2 ᠰᠠᠷ᠎ᠠ᠎ᠶ᠋ᠢᠨ 21 ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠢᠯᠥᠭᠡᠲᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠳᠤᠭᠤᠢᠯᠠᠩ᠎ᠤᠨ ᠡᠮᠡᠭ᠌ᠲᠡᠶ᠎ᠶ᠋ᠢᠨ ᠤᠭᠳᠠᠷᠭᠤᠢ ᠵᠢᠨ ᠤᠷ᠎ᠠ ᠮᠡᠷᠭᠡᠵᠢᠯ᠎ᠦᠨ ᠤᠷᠤᠯᠳᠤᠭᠠᠨ ᠪᠠ ᠴᠢᠯᠥᠭᠡᠲᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠳᠤᠭᠤᠢᠯᠠᠩ᠎ᠤᠨ ᠡᠷᠡᠭᠳᠡᠢ᠎ᠶ᠋ᠢᠨ ᠤᠭᠳᠠᠷᠭᠤᠢ ᠵᠢᠨ ᠤᠷ᠎ᠠ ᠮᠡᠷᠭᠡᠵᠢᠯ᠎ᠦᠨ ᠤᠷᠤᠯᠳᠤᠭᠠᠨ ᠬᠥᠯᠥᠨ ᠪᠣᠢᠷ ᠬᠣᠲᠠ᠎ᠶ᠋ᠢᠨ ᠵᠠᠯᠠᠨ ᠠᠢᠯ ᠤᠷᠤᠯᠳᠤᠭᠠᠨ᠎ᠤ ᠲᠤᠭᠤᠷᠢᠭ᠎ᠤᠨ ᠵᠢᠨ ᠯᠦᠩ ᠱᠠᠨ ᠴᠠᠨᠠᠯᠠᠯᠳᠠ᠎ᠶᠢᠨ ᠲᠠᠯᠠᠪᠠᠶ᠎ᠳᠤ ᠶᠠᠪᠤᠭᠳᠠᠨ᠂ 2 ᠠᠯᠳᠠᠨ ᠮᠧᠳᠠᠯ ᠲᠤᠳᠤᠷᠠᠵᠠᠢ᠃
ᠴᠢᠯᠥᠭᠡᠲᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠳᠤᠭᠤᠢᠯᠠᠩ᠎ᠤᠨ ᠡᠮᠡᠭ᠌ᠲᠡᠶ᠎ᠶ᠋ᠢᠨ ᠤᠭᠳᠠᠷᠭᠤᠢ ᠵᠢᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ᠎ᠳᠤ᠂ ᠬᠠᠷᠠᠮᠥ᠋ᠷᠡᠨ᠎ᠦ ᠠᠩᠭᠢ᠎ᠶ᠋ᠢᠨ ᠲᠠᠮᠢᠷᠴᠢᠨ ᠺᠦᠩ ᠹᠠᠨ ᠢᠦᠶ 94.82 ᠬᠤᠪᠢ᠎ᠪᠠᠷ ᠠᠯᠲᠠᠨ ᠮᠧᠳᠠᠯ ᠲᠤᠰᠴᠤ᠂ ᠥᠪᠥᠷ ᠮᠣᠩᠭᠣᠯ᠎ᠤᠨ ᠠᠩᠭᠢ᠎ᠶ᠋ᠢᠨ ᠲᠠᠮᠢᠷᠴᠢᠨ ᠱᠣᠣ ᠴᠢ ᠪᠣᠯᠤᠨ ᠱᠠᠨᠰᠢ᠎ᠶ᠋ᠢᠨ ᠠᠩᠭᠢ᠎ᠶ᠋ᠢᠨ ᠲᠠᠮᠢᠷᠴᠢᠨ ᠯᠢᠦ ᠱᠢᠤᠸᠠᠨ ᡂᠢ ᠲᠤᠰ ᠲᠤᠰ ᠮᠥᠩᠭᠥᠨ ᠮᠧᠳᠠᠯ ᠪᠠ ᠬᠦᠷᠡᠯ ᠮᠧᠳᠠᠯ ᠲᠤᠰᠴᠠᠢ᠃
ᠴᠢᠯᠥᠭᠡᠲᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠳᠤᠭᠤᠢᠯᠠᠩ᠎ᠤᠨ ᠡᠷᠡᠭᠳᠡᠢ᠎ᠶ᠋ᠢᠨ ᠤᠭᠳᠠᠷᠭᠤᠢ ᠵᠢᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ᠎ᠳᠤ᠂ ᠾᠧᠨᠠᠨ᠎ᠤ ᠠᠩᠭᠢ᠎ᠶ᠋ᠢᠨ ᠵᠠᠯᠠᠭᠤ ᠲᠠᠮᠢᠷᠴᠢᠨ ᠴᠧᠨ ᠱᠦᠸᠸ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠦ ᠤᠷᠤᠯᠴᠠᠵᠦ ᠪᠠᠢᠭᠰᠠᠨ ᠭᠤᠷᠪᠠᠨ ᠲᠠᠮᠢᠷᠴᠢᠨ᠎ᠢ ᠢᠯᠠᠵᠤ᠂ 125.97 ᠬᠤᠪᠢ᠎ᠪᠠᠷ ᠮᠠᠩᠯᠠᠢᠯᠠᠵᠠᠢ᠃ ᠬᠢᠷᠢᠨ᠎ᠦ ᠠᠩᠭᠢ᠎ᠶ᠋ᠢᠨ ᠯᠢ ᠲᠢᠶᠠᠨ ᠮᠠ ᠪᠣᠯᠤᠨ ᠬᠠᠷᠠᠮᠥ᠋ᠷᠡᠨ᠎ᠦ ᠠᠩᠭᠢ᠎ᠶ᠋ᠢᠨ ᠹᠠᠩ ᠺᠦᠨ ᠲᠤᠰ ᠲᠤᠰ 99.96 ᠪᠠ 95.47 ᠬᠤᠪᠢ᠎ᠪᠠᠷ ᠮᠥᠩᠭᠥᠨ ᠮᠧᠳᠠᠯ ᠪᠠ ᠬᠦᠷᠡᠯ ᠮᠧᠳᠠᠯ ᠲᠤᠰᠴᠠᠢ᠃