠤᠮᠵᠢ ᠬᠢᠯᠭᠡᠪᠡ᠃ 《ᠦᠨᠳᠦᠰᠦᠲᠡᠨ᠎ᠤ ᠲᠦᠷᠦ᠍᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠵᠢᠨ ᠠᠵᠢᠯᠯᠠᠭ᠎ᠠ ᠥᠷᠨᠢᠭᠦᠯᠪᠡ᠃ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠤᠯᠠᠨ ᠲᠦᠮᠡᠨ᠎ᠤ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠭᠦ᠎ᠶ᠋ᠢ ᠵᠣᠭᠢᠶᠠᠨ ᠪᠠᠢᠭᠤᠯᠵᠤ᠂ ᠨᠠᠮ᠎ᠤᠨ ᠭᠡᠱᠢᠭᠦᠨ᠂ ᠺᠠᠳ᠋ᠷᠴᠤᠳ᠎ᠢ ᠬᠥᠲᠥᠯᠥᠨ ᠵᠢᠯᠤᠭᠤᠳᠴᠤ᠌ ᠪᠠᠢᠭᠠᠳ 《ᠵᠢᠷᠭᠤᠭᠠᠨ ᠥᠭᠦᠯᠡᠪᠦᠷᠢ》 ᠵᠢᠨ ᠪᠣᠳᠠᠲᠤ ᠬᠡᠷᠡᠭ ᠪᠠ ᠶᠣᠰᠣ ᠤᠴᠢᠷ᠎ᠢ ᠪᠠᠲᠤ ᠴᠡᠭᠡᠵᠢᠯᠡᠭᠦᠯᠪᠡ᠃ ᠪᠠᠢᠩᠭᠤ ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠪᠠᠢᠭᠤᠯᠭ᠎ᠠ᠎ᠶ᠋ᠢᠨ ᠡᠯ᠎ᠠ ᠱᠠᠳᠣᠨ᠎ᠤ ᠵᠣᠭᠢᠶᠠᠨ ᠪᠠᠢᠭᠤᠯᠣᠯᠳᠠ᠎ᠳᠤ ᠤᠳᠤᠷᠢᠳᠤᠯᠭ᠎ᠠ᠎ᠶ᠋ᠢ ᠴᠢᠩᠭᠠᠳᠭᠠᠵᠤ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢ᠌ᠯᠠᠩ᠂ ᠲᠤᠰᠭᠠᠢ ᠵᠥᠪᠯᠡᠯ᠎ᠤᠨ ᠬᠤᠪᠢᠶᠠᠷᠢ ᠨᠠᠮ᠎ᠤᠨ ᠤᠳᠤᠷᠢᠳᠭᠤ ᠳᠤᠭᠤᠢ᠌ᠯᠠᠩ᠎ᠤᠨ ᠣᠨ᠎ᠤ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠡᠯ᠎ᠠ ᠱᠠᠳᠣ ᠲᠠᠪᠬᠤᠷᠭ᠎ᠠ᠎ᠶ᠋ᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃
ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠪᠡ᠃ ᠪᠠᠢᠩᠭᠤ᠎ᠶ᠋ᠢᠨ ᠬᠤᠷᠢᠶ᠎ᠠ ᠪᠠ ᠲᠤᠰᠭᠠᠢ ᠵᠥᠪᠯᠡᠯ᠎ᠤᠨ ᠪᠦᠷᠢᠯᠳᠦᠭᠦᠨ᠎ᠤ ᠨᠠᠰᠤ ᠵᠢᠯ᠂ ᠲᠤᠰᠭᠠᠢ ᠮᠡᠷᠭᠡᠵᠢᠯ᠎ᠤᠨ ᠪᠦᠲᠦᠴᠡ᠎ᠶ᠋ᠢ ᠰᠠᠢᠵᠢᠷᠠᠭᠤᠯᠵᠤ᠂ ᠵᠠᠯᠠᠭᠤ ᠲᠤᠰᠭᠠᠢ ᠲᠤᠱᠢᠶᠠᠯᠲᠠᠨ᠎ᠢ ᠰᠠᠢᠲᠤᠷ ᠬᠥᠮᠥᠵᠢᠭᠦᠯᠦᠨ ᠬᠡᠷᠡᠭ᠌ᠯᠡᠪᠡ᠃ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠰᠤᠳᠤᠯᠭᠠᠨ᠎ᠤ ᠲᠥᠪ᠎ᠢ ᠪᠠᠢᠭᠤᠯᠵᠤ᠂ ᠬᠠᠤᠯᠢ ᠲᠣᠭ᠍ᠳᠠᠭᠠᠬᠤ ᠠᠵᠢᠯ᠎ᠤᠨ ᠡᠩᠨᠡᠭᠡ᠎ᠶ᠋ᠢᠨ ᠪᠠᠢᠭᠤᠯᠣᠯᠳᠠ᠎ᠶ᠋ᠢ ᠴᠢᠩᠭᠠᠳᠭᠠᠪᠠ᠃ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ 《ᠡᠳ᠋᠎ᠤᠨ ᠵᠠᠰᠠᠭ ᠠᠵᠤ ᠠᠬᠤᠢ᠎ᠶ᠋ᠢᠨ ᠠᠵᠢᠯ᠎ᠤᠨ ᠵᠥᠪᠯᠡᠯ》᠂ 《ᠠᠵᠢᠯᠲᠠᠨ᠎ᠤ ᠶᠠᠪᠤᠳᠠᠯ ᠲᠥᠯᠥᠭᠡᠯᠡᠭ᠌ᠴᠢᠳ ᠰᠤᠩᠭᠤᠭᠤᠯᠢ᠎ᠶ᠋ᠢᠨ ᠠᠵᠢᠯ᠎ᠤᠨ ᠵᠥᠪᠯᠡᠯ》 ᠤ᠋ᠨ ᠨᠡᠷᠡᠢᠳᠦᠯ ᠢ 《ᠲᠥᠰᠥᠪ᠎ᠤᠨ ᠠᠵᠢᠯ᠎ᠤᠨ ᠵᠥᠪᠯᠡᠯ》 ᠪᠠ 《ᠲᠥᠯᠥᠭᠡᠯᠡᠭ᠌ᠴᠢᠳ᠎ᠤᠨ ᠠᠵᠢᠯ᠎ᠤᠨ ᠵᠥᠪᠯᠡᠯ》 ᠭᠡᠵᠦ᠍ ᠨᠢᠭᠡᠳᠦᠯᠲᠡᠢ ᠵᠢᠷᠤᠮᠵᠢᠭᠤᠯᠵᠤ᠂ ᠥᠭᠡᠷᠡᠴᠢᠯᠡᠭ᠌ᠰᠡᠨ᠎ᠤ ᠳᠠᠷᠠᠭᠠᠬᠢ ᠪᠠᠢᠭᠤᠯᠤᠮᠵᠢ᠎ᠶ᠋ᠢᠨ ᠨᠡᠷᠡᠢᠳᠦᠯ᠎ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠨᠡᠷᠡᠢᠳᠤᠯ᠎ᠲᠠᠢ ᠨᠢᠭᠡᠳᠦᠯᠲᠡᠢ ᠪᠣᠯᠭᠠᠪᠠ᠃
ᠣᠪᠣᠷ ᠰᠤᠷᠲᠠᠯ ᠦᠷ᠎ᠡ ᠪᠦᠲᠦᠮᠵᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠪᠡ᠃ ᠲᠥᠪ ᠤ᠋ᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠳᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢ᠌ᠯᠠᠩ᠎ᠤᠨ 《ᠬᠡᠷᠡᠭ᠌ᠵᠢᠭᠦᠯᠬᠦ᠌ ᠠᠷᠭ᠎ᠠ》 ᠳ᠋ᠦ ᠵᠠᠰᠠᠪᠤᠷᠢ ᠣᠷᠣᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠥᠬᠦᠷᠡᠰᠢ ᠦᠭᠡᠢ ᠵᠠᠯᠠᠷᠠᠭᠤᠯᠪᠠ᠃ 《ᠪᠠᠢᠩᠭᠤ᠎ᠶ᠋ᠢᠨ ᠬᠣᠷᠢᠶ᠎ᠠ ᠵᠢᠨ ᠬᠤᠷᠠᠯ ᠤ᠋ᠨ ᠬᠢᠨᠠᠨ ᠵᠦᠪᠯᠡᠭᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠷᠭ᠎ᠠ》 ᠵᠢ ᠲᠣᠭ᠍ᠲᠠᠭᠠᠵᠤ᠂ ᠪᠦᠷᠢᠯᠳᠦᠭᠦᠨ ᠨᠠᠷ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ》 ᠤ᠋ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ 《ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠂ ᠬᠤᠷᠳᠤᠴᠠ᠎ᠶ᠋ᠢ ᠲᠦᠷᠭᠡᠳᠭᠡᠬᠦ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》 ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠭᠡᠷᠡᠭ᠌ᠵᠢᠭᠦᠯᠪᠠ᠃ ᠲᠤᠷᠱᠢᠯᠭ᠎ᠠ᠎ᠶ᠋ᠢᠨ ᠦᠷ᠎ᠡ ᠪᠦᠲᠦᠭᠡᠯ᠎ᠢ ᠶᠡᠭᠡ᠎ᠪᠠᠷ ᠳᠡᠯᠭᠡᠷᠡᠬᠦᠯᠬᠦ᠌ᠶ᠋ᠢ ᠢᠳᠡᠪᠬᠢᠲᠡᠢ ᠥᠷᠨᠢᠭᠦᠯᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠳᠤᠮᠳᠠᠬᠢ ᠠᠮᠵᠢᠯᠲᠠ᠎ᠲᠠᠢ ᠲᠤᠷᠱᠢᠯᠭ᠎ᠠ ᠪᠠ ᠠᠷᠭ᠎ᠠ ᠬᠢᠳᠡᠯ᠎ᠢ ᠭᠦᠢᠴᠡᠳ ᠠᠭᠤᠳᠠᠯᠤᠨ ᠲᠠᠯᠭᠡᠷᠡᠭᠦᠯᠪᠠ᠃
ᠦᠢᠯᠡᠴᠢᠯᠡᠭᠡ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠷᠠᠭᠤᠯᠪᠠ᠃ ᠤᠯᠠᠮᠵᠢᠯᠠᠯᠲᠤ ᠵᠠᠭᠤᠴᠢᠯᠠᠭᠤᠷ ᠪᠠ ᠱᠢᠨ᠎ᠡ ᠵᠠᠭᠤᠴᠢᠯᠠᠭᠤᠷ᠎ᠢ ᠨᠡᠢᠳᠭᠡᠨ ᠠᠭᠤᠰᠣᠯᠴᠠᠭᠤᠯᠬᠤ᠎ᠶ᠋ᠢ ᠠᠭᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ ᠤᠬᠠᠭᠤᠯᠭ᠎ᠠ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠪᠠ᠃ ᠲᠣᠮᠳᠠᠳᠣ᠎ᠶ᠋ᠢᠨ ᠣᠷᠴᠢᠨ ᠲᠣᠭᠤᠷᠢᠨ᠎ᠢ ᠬᠠᠮᠠᠭᠠᠯᠠᠬᠤ ᠡᠷᠢᠨ ᠵᠠᠭᠤᠨ᠎ᠤ ᠠᠶᠠᠯᠠᠯ᠎ᠤᠨ ᠣᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠲᠠᠭᠠᠭᠠᠨ ᠡᠷᠭᠢᠯᠠᠵᠤ᠂ ᠪᠦᠭᠦ᠌ ᠣᠯᠣᠰ᠎ᠤᠨ ᠭᠡᠪᠴᠢᠶᠠᠨ᠎ᠳᠤ ᠮᠠᠨ᠎ᠤ ᠣᠷᠣᠨ᠎ᠤ ᠠᠮᠢ ᠠᠬᠤᠢ᠎ᠶ᠋ᠢᠨ ᠪᠣᠯᠪᠠᠰᠣᠨ᠎ᠤ ᠪᠠᠢᠭᠤᠯᠣᠯᠳᠠ᠎ᠶ᠋ᠢᠨ ᠲᠣᠷᠱᠢᠯᠭ᠎ᠠ ᠪᠠ ᠦᠷ᠎ᠠ ᠪᠦᠳᠦᠮᠵᠢ᠎ᠶ᠋ᠢ ᠲᠠᠨᠢᠯᠴᠠᠭᠤᠯᠪᠠ᠃ ᠡᠯ᠎ᠡ ᠲᠦᠷᠦᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠱᠢᠰᠲ᠋ᠧᠮ᠎ᠲᠠᠢ ᠪᠠᠷ ᠰᠦᠪᠡᠭ᠌ᠴᠢᠯᠡᠨ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠲᠣᠭᠠᠴᠢᠯᠠᠭ᠍ᠰᠠᠨ᠂ ᠣᠶᠤᠨᠴᠢᠯᠠᠭ᠍ᠰᠠᠨ ᠲᠦᠪᠱᠢᠨ᠎ᠢ ᠳᠡᠭᠡᠭ᠌ᠰᠢᠯᠡᠭᠦᠯᠪᠡ᠃ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠤᠶᠤᠨ᠎ᠤ ᠬᠥᠮᠥᠷᠭᠡ᠎ᠶ᠋ᠢ ᠪᠠᠢᠭᠤᠯᠵᠤ᠂ ᠡᠯ᠎ᠡ ᠲᠠᠯ᠎ᠠ᠎ᠶ᠋ᠢᠨ ᠤᠶᠤᠨ ᠤᠬᠠᠭᠠᠨ ᠬᠦᠴᠦᠨ ᠴᠢᠳᠠᠯ᠎ᠢ ᠱᠢᠩᠭᠡᠬᠡᠨ ᠠᠪᠴᠤ᠌ ᠠᠷᠠᠳ᠎ᠤᠨ ᠲᠥᠯᠥᠭᠡᠯᠡᠭ᠌ᠴᠢᠳ᠎ᠤᠨ ᠠᠵᠢᠯ᠎ᠳᠤ ᠣᠷᠣᠯᠴᠠᠭᠤᠯᠪᠠ᠃
ᠠᠢᠮᠠᠭ ᠬᠤᠲᠠ ᠬᠤᠱᠢᠭᠤ ᠱᠢᠶᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠠᠵᠢᠯ᠎ᠤᠨ ᠰᠣᠯᠢᠯᠴᠠᠭ᠎ᠠ᠎ᠶ᠋ᠢ ᠴᠢᠩᠭᠠᠳᠭᠠᠵᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠂ ᠪᠦᠬᠦᠯᠢ ᠴᠣᠭ᠍ᠴᠠ᠎ᠪᠠᠷ ᠠᠬᠢᠭᠤᠯᠬᠤ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠪᠡ᠃
ᠲᠥᠯᠥᠭᠡᠯᠡᠭ᠌ᠴᠢᠳ ᠠ᠋!
