ᠮᠦᠩᠭᠡ ᠲᠡᠮᠳᠡᠭᠯᠡᠭᠳᠡᠬᠦ ᠮᠦᠰᠦ ᠴᠠᠰᠤᠨ᠎ᠤ ᠰᠢᠨ᠎ᠡ ᠦᠨᠳᠦᠷᠯᠢᠭ
2024-02-26 09:37:33
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠯᠤᠰ ᠲᠠᠶᠠᠭᠠᠷ᠎ᠬᠦᠰᠡᠨ ᠬᠦᠯᠢᠶᠡᠭᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠪᠤᠯᠵᠤᠭ᠎ᠠ ᠶᠤᠰᠤᠭᠠᠷ ᠡᠬᠢᠯᠡᠵᠦ ᠮᠦᠰᠦ ᠴᠠᠰᠤᠨ᠎ᠤ ᠰᠢᠨ᠎ᠡ ᠭᠠᠢᠬᠠᠮᠰᠢᠭ ᠰᠢᠨ᠎ᠡ ᠦᠨᠳᠦᠷᠯᠢᠭ᠎ᠢ ᠡᠭᠡ ᠤᠯᠤᠰ᠎ᠤᠨ ᠤᠮᠠᠷᠠᠳᠤ ᠵᠢᠨ ᠡᠭᠡ ᠭᠠᠵᠠᠷ ᠲᠸ᠋ ᠪᠢᠴᠢᠭᠯᠡᠨ᠎ᠡ᠃


