2 ᠰᠠᠷ᠎ᠠ᠎ᠶ᠋ᠢᠨ 22᠎ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠪᠦᠯ᠎ᠦᠨ ᠤᠯᠠᠷᠢᠯ᠎ᠤᠨ ᠬᠣᠶᠠᠷ ᠵᠦᠢᠯ᠎ᠦᠨ ᠢᠯᠠ ᠳᠤᠭᠤᠢᠯᠠᠩ᠎ᠤᠨ ᠡᠮᠡᠭ᠌ᠲᠡᠢ 4×6 ᠺᠢᠯᠤᠮᠸᠲᠷ᠂ ᠡᠷᠡᠭ᠌ᠲᠡᠢ᠎ᠶ᠋ᠢᠨ 4×7.5 ᠺᠢᠯᠤᠮᠸᠲᠷ᠎ᠤᠨ ᠪᠤᠤᠬᠢᠶ᠎ᠠ ᠤᠷᠤᠯᠳᠤᠭᠠᠨ ᠤᠯᠠᠭᠠᠨᠴᠠᠪ᠎ᠤᠨ ᠯᠢᠶᠠᠩᠴᠧᠩ᠎ᠦᠨ ᠤᠷᠤᠯᠳᠤᠭᠠᠨ᠎ᠤ ᠲᠣᠭᠣᠷᠢᠭ᠎ᠲᠤ ᠶᠠᠪᠤᠭ᠍ᠳᠠᠵᠤ᠂ ᠪᠦᠬᠦ᠌ ᠤᠯᠤᠰ᠎ᠤᠨ 13 ᠲᠦᠯᠦᠭᠡᠯᠡᠭᠴᠢᠳ ᠤ᠋ᠨ ᠠᠡᠭᠬᠢ ᠱᠢᠷᠦᠭᠦᠨ ᠥᠷᠢᠰᠥᠯᠳᠦᠭᠡᠨ ᠵᠢᠡᠷ ᠲᠠᠮᠵᠢᠵᠦ᠂ ᠯᠢᠶᠣᠤᠨᠢᠩ᠎ᠤᠨ ᠠᠩᠭᠢ ᠬᠤᠶᠡᠷ ᠲᠦᠷᠦᠯ ᠤ᠋ᠨ ᠤᠷᠤᠯᠳᠤᠭᠠᠨ ᠳ᠋ᠤ ᠴᠦᠮ ᠠᠯᠲᠠᠨ ᠮᠧᠳᠠᠯ ᠣᠯᠵᠦ᠂ ᠥᠪᠥᠷ ᠮᠣᠩᠭᠣᠯ᠎ᠤᠨ ᠠᠩᠭᠢ 1 ᠮᠥᠩᠭᠥᠨ ᠮᠧᠳᠠᠯ᠂ ᠨᠢᠭᠡ 1 ᠬᠦᠷᠡᠯ ᠮᠧᠳᠠᠯ ᠤᠯᠵᠠᠢ᠃

ᠦᠳᠡ᠎ᠶ᠋ᠢᠨ ᠡᠮᠦᠨᠡᠬᠢ 11 ᠴᠠᠭ 10 ᠮᠢᠨᠦ᠋ᠲ᠎ᠲᠦ᠂ ᠡᠷᠡᠭ᠌ᠲᠡᠶ᠎ᠶ᠋ᠢᠨ ᠳᠤᠭᠤᠢᠯᠠᠩ᠎ᠤᠨ ᠪᠤᠤᠬᠢᠶ᠎ᠠ ᠤᠷᠤᠯᠳᠤᠭᠠᠨ ᠡᠬᠢᠯᠡᠵᠦ᠍᠂ ᠯᠢᠶᠣᠤᠨᠢᠩ᠎ᠤᠨ ᠠᠩᠭᠢ᠎ᠶ᠋ᠢᠨ ᠨᠢᠭᠡᠳᠦᠭᠡᠷ ᠱᠢᠳᠠᠮ᠎ᠤᠨ ᠯᠢ ᠱᠢᠤᠸᠠᠢ ᡁᠢ ᠲᠡᠷᠢᠭᠦᠯᠡᠵᠦ᠍᠂ ᠫᠤᠤᠳᠠᠯᠭ᠎ᠠ᠎ᠶ᠋ᠢᠨ ᠭᠣᠭ᠍ᠴᠣᠭ᠎ᠠ᠎ᠳᠤ ᠨᠠᠩ ᠴᠤ᠌ ᠫᠠᠢ ᠵᠢ ᠪᠦᠬᠦᠨ ᠢ᠋ ᠤᠨᠤᠭᠠᠵᠤ᠂ ᠲᠡᠭᠦᠨ᠎ᠦ ᠠᠩᠭᠢ᠎ᠶ᠋ᠢᠨ ᠨᠥᠬᠥᠳ᠎ᠲᠡᠬᠡᠨ ᠨᠠᠩ ᠣᠯᠠᠨ ᠴᠠᠭ ᠲᠡᠮᠡᠴᠡᠨ ᠣᠯᠵᠤ ᠦᠭᠭᠦᠭᠡᠳ ᠯᠢᠶᠣᠤᠨᠢᠩ᠎ᠤᠨ ᠠᠩᠭᠢ ᠪᠣᠳᠠᠲᠤ ᠬᠦᠴᠦᠨ ᠵᠢᠡᠷ ᠵᠢᠡᠨ ᠠᠯᠲᠠᠨ ᠮᠧᠳᠠᠯ ᠣᠯᠪᠠ᠃

ᠠᠳᠠᠯᠢᠬᠠᠨ᠎ᠢᠶᠠᠷ ᠡᠷᠡᠭ᠌ᠲᠡᠶ᠎ᠶ᠋ᠢᠨ ᠪᠤᠤᠬᠢᠶ᠎ᠠ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ᠎ᠶ᠋ᠢᠨ ᠪᠦᠦ ᠪᠦᠦ ᠼᠠᠢ᠂ ᠵᠤᠸᠠᠩ ᠱᠧᠩ ᠢᠦᠢ᠂ ᠭᠸᠦ ᠵᠧᠨ ᠳ᠋ᠦᠩ᠂ ᠵᠢᠶᠠᠨ ᠺᠠᠶ ᠭᠧ ᠬᠦᠴᠦᠨ ᠴᠢᠳᠠᠯ ᠵᠢᠡᠨ ᠰᠢᠪᠬᠠᠨ ᠡᠷᠡᠮᠡᠭᠡᠢᠯᠡᠨ ᠤᠷᠤᠯᠳᠤᠵᠤ᠂ ᠬᠠᠮᠤᠭ᠎ᠤᠨ ᠰᠡᠭᠦᠯ ᠳ᠋ᠤ ᠶᠠᠪᠤᠵᠤ ᠪᠠᠢᠭᠰᠠᠨ ᠡᠴᠡ ᠪᠠᠨ ᠬᠣᠶᠠᠳᠤᠭᠠᠷ᠎ᠲᠤ ᠣᠷᠣᠵᠤ᠂ 1 ᠴᠠᠭ 29 ᠮᠢᠨᠦ᠋ᠲ 16 ᠰᠧᠺᠦ᠋ᠨ᠋ᠳ᠋ 2᠎ᠤᠨ ᠬᠢᠷᠢ ᠪᠦᠲᠦᠮᠵᠢ ᠪᠡᠷ ᠮᠥᠩᠭᠥᠨ ᠮᠧᠳᠠᠯ ᠣᠯᠪᠠ᠃ 《ᠬᠠᠮᠤᠭ ᠰᠡᠭᠦᠯ᠎ᠦᠨ ᠨᠢᠭᠡ ᠱᠢᠳᠠᠮ᠎ᠤᠨ ᠬᠦᠨᠳᠦ ᠡᠭᠦᠷᠭᠡ᠎ᠶ᠋ᠢ ᠡᠭᠦᠷᠭᠡᠯᠡᠭᠰᠡᠨ ᠲᠤᠯᠠ᠂ ᠡᠮᠦᠨᠡᠬᠢ ᠠᠩᠭᠢ᠎ᠶ᠋ᠢᠨ ᠨᠥᠬᠥᠳ ᠶᠠᠮᠠᠷ ᠵᠡᠷᠭᠡ ᠪᠠᠢᠭ᠍ᠰᠠᠨ ᠴᠤ᠌ ᠪᠢ ᠪᠦᠬᠦ᠌ ᠬᠦᠴᠦ᠍᠎ᠪᠡᠷ᠎ᠢᠶᠡᠨ ᠴᠢᠷᠮᠠᠢᠨ᠎ᠠ᠂ ᠡᠮᠦᠨ᠎ᠡ ᠭᠤᠷᠪᠠᠨ ᠠᠩᠭᠢ᠎ᠶ᠋ᠢᠨ ᠨᠥᠬᠥᠳ᠎ᠦᠨ ᠡᠷᠡᠯᠬᠡᠭ᠌ᠯᠡᠨ ᠲᠡᠮᠡᠴᠡᠭ᠌ᠰᠡᠨ᠎ᠳᠦ ᠮᠠᠰᠢ ᠲᠠᠯᠠᠷᠬᠠᠵᠤ ᠪᠠᠢᠨ᠎ᠠ᠂ ᠨᠠᠮ᠎ᠠ ᠳ᠋ᠤ ᠬᠣᠶᠠᠳᠤᠭᠠᠷ᠎ᠲᠤ ᠣᠷᠣᠬᠤ ᠪᠤᠯᠤᠯᠴᠠᠭ᠎ᠠ ᠵᠢ ᠲᠡᠮᠡᠴᠡᠨ ᠣᠯᠵᠤ ᠦᠭᠭᠦᠭᠰᠡᠨ᠂ ᠬᠠᠮᠤᠭ ᠰᠡᠭᠦᠯᠳᠦᠨᠢ ᠪᠢ ᠭᠤᠷᠪᠠᠳᠤᠭᠠᠷ ᠢ᠋ ᠲᠠᠪᠠᠨ ᠭᠠᠷᠤᠭᠰᠠᠨ》 ᠭᠡᠵᠦ᠍ ᠥᠪᠥᠷ ᠮᠣᠩᠭᠣᠯ᠎ᠤᠨ ᠠᠩᠭᠢ ᠵᠢᠨ ᠵᠢᠶᠠᠨ ᠺᠠᠶ ᠭᠧ ᠰᠡᠳᠭᠢᠯ ᠬᠠᠨᠤᠮᠵᠢᠲᠠᠶ ᠬᠡᠯᠡᠪᠡ᠃
ᠳᠤᠷᠠᠳᠤᠭᠤᠱᠢᠲᠠᠶ ᠨᠢ᠂ ᠥᠪᠥᠷ ᠮᠣᠩᠭᠣᠯ᠎ᠤᠨ ᠠᠩᠭᠢ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠤᠷᠤᠯᠳᠤᠭᠠᠨ᠎ᠳᠤ ᠴᠤ᠌ ᠮᠠᠰᠢ ᠭᠠᠷᠮᠠᠭᠠᠶ ᠢᠯᠡᠷᠡᠯ᠎ᠲᠡᠶ ᠪᠠᠢᠵᠤ᠂ ᠬᠦᠷᠡᠯ ᠮᠧᠳᠠᠯ ᠤᠯᠵᠠᠢ᠃