ᠥᠩᠭᠡᠷᠡᠭ᠌ᠰᠡᠨ ᠨᠢᠭᠡ ᠵᠢᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ ᠠᠮᠵᠢᠯᠲᠠ ᠪᠦᠲᠦᠮᠵᠢ ᠣᠯᠣᠭ᠍ᠰᠠᠨ᠎ᠨᠢ ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠤᠳᠤᠯᠭ᠎ᠠ ᠳᠣᠣᠷ᠎ᠠ᠂ 《ᠬᠤᠶᠠᠷ᠎ᠢ ᠲᠣᠭ᠍ᠲᠠᠭᠠᠭ᠍ᠰᠠᠨ》 ᠢ᠋ ᠯᠠᠪᠳᠠᠭᠤᠨ ᠪᠠᠲᠤᠲᠠᠢ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠭ᠌ᠰᠡᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠪᠦᠬᠦ᠌ ᠲᠥᠯᠥᠭᠡᠯᠡᠭ᠌ᠴᠢᠳ᠎ᠤᠨ ᠤᠶᠤᠨ ᠤᠬᠠᠭᠠᠨ ᠬᠦᠴᠦᠨ ᠴᠢᠳᠠᠯ ᠪᠣᠯᠣᠨ ᠱᠢᠷᠭᠠᠭᠤ ᠴᠢᠷᠮᠠᠢᠯᠭ᠎ᠠ ᠱᠢᠩᠭᠡᠵᠦ᠍᠂ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠳᠣᠨ᠂ ᠨᠢᠭᠡ ᠵᠥᠪᠯᠡᠯ᠂ ᠬᠤᠶᠠᠷ ᠬᠤᠷᠢᠶ᠎ᠠ》᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠨᠡᠢᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ᠎ᠶ᠋ᠢ ᠣᠯᠪᠠ᠃ ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ᠂ ᠲᠠ ᠪᠦᠭᠦᠳᠠ᠎ᠳᠤ ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠪᠢᠳᠡ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠳᠤᠮᠳᠠ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠭ᠎ᠠ ᠪᠠᠨ ᠲᠣᠳᠣᠷᠬᠠᠢ ᠲᠠᠨᠢᠵᠤ ᠪᠣᠢ᠃ ᠭᠤᠣᠯᠳᠠᠭᠤ᠄ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢᠶᠠᠨ ᠵᠢᠯᠤᠭᠤᠳᠤᠭᠤᠯᠬᠤ ᠦᠢᠯᠡᠳᠦᠯᠭᠡ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠢ ᠪᠠᠢᠨ᠎ᠠ; ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠠᠵᠢᠯ᠂ ᠴᠢᠬᠤᠯᠠ ᠶᠡᠭᠡ ᠥᠭᠡᠷᠡᠴᠢᠯᠡᠯᠲᠡ᠎ᠳᠤ ᠬᠠᠤᠯᠢ ᠪᠠᠷ ᠵᠠᠰᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠴᠢᠬᠤᠯᠠᠲᠠᠢ; ᠲᠣᠪᠤᠢᠮ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠩᠳᠡ ᠬᠢᠨᠠᠯᠲᠠ ᠲᠠᠯᠪᠢᠬᠤ᠎ᠶ᠋ᠢ ᠬᠦᠴᠦᠲᠡᠢ ᠪᠥᠭᠡᠳ ᠪᠦᠲᠦᠮᠵᠢᠲᠡᠢ ᠥᠷᠨᠢᠭᠦᠯᠬᠦ᠌ ᠤᠪᠤᠷ ᠰᠤᠷᠳᠠᠯ ᠪᠠ ᠴᠢᠳᠠᠪᠤᠷᠢ᠎ᠪᠠᠨ ᠴᠢᠩᠭᠠᠳᠭᠠᠬᠤ ᠴᠢᠬᠤᠯᠠᠲᠠᠢ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠡᠬᠦᠷᠭᠡ ᠲᠤᠱᠢᠶᠠᠯ᠎ᠢᠶᠠᠨ ᠭᠦᠢᠴᠡᠳᠭᠡᠬᠦ᠌᠎ᠳᠤ ᠪᠦᠲᠦᠮᠵᠢᠲᠡᠢ ᠲᠠᠪᠴᠠᠩ ᠪᠠ ᠠᠴᠢᠶᠠᠯᠠᠪᠤᠷᠢ᠎ᠶ᠋ᠢ ᠬᠠᠩᠭᠠᠬᠤ ᠶᠠᠪᠤᠳᠠᠯ᠎ᠢ ᠪᠠᠰᠠ ᠲᠡᠭᠦᠯᠳᠡᠷᠵᠢᠭᠦᠯᠬᠦ᠌ ᠴᠢᠬᠤᠯᠠᠲᠠᠢ ᠵᠡᠷᠭᠡ᠃ ᠪᠠᠢᠩᠭᠤ᠎ᠶ᠋ᠢᠨ ᠬᠤᠷᠢᠶ᠎ᠠ ᠡᠳᠡᠭᠡᠷ ᠠᠰᠠᠭᠤᠳᠠᠯ᠎ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠍᠂ ᠬᠦᠴᠦᠲᠡᠢ ᠠᠷᠭ᠎ᠠ ᠬᠡᠮᠵᠢᠶ᠎ᠡ ᠠᠪᠴᠤ᠌᠂ ᠲᠣᠭ᠍ᠲᠠᠭᠤᠨ᠎ᠤ ᠲᠤᠮᠳᠠ ᠤᠷᠤᠭ᠍ᠰᠢᠯᠠᠨ ᠳᠠᠪᠱᠢᠬᠤ ᠪᠠᠷ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠯᠬᠢᠨ ᠠᠬᠢᠭᠤᠯᠤᠨ᠎ᠠ᠃