4958935_nargw_1708592455657.jpg


4958946_nargw_1708592463483_m.jpg


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》 ᠤᠷᠤᠯᠳᠤᠭᠠᠨ ᠡᠷᠭᠢᠯᠡᠬᠦ᠌ ᠱᠠᠭᠠᠷᠳᠠᠯᠭ᠎ᠠ᠎ᠶ᠋ᠢ ᠠᠭᠤᠰᠤᠯᠴᠠᠭᠤᠯᠵᠤ᠂ 《ᠨᠠᠷᠢᠯᠢᠭ》᠂ 《ᠪᠤᠬᠢᠷᠳᠤᠯ ᠦᠭᠡᠢ》᠂ 《ᠱᠢᠨ᠎ᠡ᠎ᠶ᠋ᠢ ᠡᠭᠦᠳᠬᠦ᠌》᠂ 《ᠦᠵᠡᠰᠭᠦᠯᠡᠩᠲᠦ ᠰᠠᠢᠬᠠᠨ ᠳᠤᠮᠳᠠᠳᠤ ᠤᠯᠤᠰ》᠂ 《ᠣᠨᠴᠠᠭᠠᠶ ᠲᠤᠭ᠍ᠴᠢ ᠵᠢᠨ ᠡᠨᠭᠨᠡᠭᠡ》 ᠵᠡᠷᠭᠡ ᠥᠪᠡᠷᠮᠢᠴᠡ ᠣᠨᠴᠠᠯᠢᠭ ᠪᠦᠬᠦᠢ ᠮᠠᠰᠢ ᠤᠯᠠᠨ ᠬᠢᠯᠠᠰ ᠴᠡᠭ᠎ᠢᠶᠡᠷ ᠥᠪᠥᠷ ᠮᠣᠩᠭᠣᠯ᠎ᠤᠨ ᠡᠬᠡ ᠭᠠᠵᠠᠷ᠎ᠤᠨ 《ᠤᠮᠤᠭᠯᠠᠩ ᠵᠢᠪᠬᠤᠯᠠᠩ》᠎ᠢ᠋ ᠪᠥᠬᠥ᠌ ᠤᠯᠤᠰ᠎ᠤᠨ ᠠᠷᠠᠳ ᠲᠦᠮᠡᠨ᠎ᠳᠦ ᠢᠯᠡᠷᠡᠭᠦᠯᠪᠡ᠃ ᠲᠤᠰ ᠤᠳᠠᠭ᠎ᠠ᠎ᠶ᠋ᠢᠨ ᠲᠠᠮᠢᠷ᠎ᠤᠨ ᠴᠤᠭ᠍ᠯᠠᠭᠠᠨ᠎ᠤ ᠲᠤᠭ᠍ᠴᠢ ᠵᠢᠨ ᠡᠩᠨᠡᠭᠡ ᠨᠢ ᠥᠩᠭᠡᠷᠡᠭ᠌ᠰᠡᠨ᠎ᠤ ᠬᠢ ᠲᠡᠶ ᠠᠳᠠᠯᠢ ᠦᠭᠡᠢ ᠪᠠᠢᠵᠤ᠂ 8 ᠲᠤᠭᠴᠢ ᠨᠢ ᠪᠦᠬᠦᠨ ᠵᠢᠡᠷ ᠵᠢᠡᠨ ᠪᠦᠬᠦ᠌ ᠣᠷᠣᠨ᠎ᠤ ᠴᠠᠭ ᠦᠶ᠎ᠡ᠎ᠶ᠋ᠢᠨ ᠵᠢᠱ᠌ᠢᠶᠡᠴᠢ ᠪᠠ ᠲᠡᠷᠢᠭᠦᠨ᠎ᠦ ᠠᠵᠢᠯᠲᠠᠨ᠎ᠪᠤᠯᠤᠨ᠎ᠠ᠃ ᠲᠡᠳᠡᠨ᠎ᠦ ᠳᠣᠲᠣᠷ᠎ᠠ ᠪᠦᠬᠦ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠂ ᠪᠦᠬᠦ᠌ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦᠷᠬᠡᠭ᠌ᠵᠢᠯ᠎ᠢ ᠵᠠᠰᠠᠭ᠍ᠰᠠᠨ ᠵᠢᠱ᠌ᠢᠶᠡᠴᠢ ᠵᠡᠷᠭᠡ ᠪᠤᠢ᠂ ᠡᠳᠡᠭᠡᠷ ᠴᠠᠭ ᠦᠶ᠎ᠡ᠎ᠶ᠋ᠢᠨ ᠵᠢᠱ᠌ᠢᠶᠡᠴᠢ ᠨᠢ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠤᠭ᠎ᠢ ᠥᠨᠳᠥᠷ ᠮᠠᠨᠳᠤᠭᠤᠯᠤᠭ᠍ᠰᠠᠨ᠎ᠢᠶᠠᠷ ᠪᠠᠷᠠᠬᠤ ᠦᠭᠡᠢ᠂ ᠪᠠᠰᠠ ᠰᠠᠢ᠌ᠨ ᠰᠠᠢᠬᠠᠨ ᠭᠡᠷ ᠣᠷᠣᠨ᠎ᠢᠶᠠᠨ ᠪᠦᠳᠦᠭᠡᠨ ᠪᠠᠢᠭᠤᠯᠬᠤ᠎ᠶ᠋ᠢ ᠬᠦᠳᠦᠯᠦᠨ ᠳᠠᠭᠠᠭᠤᠯᠬᠤ ᠵᠣᠷᠢᠭ ᠰᠠᠨᠠᠭᠠᠨ᠎ᠤ ᠲᠤᠭ ᠪᠤᠯᠵᠠᠢ᠃


