《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ
ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》᠎ᠤ ᠬᠡᠰᠡᠭ ᠴᠠᠰᠤᠨ ᠳᠡᠭᠡᠷᠡᠬᠢ ᠤᠷᠤᠯᠳᠤᠭᠠᠨ ᠶᠠᠭ ᠬᠥᠯᠥᠨ
ᠪᠣᠢᠷ ᠬᠣᠲᠠ᠎ᠶ᠋ᠢᠨ ᠵᠠᠯᠠᠨ ᠠᠢᠯ᠎ᠤᠨ ᠵᠢᠨ ᠯᠦᠩ ᠱᠠᠨ ᠴᠠᠨᠠᠯᠠᠯᠲᠠ ᠵᠢᠨ ᠲᠠᠯᠠᠪᠠᠶ᠎ᠳᠤ ᠶᠠᠪᠤᠭ᠍ᠳᠠᠵᠤ ᠪᠣᠶ᠃
ᠰᠤᠷᠪᠤᠯᠵᠢᠯᠠᠭ᠍ᠴᠢ ᠲᠠᠩ ᠬᠠᠪᠲᠠᠰᠤ᠎ᠶ᠋ᠢᠨ ᠴᠠᠨᠠᠯᠠᠯᠳᠠ ᠵᠢᠨ U ᠬᠡᠯᠪᠡᠷᠢ᠎ᠶ᠋ᠢᠨ ᠲᠠᠯᠠᠪᠤᠷ᠎ᠤᠨ ᠤᠷ᠎ᠠ ᠮᠡᠷᠭᠡᠵᠢᠯ᠎ᠦᠨ
ᠱᠢᠶ᠋ᠳᠪᠦᠷᠢᠲᠦ ᠤᠷᠤᠯᠳᠤᠭᠠᠨ᠎ᠳᠤ ᠵᠦᠶ᠋ᠷᠡᠶ ᠡᠭᠡᠴᠢ ᠥᠬᠢᠨ ᠳᠡᠭᠦᠦ ᠬᠣᠶᠠᠷ᠎ᠢ ᠣᠯᠵᠤ ᠬᠠᠷᠠᠪᠠ᠂ ᠲᠠᠳᠠ ᠤᠷᠤᠯᠳᠤᠭᠠᠨ᠎ᠢ
ᠨᠠᠷᠢᠨ ᠬᠢᠨᠠᠮᠠᠭᠠᠶ ᠰᠣᠨᠢᠷᠬᠠᠵᠤ᠂ ᠲᠠᠯᠠᠪᠠᠶ ᠳᠡᠭᠡᠷᠡᠬᠢ ᠲᠠᠮᠢᠷᠴᠢᠳ᠎ᠲᠤ ᠬᠦᠴᠦ᠍ ᠨᠡᠮᠡᠵᠦ᠍ ᠪᠠᠢᠯ᠎ᠠ᠃

ᠵᠦᠢᠷᠡᠢ ᠡᠭᠡᠴᠢ ᠥᠬᠢᠨ ᠳᠡᠭᠦᠦ 10 ᠨᠠᠰᠤᠲᠠᠢ᠂ ᠡᠭᠡᠴᠢ
ᠨᠢ ᠵᠠᠩ ᠱᠤ᠌ ᠶᠠ᠂ ᠥᠬᠢᠨ ᠳᠡᠭᠦᠦ ᠨᠢ ᠵᠠᠩ ᠱᠤ᠌ ᠴᠢ ᠭᠡᠳᠡᠭ᠂ ᠲᠡᠳᠡ ᠱᠠᠨ ᠰᠢ᠎ᠶ᠋ᠢᠨ ᠲᠥᠯᠥᠭᠡᠯᠡᠭ᠌ᠴᠢᠳ᠎ᠦᠨ
ᠠᠩᠭᠢ᠎ᠵᠢᠨ ᠲᠠᠮᠢᠷᠴᠢᠨ ᠪᠠᠢᠵᠤ᠂ ᠴᠥᠮ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ
ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠳᠠᠡᠭ ᠬᠠᠪᠲᠠᠰᠤ ᠵᠢᠨ ᠴᠠᠨᠠᠯᠠᠯᠳᠠ ᠵᠢᠨ ᠡᠮᠡᠭ᠌ᠲᠡᠶ᠎ᠶ᠋ᠢᠨ U ᠬᠡᠯᠪᠡᠷᠢ᠎ᠶ᠋ᠢᠨ ᠲᠠᠯᠠᠪᠤᠷ᠎ᠤᠨ ᠤᠷ᠎ᠠ ᠮᠡᠷᠭᠡᠵᠢᠯ᠎ᠦᠨ
ᠪᠡᠯᠡᠳᠭᠡᠯ ᠤᠷᠤᠯᠳᠤᠭᠠᠨ᠎ᠳᠤ ᠣᠷᠣᠯᠴᠠᠬᠰᠠᠨ ᠶᠤᠮ ᠪᠠᠢᠨ᠎ᠠ᠃

ᠬᠡᠳᠦᠢᠪᠡᠷ ᠱᠢᠶ᠋ᠳᠪᠦᠷᠢᠲᠦ ᠤᠷᠤᠯᠳᠤᠭᠠᠨ᠎ᠳᠤ ᠣᠷᠣᠵᠤ
ᠴᠢᠳᠠᠭ᠍ᠰᠠᠨ ᠦᠭᠡᠢ ᠪᠣᠯᠪᠠᠴᠤ᠌ ᠡᠭᠡᠴᠢ ᠥᠬᠢᠨ ᠳᠡᠭᠦᠦ ᠬᠣᠶᠠᠭᠤᠯᠠ ᠮᠥᠨ ᠯᠡ ᠮᠠᠰᠢ ᠳᠣᠭ᠍ᠳᠣᠯᠵᠤ ᠪᠠᠢᠯ᠎ᠠ᠃
ᠲᠡᠳᠡ ᠬᠡᠯᠡᠬᠦ᠌᠎ᠳᠡᠭᠡᠨ᠂ ᠠᠩᠬ᠎ᠠ ᠤᠳᠠᠭ᠎ᠠ ᠪᠦᠬᠦ᠌ ᠤᠯᠤᠰ᠎ᠤᠨ ᠤᠷᠤᠯᠳᠤᠭᠠᠨ᠎ᠳᠤ ᠣᠷᠣᠯᠴᠠᠭᠠᠳ ᠮᠠᠰᠢ ᠪᠠᠶᠠᠷᠯᠠᠵᠤ᠂
ᠮᠠᠰᠢ ᠣᠯᠠᠨ ᠰᠦᠷᠡᠬᠡᠶ ᠠᠬ᠎ᠠ ᠡᠭᠡᠴᠢᠨᠡᠷᠲᠡᠶ ᠠᠭᠤᠯᠵᠠᠯ᠎ᠠ᠂ ᠬᠠᠷᠢᠭ᠍ᠰᠠᠨ᠎ᠤ ᠳᠠᠷᠠᠭ᠎ᠠ ᠦᠷᠭᠦᠯᠵᠢᠯᠡᠨ ᠮᠡᠷᠭᠡᠵᠢᠯ᠎ᠢᠶᠡᠨ
ᠳᠡᠭᠡᠭ᠌ᠰᠢᠯᠡᠭᠦᠯᠵᠦ᠍᠂ ᠨᠠᠩ ᠰᠠᠢᠨ ᠬᠢᠷᠢ ᠪᠦᠲᠦᠮᠵᠢ ᠣᠯᠬᠤ᠎ᠪᠠᠷ ᠴᠢᠷᠮᠠᠢᠨ᠎ᠠ᠂ ᠬᠤᠵᠢᠮ᠎ᠤᠨ ᠬᠦᠰᠡᠯ ᠪᠤᠯ
ᠮᠥᠨ ᠡᠨᠡᠬᠦ ᠲᠦᠷᠦᠯ ᠵᠦᠢᠯ᠎ᠤᠨ ᠤᠷᠤᠯᠳᠤᠭᠠᠨ ᠵᠢᠠᠷ ᠳᠡᠯᠡᠬᠡᠢ ᠵᠢᠨ ᠮᠠᠩᠯᠠᠢ ᠵᠢ ᠰᠢᠭᠦᠷᠦᠨᠡ ᠭᠡᠵᠦ ᠪᠠᠢᠯ᠎ᠠ᠃