ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠤ᠋ ᠭᠡᠨᠡᠳᠲᠡ᠎ᠶᠢᠨ ᠪᠠᠢᠳᠠᠯ᠎ᠢ ᠠᠷᠭᠠᠴᠠᠭᠠᠬᠤ ᠪᠡᠯᠡᠳᠬᠡᠯ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠬᠥᠯᠥᠨ ᠪᠣᠶ᠋ᠢᠷ᠎ᠤᠨ ᠴᠡᠷᠢᠭ᠎ᠦᠨ ᠬᠤᠪᠢᠶᠠᠷᠢ ᠲᠣᠭᠣᠷᠢᠭ ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤᠷᠠᠭᠰᠠᠨ ᠪᠠᠴᠢᠮ ᠪᠠᠢᠳᠠᠯ᠎ᠢ ᠠᠷᠭᠠᠴᠠᠭᠠᠬᠤ ᠵᠢᠯᠤᠭᠣᠳᠬᠤ ᠪᠠᠢᠭᠤᠯᠤᠮᠵᠢ᠎ᠶᠢ ᠲᠡᠭᠦᠯᠳᠡᠷᠵᠢᠭᠦᠯᠵᠦ᠂ ᠴᠠᠰᠤ ᠵᠤᠳ᠎ᠤᠨ ᠭᠠᠮᠰᠢᠭ ᠲᠠᠢ ᠲᠡᠮᠡᠴᠡᠬᠦ᠂ ᠰᠦᠷᠳᠡᠭᠦᠯᠦᠯ᠎ᠢ ᠡᠰᠡᠷᠭᠦᠴᠡᠵᠦ ᠲᠣᠭᠲᠠᠭᠤᠨ᠎ᠢ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠤᠨᠲᠠᠷᠠᠭᠠᠬᠤ ᠵᠡᠷᠭᠡ ᠪᠡᠯᠡᠳᠬᠡᠯ ᠲᠥᠰᠥᠯ ᠳᠦ ᠵᠠᠰᠠᠪᠤᠷᠢ ᠣᠷᠣᠭᠤᠯᠵᠦ᠂ ᠪᠠᠢᠯᠳᠤᠭᠠᠨ ᠤ ᠵᠢᠯᠤᠭᠣᠳᠬᠤ ᠰᠢᠰᠲᠧᠮ ᠢ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠭᠣᠣᠯ ᠬᠤᠳᠠ᠎ᠶᠢᠨ ᠲᠣᠭᠣᠷᠢᠭ᠋᠎ᠤᠨ ᠴᠢᠬᠤᠯᠠ ᠵᠠᠮ᠎ᠤᠨ ᠠᠭᠤᠯᠵᠠᠷ᠂ ᠭᠠᠯᠲᠤ ᠲᠡᠷᠭᠡᠨ ᠦᠷᠳᠡᠭᠡ᠂ ᠬᠤᠳᠠ᠎ᠶᠢᠨ ᠠᠷᠠᠳ᠎ᠤᠨ ᠠᠭᠤᠳᠠᠮ ᠲᠠᠯᠠᠪᠠᠢ ᠵᠡᠷᠭᠡ 40 ᠭᠠᠷᠤᠢ ᠭᠣᠣᠯᠳᠠᠯᠭ᠎ᠠ᠎ᠲᠠᠢ ᠭᠠᠵᠠᠷ ᠣᠷᠣᠨ᠎ᠤ ᠨᠡᠢᠭᠡᠮ᠎ᠦᠨ ᠪᠠᠢᠳᠠᠯ᠎ᠢ ᠴᠠᠭ ᠲᠤᠬᠠᠢ ᠳ᠋ᠤᠨᠢ ᠬᠢᠨᠠᠨ ᠬᠡᠮᠵᠢᠵᠦ ᠪᠠᠢᠨ᠎ᠠ᠃
ᠪᠡᠰᠠ ᠪᠥᠬᠥ ᠬᠣᠲᠠ᠎ᠶᠢᠨ ᠵᠢᠯᠣᠭᠣᠴᠢ ᠦᠭᠡᠢ ᠨᠢᠰᠬᠡᠯ᠎ᠢᠶᠡᠷ ᠴᠠᠬᠳᠠᠬᠤ᠂ ᠡᠮᠴᠢᠯᠡᠭᠡᠨ᠎ᠦ ᠠᠪᠤᠷᠠᠨ ᠲᠤᠰᠠᠯᠠᠬᠤ᠂ ᠭᠠᠯ ᠰᠡᠷᠬᠡᠢᠯᠡᠨ ᠭᠠᠯ ᠤᠨᠲᠠᠷᠠᠭᠠᠬᠤ ᠵᠡᠷᠭᠡ ᠡᠷᠦᠬᠡ᠎ᠶᠢᠨ ᠴᠡᠷᠢᠭ᠎ᠦᠨ ᠲᠤᠰᠬᠠᠢ ᠬᠤᠪᠢᠶᠠᠷᠢ ᠠᠩᠭᠢ᠎ᠶᠢ 30 ᠭᠠᠷᠤᠢ ᠲᠣᠬᠢᠷᠠᠭᠤᠯᠵᠦ᠂ ᠡᠪᠦᠯ᠎ᠦᠨ ᠤᠯᠠᠷᠢᠯ᠎ᠤᠨ ᠵᠣᠬᠢᠴᠠᠬᠤ ᠪᠣᠯᠪᠠᠰᠤᠷᠠᠯ ᠪᠠ ᠪᠠᠶᠠᠷ᠎ᠤᠨ ᠡᠳᠦᠷ᠎ᠦᠨ ᠵᠢᠵᠢᠭᠦᠷᠯᠡᠬᠦ ᠠᠵᠢᠯ᠎ᠲᠠᠢ ᠤᠶᠠᠯᠳᠤᠭᠤᠯᠤᠨ᠂ ᠴᠠᠰᠤ ᠵᠤᠳ᠎ᠤᠨ ᠭᠠᠮᠰᠢᠭ ᠲᠠᠢ ᠲᠡᠮᠡᠴᠡᠬᠦ᠂ ᠡᠮ ᠡᠮᠨᠡᠯᠭᠡ᠎ᠶᠢᠨ ᠠᠪᠤᠷᠠᠯᠲᠠ᠂ ᠲᠣᠭᠲᠠᠭᠤᠨ᠎ᠢ ᠬᠠᠮᠠᠭᠠᠯᠠᠵᠤ ᠭᠡᠨᠡᠳᠲᠡ᠎ᠶᠢᠨ ᠬᠡᠷᠡᠭ ᠢ ᠰᠢᠢᠳᠪᠦᠷᠢᠯᠡᠬᠦ ᠪᠠ ᠴᠢᠬᠤᠯᠠ ᠬᠠᠷᠠᠯᠲᠠ᠎ᠶᠢᠨ ᠬᠠᠮᠠᠭᠠᠯᠠᠯᠲᠠ ᠵᠡᠷᠭᠡ ᠰᠡᠳᠦᠪ᠎ᠦᠨ ᠲᠣᠭᠣᠷᠢᠨ᠎ᠳᠤ 16 ᠡᠷᠦᠭᠡ᠎ᠶᠢᠨ ᠴᠡᠷᠢᠭ᠎ᠦᠨ ᠬᠤᠪᠢᠶᠠᠷᠢ ᠠᠩᠭᠢ᠎ᠶᠢ ᠵᠣᠬᠢᠶᠠᠨ ᠪᠠᠢᠭᠤᠯᠤᠨ ᠰᠣᠷᠢᠯᠲᠠ ᠬᠢᠵᠦ᠂ ᠬᠠᠬᠢᠷ ᠬᠦᠢᠲᠡᠨ ᠠᠭᠤᠷ ᠠᠮᠢᠰᠬᠤᠯ᠎ᠤᠨ ᠨᠥᠬᠥᠴᠡᠯ ᠳᠣᠣᠷ᠎ᠠ ᠪᠠᠴᠢᠮ ᠪᠠᠢᠳᠠᠯ᠎ᠢ ᠠᠷᠭᠠᠴᠠᠭᠠᠬᠤ ᠡᠭᠦᠷᠭᠡ᠎ᠶᠢ ᠭᠦᠢᠴᠡᠳᠬᠡᠬᠦ ᠴᠢᠳᠠᠪᠤᠷᠢ᠎ᠶᠢ ᠰᠢᠯᠭᠠᠨ ᠪᠠᠢᠴᠠᠭᠠᠵᠤ ᠳᠡᠭᠡᠭᠰᠢᠯᠡᠭᠦᠯᠪᠡ᠃ ᠵᠢᠩᠬᠢᠨᠢ ᠠᠯᠪᠠᠨ᠎ᠤ ᠳᠠᠷᠤᠭ᠎ᠠ ᠪᠠᠢᠯᠳᠤᠭ᠍ᠴᠢ᠂ ᠡᠷᠦᠬᠡ᠎ᠶᠢᠨ ᠴᠡᠷᠢᠭ ᠪᠣᠯᠣᠨ ᠲᠤᠰᠬᠠᠢ ᠴᠡᠷᠢᠭ᠎ᠦᠨ ᠺᠠᠳ᠋ᠷᠴᠤᠳ᠎ᠢ ᠵᠣᠬᠢᠶᠠᠨ ᠪᠠᠢᠭᠤᠯᠵᠤ ᠤᠷᠤᠯᠳᠤᠭᠠᠨ᠎ᠤ ᠲᠠᠯᠠᠪᠤᠷ᠎ᠤᠨ ᠠᠮᠤᠷ᠎ᠢ ᠬᠠᠮᠠᠭᠠᠯᠠᠬᠤ᠂ ᠰᠠᠢᠨ ᠳᠤᠷ᠎ᠠ᠎ᠶᠢᠨ ᠦᠢᠯᠡᠴᠢᠯᠡᠭᠡ᠂ ᠡᠮ ᠡᠮᠨᠡᠯᠭᠡ᠎ᠶᠢᠨ ᠪᠠᠲᠤᠯᠠᠭ᠎ᠠ ᠵᠡᠷᠭᠡ ᠠᠵᠢᠯ᠎ᠳᠤ ᠢᠳᠡᠪᠬᠢᠲᠡᠢ ᠣᠷᠣᠯᠴᠠᠭᠤᠯᠪᠠ᠃ ᠬᠠᠢᠯᠠᠷ ᠲᠣᠭᠣᠷᠢᠭ᠋᠂ ᠬᠠᠭᠤᠴᠢᠨ ᠪᠠᠷᠭᠤ ᠬᠣᠰᠢᠭᠤ ᠪᠣᠯᠣᠨ ᠡᠸᠡᠩᠬᠢ ᠬᠣᠰᠢᠭᠤ᠎ᠠᠴᠠ 300 ᠭᠠᠷᠤᠢ ᠡᠷᠦᠬᠡ᠎ᠶᠢᠨ ᠴᠡᠷᠢᠭ ᠬᠥᠳᠡᠯᠭᠡᠵᠦ᠂ ᠤᠷᠤᠯᠳᠤᠭᠠᠨ᠎ᠤ ᠲᠠᠯᠠᠪᠤᠷ ᠣᠷᠳᠣᠨ᠎ᠤ᠋ ᠤᠯᠠᠨ ᠬᠦᠮᠦᠨ ᠢ᠋ ᠲᠠᠷᠬᠠᠭᠠᠬᠤ ᠰᠣᠷᠢᠯᠲᠠ ᠬᠢᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号