ᠬᠤᠢᠱᠢᠳᠠ᠎ᠶ᠋ᠢᠨ ᠨᠢᠭᠡ ᠵᠢᠯ᠎ᠤᠨ ᠭᠤᠣᠯ ᠡᠭᠦᠷᠭᠡ
2024 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠤᠢ ᠮᠥᠨ᠂ ᠪᠠᠰᠠ ᠴᠤ᠌ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠲᠣᠭ᠍ᠲᠠᠭᠠᠭ᠍ᠰᠠᠨ 70 ᠵᠢᠯ᠎ᠤᠨ ᠤᠢ ᠮᠥᠨ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠬᠤᠶᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠤᠶᠠᠷ᠎ᠢ ᠲᠣᠭ᠍ᠲᠠᠭᠠᠭ᠍ᠰᠠᠨ》 ᠤ᠋ ᠱᠢᠢᠳᠪᠦᠷᠢᠯᠡᠭ᠌ᠴᠢ ᠠᠴᠢ ᠬᠤᠯᠪᠣᠭ᠍ᠳᠠᠯ᠎ᠢ ᠭᠦᠨᠵᠡᠭᠡᠢ ᠣᠢ᠌ᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ᠌ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠪᠠᠷ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠪᠣᠯᠭᠠᠵᠤ᠂ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ᠎ᠢ ᠰᠠᠢᠲᠤᠷ ᠬᠢᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠵᠢᠷᠭᠤᠭᠠᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠱᠢᠨ᠎ᠡ ᠵᠠᠮ᠎ᠢ ᠨᠡᠭᠡᠭᠡᠨ᠂ ᠳᠤᠮᠳᠠ ᠲᠦᠪᠱᠢᠨ᠎ᠳᠤ ᠳᠠᠪᠱᠢᠨ ᠣᠷᠣᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠬᠦᠴᠦᠨ ᠴᠢᠳᠠᠯ᠎ᠢᠶᠠᠨ ᠡᠷᠭᠦᠨ᠎ᠡ᠃
ᠨᠢᠭᠡ᠎ᠳᠤ ᠴᠢᠨᠠᠷ ᠰᠠᠢᠲᠠᠢ ᠬᠠᠤᠯᠢ ᠲᠤᠭ᠍ᠲᠠᠭᠠᠯᠲᠠ ᠪᠠᠷ ᠴᠢᠨᠠᠷ ᠰᠠᠢᠲᠠᠢ ᠬᠦᠭ᠌ᠵᠢᠯᠲᠡ᠎ᠶ᠋ᠢ ᠪᠠᠲᠤᠯᠠᠨ᠎ᠡ᠃ ᠨᠠᠮ᠎ᠤᠨ ᠬᠤᠷᠢᠶ᠎ᠠ ᠤᠳᠤᠷᠢᠳᠤᠭ᠍ᠰᠠᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢᠶᠠᠷ ᠭᠤᠤᠯᠯᠠᠭᠤᠯᠤᠭ᠍ᠰᠠᠨ᠂ ᠵᠠᠰᠠᠭ᠎ᠤᠨ ᠣᠷᠳᠣᠨ᠎ᠳᠤ ᠲᠦᠱᠢᠭ᠌ᠯᠡᠭ᠌ᠰᠡᠨ᠂ ᠡᠯ᠎ᠡ ᠲᠠᠯ᠎ᠠ᠎ᠶ᠋ᠢᠨ᠎ᠬᠢᠨ ᠣᠷᠣᠯᠴᠠᠭ᠍ᠰᠠᠨ ᠬᠠᠤᠯᠢ ᠲᠣᠭ᠍ᠲᠠᠭᠠᠬᠤ ᠠᠵᠢᠯ᠎ᠤᠨ ᠪᠠᠢᠷᠢᠱᠢᠯ᠎ᠢ ᠪᠠᠷᠢᠮᠲᠠᠯᠠᠵᠦ᠍᠂ ᠠᠵᠤ ᠠᠬᠤᠢ ᠨᠡᠢᠭᠡᠮ᠎ᠤᠨ ᠬᠥᠭ᠌ᠵᠢᠯᠲᠡ ᠪᠠ ᠥᠭᠡᠷᠡᠴᠢᠯᠡᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠠᠤᠯᠢ ᠲᠣᠭ᠍ᠲᠠᠭᠠᠬᠤ ᠠᠵᠢᠯ᠎ᠢ ᠪᠦᠲᠦᠭᠡᠯᠴᠢ᠎ᠪᠠᠷ ᠥᠷᠨᠢᠭᠦᠯᠵᠦ᠍᠂ ᠦᠢᠯᠡᠳᠦᠯᠭᠡ᠎ᠶ᠋ᠢᠨ ᠳᠤᠮᠳᠠ ᠬᠠᠤᠯᠢ ᠲᠣᠭ᠍ᠲᠠᠭᠠᠬᠤ᠎ᠪᠠᠷ ᠳᠠᠮᠵᠢᠭᠤᠯᠤᠨ ᠵᠢᠷᠤᠮᠵᠢᠭᠤᠯᠬᠤ ᠴᠢᠬᠤᠯᠠᠲᠠᠢ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠡ᠃ 《ᠨᠡᠢᠭᠡᠮ᠎ᠤᠨ ᠢᠲᠡᠭᠡᠮᠵᠢ᠎ᠶ᠋ᠢᠨ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 11 ᠬᠤᠪᠢ ᠬᠠᠤᠯᠢ ᠲᠣᠭ᠍ᠲᠠᠭᠠᠯ᠎ᠢ ᠲᠤᠭ᠍ᠲᠠᠭᠠᠵᠤ᠂ 16 ᠬᠤᠪᠢ ᠬᠠᠤᠯᠢ ᠲᠤᠭ᠍ᠲᠠᠭᠠᠯ᠎ᠢ ᠵᠠᠰᠠᠨ᠂ ᠬᠦᠴᠦᠨ ᠦᠭᠡᠢ ᠪᠤᠯᠭᠠᠵᠤ᠂ ᠬᠥᠯᠥᠰᠦᠨ ᠠᠵᠢᠯᠴᠢᠨ᠎ᠤ ᠴᠠᠯᠢᠩ ᠥᠭ᠌ᠬᠦ᠎ᠶ᠋ᠢ ᠬᠠᠤᠯᠢ ᠶᠣᠰᠣᠭᠠᠷ ᠪᠠᠲᠤᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠳᠦᠷᠢᠮ᠎ᠤᠨ ᠪᠠᠢᠭᠤᠯᠤᠯᠲᠠ ᠵᠡᠷᠭᠡ 19 ᠵᠦᠢᠯ᠎ᠤᠨ ᠠᠭᠤᠯᠭ᠎ᠠ᠎ᠶ᠋ᠢᠨ ᠲᠤᠬᠠᠢ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ ᠪᠤᠶᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠨ᠎ᠡ᠃ ᠣᠷᠣᠨ ᠪᠦᠰᠡ ᠬᠠᠮᠵᠢᠯᠴᠠᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠵᠦ᠍᠂ ᠵᠡᠭᠦᠨ ᠬᠤᠢᠲᠤ᠎ᠶ᠋ᠢᠨ ᠭᠤᠷᠪᠠᠨ ᠮᠤᠵᠢ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠠᠢ ᠵᠡᠷᠭᠡ᠎ᠪᠠᠷ 《ᠬᠠᠷ᠎ᠠ ᠱᠢᠷᠣᠢ᠎ᠶ᠋ᠢ ᠬᠠᠮᠠᠭᠠᠯᠠᠬᠤ ᠳᠦᠷᠢᠮ》 ᠢ᠋ ᠨᠡᠢᠲᠡᠯᠡᠵᠦ᠍᠂ 《ᠣᠷᠣᠨ ᠪᠦᠰᠡ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠬᠤ ᠲᠣᠭ᠍ᠲᠠᠭᠠᠯ》 ᠢ᠋ ᠲᠤᠭ᠍ᠲᠠᠭᠠᠨᠠ᠃ ᠬᠠᠤᠯᠢ ᠲᠣᠭ᠍ᠲᠠᠭᠠᠬᠤ ᠶᠠᠰᠤ ᠴᠢᠨᠠᠷ᠎ᠢ ᠲᠡᠷᠢᠭᠦᠨ ᠪᠠᠢᠷᠢᠨ᠎ᠳᠤ ᠲᠠᠯᠪᠢᠵᠤ᠂ ᠰᠡᠳᠦᠪ ᠲᠣᠭ᠍ᠲᠠᠭᠠᠬᠤ ᠪᠣᠭᠤᠮᠲᠠ᠂ ᠲᠤᠭᠤᠷᠪᠢᠨ ᠪᠢᠴᠢᠬᠦ᠌ ᠪᠣᠭᠤᠮᠲᠠ᠂ ᠬᠢᠨᠠᠨ ᠶᠠᠷᠢᠯᠴᠠᠬᠤ ᠪᠣᠭᠤᠮᠲᠠ᠎ᠶ᠋ᠢ ᠰᠠᠢᠲᠤᠷ ᠰᠠᠬᠢᠵᠤ᠂ ᠨᠡᠢᠲᠡᠯᠡᠭ᠌ᠰᠡᠨ ᠬᠠᠤᠯᠢ ᠲᠣᠭ᠍ᠲᠠᠭᠠᠯ᠎ᠤᠨ ᠲᠣᠭ᠍ᠲᠠᠵᠤ ᠳᠡᠢᠯᠬᠦ᠂ ᠶᠠᠪᠤᠭ᠍ᠳᠠᠵᠤ ᠳᠡᠢᠯᠬᠦ᠂ ᠦᠨᠡᠨ ᠬᠦ᠌ ᠲᠤᠰᠠᠲᠠᠢ ᠪᠠᠢᠬᠤ᠎ᠶ᠋ᠢ ᠪᠠᠲᠤᠯᠠᠨ᠎ᠠ᠃ ᠳᠠᠩᠰᠠᠯᠠᠵᠤ ᠬᠢᠨᠠᠨ ᠪᠠᠢᠴᠠᠭᠠᠬᠤ ᠳᠦᠷᠢᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯ᠎ᠢ ᠡᠮᠬᠢᠳᠭᠡᠨ ᠴᠡᠪᠡᠷᠯᠡᠬᠦ᠌ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠶ᠋ᠢ ᠬᠠᠤᠯᠢ ᠲᠣᠭ᠍ᠲᠠᠭᠠᠬᠤ᠎ᠶ᠋ᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠠ ᠳᠠᠩᠰᠠᠯᠠᠵᠤ ᠬᠢᠨᠠᠨ ᠪᠠᠢᠴᠠᠭᠠᠬᠤ ᠴᠢᠬᠤᠯᠠ ᠠᠭᠤᠯᠭ᠎ᠠ ᠪᠣᠯᠭᠠᠵᠤ᠂ ᠳᠡᠭᠡᠳᠦ ᠪᠠᠢᠷᠢ᠎ᠶ᠋ᠢᠨ ᠬᠠᠤᠯᠢ᠎ᠶ᠋ᠢᠨ ᠲᠣᠭ᠍ᠲᠠᠭᠠᠯ᠎ᠲᠠᠢ ᠨᠡᠢᠴᠡᠬᠦ᠌ ᠦᠭᠡᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠡᠷᠡᠰ ᠵᠠᠯᠠᠷᠠᠭᠤᠯᠬᠤ ᠪᠠ ᠬᠦᠴᠦᠨ ᠦᠭᠡᠢ ᠪᠣᠯᠭᠠᠵᠤ᠂ ᠤᠯᠤᠰ᠎ᠤᠨ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ᠎ᠢ ᠦᠨᠡᠨ ᠬᠦ᠌ ᠬᠠᠮᠠᠭᠠᠯᠠᠨ᠎ᠠ᠃
ᠬᠤᠶᠠᠷ᠎ᠲᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ᠎ᠶ᠋ᠢᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠨ᠎ᠠ᠃ ᠤᠳᠠᠯ ᠦᠭᠡᠢ ᠵᠠᠰᠠᠪᠤᠷᠢ ᠣᠷᠣᠭᠤᠯᠬᠤ ᠭᠡᠵᠦ᠍ ᠪᠠᠢᠭ᠎ᠠ 《ᠬᠢᠨᠠᠯᠲᠠ ᠲᠠᠯᠪᠢᠬᠤ ᠬᠠᠤᠯᠢ》 ᠵᠢ ᠰᠠᠢᠲᠤᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠴᠢᠩᠭᠠᠳᠭᠠᠨ᠂ ᠪᠦᠬᠦ᠌ ᠵᠢᠯ᠎ᠳᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ 6 ᠤᠳᠠᠭ᠎ᠠ ᠥᠷᠨᠢᠭᠦᠯᠵᠦ᠍᠂ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ 43 ᠬᠤᠪᠢ ᠰᠣᠨᠣᠰᠴᠤ᠌ ᠬᠢᠨᠠᠨ ᠵᠥᠪᠯᠡᠵᠦ᠍᠂ ᠲᠤᠰᠭᠠᠢ ᠰᠡᠳᠦᠪᠲᠦ ᠯᠠᠪᠯᠠᠨ ᠠᠰᠠᠭᠤᠬᠤ ᠵᠦᠢᠯ᠎ᠢ 4 ᠤᠳᠠᠭ᠎ᠠ ᠥᠷᠨᠢᠭᠦᠯᠵᠦ᠍᠂ 2 ᠬᠤᠪᠢ ᠲᠣᠭ᠍ᠲᠠᠭᠠᠯ᠂ ᠱᠢᠢᠳᠪᠦᠷᠢ ᠭᠠᠷᠭᠠᠨ᠎ᠠ᠃ ᠬᠤᠶᠠᠷ ᠶᠡᠭᠡ ᠶᠠᠪᠤᠳᠠᠯ᠎ᠤᠨ 6 ᠠᠬᠢᠭᠤᠯᠬᠤ ᠳᠦᠷᠢᠮ᠎ᠤᠨ ᠬᠡᠷᠡᠭ᠌ᠵᠢᠭᠦᠯᠦᠯᠲᠡ ᠶ᠋ᠢᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠲᠤᠰ ᠲᠤᠰ ᠰᠣᠨᠣᠰᠴᠤ᠌ ᠬᠢᠨᠠᠨ ᠵᠥᠪᠯᠡᠬᠦ᠌᠎ᠶ᠋ᠢᠨ ᠬᠠᠮᠲᠤ ᠬᠠᠤᠯᠢ ᠲᠣᠭ᠍ᠲᠠᠭᠠᠭ᠍ᠰᠠᠨ᠎ᠤ ᠳᠠᠷᠠᠭᠠᠬᠢ ᠦᠨᠡᠯᠡᠨ ᠵᠢᠱ᠌ᠢᠯᠲᠡ ᠬᠢᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠯᠲᠠ᠎ᠶ᠋ᠢᠨ ᠭᠤᠣᠯ ᠱᠢᠵᠢᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ ᠪᠠᠷ ᠬᠢ ᠳᠠᠪᠬᠤᠴᠠᠯ ᠦᠢᠯᠡᠳᠦᠯ᠂ ᠬᠠᠮ ᠦᠢᠯᠡᠳᠦᠯ᠎ᠢ ᠪᠠᠳᠠᠷᠠᠭᠤᠯᠵᠤ᠂ ᠨᠢᠭᠡ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠲᠠᠪᠤᠨ ᠲᠤᠰᠭᠠᠢ ᠬᠢᠨᠠᠯᠲᠠ ᠲᠠᠯᠪᠢᠯᠲᠠ᠎ᠪᠠᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠲᠡᠨ᠎ᠨᠦᠭᠦᠳ᠎ᠤᠨ ᠺᠠᠳ᠋ᠷ ᠪᠣᠯᠣᠨ ᠤᠯᠠᠨ ᠲᠦᠮᠡᠨ᠎ᠤ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠠᠬᠢᠭᠤᠯᠤᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠣᠯ ᠠᠵᠢᠯ ᠪᠤᠯᠤᠨ ᠶᠡᠭᠡ ᠲᠠᠯ᠎ᠠ᠎ᠶ᠋ᠢᠨ ᠠᠵᠢᠯ᠎ᠤᠨ ᠲᠣᠭᠤᠷᠢᠨ᠎ᠳᠤ᠂ ᠤᠯᠠᠨ ᠲᠦᠮᠡᠨ᠎ᠤ ᠠᠩᠬᠠᠷᠴᠤ᠌ ᠬᠠᠯᠠᠮᠵᠢᠯᠠᠵᠤ ᠪᠠᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠲᠠᠯ᠎ᠠ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠬᠢᠨᠠᠨ ᠵᠥᠪᠯᠡᠭ᠌ᠰᠡᠨ ᠮᠡᠳᠡᠭᠦᠯᠦᠯᠲᠡ᠎ᠶ᠋ᠢ ᠰᠣᠨᠣᠰᠭᠤ᠂ ᠲᠤᠰᠭᠠᠢ ᠰᠡᠳᠦᠪ᠎ᠢᠶᠠᠷ ᠯᠠᠪᠯᠠᠨ ᠠᠰᠠᠭᠤᠬᠤ ᠵᠡᠷᠭᠡ ᠠᠷᠭ᠎ᠠ ᠮᠠᠶᠢᠭ᠎ᠢ ᠶᠡᠷᠦᠩᠬᠡᠢᠯᠡᠨ ᠬᠡᠷᠡᠭ᠌ᠯᠡᠭ᠌ᠰᠡᠨ ᠪᠠᠢᠳᠠᠯ᠎ᠳᠤ ᠬᠢᠨᠠᠯᠲᠠ ᠲᠠᠯᠪᠢᠬᠤ᠎ᠶ᠋ᠢ ᠦᠷᠨᠢᠬᠦᠯᠦᠨ᠎ᠡ᠃ 《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠲᠣᠰ ᠲᠣᠰ ᠰᠣᠨᠣᠰᠴᠤ᠌ ᠬᠢᠨᠡᠨ ᠵᠦᠪᠯᠡᠵᠦ᠍᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠢ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠦᠨ᠎ᠡ᠃ ᠬᠤᠵᠢᠷᠯᠢᠬ ᠭᠠᠵᠠᠷ᠎ᠢ ᠶᠡᠷᠦᠩᠬᠡᠢᠯᠡᠨ ᠠᠱᠢᠭ᠍ᠯᠠᠵᠤ᠂ ᠤᠰᠤᠨ᠎ᠤ ᠡᠬᠢ ᠪᠠᠶᠠᠯᠢᠭ᠎ᠢ ᠬᠤᠪᠢᠶᠠᠷᠢᠯᠠᠬᠤ ᠪᠠ ᠬᠠᠮᠢᠶᠠᠷᠴᠤ᠌᠂ ᠱᠢᠯᠢᠳᠡᠭ ᠴᠢᠨᠠᠷᠲᠠᠢ ᠡᠮᠴᠢᠯᠡᠭᠡᠨ᠎ᠤ ᠡᠬᠢ ᠪᠠᠶᠠᠯᠢᠬ᠎ᠢ ᠤᠷᠢᠨ ᠤᠷᠤᠭᠤᠯᠬᠤ᠂ ᠤᠯᠤᠰ᠎ᠤᠨ ᠤᠷᠤᠨ ᠪᠦᠰᠡ᠎ᠶ᠋ᠢᠨ ᠡᠮᠴᠢᠯᠡᠭᠡᠨ᠎ᠤ ᠲᠦᠪ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠠᠵᠢᠯ᠎ᠳᠤ ᠭᠤᠤᠯᠳᠠᠯᠭ᠎ᠠ᠎ᠲᠠᠢ ᠬᠢᠨᠠᠯᠲᠠ ᠲᠠᠯᠪᠢᠬᠤ᠎ᠶ᠋ᠢ ᠦᠷᠨᠢᠬᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠢᠨᠠᠯᠲᠠ ᠲᠠᠯᠪᠢᠯᠲᠠ᠎ᠶ᠋ᠢᠨ ᠨᠡᠪᠲᠡᠷᠡᠯᠴᠡᠨ ᠵᠣᠬᠢᠴᠠᠭᠤᠯᠬᠤ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠬᠢᠨᠠᠯᠲᠠ ᠲᠠᠯᠪᠢᠬᠤ ᠠᠵᠢᠯ᠎ᠤᠨ ᠬᠠᠮᠲᠤᠷᠠᠯ᠎ᠤᠨ ᠬᠦᠴᠦᠨ᠎ᠢ ᠴᠢᠨᠠᠭ᠍ᠰᠢᠳᠡ ᠪᠦᠷᠢᠯᠳᠦᠬᠦᠯᠦᠨ᠎ᠡ᠃