4958938_nargw_1708592457769_m.jpg


4958936_nargw_1708592456457_m.jpg


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠪᠣᠯ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ ᠮᠠᠨ᠎ᠤ ᠤᠯᠤᠰ᠎ᠤᠨ ᠡᠷᠭᠢᠯᠡᠭ᠌ᠰᠡᠨ ᠬᠡᠪᠴᠢᠶ᠎ᠡ᠎ᠪᠡᠷ ᠬᠠᠮᠤᠭ᠎ᠤᠨ ᠶᠡᠬᠡ᠂ ᠬᠢᠷᠢ ᠬᠡᠮᠵᠢᠶ᠎ᠡ᠎ᠪᠡᠷ ᠬᠠᠮᠤᠭ᠎ᠤᠨ ᠥᠨᠳᠥᠷ᠂ ᠠᠯᠤᠰ ᠬᠡᠲᠦ᠍᠎ᠶ᠋ᠢᠨ ᠨᠥᠯᠥᠭᠡ᠎ᠲᠡᠶ ᠪᠥᠬᠥ᠌ ᠤᠯᠤᠰ᠎ᠤᠨ ᠶᠡᠷᠦᠩᠬᠡᠢᠯᠡᠭ᠌ᠰᠡᠨ ᠴᠢᠨᠠᠷᠲᠠᠶ ᠮᠥᠰᠥ᠍ ᠴᠠᠰᠤᠨ᠎ᠤ ᠤᠷᠤᠯᠳᠤᠭᠠᠨ ᠪᠣᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠯᠠᠨ ᠤᠯᠤᠰ᠎ᠤᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠂ ᠱᠢᠯᠢᠳᠡᠭ ᠪᠡᠯᠡᠳᠭᠡᠯ ᠴᠢᠳᠠᠪᠤᠷᠢᠲᠠᠨ᠎ᠢ ᠢᠯᠡᠷᠡᠭᠦᠯᠬᠦ᠌᠂ 《ᠭᠤᠷᠪᠠᠨ ᠳ᠋ᠦᠩᠱᠢᠭᠤᠷ ᠬᠥᠮᠦᠨ᠎ᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》 ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠂ ᠮᠥᠰᠥ᠍ ᠴᠠᠰᠤᠨ᠎ᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍᠂ ᠤᠷᠤᠯᠳᠤᠭᠠᠨ᠎ᠤ  ᠬᠤᠭᠤᠴᠠᠭᠠᠨ ᠳ᠋ᠤ ᠨᠡᠢᠲᠡ 8 ᠶᠡᠬᠡ ᠲᠥᠷᠥᠯ ᠵᠦᠶ᠋ᠯ 180 ᠪᠠᠭ᠎ᠠ ᠲᠥᠷᠥᠯ ᠵᠦᠢᠯ ᠲᠤᠬᠢᠷᠠᠭᠤᠯᠵᠠᠢ᠃ ᠡᠭᠦᠨ᠎ᠳᠦ ᠦᠷᠢᠰᠦᠯᠳᠦᠭᠡᠨᠳᠦ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ 176 ᠪᠠᠭ᠎ᠠ ᠲᠥᠷᠥᠯ ᠵᠦᠶ᠋ᠯ ᠭᠠᠷᠭᠠᠵᠤ᠂ ᠣᠯᠠᠨ ᠲᠦᠮᠡᠨᠴᠢ ᠤᠷᠤᠯᠳᠤᠭᠠᠨ᠎ᠤ ᠠᠵᠢᠯᠯᠠᠭ᠎ᠠ᠎ᠳᠤ 4 ᠪᠠᠭ᠎ᠠ ᠲᠥᠷᠥᠯ ᠵᠦᠶ᠋ᠯ ᠭᠠᠷᠭᠠᠵᠤ᠂ 3000 ᠭᠠᠷᠤᠶ ᠲᠠᠮᠢᠷᠴᠢᠨ ᠤᠷᠤᠯᠳᠤᠭᠠᠨ᠎ᠳᠤ ᠤᠷᠤᠯᠴᠠᠭᠰᠠᠨ ᠪᠠᠢᠨ᠎ᠠ᠃


