ᠲᠦᠷᠦᠭᠦᠬᠡᠨ᠂ ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ ᠳᠦᠬᠦᠢᠮᠠᠶᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠡᠮᠬᠢᠯᠡᠵᠦ᠍᠂ ᠳᠦᠬᠦᠢᠮᠠᠶᠢᠨ ᠦᠢᠯᠡ ᠠᠵᠢᠯᠯᠠᠭ᠎ᠠ᠎ᠪᠠᠷ ᠠᠭᠤᠯᠭ᠎ᠠ ᠪᠣᠯᠭᠠᠭ᠍ᠰᠠᠨ ᠵᠢᠭᠠᠬᠤ ᠮᠠᠲ᠋ᠧᠷᠢᠶᠠᠯ᠎ᠢ ᠡᠮᠬᠢᠳᠭᠡᠨ ᠨᠠᠢᠷᠠᠭᠤᠯᠵᠤ᠂ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠨ ᠤᠷᠤᠭᠰᠢᠯᠠᠨ᠎ᠠ — ᠥᠪᠥᠷ ᠮᠣᠩᠭᠣᠯ ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ ᠡᠴᠡ ᠡᠬᠢᠯᠡᠨ ᠶᠠᠷᠢᠯᠴᠠᠬᠤᠢ》 ᠭᠡᠬᠦ᠌ ᠱᠢᠨ᠎ᠡ ᠰᠣᠳᠣᠨ ᠬᠢᠴᠢᠶᠡᠯ᠎ᠢ ᠨᠡᠭᠡᠭᠡᠵᠦ᠍᠂ ᠤᠳᠠᠯ ᠦᠭᠡᠢ ᠥᠷᠨᠢᠭᠦᠯᠬᠦ᠌᠎ᠪᠡᠷ ᠪᠠᠢᠭ᠎ᠠ ᠭᠣᠣᠯ ᠰᠡᠳᠦᠪᠲᠦ ᠬᠥᠮᠦᠵᠢᠯ᠎ᠦᠨ ᠦᠯᠢᠭᠡᠷ ᠳᠠᠭᠤᠷᠢᠶᠠᠯ ᠡᠴᠡ ᠳᠠᠭᠠᠨ ᠰᠤᠷᠤᠯᠴᠠᠬᠤ ᠠᠵᠢᠯᠯᠠᠭ᠎ᠠ᠎ᠳᠤ ᠪᠡᠯᠡᠳᠭᠡᠯ ᠬᠢᠵᠡᠢ᠃ ᠡᠨᠡ ᠪᠣᠯ ᠲᠣᠰ ᠰᠤᠷᠭᠠᠭᠤᠯᠢ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠠᠵᠢᠯᠯᠠᠵᠤ᠂ ᠭᠣᠸ᠋ᠯ ᠰᠡᠳᠦᠪᠲᠦ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢᠨ ᠲᠥᠯᠥᠭᠡ ᠨᠡᠬᠡᠭᠡᠭᠰᠡᠨ ᠪᠠᠰᠠ ᠨᠢᠭᠡᠨ ᠰᠣᠳᠣᠨ ᠬᠢᠴᠢᠶᠡᠯ ᠪᠣᠯᠤᠨ᠎ᠠ᠃
《ᠭᠣᠸ᠋ᠯ ᠰᠡᠳᠦᠪᠲᠦ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠨᠠᠮ᠎ᠤᠨ ᠰᠤᠷᠭᠠᠭᠤᠯᠢ ᠲᠣᠰ ᠪᠡᠶ᠎ᠡ᠎ᠶ᠋ᠢᠨ ᠪᠣᠳᠠᠲᠤ ᠪᠠᠢᠳᠠᠯ ᠪᠠ ᠲᠤᠬᠠᠢᠯᠠᠭ᠍ᠰᠠᠨ ᠠᠵᠢᠯ᠎ᠤᠨ ᠣᠨᠴᠠᠯᠢᠭ᠎ᠲᠠᠶ᠎ᠪᠠᠨ ᠤᠶᠠᠯᠳᠤᠭᠤᠯᠤᠨ ᠂ ᠰᠣᠳᠣᠨ ᠬᠢᠴᠢᠶᠡᠯ᠎ᠢ ᠨᠡᠬᠡᠭᠡᠬᠦ ᠂ ᠵᠢᠭᠠᠨ ᠰᠤᠷᠭᠠᠯᠲᠠ᠎ᠶ᠋ᠢᠨ ᠪᠠᠢᠴᠠᠭᠠᠨ ᠰᠤᠳᠤᠯᠤᠯᠲᠠ᠎ᠶ᠋ᠢ ᠬᠠᠷᠢᠯᠴᠠᠨ ᠤᠶᠠᠯᠳᠤᠭᠤᠯᠵᠤ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌᠂ ᠣᠯᠠᠨ ᠵᠦᠶ᠋ᠯ᠎ᠦᠨ ᠵᠢᠭᠠᠨ ᠰᠤᠷᠭᠠᠯᠲᠠ᠎ᠶ᠋ᠢᠨ ᠠᠷᠭ᠎ᠠ᠎ᠶ᠋ᠢ ᠬᠠᠷᠢᠯᠴᠠᠨ ᠤᠶᠠᠯᠳᠤᠭᠤᠯᠬᠤ ᠵᠡᠷᠭᠡ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ᠂ ᠭᠣᠸ᠋ᠯ ᠰᠡᠳᠦᠪᠲᠦ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠵᠢ ᠢᠳᠡᠪᠬᠢᠲᠡᠢ ᠠᠬᠢᠭᠤᠯᠵᠤ᠂ ᠭᠣᠸ᠋ᠯ ᠪᠣᠯᠬᠤ ᠲᠤᠬᠠᠢᠯᠠᠭ᠍ᠰᠠᠨ ᠠᠵᠢᠯ ᠪᠠ ᠭᠣᠸ᠋ᠯ ᠰᠡᠳᠦᠪᠲᠦ ᠬᠥᠮᠦᠵᠢᠯ᠎ᠦᠨ ᠲᠠᠯ᠎ᠠ᠎ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠤᠭ᠍ᠰᠠᠨ ᠪᠠᠢᠨ᠎ᠠ》ᠭᠡᠵᠦ ᠤᠯᠠᠭᠠᠨᠴᠠᠪ ᠬᠣᠲᠠ᠎ᠶ᠋ᠢᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ᠂ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠦᠨ ᠰᠠᠯᠠᠭᠠᠨ᠎ᠤ ᠳᠠᠷᠤᠭ᠎ᠠ ᠸᠠᠩ ᠶᠦᠩ ᠯᠢ ᠲᠠᠨᠢᠯᠴᠠᠭᠤᠯᠪᠠ᠃
ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ ᠭᠣᠣᠯ ᠠᠷᠭ᠎ᠠ ᠵᠠᠮ ᠪᠠ ᠴᠢᠬᠤᠯᠠ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢᠶᠡᠨ ᠢᠳᠡᠪᠬᠢᠲᠡᠶ ᠪᠠᠳᠠᠷᠠᠭᠤᠯᠵᠤ᠂ ᠨᠠᠮ᠎ᠤᠨ ᠤᠳᠠᠭ᠎ᠠ ᠪᠦᠷᠢ᠎ᠶ᠋ᠢᠨ ᠴᠢᠬᠤᠯᠠ ᠶᠡᠬᠡ ᠭᠣᠣᠯ ᠰᠡᠳᠦᠪᠲᠦ ᠬᠥᠮᠦᠵᠢᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠬᠢᠴᠢᠶᠡᠯ᠎ᠦᠨ ᠵᠢᠷᠤᠭ ᠲᠥᠯᠥᠪᠯᠡᠭᠡ᠂ ᠨᠡᠭᠡᠭᠡᠨ ᠬᠥᠭ᠌ᠵᠢᠭᠦᠯᠦᠯᠲᠡ ᠬᠢᠵᠦ᠍᠂ ᠰᠣᠳᠣᠨ ᠬᠢᠴᠢᠶᠡᠯ᠎ᠢ ᠰᠢᠯᠢᠨ ᠰᠣᠩᠭᠣᠬᠤ᠂ ᠬᠠᠮᠲᠤ᠎ᠪᠠᠷ ᠬᠢᠴᠢᠶᠡᠯ ᠪᠡᠯᠡᠳᠭᠡᠬᠦ᠌᠎ᠡᠴᠡ ᠪᠠᠭ᠍ᠰᠢ ᠬᠢᠴᠢᠶᠡᠯ ᠰᠣᠨᠣᠰᠴᠤ᠌ ᠬᠢᠴᠢᠶᠡᠯ ᠦᠨᠡᠯᠡᠬᠦ᠌ ᠬᠦᠷᠲᠡᠯ᠎ᠡ᠂ ᠬᠢᠴᠢᠶᠡᠯ ᠣᠷᠣᠬᠤ ᠵᠥᠪᠱᠢᠶᠡᠷᠡᠯ᠎ᠦᠨ ᠪᠣᠭᠣᠮᠲᠠ᠎ᠶ᠋ᠢ ᠴᠢᠩᠭ᠎ᠠ ᠰᠠᠬᠢᠵᠤ᠂ ᠨᠢᠭᠡ ᠪᠦᠯᠦᠭ ᠰᠣᠳᠣᠨ ᠬᠢᠴᠢᠶᠡᠯ᠎ᠢ ᠲᠣᠭ᠍ᠲᠠᠭᠠᠵᠤ᠂ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ᠎ᠲᠤ ᠴᠠᠭ ᠲᠤᠬᠠᠢᠳᠤᠨᠢ ᠬᠠᠮᠢᠶ᠎ᠠ ᠪᠦᠬᠦᠢ ᠵᠣᠷᠢᠭ ᠰᠠᠨᠠᠭ᠎ᠠ᠎ᠵᠢ ᠨᠠᠷᠢᠯᠢᠭ ᠤᠨᠤᠴᠠᠲᠠᠢ ᠲᠠᠢᠯᠤᠮᠵᠢ ᠬᠢᠵᠦ ᠥᠭᠪᠡ᠃
ᠣᠲᠣᠬᠠᠨ ᠪᠣᠯᠲᠠᠯ᠎ᠠ᠂ ᠲᠣᠰ ᠰᠤᠷᠭᠠᠭᠤᠯᠢ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠢ ᠬᠦᠴᠦᠯᠡᠨ ᠠᠬᠢᠭᠤᠯᠤᠶ᠎ᠠ》 ᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ᠎ᠳᠤ ᠲᠠᠯᠠᠷᠬᠠᠵᠦ ᠡᠷᠡᠯᠬᠡᠭ᠌ᠯᠡᠨ ᠤᠷᠤᠭ᠍ᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠂ 《 ᠲᠠᠪᠤᠨ ᠶᠡᠬᠡ ᠡᠭᠦᠷᠭᠡ᠎ᠶ᠋ᠢᠨ ᠲᠣᠭᠣᠷᠢᠨ᠎ᠳᠤ ᠲᠠᠪᠤᠨ ᠶᠡᠬᠡ ᠠᠵᠤ ᠠᠬᠤᠶ᠎ᠶ᠋ᠢ ᠨᠠᠢᠳᠠᠪᠤᠷᠢᠵᠢᠭᠤᠯᠤᠶᠠ》ᠵᠡᠷᠭᠡ 18 ᠲᠤᠰᠭᠠᠶ ᠰᠡᠳᠦᠪᠲᠦ ᠬᠢᠴᠢᠶᠡᠯ᠎ᠢ ᠭᠣᠸ᠋ᠯ ᠴᠣᠭ᠍ᠴᠠ᠎ᠶ᠋ᠢᠨ ᠠᠩᠭᠢ᠎ᠶ᠋ᠢᠨ ᠬᠢᠴᠢᠶᠡᠯ᠎ᠦᠨ ᠲᠠᠩᠬᠢᠮ᠎ᠳᠤ ᠣᠷᠣᠭᠤᠯᠵᠤ᠂ ᠬᠢᠴᠢᠶᠡᠯ᠎ᠦᠨ ᠱᠢᠨᠡᠴᠢᠯᠡᠯᠲᠡ᠎ᠶ᠋ᠢᠨ ᠨᠣᠷᠮ᠎ᠠ ᠪᠠ ᠬᠠᠨᠤᠮᠵᠢ᠎ᠶ᠋ᠢᠨ ᠬᠡᠮᠵᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠡ;ᠤᠷᠢᠳ ᠬᠣᠵᠢᠳ 13 ᠤᠳᠠᠭ᠎ᠠ᠎ᠶ᠋ᠢᠨ ᠰᠤᠳᠤᠨ ᠬᠢᠴᠢᠶᠡᠯ᠎ᠦᠨ ᠲᠤᠰᠭᠠᠢ ᠰᠡᠳᠦᠪᠲᠦ ᠬᠢᠨᠠᠨ ᠱᠢᠯᠭᠠᠷᠠᠭᠤᠯᠤᠯᠲᠠ᠎ᠶ᠋ᠢ ᠵᠣᠬᠢᠶᠠᠨ ᠪᠠᠢᠭᠤᠯᠤᠭ᠍ᠰᠠᠨ ᠪᠥᠭᠡᠳ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠰᠤᠳᠤᠨ ᠬᠢᠴᠢᠶᠡᠯ᠎ᠤᠨ 1 ᠲᠦᠷᠦᠯᠵᠢᠡᠷ ᠮᠡᠳᠡᠭᠦᠯᠪᠡ᠃
ᠤᠯᠠᠭᠠᠨᠴᠠᠪ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠺᠠᠳ᠋ᠷᠭᠤᠤ ᠶᠤᠸᠠᠨ᠄《ᠨᠢᠳᠤᠨᠤᠨ ᠪᠢ ᠤᠯᠠᠭᠠᠨᠴᠠᠪ ᠬᠣᠲᠠ᠎ᠶ᠋ᠢᠨ ᠠᠷᠪᠠᠨ ᠲᠠᠪᠤᠳᠤᠭᠠᠷ ᠬᠤᠭᠤᠴᠠᠭᠠᠨ᠎ᠤ ᠢᠳᠡᠷ ᠵᠠᠯᠠᠭᠤ ᠺᠠᠳ᠋ᠷᠴᠤᠳ᠎ᠤᠨ ᠰᠤᠳᠤᠯᠤᠨ ᠰᠤᠷᠤᠯᠴᠠᠬᠤ ᠠᠩᠭᠢ᠎ᠳᠤ ᠰᠤᠷᠤᠯᠴᠠᠭ᠍ᠰᠠᠨ᠎ᠳᠠᠭᠠᠨ ᠮᠠᠰᠢ ᠠᠵᠠᠲᠠᠶ ᠰᠠᠨᠠᠭᠳᠠᠵᠤ ᠪᠠᠢᠨ᠎ᠠ᠂ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠨᠠᠮ᠎ᠤᠨ ᠰᠤᠷᠭᠠᠭᠤᠯᠢ ᠲᠥᠪᠯᠡᠷᠡᠭᠦᠯᠦᠨ ᠬᠢᠴᠢᠶᠡᠯᠯᠡᠬᠦ᠌᠂ ᠲᠤᠬᠠᠶ᠎ᠶ᠋ᠢᠨ ᠲᠠᠯᠠᠪᠤᠷ᠎ᠲᠤ ᠵᠢᠭᠠᠨ ᠰᠤᠷᠭᠠᠬᠤ᠂ ᠰᠣᠯᠢᠯᠴᠠᠵᠦ ᠰᠤᠳᠤᠯᠤᠨ ᠶᠠᠷᠢᠯᠴᠠᠬᠤ᠂ ᠣᠨᠳᠣᠸ᠋ ᠭᠠᠵᠠᠷ᠎ᠲᠤ ᠰᠤᠷᠤᠯᠴᠠᠬᠤ᠂ ᠥᠷᠯᠥᠭᠡ᠎ᠶ᠋ᠢᠨ ᠤᠨᠭᠰᠢᠯᠭ᠎ᠠ ᠣᠷᠣᠶ᠎ᠶ᠋ᠢᠨ ᠬᠢᠴᠢᠶᠡᠯ᠎ᠢ ᠵᠣᠬᠢᠶᠠᠨ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠥᠷᠭᠡᠨ ᠣᠯᠠᠨ ᠰᠤᠷᠤᠭ᠍ᠴᠢᠳ᠎ᠤᠨ ᠰᠤᠷᠤᠯᠴᠠᠬᠤ ᠰᠡᠳᠭᠢᠬᠦ᠌ ᠦᠶ᠋ᠯᠡᠳᠦᠯᠭᠡᠵᠢᠭᠦᠯᠬᠦ᠌ ᠤᠬᠠᠮᠰᠠᠷᠠᠬᠤ᠎ᠶ᠋ᠢᠨ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠬᠦ᠌᠎ᠶ᠋ᠢ ᠠᠬᠢᠭᠤᠯᠵᠤ᠂ ᠮᠡᠳᠡᠬᠦ ᠬᠢᠬᠦ᠎ᠶ᠋ᠢ ᠨᠢᠭᠡᠳᠭᠡᠬᠦ᠌ ᠳᠤᠮᠳᠠ ᠬᠡᠪ ᠪᠤᠯᠪᠠᠰᠤᠷᠠᠯ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ᠎ᠤᠨ ᠪᠣᠯᠪᠠᠰᠤᠷᠠᠯ ᠬᠥᠮᠦᠵᠢᠯ᠎ᠢᠶᠠᠨ ᠳᠠᠪᠲᠠᠨ ᠪᠣᠯᠪᠠᠰᠤᠷᠠᠭᠤᠯᠵᠤ᠂ ᠰᠡᠳᠭᠢᠴᠡ ᠬᠠᠷᠠᠭ᠎ᠠ᠎ᠪᠠᠨ ᠥᠷᠭᠡᠳᠭᠡᠨ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠪᠡ᠃ ᠲᠣᠰ ᠤᠳᠠᠭ᠎ᠠ᠎ᠶᠢᠨ ᠪᠣᠯᠪᠠᠰᠤᠷᠠᠭᠤᠯᠤᠯ᠎ᠤᠨ ᠠᠭᠤᠯᠭ᠎ᠠ ᠨᠢ ᠪᠠᠶᠠᠯᠢᠭ ᠲᠡᠭᠦᠯᠳᠡᠷ᠂ ᠬᠡᠯᠪᠡᠷᠢ ᠨᠢ ᠠᠮᠢᠳᠤᠯᠢᠭ ᠪᠥᠭᠡᠳ ᠣᠯᠠᠨ ᠶᠠᠩᠵᠤ᠎ᠶ᠋ᠢᠨ ᠪᠠᠢᠵᠤ᠂ ᠡᠨᠡ ᠪᠣᠯ ᠨᠢᠭᠡ ᠤᠳᠠᠭᠠᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠠᠶᠠᠯᠠᠯ᠂ ᠦᠵᠡᠯ ᠰᠠᠨᠠᠭᠠᠨ᠎ᠤ 〈ᠱᠢᠪᠲᠤᠯᠤᠯᠲᠠ〉 ᠵᠢᠨ ᠠᠶᠠᠯᠠᠯ ᠮᠥᠨ ᠭᠡᠳᠡᠭ᠎ᠢ ᠪᠢ ᠭᠦᠨᠵᠡᠭᠡᠶ ᠣᠢᠯᠠᠭᠠᠵᠤ᠂ ᠲᠠᠷᠠᠭᠠᠴᠢ᠎ᠶ᠋ᠢᠨ ᠠᠯᠬᠤᠮ᠎ᠳᠤ ᠰᠤᠷᠭᠠᠨ ᠬᠥᠮᠦᠵᠢᠯ᠎ᠦᠨ ᠠᠵᠢᠯ᠎ᠢ ᠬᠡᠷᠬᠢᠨ ᠰᠠᠢᠲᠤᠷ ᠬᠢᠵᠦ᠂ ᠮᠠᠨ᠎ᠤ ᠬᠣᠲᠠ᠎ᠶ᠋ᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠨ ᠦᠶ᠋ᠯᠡᠴᠢᠯᠡᠬᠦ᠌᠎ᠳᠦ ᠱᠢᠨ᠎ᠡ ᠲᠠᠨᠢᠯᠲᠠ ᠪᠠ ᠪᠣᠳᠣᠯᠬᠢᠯᠠᠯ᠎ᠲᠠᠶ ᠪᠣᠯᠤᠭ᠍ᠰᠠᠨ 》 ᠭᠡᠵᠤ ᠬᠡᠯᠡᠪᠡ᠃
ᠨᠢᠳᠤᠨᠤᠨ᠂ ᠲᠤᠰ ᠰᠤᠷᠭᠠᠭᠤᠯᠢ᠎ᠶ᠋ᠢᠨ ᠪᠠᠭ᠍ᠰᠢ ᠭᠠᠳᠠᠭ᠍ᠰᠢ ᠭᠠᠷᠴᠤ᠌ 203 ᠬᠢᠴᠢᠶᠡᠯ ᠣᠷᠣᠵᠤ᠂ ᠭᠠᠳᠠᠭ᠍ᠰᠢ ᠭᠠᠷᠴᠤ᠌ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ᠎ᠶ᠋ᠢ 50 ᠭᠠᠷᠤᠢ ᠤᠳᠠᠭ᠎ᠠ ᠤᠬᠠᠭᠤᠯᠤᠨ ᠲᠠᠢᠯᠪᠤᠷᠢᠯᠠᠵᠤ᠂ ᠬᠦᠯᠢᠶᠡᠨ ᠠᠪᠤᠭ᠍ᠰᠠᠳᠤᠨ ᠲᠣᠭ᠎ᠠ 7000 ᠭᠠᠷᠤᠢ ᠪᠣᠯᠵᠠᠢ᠃