ᠭᠤᠷᠪᠠ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠬᠦᠢᠴᠡᠳ ᠪᠠᠳᠠᠷᠠᠭᠤᠯᠤᠨ᠎ᠠ᠃ ᠲᠦᠯᠦᠭᠡᠯᠡᠭ᠌ᠴᠢᠳ᠎ᠤᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠦᠯᠦᠭᠡᠯᠡᠭ᠌ᠴᠢᠳ᠎ᠢ ᠬᠦᠲᠦᠯᠦᠨ ᠳᠠᠭᠠᠭᠤᠯᠵᠤ ᠪᠠᠢᠭᠠᠳ ᠤᠯᠤᠰ ᠲᠦᠷᠦ᠍᠎ᠶ᠋ᠢᠨ ᠵᠤᠭ᠍ᠰᠤᠯᠲᠠ ᠪᠠᠲᠤ᠌᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠬᠦᠢᠴᠡᠳᠭᠡᠵᠦ᠍᠂ ᠦᠵᠡᠯ ᠰᠠᠨᠠᠭ᠎ᠠ ᠰᠤᠷᠳᠡᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠬᠠᠤᠯᠢ ᠴᠠᠭᠠᠵᠠ᠎ᠶ᠋ᠢ ᠵᠢᠱ᠌ᠢᠶᠡᠴᠢ᠎ᠪᠠᠷ ᠵᠢᠷᠤᠮᠯᠡᠵᠦ᠍᠂ 《ᠲᠤᠯᠤᠭᠠᠨ ᠲᠠᠯ᠎ᠠ᠎ᠪᠠᠷ ᠵᠢᠱ᠌ᠢᠶᠡᠴᠢ ᠪᠤᠯᠬᠤ》 ᠳ᠋ᠦ ᠬᠠᠷᠢᠭᠤᠴᠠᠯᠭ᠎ᠠ᠎ᠪᠠᠨ ᠬᠦᠢᠴᠡᠳᠭᠡᠵᠦ᠍ 《ᠲᠠᠪᠤᠨ ᠳᠠᠭᠤᠷᠢᠶᠠᠯ》 ᠪᠤᠯᠬᠤ᠎ᠶ᠋ᠢ ᠰᠠᠢᠲᠤᠷ ᠬᠢᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠦᠯᠦᠭᠡᠯᠡᠭ᠌ᠴᠢᠳ᠎ᠤᠨ ᠳᠦᠷᠢ ᠲᠦᠷᠬᠦ᠌᠎ᠶ᠋ᠢ ᠢᠯᠡᠷᠡᠬᠦᠯᠦᠨ᠎ᠡ᠃ ᠤᠳᠠᠯ ᠦᠭᠡᠢ ᠵᠠᠰᠠᠪᠤᠷᠢ ᠣᠷᠣᠭᠤᠯᠬᠤ᠎ᠪᠠᠷ ᠪᠠᠢᠭ᠎ᠠ 《ᠲᠥᠯᠥᠭᠡᠯᠡᠭ᠌ᠴᠢ᠎ᠶ᠋ᠢᠨ ᠬᠠᠤᠯᠢ》 ᠵᠢ ᠰᠠᠢᠲᠤᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠬᠤᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠦᠢᠯᠡᠳᠦᠯ᠎ᠢ ᠪᠠᠳᠠᠷᠠᠭᠤᠯᠬᠤ ᠲᠤᠬᠠᠢ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ 《ᠬᠤᠶᠠᠷ ᠬᠠᠷᠢᠯᠴᠠᠭ᠎ᠠ》 ᠪᠡᠷ ᠪᠠᠷᠢᠴᠠ ᠪᠣᠯᠭᠠᠨ᠂ ᠲᠥᠯᠥᠭᠡᠯᠡᠭ᠌ᠴᠢᠳ᠎ᠤᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠨ᠎ᠡ᠃ ᠲᠦᠯᠦᠭᠡᠯᠡᠭ᠌ᠴᠢᠳ᠎ᠤᠨ ᠰᠠᠨᠠᠭᠤᠯᠭ᠎ᠠ᠎ᠶ᠋ᠢ ᠬᠦᠢᠴᠡᠳᠭᠡᠬᠦ᠌ ᠠᠵᠢᠯ᠎ᠤᠨ ᠲᠡᠷᠢᠬᠦᠨ᠎ᠤ ᠨᠢᠭᠡᠴᠢ ᠪᠠ ᠲᠦᠯᠦᠭᠡᠯᠡᠭ᠌ᠴᠢ᠎ᠶ᠋ᠢᠨ ᠱᠢᠯᠢᠳᠡᠭ ᠰᠠᠨᠠᠭᠤᠯᠭ᠎ᠠ᠎ᠶ᠋ᠢ ᠦᠨᠡᠯᠡᠨ ᠱᠢᠯᠭᠠᠷᠠᠭᠤᠯᠬᠤ ᠠᠵᠢᠯ᠎ᠢ ᠦᠷᠨᠢᠬᠦᠯᠵᠦ᠍᠂ ᠴᠠᠭᠲᠤᠨᠢ ᠲᠤᠬᠢᠷᠠᠭᠤᠯᠤᠨ 《ᠳᠦᠷᠪᠡᠨ ᠵᠦᠢᠯ᠎ᠤᠨ ᠲᠤᠭ᠍ᠲᠠᠴᠠ》 ᠵᠢᠨ ᠪᠠᠢᠭᠤᠯᠤᠯᠲᠠ᠎ᠶ᠋ᠢᠨ ᠲᠤᠷᠱᠢᠯᠭ᠎ᠠ ᠰᠤᠯᠢᠯᠴᠠᠬᠤ ᠬᠤᠷᠠᠯ᠎ᠢ ᠬᠤᠷᠠᠯᠳᠤᠭᠤᠯᠤᠨ᠎ᠡ᠃ ᠲᠥᠯᠥᠭᠡᠯᠡᠭ᠌ᠴᠢᠳ ᠤᠨ ᠪᠡᠶᠡᠴᠢ ᠴᠣᠭ᠍ᠴᠠ ᠶ᠋ᠢᠨ ᠦᠢᠯᠡᠳᠦᠯ᠎ᠢ ᠪᠠᠳᠠᠷᠠᠭᠤᠯᠬᠤ᠎ᠶ᠋ᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠤᠭ᠍ᠲᠠᠯᠴᠠᠭᠠᠳᠤ ᠱᠢᠭᠢᠳᠭᠡᠵᠦ᠍᠂ ᠲᠥᠯᠥᠭᠡᠯᠡᠭ᠌ᠴᠢ ᠵᠠᠬᠢᠳᠠᠯ ᠰᠣᠷᠪᠤᠯᠵᠢᠯᠡᠯᠤᠨ ᠵᠦᠢᠯᠡᠰ᠎ᠢ ᠣᠷᠣᠯᠠᠨ ᠭᠦᠢᠴᠡᠳᠭᠡᠬᠦ᠂ ᠵᠠᠷᠭᠤᠯᠳᠤᠬᠤ᠎ᠠᠴᠠ ᠡᠮᠦᠨᠡᠬᠢ ᠡᠶᠡᠳᠡᠭᠦᠯᠭᠡ᠎ᠳᠤ ᠣᠷᠤᠯᠴᠠᠬᠤ ᠵᠡᠷᠭᠡ ᠳᠦᠷᠢᠮ᠎ᠤᠨ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠠᠷᠠᠳ᠎ᠤᠨ ᠠᠮᠢᠳᠤᠷᠠᠯ᠎ᠤᠨ ᠬᠠᠯᠠᠮᠱᠢᠯ ᠵᠦᠢᠯ ᠪᠠ ᠪᠡᠷᠬᠡᠲᠡᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠲᠦᠯᠬᠢᠨ ᠠᠬᠢᠭᠤᠯᠤᠨ᠎ᠠ᠃
ᠳᠥᠷᠪᠡ᠎ᠳᠤ ᠲᠤᠰ ᠪᠡᠶ᠎ᠡ ᠶ᠋ᠢᠨ ᠪᠠᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠭᠠᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠶᠡᠷᠦᠩᠬᠡᠢᠯᠡᠨ ᠵᠠᠬᠢᠷᠬᠤ ᠪᠠ ᠵᠢᠯᠤᠭᠤᠳᠭᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠬᠦᠨᠵᠡᠬᠡᠢ ᠠᠬᠢᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠠᠷᠠᠳ᠎ᠤᠨ ᠲᠥᠯᠥᠭᠡᠯᠡᠭ᠌ᠴᠢᠳ ᠤᠨ ᠶᠡᠭᠡ ᠬᠤᠷᠠᠯ ᠤᠨ ᠡᠬᠦᠷᠭᠡ ᠬᠠᠷᠢᠭᠤᠴᠠᠯᠭ᠎ᠠ᠎ᠪᠠᠨ ᠬᠦᠢᠴᠡᠳᠭᠡᠬᠦ᠂ ᠠᠵᠢᠯ᠎ᠢᠶᠠᠨ ᠦᠷᠨᠢᠬᠦᠯᠬᠦ᠌ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ᠍ ᠤᠢ᠍ᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠶ᠋ᠢᠨ ᠫᠢᠩ ᠨᠦᠬᠦᠷ᠎ᠢᠶᠠᠷ ᠭᠤᠤᠯᠯᠠᠭ᠍ᠴᠢ ᠪᠤᠯᠭᠠᠭ᠍ᠰᠠᠨ ᠨᠠᠮ᠎ᠤᠨ ᠲᠦᠪ ᠬᠤᠷᠢᠶ᠎ᠡ᠎ᠲᠠᠢ ᠳᠡᠭᠡᠳᠦ ᠬᠡᠮᠵᠢᠶ᠎ᠡ᠎ᠪᠠᠷ ᠨᠢᠭᠡᠲᠦᠬᠦᠯᠬᠦ᠌ᠶ᠋ᠢ ᠢᠮᠠᠭ᠍ᠲᠠ ᠪᠠᠷᠢᠮᠳᠡᠯᠡᠨᠡ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠵᠦ᠍᠂ ᠰᠠᠬᠢᠯᠭ᠎ᠠ ᠪᠠᠲᠤ ᠬᠡᠪ ᠰᠤᠷᠳᠡᠯ᠎ᠤᠨ ᠪᠠᠢᠭᠤᠯᠤᠯᠲᠠ᠎ᠶ᠋ᠢ ᠢᠮᠠᠭ᠍ᠲᠠ ᠰᠠᠢᠲᠤᠷ ᠠᠳᠭᠤᠵᠤ᠂ ᠲᠥᠪ ᠬᠣᠷᠢᠶ᠎ᠠ ᠵᠢᠨ ᠨᠠᠢ᠍ᠮᠠᠨ ᠵᠦᠢᠯ᠎ᠤᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠯ ᠦᠭᠡᠢ ᠨᠠᠢᠳᠠᠪᠤᠷᠢᠵᠢᠭᠤᠯᠵᠤ᠂ ᠪᠢᠴᠢᠭ᠎ᠤᠨ ᠰᠤᠷᠲᠠᠯ ᠬᠤᠷᠠᠯ᠎ᠤᠨ ᠰᠤᠷᠲᠠᠯ᠎ᠢ ᠰᠠᠢᠵᠢᠷᠠᠭᠤᠯᠵᠤ᠂ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ》 ᠤ᠋ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠨ᠎ᠡ᠃ ᠲᠤᠰᠭᠠᠢ ᠵᠥᠪᠯᠡᠯ᠂ ᠠᠵᠢᠯ᠎ᠤᠨ ᠵᠥᠪᠯᠡᠯ᠎ᠤᠨ ᠦᠢᠯᠡᠳᠦᠯ᠎ᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠪᠠᠳᠠᠷᠠᠭᠤᠯᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠲᠦᠯᠬᠢᠨ ᠠᠬᠢᠭᠤᠯᠤᠨ᠎ᠠ᠃
ᠲᠥᠯᠥᠭᠡᠯᠡᠭ᠌ᠴᠢᠳ ᠠ᠋᠂ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭ᠍ᠴᠢ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠤᠷᠢᠨ᠎ᠳᠤ ᠨᠡᠩ ᠴᠢᠩᠭ᠎ᠠ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠵᠤ᠂ ᠬᠤᠶᠠᠷ ᠶᠡᠭᠡ ᠶᠠᠪᠤᠳᠠᠯ᠎ᠢ ᠰᠠᠢᠲᠤᠷ ᠬᠢᠬᠦ᠌ ᠲᠠᠯ᠎ᠠ᠎ᠪᠠᠷ ᠨᠡᠩ ᠢᠯᠡᠭᠦᠦ ᠱᠢᠨ᠎ᠡ ᠵᠢᠳᠬᠦᠯ ᠴᠢᠷᠮᠠᠢᠯᠭ᠎ᠠ᠎ᠶ᠋ᠢ ᠭᠠᠷᠭᠠᠵᠤ᠂ ᠴᠤᠴᠠᠯᠲᠠ ᠦᠭᠡᠢ ᠤᠷᠤᠭ᠍ᠰᠢᠯᠠᠬᠤ ᠱᠢᠨ᠎ᠡ ᠵᠠᠮ᠎ᠢ ᠨᠡᠭᠡᠭᠡᠨ᠂ ᠳᠤᠮᠳᠠ ᠲᠦᠪᠱᠢᠨ᠎ᠳᠤ ᠳᠠᠪᠱᠢᠨ ᠣᠷᠣᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ!
(ᠦᠪᠡᠷᠳᠡᠭᠡᠨ ᠵᠠᠰᠠᠬᠣ ᠣᠷᠣᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠣᠷᠠᠯ ᠤ᠋ᠨ ᠪᠠᠢᠩᠭᠣ ᠵᠢᠨ ᠬᠣᠷᠢᠶ᠎ᠠ ᠵᠢᠨ ᠠᠯᠪᠠᠨ ᠲᠢᠩᠭᠢᠮ ᠤ᠋ᠨ ᠣᠷᠴᠢᠭᠣᠯᠭ᠎ᠠ ᠵᠢᠨ ᠭᠠᠵᠠᠷ ᠣᠷᠴᠢᠭᠣᠯᠪᠠ)