ᠳᠠᠩ ᠴᠠᠨᠠᠳᠦ ᠴᠠᠨᠠᠯᠠᠯᠳᠠ᠎ᠶᠢᠨ ᠲᠠᠪᠴᠠᠩ ᠡᠴᠡ ᠬᠠᠷᠠᠢᠬᠤ ᠤᠷᠤᠯᠳᠤᠭᠠᠨ᠎ᠳᠤ ᠰᠦ᠍ ᠢ ᠮᠢᠩ ᠮᠠᠩᠯᠠᠢᠯᠠᠪᠠ
2024-02-24 14:15:32
ᠵᠣᠬᠢᠶᠠᠭ᠍ᠴᠢ᠄
​ᠬᠦᠪᠴᠢᠨ ᠬᠦᠭᠵᠢᠯᠳᠦ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 23᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠳᠠᠩ ᠴᠠᠨᠠᠳᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠳᠤᠭᠤᠢᠯᠠᠩ᠎ᠤᠨ ᠡᠷᠡᠭ᠌ᠲᠡᠶ ᠡᠮᠡᠭ᠌ᠲᠡᠶ᠎ᠶ᠋ᠢᠨ ᠳᠠᠪᠴᠠᠩ ᠡᠴᠡ ᠬᠠᠷᠠᠢᠬᠤ ᠤᠷᠤᠯᠳᠤᠭᠠᠨ ᠵᠠᠯᠠᠨ ᠠᠢᠯ ᠬᠤᠳᠠ᠎ᠶᠢᠨ ᠵᠢᠨ ᠯᠦᠩ ᠱᠠᠨ ᠴᠠᠨᠠᠯᠠᠯᠳᠠ᠎ᠶᠢᠨ ᠲᠠᠯᠠᠪᠠᠶ᠎ᠳᠤ ᠶᠠᠪᠤᠭ᠍ᠳᠠᠵᠤ᠂ 2 ᠠᠯᠲᠠᠨ ᠮᠧᠳᠠᠯ ᠳᠤᠳᠤᠷᠠᠵᠠᠢ᠃

ᠦᠳᠡ᠎ᠶ᠋ᠢᠨ ᠡᠮᠦᠨ᠎ᠡ ᠶᠠᠪᠤᠭ᠍ᠳᠠᠭ᠍ᠰᠠᠨ ᠳᠠᠩ ᠴᠠᠨᠠᠳᠦ ᠴᠠᠨᠠᠯᠠᠯᠳᠠ᠎ᠶᠢᠨ ᠢᠯᠡ ᠤᠷᠤᠯᠳᠤᠭᠠᠨ᠎ᠤ ᠡᠷᠡᠭ᠌ᠲᠡᠶ᠎ᠶ᠋ᠢᠨ ᠳᠠᠪᠴᠠᠩ ᠡᠴᠡ ᠬᠠᠷᠠᠢᠬᠤ ᠱᠢᠶ᠋ᠳᠪᠦᠷᠢᠲᠦ ᠤᠷᠤᠯᠳᠤᠭᠠᠨ᠎ᠳᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠤᠰ ᠲᠥᠷᠥᠯ᠎ᠦᠨ ᠠᠯᠲᠠᠨ ᠮᠧᠳᠠᠯ ᠲᠤᠰᠤᠬᠰᠠᠨ ᠰᠦ᠍ ᠢ ᠮᠢᠩ ᠱᠠᠨ ᠰᠢ ᠶ᠋ᠢᠨ ᠠᠩᠭᠢ᠎ᠶ᠋ᠢ ᠲᠥᠯᠥᠭᠡᠯᠡᠨ ᠤᠷᠤᠯᠳᠤᠭᠠᠨ᠎ᠳᠤ ᠣᠷᠣᠯᠴᠠᠵᠤ᠂ 182.6 ᠵᠢᠨ ᠶᠡᠷᠦᠩᠬᠡᠶ ᠬᠤᠪᠢ ᠪᠠᠷ ᠮᠠᠩᠯᠠᠢᠯᠠᠵᠠᠢ᠃

ᠲᠤᠰ ᠡᠳᠦᠷ ᠶᠠᠪᠤᠭ᠍ᠳᠠᠭ᠍ᠰᠠᠨ ᠡᠮᠡᠭ᠌ᠲᠡᠶ᠎ᠶ᠋ᠢᠨ ᠤᠷᠤᠯᠳᠤᠭᠠᠨ᠎ᠳᠤ᠂ ᠭᠤᠸᠠᠩᠰᠢ᠎ᠶ᠋ᠢᠨ ᠠᠩᠬᠢ᠎ᠶᠢᠨ ᠲᠠᠮᠢᠷᠴᠢᠨ ᠭᠠᠨ ᠵᠢᠶᠠ ᠵᠢᠶᠠ ᠮᠠᠩᠯᠠᠢᠯᠠᠵᠦ᠂ ᠶᠦᠨᠨᠠᠨ᠎ᠤ ᠠᠩᠬᠢ᠎ᠶᠢᠨ ᠲᠠᠮᠢᠷᠴᠢᠨ ᠴᠧᠨ ᠯᠢᠥᠢ ᠳ᠋ᠤᠤ ᠪᠣᠯᠤᠨ ᠰᠸᠴᠤᠸᠠᠨ᠎ᠤ ᠠᠩᠭᠢ᠎ᠶ᠋ᠢᠨ ᠲᠠᠮᠢᠷᠴᠢᠨ ᠾᠧ ᠲᠢᠩ ᠵᠢᠶᠠ ᠲᠤᠰ ᠲᠤᠰ ᠮᠥᠩᠭᠥᠨ ᠮᠧᠳᠠᠯ ᠪᠠ ᠬᠦᠷᠡᠯ ᠮᠧᠳᠠᠯ ᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号