2 ᠰᠠᠷ᠎ᠠ᠎ᠶ᠋ᠢᠨ 18 ᠪᠠ 19 ᠦ ᠤᠷᠤᠢ᠂ ᠠᠷᠪᠠᠨ ᠳᠥᠷᠪᠡᠳᠦᠭᠡᠷ
ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠠᠷᠠᠳ᠎ᠲᠤ ᠠᠱᠢᠭ ᠬᠦᠷᠲᠡᠭᠡᠬᠦ᠌ 《ᠡᠷᠭᠦᠨ᠎ᠡ》 ᠬᠠᠮᠳᠤᠯᠢᠭ᠎ᠤᠨ ᠤᠷᠠᠨ ᠰᠠᠢᠬᠠᠨ᠎ᠤ ᠲᠣᠭ᠍ᠯᠠᠯᠲᠠ
ᠬᠠᠢᠯᠠᠷ ᠲᠦ᠍ ᠶᠠᠪᠤᠭᠳᠠᠵᠦ᠂ᠬᠠᠮᠲᠤᠯᠢᠭ᠎ᠤᠨ ᠬᠢᠨ ᠤᠯᠠᠨ᠎ᠠ ᠲᠠᠭᠠᠱᠢᠶᠠᠭ᠍ᠳᠠᠭ᠍ᠰᠠᠨ 《ᠬᠤᠨ ᠭᠠᠯᠠᠭᠤ》᠂ 《ᠮᠤᠨᠢ ᠠᠭᠤᠯᠠ》᠂ 《ᠠᠷᠢᠬᠢᠨ᠎ᠤ ᠳᠠᠭᠤᠤ》 ᠵᠡᠷᠭᠡ ᠤᠯᠠᠨ ᠠᠶ᠎ᠠ ᠳᠠᠭᠤᠤ
ᠪᠡᠷᠶ᠋ᠢᠡᠨ ᠬᠦᠷᠦᠯᠴᠡᠨ ᠢᠷᠡᠭᠰᠡᠨ ᠦᠵᠡᠭᠴᠢᠳ᠎ᠤᠨ ᠬᠠᠷᠠᠭ᠎ᠠ ᠰᠤᠨᠤᠷ᠎ᠢ ᠪᠠᠶᠠᠰᠬᠠᠯ᠎ᠠ᠃
《ᠡᠷᠭᠦᠨ᠎ᠡ》 ᠬᠠᠮᠳᠤᠯᠢᠭ᠎ᠤᠨ
ᠳᠠᠭᠤᠴᠢᠨ ᠬᠦᠬᠡᠲᠤᠯᠭᠠ᠄ 《ᠡᠨᠡ ᠤᠳᠠᠭ᠎ᠠ ᠮᠠᠨ᠎ᠤ ᠬᠠᠮᠳᠤᠯᠢᠭ ᠡᠷᠭᠦᠨ᠎ᠡ ᠬᠣᠲᠠ᠎ᠶ᠋ᠢᠨ 〈ᠬᠣᠲᠠ᠎ᠶ᠋ᠢᠨ ᠲᠠᠨᠢᠯᠴᠠᠭᠤᠯᠤᠭ᠍ᠴᠢ〉 ᠶ᠋ᠢᠨ ᠬᠤᠪᠢ᠎ᠪᠠᠷ
ᠲᠣᠭ᠍ᠯᠠᠯᠲᠠ ᠭᠠᠷᠭᠠᠬᠤ᠎ᠪᠠᠷ ᠢᠷᠡᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ
ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠭᠰᠢᠳᠠᠢ ᠶᠠᠪᠤᠭᠳᠠᠵᠦ ᠪᠠᠢᠭ᠎ᠠ᠎ᠳᠤ ᠬᠦᠴᠦ᠍ᠨ ᠨᠡᠮᠡᠷᠢᠯᠡᠵᠦ᠍᠂
