2 ᠰᠠᠷ᠎ᠠ᠎ᠶ᠋ᠢᠨ 22᠎ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ
ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠢᠯᠥᠭᠡᠲᠦ ᠴᠠᠨᠠᠯᠠᠯᠳᠠ᠎ᠶᠢᠨ ᠢᠯᠠ
ᠳᠤᠭᠤᠢᠯᠠᠩ᠎ᠤᠨ ᠪᠡᠯ ᠳᠡᠭᠡᠷᠡᠬᠢ ᠰᠠᠭᠠᠳ ᠳᠠᠪᠠᠬᠤ ᠤᠷ᠎ᠠ ᠮᠡᠷᠭᠡᠵᠢᠯ᠎ᠦᠨ ᠤᠷᠤᠯᠳᠤᠭᠠᠨ ᠵᠠᠯᠠᠨ ᠠᠢᠯ
ᠤᠷᠤᠯᠳᠤᠭᠠᠨ᠎ᠤ ᠲᠤᠭᠤᠷᠢᠭ᠎ᠤᠨ ᠵᠢᠨ ᠯᠦᠩ ᠱᠠᠨ ᠴᠠᠨᠠᠯᠠᠯᠳᠠ᠎ᠶᠢᠨ ᠲᠠᠯᠠᠪᠠᠢ᠎ᠳᠤ ᠶᠠᠪᠤᠭ᠍ᠳᠠᠵᠤ᠂
ᠡᠷᠡᠭ᠌ᠲᠡᠶ᠎ᠶᠢᠨ ᠲᠤᠭᠤᠢᠯᠠᠩ᠎ᠤᠨ ᠤᠷᠤᠯᠳᠤᠭᠠᠨ᠎ᠳᠤ ᠾᠧᠨᠠᠨ᠎ᠤ ᠠᠩᠭᠢ᠎ᠶ᠋ᠢᠨ ᠲᠠᠮᠢᠷᠴᠢᠨ ᠾᠧ ᠶ᠋ᠢᠨ ᠪᠥᠸᠧ ᠮᠠᠩᠯᠠᠢᠯᠠᠵᠦ᠂ ᠡᠮᠡᠭ᠌ᠲᠡᠶ᠎ᠶ᠋ᠢᠨ
ᠲᠤᠭᠤᠢᠯᠠᠩ᠎ᠳᠦ ᠭᠢᠷᠢᠨ᠎ᠦ ᠠᠩᠭᠢ ᠶ᠋ᠢᠨ ᠲᠠᠮᠢᠷᠴᠢᠨ ᠯᠢᠦ ᠮᠸᠩ ᠲᠢᠩ ᠮᠠᠩᠯᠠᠢᠯᠠᠵᠠᠢ᠃
ᠱᠢᠶ᠋ᠳᠪᠦᠷᠢᠲᠦ ᠤᠷᠤᠯᠳᠤᠭᠠᠨ ᠨᠢ ᠬᠣᠶᠠᠷ ᠡᠭᠡᠯᠵᠢ
ᠶᠠᠪᠤᠭ᠍ᠳᠠᠵᠤ᠂ ᠬᠣᠶᠠᠷ ᠡᠭᠡᠯᠵᠢ᠎ᠶ᠋ᠢᠨ ᠳᠣᠲᠣᠷᠠᠬᠢ ᠬᠠᠮᠤᠭ᠎ᠤᠨ ᠰᠠᠢᠨ ᠬᠢᠷᠢ ᠪᠦᠲᠦᠮᠵᠢ᠎ᠪᠡᠷ ᠡᠴᠦᠰ᠎ᠦᠨ
ᠬᠢᠷᠢ ᠪᠦᠲᠦᠮᠵᠢ ᠪᠣᠯᠭᠠᠨ᠎ᠠ᠃ ᠡᠷᠡᠭ᠌ᠲᠡᠶ᠎ᠶ᠋ᠢᠨ ᠳᠤᠭᠤᠢᠯᠠᠩ᠎ᠤᠨ ᠤᠷᠤᠯᠳᠤᠭᠠᠨ᠎ᠳᠤ᠂ ᠾᠧᠨᠠᠨ᠎ᠤ
ᠠᠩᠭᠢ᠎ᠶ᠋ᠢᠨ ᠲᠠᠮᠢᠷᠴᠢᠨ ᠾᠧ᠎ᠶ᠋ᠢᠨ ᠪᠥᠸᠧ 92.00 ᠬᠤᠪᠢ᠎ᠶ᠋ᠢᠨ ᠥᠨᠳᠥᠷ ᠬᠢᠷᠢ ᠪᠦᠳᠦᠮᠵᠢ ᠪᠡᠷ ᠠᠯᠲᠠᠨ ᠮᠧᠳᠠᠯ ᠲᠤᠰᠴᠦ᠂
ᠱᠠᠨᠳᠦ᠋ᠩ᠎ᠦᠨ ᠠᠩᠬᠢ ᠶ᠋ᠢᠨ ᠲᠠᠮᠢᠷᠴᠢᠨ ᠵᠠᠩ ᠱ᠌ᠢ ᠬᠤᠤ ᠪᠣᠯᠤᠨ ᠭᠦᠢᠵᠧᠦ᠍᠎ᠶ᠋ᠢᠨ ᠠᠩᠬᠢ᠎ᠶᠢᠨ ᠲᠠᠮᠢᠷᠴᠢᠨ
