ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠤᠨ 50 ᠬᠡᠦᠬᠡᠳ ᠤᠷᠤᠯᠳᠤᠭᠠᠨ᠎ᠢ ᠰᠤᠨᠢᠷᠬᠠᠪᠠ
2024-02-23 10:26:50
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 22 ᠎ᠤ᠋ᠨ ᠡᠳᠦᠷ᠂ ᠬᠥᠯᠥᠨ ᠪᠤᠢ᠌ᠷ ᠬᠤᠳᠠ᠎ᠶ᠋ᠢᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠤᠨ 50 ᠭᠠᠷᠤᠢ ᠬᠡᠦᠬᠡᠳ᠎ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠎ᠤ ᠡᠷᠡᠭ᠌ᠲᠡᠢ᠎ᠶ᠋ᠢᠨ ᠵᠠᠯᠠᠭᠤᠴᠤᠳ᠎ᠤᠨ ᠳᠤᠭᠤᠢᠯᠠᠩ᠎ᠤᠨ ᠤᠷᠤᠯᠳᠤᠭᠠᠨ᠎ᠢ ᠲᠤᠬᠠᠢ᠎ᠶᠢᠨ ᠲᠠᠯᠠᠪᠠᠢ᠎ᠳᠦ ᠬᠦᠷᠴᠦ ᠰᠤᠨᠢᠷᠬᠠᠪᠠ᠃

《ᠪᠢ ᠠᠩᠬ᠎ᠠ ᠤᠳᠠᠭ᠎ᠠ ᠲᠤᠬᠠᠢ᠎ᠶ᠋ᠢᠨ ᠲᠠᠯᠠᠪᠠᠢ᠎ᠳᠤ ᠮᠥᠰᠥᠨ ᠪᠥᠮᠪᠥᠭᠡ᠎ᠶ᠋ᠢᠨ ᠤᠷᠤᠯᠳᠤᠭᠠᠨ᠎ᠢ ᠦᠵᠡᠵᠦ᠍ ᠪᠠᠢᠨ᠎ᠠ᠂ ᠮᠠᠰᠢ ᠭᠣᠢᠳᠠ ᠰᠠᠢᠬᠠᠨ ᠰᠠᠨᠠᠭ᠍ᠳᠠᠵᠤ ᠪᠠᠢᠨ᠎ᠠ》 ᠭᠡᠵᠦ ᠠᠰᠠᠷᠠᠮᠵᠢ᠎ᠶ᠋ᠢᠨ ᠬᠦᠷᠢᠶᠡᠯᠡᠩ᠎ᠦᠨ ᠨᠢᠭᠡᠨ ᠬᠡᠤᠭᠡᠳ ᠶᠠᠷᠢᠨ᠎ᠠ᠃ ᠠᠰᠠᠷᠠᠮᠵᠢ᠎ᠶ᠋ᠢᠨ ᠬᠦᠷᠢᠶᠡᠯᠡᠩ᠎ᠦᠨ ᠳᠠᠭᠠᠭᠤᠯᠤᠭ᠍ᠴᠢ ᠪᠠᠭ᠍ᠰᠢ ᠳ᠋ᠠᠶ ᠬᠤᠸᠠᠨ᠄ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠠᠰᠠᠷᠠᠮᠵᠢ᠎ᠶ᠋ᠢᠨ ᠬᠦᠷᠢᠶᠡᠯᠡᠩ ᠪᠠᠰᠠ ᠣᠯᠠᠨ ᠤᠳᠠᠭ᠎ᠠ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠪᠡ᠃ ᠡᠨᠡ ᠨᠢ ᠮᠥᠨ ᠴᠦ᠍ ᠬᠡᠦᠬᠡᠳ᠎ᠦᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠵᠤ᠂ ᠲᠡᠳᠡᠨ᠎ᠳᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠎ᠢ ᠤᠢᠯᠠᠭᠠᠬᠤ ᠰᠠᠢᠨ ᠲᠣᠬᠢᠶᠠᠯ ᠬᠠᠨᠭᠭᠠᠬᠤ ᠪᠤᠯᠤᠨ᠎ᠠ》 ᠭᠡᠵᠦ ᠶᠠᠷᠢᠪᠠ᠃

ᠦᠪᠡᠷᠲᠡᠭᠡᠨ ᠵᠠᠰᠠᠬᠤ ᠤᠷᠤᠨ᠎ᠤ ᠮᠦᠰᠦᠨ ᠳᠡᠭᠡᠷᠡᠬᠢ ᠬᠦᠳᠡᠯᠭᠡᠭᠡᠨ᠎ᠤ ᠲᠦᠪ᠎ᠤᠨ ᠮᠥᠰᠥᠨ ᠪᠥᠮᠪᠥᠭᠡ᠎ᠶ᠋ᠢᠨ ᠣᠷᠳᠣᠨ᠎ᠤ ᠠᠵᠢᠯᠲᠠᠨ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ ᠎ᠤᠨ ᠡᠪᠤᠯ ᠎ᠤᠨ  ᠤᠯᠠᠷᠢᠯ ᠎ᠤᠨ ᠲᠠᠮᠢᠷ ᠎ᠤᠨ ᠴᠤᠭᠯᠠᠭᠠᠨ ᠎ᠤ ᠬᠥᠷ ᠬᠥᠭ᠌ᠵᠢᠶᠡᠨ᠎ᠲᠡᠶ ᠠᠭᠤᠷ ᠠᠮᠢᠰᠭᠤᠯ᠎ᠢ ᠮᠡᠳᠡᠷᠡᠭᠦᠯᠬᠦ᠌᠎ᠶ᠋ᠢᠨ ᠲᠥᠯᠥᠭᠡ ᠬᠥᠯᠥᠨ ᠪᠣᠢᠷ ᠬᠣᠲᠠ᠎ᠶ᠋ᠢᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠳᠦ ᠤᠷᠢᠯᠭ᠎ᠠ ᠶᠠᠪᠤᠭᠤᠯᠤᠭᠰᠠᠨ ᠶᠤᠮ᠂ ᠳᠠᠷᠠᠭ᠎ᠠ᠎ᠪᠠᠷ ᠪᠢᠳᠡ ᠪᠠᠰᠠ ᠵᠡᠬᠡᠯᠢ ᠴᠡᠪᠡᠷᠯᠡᠬᠦ  ᠠᠵᠢᠯᠴᠢᠨ᠎ᠢ ᠤᠷᠢᠵᠤ ᠲᠤᠬᠠᠶ᠎ᠶ᠋ᠢᠨ ᠲᠠᠯᠠᠪᠠᠶ᠎ᠳᠤ ᠤᠷᠤᠯᠳᠤᠭᠠᠨ ᠰᠣᠨᠢᠷᠬᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠦᠨᠡᠨ ᠬᠦ᠌ ᠪᠥᠬᠥ᠌ ᠠᠷᠠᠳ ᠬᠠᠮᠲᠤ᠎ᠪᠠᠷ ᠡᠳ᠋ᠯᠡᠬᠦ᠌᠂ ᠪᠥᠬᠥ᠌ ᠠᠷᠠᠳ᠎ᠢᠶᠠᠷ᠎ᠢᠶᠠᠨ ᠣᠷᠣᠯᠴᠠᠬᠤ ᠮᠥᠰᠥ᠍ ᠴᠠᠰᠤᠨ᠎ᠤ ᠦᠪᠡᠳᠡᠭ᠌ᠰᠢ ᠳᠠᠢᠯᠠᠯᠭ᠎ᠠ ᠪᠣᠯᠭᠠᠬᠤ᠎ᠪᠠᠷ ᠲᠥᠯᠥᠪᠯᠡᠵᠦ᠍ ᠪᠠᠢᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号