ᠲᠠᠮᠢᠷᠴᠢᠳ᠎ᠢ ᠵᠣᠷᠢᠭ᠍ᠵᠢᠭᠤᠯᠤᠬᠰᠠᠨᠳᠠᠭᠠᠨ ᠮᠠᠰᠢ ᠪᠠᠶᠠᠷᠲᠠᠶ ᠪᠠᠢᠨ᠎ᠠ᠂ ᠨᠠᠢᠵᠠ᠎ᠨᠠᠷ᠎ᠤᠨ᠎ᠢᠶᠠᠨ ᠦᠵᠡᠰᠭᠦᠯᠡᠩᠲᠦ
ᠰᠠᠢᠬᠠᠨ ᠡᠷᠭᠦᠨ᠎ᠡ ᠬᠤᠲᠠ᠎ᠳᠦ ᠮᠣᠷᠢᠯᠠᠨ ᠰᠠᠭᠠᠲᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ》 ᠭᠡᠵᠦ ᠶᠠᠷᠢᠯ᠎ᠠ᠃
ᠲᠣᠭ᠍ᠯᠠᠯᠲᠠ᠎ᠶ᠋ᠢᠨ ᠠᠬᠤᠢ ᠲᠠᠯᠠᠪᠠᠢ᠎ᠳᠤ᠂ ᠡᠷᠭᠦᠨ᠎ᠡ ᠬᠤᠳᠠ᠎ᠶ᠋ᠢᠨ
ᠤᠯᠠᠭᠠᠨᠮᠥ᠋ᠴᠢᠷ᠎ᠦᠨ ᠭᠡᠱᠢᠭᠦᠳ ᠪᠣᠯᠤᠨ ᠥᠪᠥᠷ ᠮᠣᠩᠭᠣᠯ᠎ᠤᠨ ᠤᠷᠤᠰᠦᠨᠳᠦᠰᠦᠲᠡᠨᠦ ᠰᠤᠳᠤᠯᠭᠠᠨ᠎ᠤ ᠨᠡᠢᠭᠡᠮᠯᠢᠭ᠎ᠦᠨ
ᠲᠣᠭ᠍ᠯᠠᠭ᠍ᠴᠢᠳ᠎ᠤᠨ ᠡᠷᠭᠦᠭᠰᠡᠨ 《ᠪᠠᠶᠠᠰᠭᠤᠯᠠᠩᠲᠤ ᠪᠠᠰᠺ ᠪᠠᠶᠠᠷ᠎ᠤᠨ ᠡᠳᠦᠷ》 ᠬᠡᠮᠡᠬᠦ ᠪᠦᠵᠢᠭ᠂ ᠨᠠᠢᠷᠠᠯ ᠳᠠᠭᠤᠤ 《ᠪᠠᠰᠺ ᠪᠠᠶᠠᠷ᠎ᠤᠨ
ᠦᠳᠡᠰᠢ》 ᠨᠢ ᠦᠨᠳᠦᠰᠦᠲᠡᠨ᠎ᠦ ᠣᠨᠴᠠᠯᠢᠭ ᠪᠦᠬᠦᠢ ᠳᠠᠭᠤᠤ ᠪᠥᠵᠢᠭ᠎ᠦᠨ
ᠬᠡᠪ ᠨᠠᠮᠪᠠ᠎ᠪᠠᠷ ᠬᠥᠮᠦᠰ᠎ᠦᠨ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠢᠯᠡᠳᠭᠡᠭ᠌ᠰᠡᠨ ᠪᠠᠢᠨ᠎ᠠ᠃
《ᠡᠷᠭᠦᠨ᠎ᠡ》 ᠬᠠᠮᠳᠤᠯᠢᠭ᠎ᠤᠨ
ᠲᠤᠰᠭᠠᠶ ᠲᠣᠭ᠍ᠯᠠᠯᠲᠠ᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ
ᠲᠠᠮᠢᠷ᠎ᠤᠨ ᠴᠤᠭ᠍ᠯᠠᠭᠠᠨ᠎ᠤ ᠬᠥᠯᠥᠨ ᠪᠣᠢᠷ᠎ᠤᠨ ᠭᠦᠶ᠋ᠴᠡᠳᠭᠡᠬᠦ᠌ ᠺᠤᠮᠢᠰ᠂ ᠬᠥᠯᠥᠨ ᠪᠣᠢᠷ ᠬᠣᠲᠠ᠎ᠶ᠋ᠢᠨ ᠨᠠᠮ᠎ᠤᠨ
ᠬᠣᠷᠢᠶᠠᠨ᠎ᠤ ᠤᠬᠠᠭᠤᠯᠬᠤ ᠬᠡᠯᠲᠡᠰ ᠭᠤᠤᠯᠯᠠᠨ ᠡᠷᠭᠢᠯᠡᠵᠦ᠍᠂ ᠡᠷᠭᠦᠨ᠎ᠡ ᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨ
ᠣᠷᠳᠣᠨ ᠳᠠᠭᠠᠭᠠᠴᠢᠯᠠᠨ ᠡᠷᠭᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ
ᠲᠠᠮᠢᠷ᠎ᠤᠨ ᠴᠤᠭ᠍ᠯᠠᠭᠠᠨ᠎ᠤ ᠠᠷᠠᠳ᠎ᠲᠤ ᠠᠱᠢᠭ ᠬᠦᠷᠲᠡᠭᠡᠬᠦ᠌ ᠤᠷᠠᠨ ᠰᠠᠢᠬᠠᠨ᠎ᠤ ᠲᠣᠭ᠍ᠯᠠᠯᠲᠠ 2 ᠰᠠᠷ᠎ᠠ᠎ᠶ᠋ᠢᠨ
23᠎ᠤ ᠡᠳᠦᠷ ᠪᠣᠯᠲᠠᠯ᠎ᠠ ᠦᠷᠭᠦᠯᠵᠢᠯᠡᠵᠦ᠍᠂ ᠤᠯᠠᠨ ᠬᠥᠭ᠌ᠵᠢᠮ᠎ᠦᠨ ᠪᠦᠯᠬᠦᠮ᠂ ᠨᠠᠢᠷᠠᠯ ᠳᠠᠭᠤᠤ᠎ᠶ᠋ᠢᠨ ᠪᠦᠯᠬᠦᠮ᠎ᠢ
ᠤᠷᠢᠵᠤ ᠲᠤᠭᠯᠠᠯᠲᠠ ᠭᠠᠷᠭᠠᠨ᠂ ᠳᠠᠭᠤᠤ ᠬᠥᠭ᠌ᠵᠢᠮ᠎ᠢᠶᠡᠷ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠷᠭᠢᠯᠤᠮ᠎ᠠ
ᠰᠡᠳᠭᠢᠯᠭᠡ᠎ᠶ᠋ᠢ ᠬᠥᠭ᠌ᠵᠢᠭᠡᠬᠦ᠌ ᠪᠣᠯᠤᠨ᠎ᠠ᠃
ᠰᠤᠷᠪᠤᠯᠵᠢᠯᠠᠭ᠍ᠴᠢ᠄
ᠴᠸᠨ ᠨᠠᠷᠠᠨᠳᠤᠨᠭᠭᠠᠯᠠᠭ
ᠭᠡᠷᠡᠯ ᠵᠢᠷᠤᠭ᠄ ᠴᠤᠪᠤᠭᠤ
ᠰᠡᠬᠦᠳᠡᠷᠯᠡᠭᠴᠢ᠂ ᠹᠢᠯᠢᠮ
ᠦᠢᠯᠡᠳᠦᠭᠴᠢ᠄ ᠠᠯᠤᠰ
ᠬᠢᠨᠠᠭᠴᠢ᠄ ᠪᠢᠯᠢᠭᠳᠦ