4958949_nargw_1708592465697.JPG


4958950_nargw_1708592467373.JPG


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ 《ᠲᠠᠪᠤᠨ ᠠᠩᠬᠠᠳᠠᠭᠴᠢ》 ᠵᠢ ᠪᠡᠶᠡᠯᠡᠭᠦᠯᠪᠡ᠃ ᠲᠤᠬᠠᠢᠯᠠᠪᠠᠯ ᠠᠩᠬ᠎ᠠ ᠤᠳᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠢᠭᠤᠯᠤᠨ ᠤᠷᠤᠯᠳᠤᠭᠠᠨ᠎ᠳᠤ ᠣᠷᠣᠯᠴᠠᠵᠤ᠂ ᠵᠣᠬᠢᠬᠤ ᠨᠥᠬᠥᠴᠡᠯ᠎ᠦᠨ ᠳᠤᠤᠷ᠎ᠠ ᠬᠠᠮᠲᠤᠷᠠᠨ ᠲᠠᠮᠢᠷᠴᠢᠨ ᠬᠥᠮᠦᠵᠢᠭᠦᠯᠬᠦ᠌᠎ᠶ᠋ᠢ ᠵᠥᠪᠱᠢᠶᠡᠷᠡᠵᠦ᠍᠂ ᠡᠯ᠎ᠡ ᠲᠠᠯ᠎ᠠ᠎ᠶ᠋ᠢᠨ ᠬᠢᠨ᠎ᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠬᠥᠭ᠌ᠵᠢᠭᠦᠯᠬᠦ᠌ ᠢᠳᠡᠪᠬᠢᠵᠢᠯ᠎ᠢ ᠳᠠᠢᠴᠢᠯᠠᠪᠠ; ᠠᠩᠬᠠᠳᠤᠭᠠᠷ ᠤᠳᠠᠭ᠎ᠠ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠦᠷᠦᠯ ᠵᠦᠢᠯ᠎ᠢᠶᠡᠷ ᠪᠦᠬᠦ᠌ ᠲᠠᠯ᠎ᠠ᠎ᠪᠠᠷ ᠪᠠᠷᠢᠮᠵᠢᠶᠠᠯᠠᠵᠤ᠂ ᠵᠠᠯᠠᠭᠤᠴᠤᠳ᠎ᠤᠨ ᠳᠤᠭᠤᠢᠯᠠᠩ᠎ᠢ ᠨᠡᠮᠡᠨ ᠪᠠᠢᠭᠤᠯᠵᠤ᠂ ᠳᠠᠪᠠᠭᠤᠯᠢᠭ ᠲᠦᠷᠦᠯ ᠵᠦᠢᠯ᠎ᠢ ᠪᠡᠬᠢᠵᠢᠭᠦᠯᠦᠭᠰᠡᠨ ᠵᠢᠡᠷ ᠪᠠᠷᠠᠬᠤ ᠦᠭᠡᠢ ᠪᠠᠰᠠ ᠡᠩ᠎ᠦᠨ ᠲᠦᠷᠦᠯ ᠵᠦᠢᠯ᠎ᠦᠨ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠮᠥᠰᠥ᠍ ᠴᠠᠰᠤᠨ᠎ᠤ ᠬᠥᠳᠡᠯᠭᠡᠭᠡᠨ᠎ᠦ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ; ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠠᠩᠬ᠎ᠠ ᠤᠳᠠᠭ᠎ᠠ ᠤᠯᠠᠨ ᠲᠦᠮᠡᠨᠴᠢ  ᠤᠷᠤᠯᠳᠤᠭᠠᠨ᠎ᠢ ᠵᠣᠬᠢᠶᠠᠨ ᠪᠠᠢᠭᠤᠯᠵᠤ᠂ 400 ᠱᠢᠬᠠᠮ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠠᠬᠠᠲᠠᠳ ᠴᠡᠨᠡᠯᠡᠯᠲᠡ᠂ ᠬᠡᠭᠡᠷ᠎ᠡ᠎ᠶᠢᠨ ᠴᠡᠨᠡᠯᠡᠯᠲᠡ᠎ᠶ᠋ᠢᠨ ᠤᠷᠤᠯᠳᠤᠭᠠᠨ᠎ᠳᠤ ᠢᠳᠡᠪᠬᠢᠳᠡᠢ ᠣᠷᠣᠯᠴᠠᠵᠤ᠂ ᠠᠷᠠᠳ ᠤᠯᠠᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠣᠷᠭᠢᠯᠤᠮ᠎ᠠ ᠰᠡᠳᠭᠢᠯᠭᠡ᠎ᠶ᠋ᠢ ᠦᠷᠭᠦᠯᠵᠢᠯᠡᠨ ᠬᠥᠭ᠌ᠵᠢᠭᠡᠪᠡ; ᠠᠩᠬ᠎ᠠ ᠤᠳᠠᠭ᠎ᠠ ᠪᠡᠶ᠎ᠡ᠎ᠶ᠋ᠢᠨ ᠲᠠᠮᠢᠷ᠎ᠲᠡᠩᠭᠡᠭᠡ᠎ᠵᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠢᠷᠢ ᠬᠡᠮ᠎ᠦᠨ  ᠵᠥᠪᠱᠢᠶᠡᠷᠡᠯ᠎ᠦᠨ ᠪᠠᠷᠢᠮᠵᠢᠶ᠎ᠠ ᠪᠣᠯᠭᠠᠵᠤ᠂ ᠡᠯ᠎ᠡ ᠲᠠᠯ᠎ᠠ᠎ᠶ᠋ᠢᠨ ᠬᠢᠨ᠎ᠦ ᠪᠡᠶ᠎ᠡ᠎ᠶ᠋ᠢᠨ ᠲᠠᠮᠢᠷ᠎ᠲᠡᠩᠭᠡᠭᠡ ᠵᠢ ᠴᠢᠬᠤᠯᠠᠴᠢᠯᠠᠬᠤ᠂ ᠵᠣᠷᠢᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ᠂ ᠱᠢᠷᠬᠠᠲᠤᠵᠤ ᠡᠪᠡᠳᠴᠢᠯᠡᠬᠦ᠌᠎ᠶ᠋ᠢ ᠰᠡᠷᠭᠡᠢᠯᠡᠬᠦ᠌᠂ ᠮᠡᠷᠭᠡᠵᠢᠯ᠎ᠦᠨ ᠬᠢᠷᠢ ᠬᠡᠮᠵᠢᠶ᠎ᠡ᠎ᠪᠡᠨ ᠳᠡᠭᠡᠭ᠌ᠰᠢᠯᠡᠭᠦᠯᠬᠦ᠌᠎ᠶ᠋ᠢ ᠬᠥᠲᠥᠯᠥᠨ ᠵᠢᠯᠣᠭᠣᠳᠪᠠ; ᠠᠩᠬ᠎ᠠ ᠤᠳᠠᠭ᠎ᠠ ᠲᠦᠷᠭᠡᠨ ᠲᠡᠱᠢᠯᠲᠡ᠂ ᠤᠭᠲᠠᠷᠭᠤᠢ᠎ᠳᠡᠬᠢ ᠤᠷ᠎ᠠ ᠮᠡᠷᠭᠡᠵᠢᠯ ᠵᠡᠷᠭᠡ ᠲᠥᠷᠥᠯ ᠵᠦᠢᠯ᠎ᠤᠨ ᠱᠢᠶ᠋ᠳᠪᠦᠷᠢᠲᠦ ᠤᠷᠤᠯᠳᠤᠭᠠᠨ᠎ᠳᠤ ᠣᠷᠣᠬᠤ ᠬᠠᠮᠤᠭ᠎ᠤᠨ ᠳᠣᠣᠷ᠎ᠠ ᠬᠢᠷᠢ ᠪᠦᠲᠦᠮᠵᠢ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠵᠤ᠂ ᠪᠣᠯᠪᠠᠰᠤᠷᠠᠯ᠎ᠤᠨ ᠶᠠᠰᠤ ᠴᠢᠨᠠᠷ ᠪᠠ ᠦᠷ᠎ᠡ ᠠᠱᠢᠭ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃


4958942_nargw_1708592459960_m.jpg


4958940_nargw_1708592458919_m.jpg


2023 ᠣᠨ᠎ᠠᠴᠠ ᠨᠠᠭᠠᠰᠢ᠂ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ ᠲᠥᠯᠥᠭᠡᠯᠡᠭ᠌ᠴᠢᠳ᠎ᠦᠨ ᠪᠦᠯᠬᠦᠮ᠎ᠦᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠠᠮᠢᠷᠴᠢᠳ᠎ᠤᠨ ᠤᠷᠤᠯᠳᠤᠭᠠᠨ᠎ᠤ ᠲᠠᠯᠠᠪᠤᠷ᠎ᠤᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ ᠪᠠ ᠬᠥᠭᠡᠷᠦᠭᠦᠯᠬᠦ᠌ ᠡᠮ᠎ᠢ ᠡᠰᠡᠷᠭᠦᠴᠡᠬᠦ᠌ ᠬᠢᠨᠠᠯᠲᠠ ᠪᠠᠢᠴᠠᠭᠠᠯᠲᠠ᠎ᠶ᠋ᠢᠨ ᠳᠤᠭᠤᠢᠯᠠᠩ ᠪᠠᠢᠭᠤᠯᠵᠤ᠂ ᠤᠷᠤᠯᠳᠤᠭᠠᠨ᠎ᠤ ᠲᠠᠯᠠᠪᠤᠷ᠎ᠲᠤ ᠭᠦᠨᠵᠡᠭᠡᠢᠷᠡᠨ᠂ ᠬᠢᠨᠠᠯᠲᠠ ᠲᠠᠯᠪᠢᠵᠤ᠂ ᠭᠤᠤᠯᠳᠠᠯᠭ᠎ᠠ᠎ᠲᠠᠶ ᠲᠥᠷᠥᠯ ᠵᠦᠶ᠋ᠯ᠂ ᠭᠤᠤᠯᠳᠠᠯᠭ᠎ᠠ᠎ᠲᠠᠶ ᠲᠠᠯᠠᠪᠤᠷ ᠤᠳᠠᠭ᠎ᠠ᠎ᠳᠠᠬᠢ ᠬᠢᠨᠠᠯᠲᠠ ᠪᠠᠢᠴᠠᠭᠠᠯᠲᠠ᠎ᠪᠠᠨ ᠴᠢᠩᠭᠠᠳᠭᠠᠵᠤ᠂ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ ᠪᠠ ᠬᠥᠭᠡᠷᠦᠭᠦᠯᠬᠦ᠌ ᠡᠮ᠎ᠦᠨ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍᠂ ᠠᠷᠢᠭᠤᠨ ᠴᠡᠪᠡᠷ ᠤᠷᠤᠯᠳᠤᠭᠠᠨ᠎ᠤ ᠣᠷᠴᠢᠨ ᠲᠣᠭᠣᠷᠢᠨ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠨᠢᠭᠡᠨ ᠴᠢᠬᠤᠯᠠ ᠡᠭᠦᠷᠭᠡ ᠪᠣᠯ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠪᠡᠯᠡᠳᠭᠡᠯ ᠴᠢᠳᠠᠪᠤᠷᠢᠲᠠᠨ᠎ᠢ ᠤᠯᠠᠮ ᠨᠢᠭᠡ ᠠᠯᠬᠤᠮ ᠬᠥᠮᠦᠵᠢᠭᠦᠯᠦᠨ ᠪᠤᠵᠠᠭᠠᠢᠷᠠᠭᠤᠯᠵᠤ᠂ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠶᠠᠪᠤᠳᠠᠯ᠎ᠳᠤ ᠪᠡᠯᠡᠳᠭᠡᠬᠦ᠌ ᠳ᠋ᠤ ᠦᠶ᠋ᠯᠡᠴᠢᠯᠡᠵᠦ᠍᠂ ᠮᠠᠨ᠎ᠤ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠦ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃ ᠲᠥᠷᠥᠯ ᠵᠦᠶ᠋ᠯ᠎ᠦᠨ ᠲᠣᠬᠢᠷᠠᠭᠤᠯᠤᠯᠲᠠ᠎ᠶ᠋ᠢᠨ ᠲᠠᠯ᠎ᠠ᠎ᠪᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠠᠢ ᠪᠥᠬᠥ᠌ ᠲᠠᠯ᠎ᠠ᠎ᠪᠠᠷ ᠵᠣᠯᠭᠠᠯᠳᠤᠵᠤ᠂ ᠴᠠᠰᠤᠨ ᠲᠡᠷᠭᠡ᠂ ᠴᠢᠷᠭ᠎ᠠ᠂ ᠴᠠᠰᠤᠨ᠎ᠳᠤ ᠴᠡᠨᠡᠯᠡᠨ ᠠᠭᠤᠯᠠ ᠠᠪᠠᠷᠢᠬᠤ ᠵᠡᠷᠭᠡ᠎ᠨᠢ ᠴᠥᠮ ᠠᠩᠬ᠎ᠠ ᠤᠳᠠᠭ᠎ᠠ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠥᠷᠥᠯ ᠵᠦᠶ᠋ᠯ ᠪᠤᠯᠪᠠ᠃ ᠡᠨᠡ᠎ᠨᠢ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢᠶᠠᠷ ᠳᠡᠮᠵᠢᠨ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠴᠢᠳᠠᠪᠤᠷᠢᠲᠠᠨ᠎ᠢ ᠢᠯᠡᠷᠡᠭᠦᠯᠵᠦ᠍᠂ ᠮᠠᠨ᠎ᠤ ᠤᠯᠤᠰ᠎ᠤᠨ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠣᠯᠠᠨ ᠤᠯᠤᠰ᠎ᠲᠠᠬᠢ ᠥᠷᠢᠰᠥᠯᠳᠦᠬᠦ᠌ ᠬᠦᠴᠦᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠶ᠋ᠢᠨ ᠲᠥᠯᠥᠭᠡ ᠶᠤᠮ᠃


