ᠮᠥᠰᠥᠨ ᠳᠡᠪᠦᠷ᠎ᠡ᠎ᠶ᠋ᠢᠨ ᠢᠯᠠ ᠳᠤᠭᠤᠢᠯᠠᠩ᠎ᠤᠨ ᠡᠷᠡᠭ᠌ᠲᠡᠶ ᠡᠮᠡᠭ᠌ᠲᠡᠶ᠎ᠶ᠋ᠢᠨ ᠡᠭᠡᠯᠵᠢᠳᠦ ᠤᠷᠤᠯᠳᠤᠭᠠᠨ ᠶᠠᠪᠤᠭᠳᠠᠯ᠎ᠠ
2024-02-23 10:23:39
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 22 ᠎ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠳᠡᠪᠦᠷ᠎ᠡ᠎ᠶ᠋ᠢᠨ ᠢᠯᠠ ᠳᠤᠭᠤᠢᠯᠠᠩ᠎ᠤᠨ ᠡᠷᠡᠭ᠌ᠲᠡᠢ ᠡᠮᠡᠭ᠌ᠲᠡᠢ᠎ᠶ᠋ᠢᠨ ᠡᠭᠡᠯᠵᠢᠳᠦ ᠤᠷᠤᠯᠳᠤᠭᠠᠨ᠎ᠤ ᠬᠣᠶᠠᠳᠤᠭᠠᠷ᠂ ᠭᠤᠷᠪᠠᠳᠤᠭᠠᠷ ᠡᠭᠡᠯᠵᠢ᠎ᠶ᠋ᠢᠨ ᠤᠷᠤᠯᠳᠤᠭᠠᠨ ᠡᠬᠢᠯᠡᠪᠡ᠃

ᠡᠷᠡᠭ᠌ᠲᠡᠶ᠎ᠶ᠋ᠢᠨ ᠬᠣᠶᠠᠳᠤᠭᠠᠷ ᠡᠭᠡᠯᠵᠢ᠎ᠶ᠋ᠢᠨ ᠡᠭᠡᠯᠵᠢᠳᠦ ᠤᠷᠤᠯᠳᠤᠭᠠᠨ ᠤᠷᠢᠳ᠎ᠢᠶᠠᠷ ᠶᠠᠪᠤᠭ᠍ᠳᠠᠵᠤ᠂ ᠥᠪᠥᠷ ᠮᠣᠩᠭᠣᠯ᠎ᠤᠨ ᠠᠩᠭᠢ᠎ᠶ᠋ᠢᠨ ᠲᠠᠮᠢᠷᠴᠢᠨ ᠶᠠᠩ ᠶᠠᠩ᠂ ᠴᠢᠶᠠᠨ ᡁᠢ ᠫᠧᠩ᠂ ᠯᠢ ᠮᠧᠩ ᠬᠤᠸᠠ᠂ ᠸᠠᠩ ᠵᠢᠨ ᠪᠥᠸᠧ ᠭᠤᠸᠠᠩᠳᠦ᠋ᠩ ᠠᠩᠭᠢ᠎ᠲᠠᠢ ᠦᠷᠢᠰᠦᠯᠳᠦᠵᠦ᠂ ᠥᠪᠥᠷ ᠮᠣᠩᠭᠣᠯ᠎ᠤᠨ ᠠᠩᠭᠢ ᠢᠯᠡᠷᠡᠯ᠎ᠰᠠᠢᠨ  ᠪᠠᠢᠵᠤ᠂ ᠳᠣᠯᠣᠳᠤᠭᠠᠷ ᠨᠤᠭᠤᠯᠤᠭᠠᠨ᠎ᠤ ᠳᠠᠷᠠᠭ᠎ᠠ ᠬᠤᠪᠢ᠎ᠶ᠋ᠢᠨ ᠬᠠᠷᠢᠴᠠᠯ᠎ᠨᠢ  8᠄ 1 ᠪᠤᠯᠵᠦ᠂ ᠤᠷᠤᠯᠳᠤᠭᠠᠨ᠎ᠢ ᠤᠷᠢᠳᠴᠢᠯᠠᠨ ᠳᠠᠭᠤᠰᠭᠠᠪᠠ᠃ ᠡᠷᠡᠭ᠌ᠲᠡᠶ᠎ᠶ᠋ᠢᠨ ᠭᠤᠷᠪᠠᠳᠤᠭᠠᠷ ᠡᠭᠡᠯᠵᠢ᠎ᠶ᠋ᠢᠨ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ ᠹᠦᠵᠢᠶᠠᠨ᠎ᠤ ᠠᠩᠭᠢ᠎ᠲᠠᠶ ᠦᠷᠢᠰᠦᠯᠳᠦᠵᠦ 6᠄ 7 ᠎ᠶ᠋ᠢᠨ ᠵᠥᠷᠢᠶ᠎ᠡ᠎ᠪᠡᠷ ᠢᠯᠠᠭ᠍ᠳᠠᠵᠠᠶ᠃

ᠲᠤᠰ ᠡᠳᠦᠷ ᠶᠠᠪᠤᠭ᠍ᠳᠠᠭ᠍ᠰᠠᠨ ᠬᠣᠶᠠᠳᠤᠭᠠᠷ ᠡᠭᠡᠯᠵᠢ᠎ᠶ᠋ᠢᠨ ᠡᠮᠡᠭ᠌ᠲᠡᠶ᠎ᠶ᠋ᠢᠨ ᠡᠭᠡᠯᠵᠢᠳᠦ᠎ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ᠎ᠶᠢᠨ ᠭᠦᠸᠧ ᠶᠠ ᠨᠠᠨ᠂ ᠾᠧ ᠳ᠋ᠠᠨ᠂ ᠲᠢᠶᠠᠨ ᠯᠢᠨ ᠶᠤᠸᠠᠨ᠂ ᠶᠧ ᠵᠢᠩ ᠵᠢᠩ ᠱᠠᠨ ᠰᠢ᠎ᠶ᠋ᠢᠨ ᠠᠩᠭᠢ᠎ᠲᠠᠶ ᠤᠷᠤᠯᠳᠤᠵᠦ᠂ ᠨᠠᠢ᠍ᠮᠠᠳᠤᠭᠠᠷ ᠨᠤᠭᠤᠯᠤᠭ᠎ᠠ ᠥᠩᠭᠡᠷᠡᠭ᠌ᠰᠡᠨ᠎ᠦ ᠳᠠᠷᠠᠭ᠎ᠠ ᠬᠣᠶᠠᠷ ᠲᠠᠯ᠎ᠠ᠎ᠪᠠᠷ᠎ᠢᠶᠠᠨ 3᠄ 3 ᠎ᠪᠠᠷ ᠶᠢᠰᠦᠳᠦᠭᠡᠷ ᠨᠤᠭᠤᠯᠤᠭ᠎ᠠ᠎ᠳᠤ ᠣᠷᠣᠵᠤ᠂ ᠡᠴᠦᠰ᠎ᠲᠡᠬᠡᠨ ᠥᠪᠥᠷ ᠮᠣᠩᠭᠣᠯ᠎ᠤᠨ ᠠᠩᠭᠢ ᠨᠢᠭᠡ ᠬᠤᠪᠢ᠎ᠶ᠋ᠢᠨ ᠵᠥᠷᠢᠶ᠎ᠡ᠎ᠪᠡᠷ ᠢᠯᠠᠭ᠍ᠳᠠᠪᠠ᠃ ᠭᠤᠷᠪᠠᠳᠤᠭᠠᠷ ᠡᠭᠡᠯᠵᠢ᠎ᠶ᠋ᠢᠨ ᠡᠮᠡᠭ᠌ᠲᠡᠶ᠎ᠶ᠋ᠢᠨ ᠡᠭᠡᠯᠵᠢᠳᠦ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ ᠶᠦᠨᠨᠠᠨ᠎ᠤ ᠠᠩᠭᠢ᠎ᠲᠠᠶ ᠤᠷᠤᠯᠳᠤᠵᠦ᠂ 6᠄ 3 ᠬᠤᠪᠢ᠎ᠶᠢᠨ ᠬᠠᠷᠢᠴᠠᠯ᠎ᠶ᠋ᠢᠡᠷ ᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号