ᠯᠢᠦ ᠱᠢᠨ ᠫᠸᠩ ᠲᠤᠰ ᠲᠤᠰ ᠮᠥᠩᠭᠥᠨ ᠮᠧᠳᠠᠯ ᠪᠣᠯᠤᠨ ᠬᠦᠷᠡᠯ ᠮᠧᠳᠠᠯ ᠲᠤᠰᠴᠠᠢ᠃ ᠾᠧ᠎ᠶ᠋ᠢᠨ
ᠪᠥᠸᠧ᠄ 《ᠨᠠᠳᠠ᠎ᠳᠤ ᠡᠨᠡ ᠲᠥᠷᠥᠯ᠎ᠤᠨ ᠲᠠᠮᠢᠷ᠎ᠤᠨ ᠬᠦᠳᠡᠯᠭᠡᠭᠡᠨ ᠶᠡᠬᠡ ᠴᠤᠭᠯᠢᠭ ᠰᠠᠨᠠᠭᠳᠠᠳᠠᠭ᠂
ᠰᠠᠯᠬᠢ ᠳᠠᠳᠠᠭᠤᠯᠤᠨ ᠴᠠᠨᠠᠯᠠᠵᠦ ᠡᠬᠢᠯᠡᠬᠦ᠌᠎ᠳᠦ ᠡᠷᠬᠡ ᠴᠢᠯᠥᠭᠡᠲᠡᠶ ᠰᠠᠨᠠᠭ᠍ᠳᠠᠨ᠎ᠠ᠃ ᠡᠨᠡ ᠠᠯᠲᠠᠨ
ᠮᠧᠳᠠᠯ᠎ᠢ ᠠᠪᠤᠭᠠᠳ ᠮᠠᠰᠢ ᠪᠠᠶᠠᠷᠲᠠᠶ ᠪᠠᠢᠨ᠎ᠠ!》 ᠭᠡᠵᠦ ᠬᠡᠯᠡᠨ᠎ᠠ᠃






ᠡᠮᠡᠭ᠌ᠲᠡᠶ᠎ᠶ᠋ᠢᠨ ᠳᠤᠭᠤᠢᠯᠠᠩ᠎ᠤᠨ ᠤᠷᠤᠯᠳᠤᠭᠠᠨ᠎ᠳᠤ᠂ 2
ᠰᠠᠷ᠎ᠠ᠎ᠶᠢᠨ 17᠎ᠤ ᠡᠳᠦᠷ᠎ᠤᠨ ᠴᠢᠯᠥᠭᠡᠲᠦ ᠴᠠᠨᠠᠯᠠᠯᠳᠠ᠎ᠶᠢᠨ
ᠳᠠᠢᠰᠠᠨ
ᠡᠴᠡ ᠬᠠᠷᠠᠢᠬᠤ ᠤᠷᠤᠯᠳᠤᠭᠠᠨ᠎ᠳᠤ ᠠᠯᠲᠠᠨ ᠮᠧᠳᠠᠯ ᠣᠯᠤᠭ᠍ᠰᠠᠨ ᠭᠢᠷᠢᠨ᠎ᠦ ᠠᠩᠭᠢ᠎ᠶ᠋ᠢᠨ ᠲᠠᠮᠢᠷᠴᠢᠨ ᠯᠢᠦ
ᠮᠸᠩ ᠲᠢᠩ 88.25 ᠬᠤᠪᠢ᠎ᠶ᠋ᠢᠨ ᠬᠢᠷᠢ ᠪᠦᠲᠦᠮᠵᠢ᠎ᠪᠡᠷ ᠳᠠᠬᠢᠨᠳᠠ ᠠᠯᠲᠠᠨ ᠮᠧᠳᠠᠯ ᠲᠤᠰᠴᠤ᠂ ᠬᠠᠷᠠᠮᠥ᠋ᠷᠡᠨ᠎ᠦ
ᠠᠩᠭᠢ᠎ᠶ᠋ᠢᠨ ᠲᠠᠮᠢᠷᠴᠢᠨ ᠶᠠᠩ ᠱᠦᠸᠸ ᠷᠦᠢ ᠪᠣᠯᠤᠨ ᠾᠧᠨᠠᠨ᠎ᠤ ᠠᠩᠭᠢ᠎ᠶ᠋ᠢᠨ ᠲᠠᠮᠢᠷᠴᠢᠨ ᠱᠢᠶᠦ᠋ᠩ ᠸᠸᠨ ᠬᠤᠢ
ᠲᠤᠰ ᠲᠤᠰ ᠮᠥᠩᠭᠥᠨ ᠮᠧᠳᠠᠯ ᠪᠠ ᠬᠦᠷᠡᠯ ᠮᠧᠳᠠᠯ ᠲᠤᠰᠴᠠᠢ᠃
ᠰᠤᠷᠪᠤᠯᠵᠢᠯᠠᠭᠴᠢ᠄ ᠬᠦᠭᠵᠢᠯᠳᠦ
ᠭᠡᠷᠡᠯ ᠵᠢᠷᠤᠭ᠄ ᠬᠦᠪᠴᠢᠨ
ᠰᠡᠭᠦᠳᠡᠷᠯᠡᠭᠴᠢ᠂ ᠹᠢᠯᠢᠮ ᠦᠢᠯᠡᠳᠦᠭᠴᠢ᠄ ᠬᠦᠪᠴᠢᠨ
ᠬᠢᠨᠠᠭᠴᠢ᠄ ᠪᠢᠯᠢᠭᠲᠦ