4958939_nargw_1708592458300_m.jpg


4958944_nargw_1708592462016_m.jpg


ᠬᠥᠯᠥᠨ ᠪᠣᠢᠷ ᠬᠣᠲᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠳᠠᠭᠠᠭᠠᠴᠢᠯᠠᠨ ᠡᠷᠭᠢᠯᠡᠬᠦ᠌᠎ᠪᠡᠷ ᠠᠵᠠ ᠲᠣᠬᠢᠶᠠᠯ ᠪᠣᠯᠭᠠᠵᠤ᠂ ᠮᠥᠰᠥ᠍ ᠴᠠᠰᠤᠨ᠎ᠤ ᠠᠮᠢ ᠠᠬᠤᠶ ᠪᠠ ᠠᠷᠠᠳ᠎ᠤᠨ ᠵᠠᠩ ᠦᠢᠯᠡ᠎ᠰᠣᠶᠣᠯ᠎ᠤᠨ ᠣᠯᠠᠨ ᠡᠱᠢᠲᠦ ᠳᠠᠪᠠᠭᠤᠯᠢᠭ᠎ᠢ ᠪᠠᠳᠠᠷᠠᠭᠤᠯᠤᠨ᠂ 2023 ᠣᠨ᠎ᠳᠤ ᠵᠢᠭᠤᠯᠴᠢᠯᠠᠭᠰᠠᠳ᠎ᠢ 3000 ᠲᠦᠮᠡᠨ ᠬᠥᠮᠦᠨ ᠤᠳᠠᠭ᠎ᠠ ᠬᠦᠯᠢᠶᠡᠨ ᠠᠪᠴᠦ᠍᠂ ᠵᠢᠭᠤᠯᠴᠢᠯᠠᠯ᠎ᠤᠨ ᠣᠷᠣᠯᠭ᠎ᠠ 500 ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠡᠶ᠃ 2023 ᠣᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠭ᠍ᠰᠠᠳ᠎ᠤᠨ ᠲᠣᠭ᠎ᠠ᠂ ᠵᠢᠭᠤᠯᠴᠢᠯᠠᠯ᠎ᠤᠨ ᠣᠷᠣᠯᠭ᠎ᠠ᠎ᠨᠢ ᠲᠣᠰ ᠲᠣᠰ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ᠎ᠬᠢ᠎ᠡᠴᠡ 2.2 ᠳᠠᠬᠢᠨ ᠪᠠ 2.7 ᠳᠠᠬᠢᠨ ᠵᠢᠡᠷ ᠨᠡᠮᠡᠭᠳᠡᠪᠡ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠪᠥᠬᠦᠢᠯᠡ ᠣᠷᠣᠨ ᠪᠦᠰᠡ᠎ᠳᠦ ᠮᠥᠰᠥ᠍ ᠴᠠᠰᠤᠨ᠎ᠤ ᠵᠢᠭᠤᠯᠴᠢᠯᠠᠯ ᠥᠷᠨᠢᠨ ᠬᠥᠭ᠌ᠵᠢᠬᠦ᠌ ᠶᠡᠬᠡ ᠰᠠᠢᠨ ᠪᠠᠢᠳᠠᠯ ᠢᠯᠡᠷᠡᠵᠦ᠍᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠡᠮᠦᠨᠡᠬᠢ ᠵᠢᠷᠭᠤᠭᠠᠨ ᠡᠳᠦᠷ᠎ᠲᠦ᠂ ᠪᠥᠬᠥ᠌ ᠣᠷᠣᠨ᠎ᠤ ᠭᠥᠯᠢᠶᠡᠨ ᠠᠪᠤᠭ᠍ᠰᠠᠨ ᠵᠢᠭᠤᠯᠴᠢᠯᠠᠭᠰᠠᠳ᠎ᠤᠨ ᠲᠤᠭ᠎ᠠ 2486.12 ᠲᠦᠮᠡᠨ ᠬᠥᠮᠦᠨ ᠤᠳᠠᠭ᠎ᠠ᠎ᠳᠤ ᠬᠦᠷᠴᠦ᠍᠂ ᠵᠢᠭᠤᠯᠴᠢᠯᠠᠯ᠎ᠤᠨ ᠣᠷᠣᠯᠭ᠎ᠠ 177.03 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠣᠰ ᠲᠣᠰ ᠨᠢᠳᠤᠨᠤᠨ᠎ᠤ ᠠᠳᠠᠯᠢ ᠬᠤᠭᠤᠴᠠᠭᠠᠨ᠎ᠤ ᠬᠢ ᠡᠴᠡ 6.15 ᠳᠠᠬᠢᠨ ᠪᠠ 8.25  ᠳᠠᠬᠢᠨ ᠪᠣᠯᠵᠠᠶ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠪᠡᠯᠡᠳᠭᠡᠭᠰᠡᠨ ᠡᠴᠡ ᠨᠠᠭᠠᠰᠢᠬᠢ ᠨᠠᠢ᠍ᠮᠠᠨ ᠵᠢᠯ᠎ᠳᠦ᠂ ᠮᠠᠨ᠎ᠤ ᠤᠷᠤᠨ᠎ᠤ ᠪᠦᠬᠦᠢᠯᠡ ᠤᠷᠤᠨ ᠪᠦᠰᠡ ᠵᠢᠨ ᠮᠥᠰᠥ᠍ ᠴᠠᠰᠤᠨ᠎ᠤ ᠵᠢᠭᠤᠯᠴᠢᠯᠠᠯ ᠪᠠ ᠮᠦᠰᠦ ᠴᠠᠰᠤᠨ᠎ᠤ ᠠᠵᠦ ᠠᠬᠤᠢ᠂ ᠮᠦᠰᠦ ᠴᠠᠰᠤᠨ᠎ᠤ ᠠᠵᠢᠯᠯᠠᠭ᠎ᠠ ᠦᠷᠨᠢᠨ ᠭᠦᠭᠵᠢᠵᠦ᠂ ᠮᠦᠰᠦ ᠴᠠᠰᠤᠨ᠎ᠤ ᠰᠢᠨ᠎ᠡ ᠦᠨᠳᠦᠷᠯᠢᠭ᠎ᠢ ᠲᠠᠰᠤᠷᠠᠯᠲᠡ ᠦᠭᠡᠢ ᠪᠢᠴᠢᠭᠯᠡᠪᠡ᠃


4958947_nargw_1708592464221_m.jpg


4958951_nargw_1708592468145_m.jpg


ᠭᠡᠷᠡᠯ ᠵᠢᠷᠤᠭ᠎ᠤᠳ ᠪᠤᠯ ᠠᠷᠪᠠᠨ ᠳᠦᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠬᠡᠰᠡᠭ ᠦᠵᠡᠭᠳᠡᠯ ᠪᠤᠯᠤᠨ᠎ᠠ᠃

(ᠰᠤᠷᠪᠤᠯᠵᠢᠯᠠᠭᠴᠢ  ᠪᠢᠯᠢᠭᠲᠦ ᠴᠤᠪᠤᠭᠤ ᠢᠳᠡᠷᠡᠭᠦᠨ ᠬᠠᠢ ᠵᠢᠶᠦ᠋ᠨ ᠠᠯᠤᠰ ᠬᠦᠪᠴᠢᠨ ᠬᠦᠭᠵᠢᠯᠲᠦ ᠦᠨᠢᠷ ᠰᠠᠨᠰᠠᠷ   ᠰᠡᠭᠦᠳᠡᠷᠯᠡᠪᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号