ᠬᠢᠯᠢ ᠬᠢᠵᠠᠭᠠᠷ ᠲᠦ᠍ ᠨᠤᠳᠤᠬᠰᠢᠵᠤ᠂ ᠲᠠᠷᠠᠬᠠᠢ ᠪᠤᠳᠠᠷᠬᠠᠢ ᠰᠠᠭᠤᠷᠢᠰᠢᠭ᠎ᠠ ᠮᠠᠯᠵᠢᠬᠤ ᠳᠠᠷᠢᠶᠠᠯᠠᠬᠤ ᠤᠷᠤᠨ ᠤ᠋ ᠨᠠᠮ ᠤ᠋ᠨ ᠬᠡᠰᠢᠬᠦᠳ ᠲᠦ᠍ ᠬᠡᠷᠬᠢᠨ ᠰᠤᠷᠤᠯᠴᠠᠯᠭ᠎ᠠ ᠬᠦᠮᠦᠵᠢᠯ ᠬᠦᠷᠳᠡᠬᠡᠬᠦ ᠪᠢᠯᠡ?ᠤᠢᠷ᠎ᠠ ᠵᠢᠨ ᠵᠢᠯ ᠳ᠋ᠸ᠋᠂ ᠵᠠᠷᠤᠳ ᠬᠤᠰᠢᠭᠤᠨ ᠤ᠋ ᠨᠠᠮ ᠤ᠋ᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ ᠤᠷᠤᠨ ᠨᠤᠳᠤᠭ ᠤ᠋ᠨ ᠪᠤᠳᠠᠳᠦ ᠪᠠᠢᠳᠠᠯ ᠵᠢᠡᠨ ᠦᠨᠳᠦᠰᠦᠯᠡᠨ᠂ 《ᠮᠤᠷᠢᠨ ᠨᠢᠷᠤᠭᠤᠨ ᠲᠡᠭᠡᠷᠡᠬᠢ ᠨᠠᠮ ᠤ᠋ᠨ ᠰᠤᠷᠭᠠᠭᠤᠯᠢ》 ᠪᠠᠢᠭᠤᠯᠵᠤ᠂ ᠨᠠᠮ ᠤ᠋ᠨ ᠰᠤᠷᠭᠠᠭᠤᠯᠢ ᠵᠢᠨ ᠪᠠᠬᠰᠢ ᠪᠤᠯᠤᠨ ᠲᠠᠷᠢᠶᠠᠯᠠᠩ ᠮᠠᠯ ᠠᠵᠤ ᠠᠬᠤᠢ᠂ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠰᠢᠰᠲᠸᠮ ᠵᠡᠷᠬᠡ ᠵᠢᠨ ᠲᠤᠰᠬᠠᠢ ᠮᠡᠷᠬᠡᠵᠢᠯᠳᠡᠨ ᠪᠤᠯᠤᠨ ᠨᠤᠳᠤᠬ ᠤ᠋ᠨ ᠴᠢᠳᠠᠪᠤᠷᠢᠳᠠᠨ ᠢ᠋ ᠴᠤᠬᠯᠠᠭᠤᠯᠤᠨ ᠵᠤᠬᠢᠶᠠᠨ ᠪᠠᠢᠭᠤᠯᠵᠦ ᠤᠬᠠᠭᠤᠯᠤᠨ ᠲᠠᠢᠯᠪᠤᠷᠢᠯᠠᠬᠤ ᠪᠦᠯᠬᠦᠮ ᠢ᠋ ᠪᠠᠢᠭᠤᠯᠵᠠᠢ᠃ ᠡᠨᠡ ᠬᠦ᠌ ᠪᠦᠯᠬᠦᠮ ᠨᠢ ᠲᠤᠬᠳᠠᠮᠠᠯ ᠬᠤᠭᠤᠴᠠᠭ᠎ᠠ ᠲᠠᠢ ᠪᠡᠷ ᠮᠠᠯᠵᠢᠬᠤ ᠲᠠᠷᠢᠶᠠᠯᠠᠬᠤ ᠤᠷᠤᠨ ᠳ᠋ᠸ᠋ ᠬᠦᠷᠴᠦ᠂ 《ᠮᠤᠷᠢᠨ ᠨᠢᠷᠤᠭᠤᠨ ᠲᠡᠭᠡᠷᠡᠬᠢ ᠨᠠᠮ ᠤ᠋ᠨ ᠰᠤᠷᠭᠠᠭᠤᠯᠢ》 ᠰᠤᠷᠤᠯᠴᠠᠯᠭ᠎ᠠ ᠬᠦᠮᠦᠵᠢᠯ ᠬᠦᠷᠬᠡᠬᠦ ᠵᠡᠷᠬᠡ ᠠᠵᠢᠯᠯᠠᠭ᠎ᠠ ᠦᠷᠨᠢᠬᠦᠯᠦᠨ᠂ ᠨᠠᠮᠤᠨ ᠪᠠᠢᠭᠤᠯᠤᠯᠳᠠ ᠪᠡᠷ ᠬᠦᠳᠦᠯᠦᠨ ᠳᠠᠭᠠᠭᠤᠯᠬᠤ ᠦᠢᠯᠡᠳᠦᠯ ᠵᠢᠡᠨ ᠦᠨᠡᠨᠬᠦ ᠪᠠᠳᠠᠷᠠᠭᠤᠯᠤᠨ᠂ ᠨᠠᠮ ᠤ᠋ᠨ ᠬᠡᠰᠢᠬᠦᠨ ᠺᠠᠳ᠋ᠷ ᠤᠯᠠᠨ ᠲᠦᠮᠡᠨ ᠤ᠋ ᠨᠠᠮ ᠤ᠋ᠨ ᠠᠴᠢ ᠳ᠋ᠸ᠋ ᠲᠠᠯᠠᠷᠬᠠᠵᠤ ᠨᠠᠮ ᠤ᠋ᠨ ᠦᠬᠡ ᠵᠢ ᠰᠤᠨᠤᠰᠴᠤ ᠨᠠᠮ ᠵᠢᠡᠨ ᠲᠠᠭᠠᠨ ᠤᠷᠤᠬᠰᠢᠯᠠᠬᠤ ᠵᠢ ᠬᠦᠨᠵᠡᠭᠡᠢ ᠠᠬᠢᠭᠤᠯᠵᠤ ᠪᠠᠢᠨ᠎ᠠ᠃
ᠵᠠᠷᠤᠳ ᠬᠤᠰᠢᠭᠤᠨ ᠤ᠋ ᠪᠦᠬᠦ ᠲᠠᠯᠠᠪᠠᠢ ᠨᠢ ᠪᠠᠷᠤᠬ 1.75 ᠲᠦᠮᠡᠨ ᠲᠡᠭᠰᠢ ᠲᠦᠷᠪᠡᠯᠵᠢᠨ ᠺᠢᠯᠦᠮᠸᠲ᠋ᠷ᠂ 25.18 ᠲᠦᠮᠡᠨ ᠬᠦᠮᠦᠨ ᠠᠮᠠ ᠪᠠᠢᠩᠭᠤ ᠤᠷᠤᠰᠢᠨ ᠰᠠᠭᠤᠷᠢᠰᠢᠵᠤ᠂ ᠵᠠᠷᠤᠳ ᠬᠤᠰᠢᠭᠤᠨ ᠤ᠋ ᠬᠤᠢᠳᠤ ᠬᠡᠰᠡᠭ ᠤ᠋ᠨ ᠬᠡᠷᠴᠢᠯᠡᠭᠤ ᠰᠤᠮᠤ᠂ ᠤᠯᠠᠭᠠᠠᠬᠠᠳᠠ ᠰᠤᠮᠤ᠂ ᠪᠠᠶᠠᠷᠳᠤᠬᠤᠰᠢᠭᠤ ᠪᠠᠯᠭᠠᠰᠤ ᠵᠡᠷᠭᠡ ᠮᠠᠯᠵᠢᠬᠤ ᠤᠷᠤᠨ ᠨᠢ ᠪᠤᠢᠳᠠ ᠪᠦᠭᠯᠡᠭᠦᠤ ᠪᠠᠢᠵᠤ᠂ ᠡᠬᠦᠨ ᠤ᠋ ᠲᠤᠳᠤᠷ᠎ᠠ ᠪᠡᠨ ᠬᠠᠮᠤᠭᠤᠨ ᠬᠤᠯᠠ ᠪᠠᠢᠷᠢᠯᠠᠬᠰᠠᠨ ᠠᠷᠤ ᠬᠦᠨᠳᠡᠯᠡᠨ ᠪᠠᠯᠭᠠᠰᠤ ᠨᠢ ᠬᠤᠰᠢᠭᠤᠨ ᠲᠦᠪ ᠡᠴᠨ ᠠᠰ ᠵᠠᠢ ᠪᠡᠷ ᠵᠢᠡᠨ 160 ᠺᠢᠯᠦᠮᠸᠲᠷ ᠬᠤᠯᠠ ᠪᠠᠢᠳᠠᠬ᠃ ᠡᠳᠡᠭᠡᠷ ᠪᠤᠢᠳᠠ ᠪᠦᠭᠯᠡᠭᠦᠤ ᠭᠠᠵᠠᠷ ᠤᠷᠤᠨᠳᠦ ᠰᠠᠭᠤᠷᠢᠰᠢᠬᠰᠠᠨ ᠤᠯᠠᠨ ᠲᠦᠮᠡᠨ 10000 ᠭᠠᠷᠤᠢ ᠬᠦᠮᠦᠨ ᠪᠠᠢᠵᠦ᠂ ᠡᠭᠦᠨᠳᠦ ᠨᠠᠮ ᠤ᠋ᠨ ᠬᠡᠰᠢᠬᠦᠨ1000 ᠭᠠᠷᠤᠢ ᠬᠦᠮᠦᠨ ᠪᠤᠢ᠃ ᠡᠳᠡᠬᠡᠷ ᠨᠤᠳᠤᠬ ᠲᠡᠬᠢ ᠨᠠᠮ ᠤ᠋ᠨ ᠬᠡᠰᠢᠬᠦᠨ ᠤᠯᠠᠨ ᠲᠦᠮᠡᠨ ᠲᠠᠷᠠᠬᠠᠢ ᠪᠤᠳᠠᠷᠬᠠᠢ ᠰᠠᠭᠤᠷᠢᠰᠢᠨ᠂ ᠴᠤᠬᠯᠠᠷᠠᠬᠤ ᠳ᠋ᠸ᠋ ᠬᠦᠴᠢᠷᠳᠡᠢ᠂ ᠨᠠᠮ ᠤ᠋ᠨ ᠬᠡᠰᠢᠬᠦᠨ ᠤ᠋ ᠰᠤᠷᠤᠯᠴᠠᠯᠭ᠎ᠠ ᠳ᠋ᠸ᠋ ᠤᠷᠤᠯᠴᠠᠨ ᠬᠦᠮᠦᠵᠢᠯ ᠬᠦᠷᠳᠡᠬᠦ ᠳ᠋ᠸ᠋ ᠨᠡᠯᠢᠶᠡᠳ ᠪᠡᠷᠬᠡᠳᠡᠢ ᠪᠠᠢᠳᠠᠭ᠃
ᠵᠠᠷᠤᠳ ᠬᠤᠰᠢᠭᠤ ᠲᠤᠰ ᠬᠤᠰᠢᠭᠤᠨ ᠤ᠋ ᠪᠡᠨ ᠤᠯᠤᠰ ᠲᠦᠷᠦ ᠵᠢᠨ ᠵᠤᠬᠰᠤᠯᠳᠠ ᠪᠠᠳᠤ᠂ ᠤᠨᠤᠯ ᠤ᠋ᠨ ᠪᠤᠯᠪᠠᠰᠤᠷᠠᠯ ᠰᠠᠢᠨ 73 ᠨᠠᠮ ᠤ᠋ᠨ ᠬᠡᠰᠢᠬᠦᠨ ᠺᠠᠳ᠋ᠷ ᠢ᠋ ᠰᠤᠩᠭᠤᠨ ᠤᠨᠤᠯ ᠤ᠋ᠨ ᠮᠡᠳᠡᠯᠬᠡ ᠵᠢᠨ ᠤᠬᠠᠭᠤᠯᠤᠨ ᠲᠠᠢᠯᠪᠤᠷᠢᠯᠠᠬᠤ ᠪᠦᠯᠬᠦᠮ ᠢ ᠪᠠᠢᠭᠤᠯᠤᠨ᠂ ᠠᠯᠤᠰ ᠬᠢᠵᠠᠭᠠᠷ ᠮᠠᠯᠵᠢᠬᠤ ᠤᠷᠤᠨ ᠳ᠋ᠸ᠋ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠬ ᠰᠠᠨᠠᠭ᠎ᠠ ᠂ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠵᠡᠷᠬᠡ ᠵᠢ ᠪᠠᠬᠳᠠᠭᠠᠬᠰᠠᠨ 35 ᠬᠤᠭᠤᠴᠠᠭ᠎ᠠ ᠤᠳᠠᠭ᠎ᠠ ᠵᠢᠨ ᠲᠦᠷᠦ ᠵᠢᠨ ᠪᠤᠳᠤᠯᠭ᠎ᠠ ᠤᠨᠤᠯ ᠤ᠋ᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠵᠤ᠂ 2600 ᠭᠠᠷᠤᠢ ᠬᠦᠮᠦᠨ ᠤᠳᠠᠭ᠎ᠠ ᠳ᠋ᠤ ᠬᠦᠮᠦᠵᠢᠯ ᠬᠦᠷᠳᠡᠭᠡᠵᠠᠢ; ᠵᠠᠷᠤᠳᠴᠤᠳ ᠬᠤᠭᠤᠷ ᠤ᠋ᠨ ᠦᠯᠢᠬᠡᠷ ᠲᠦ᠍ ᠲᠤᠷᠠᠳᠠᠢ ᠪᠠᠢᠳᠠᠬ ᠤᠨᠴᠠᠯᠢᠬᠲᠦ ᠵᠤᠬᠢᠴᠠᠭᠤᠯᠤᠨ᠂ ᠤᠯᠠᠭᠠᠠᠮᠦ᠋ᠴᠢᠷ ᠢ᠋ ᠵᠤᠬᠢᠶᠠᠨ ᠪᠠᠢᠭᠤᠯᠤᠨ ᠨᠠᠮ ᠤ᠋ᠨ ᠤᠨᠤᠯ ᠲᠦᠷᠦ ᠵᠢᠨ ᠪᠤᠳᠤᠯᠭ᠎ᠠ ᠵᠢ ᠬᠤᠭᠤᠷ ᠤ᠋ᠨ ᠦᠯᠢᠬᠡᠷᠤᠨ ᠬᠡᠯᠪᠡᠷᠢ ᠪᠡᠷ ᠨᠠᠮ ᠤ᠋ᠨ ᠬᠡᠰᠢᠬᠦᠨ ᠤᠯᠠᠨ ᠲᠦᠮᠡᠨ ᠳ᠋ᠸ᠋ ᠤᠳᠤ ᠪᠤᠯᠳᠠᠯ᠎ᠠ ᠨᠡᠢᠳᠡ 68 ᠲᠠᠯᠠᠪᠠᠢ ᠤᠳᠠᠭ᠎ᠠ ᠬᠤᠯᠪᠤᠭ᠎ᠠ ᠳᠠᠢᠯᠤᠮᠵᠢ ᠬᠢᠵᠡᠢ; ᠪᠠᠰᠠ ᠵᠠᠷᠤᠳ ᠬᠤᠰᠢᠭᠤᠨ ᠤ᠋ ᠦᠨᠳᠦᠰᠦᠨ ᠱᠠᠳᠤᠨ ᠤ᠋ ᠲᠡᠵᠢᠬᠡᠨ ᠠᠷᠠᠴᠢᠯᠠᠬᠤ᠂ ᠤᠯᠠᠮᠵᠢᠯᠠᠯᠳᠤ ᠭᠠᠷ ᠤᠷᠠᠯᠠᠯ ᠵᠡᠷᠬᠡ ᠬᠦᠷᠢᠶᠡᠨ ᠤ᠋ ᠲᠠᠭᠠᠭᠤᠯᠤᠬᠴᠢ᠂ ᠦᠢᠯᠡᠳᠪᠦᠷᠢᠯᠡᠯ ᠡᠵᠡᠩᠨᠡᠯᠳᠡ ᠵᠢᠨ ᠴᠢᠳᠠᠪᠤᠷᠢᠳᠠᠨ ᠢ᠋ ᠢᠳᠡᠪᠬᠢᠳᠡᠢ ᠵᠤᠬᠢᠶᠠᠨ ᠪᠠᠢᠭᠤᠯᠵᠤ᠂ 《ᠨᠤᠳᠤᠬ ᠤ᠋ᠨ ᠴᠢᠳᠠᠪᠤᠷᠢᠳᠠᠨ ᠤ᠋ ᠪᠦᠯᠬᠦᠮ》 ᠢ᠋ ᠪᠠᠢᠭᠤᠯᠵᠦ᠂ 《ᠵᠠᠬᠢᠶᠠᠯᠠᠭ᠎ᠠ ᠵᠢᠨ ᠮᠠᠶᠢᠬ ᠤ᠋ᠨ ᠵᠢᠭᠠᠨ ᠰᠤᠷᠭᠠᠯᠳᠠ》 ᠵᠢᠨ ᠠᠵᠢᠯᠯᠠᠭ᠎ᠠ ᠦᠷᠨᠢᠭᠦᠯᠵᠦ᠂ ᠲᠠᠷᠢᠶᠠᠯᠠᠩ᠂ ᠡᠯᠸᠺᠲ᠋ᠷᠤᠨ ᠬᠤᠳᠠᠯᠳᠤᠭ᠎ᠠ ᠵᠡᠷᠬᠡ ᠠᠷᠪᠠᠨ ᠬᠡᠳᠦᠨ ᠬᠢᠴᠢᠶᠡᠯ ᠢ᠋ 《ᠠᠯᠠᠭᠠᠨ ᠲᠡᠭᠡᠷᠡᠬᠢ ᠬᠢᠴᠢᠶᠡᠯ ᠤ᠋ᠨ ᠬᠦᠰᠦᠨᠦᠭᠳᠦ》 ᠪᠤᠯᠭᠠᠨ ᠨᠠᠢᠷᠠᠭᠤᠯᠵᠤ᠂ ᠬᠦᠮᠦᠰ ᠬᠢᠴᠢᠶᠡᠯ ᠤ᠋ᠨ ᠬᠦᠰᠦᠨᠦᠭᠳᠦ ᠪᠤᠯᠤᠨ ᠪᠠᠬᠰᠢ ᠵᠢᠨ ᠤᠨᠴᠠᠯᠢᠭᠢ ᠦᠨᠳᠦᠰᠤᠯᠠᠨ ᠬᠡᠷᠡᠭᠴᠡᠬᠡ ᠲᠠᠢ ᠬᠢᠴᠢᠶᠡᠯ ᠵᠢᠡᠨ ᠰᠤᠩᠭᠤᠵᠦ ᠤᠷᠤᠳᠠᠭ᠃ ᠰᠤᠮᠤ ᠪᠠᠯᠭᠠᠰᠤ ᠪᠤᠯᠭᠠᠨ ᠳ᠋ᠸ᠋ 10 ᠪᠠᠬᠰᠢ ᠲᠤᠬᠢᠷᠠᠭᠤᠯᠵᠦ᠂ ᠪᠠᠬᠰᠢ ᠪᠤᠯᠭᠠᠨᠢ ᠵᠢᠯ ᠪᠦᠷᠢ 12 ᠤᠳᠠᠭ᠎ᠠ ᠡᠴᠨ ᠴᠦᠬᠡᠨ ᠦᠬᠡᠢ ᠬᠢᠴᠢᠶᠡᠯ ᠳᠠᠢᠯᠤᠮᠵᠢ ᠬᠢᠯᠭᠡᠬᠦ ᠪᠡᠷ ᠲᠤᠬᠳᠠᠭᠠᠵᠦ᠂ ᠪᠦᠬᠦ ᠬᠤᠰᠢᠭᠤᠨ ᠤ᠋ 18 ᠰᠤᠮᠤ ᠪᠠᠯᠭᠠᠰᠤ ᠲᠠᠯᠠᠪᠠᠢ ᠵᠢᠨ 23 ᠲᠦᠮᠡᠨ ᠮᠠᠯᠴᠢᠨ ᠲᠠᠷᠢᠶᠠᠴᠢᠨ ᠳ᠋ᠸ᠋ ᠡᠬᠦᠳᠡᠨ ᠳ᠋ᠤᠨᠢ ᠬᠦᠷᠴᠦ ᠬᠢᠴᠢᠶᠡᠯᠯᠡᠵᠦ᠂ ᠤᠳᠤᠬᠠᠨ ᠪᠤᠯᠳᠠᠯ᠎ᠠ 200 ᠭᠠᠷᠤᠢ ᠲᠠᠯᠠᠪᠠᠢ ᠤᠷ᠎ᠠ ᠴᠢᠳᠠᠪᠤᠷᠢ ᠵᠢᠨ ᠬᠢᠴᠢᠶᠡᠯ ᠳᠠᠢᠯᠤᠮᠵᠢ ᠬᠢᠵᠦ᠂ ᠮᠠᠯᠴᠢᠨ ᠲᠡᠷᠢᠶᠠᠴᠢᠨᠤ ᠲᠦᠷᠦ ᠵᠢᠨ ᠪᠤᠳᠤᠯᠭ᠎ᠠ ᠵᠢ ᠤᠢᠯᠠᠭᠠᠬᠤ᠂ ᠤᠷᠤᠯᠭ᠎ᠠ ᠪᠠᠨ ᠨᠡᠮᠡᠭᠳᠡᠬᠦᠯᠬᠦ᠂ ᠪᠠᠶᠠᠵᠢᠯᠤᠨ ᠵᠠᠮ ᠵᠢᠡᠷ ᠵᠠᠮᠨᠠᠬᠤ ᠴᠢᠳᠠᠪᠤᠷᠢ ᠵᠢ ᠶᠡᠬᠡᠬᠡᠨ ᠲᠡᠭᠡᠭᠰᠢᠯᠡᠬᠦᠯᠵᠡᠢ᠃
ᠵᠢᠯ ᠪᠦᠷᠢ ᠵᠢᠨ 5 ᠰᠠᠷ᠎ᠠ ᠵᠢᠨ ᠰᠡᠬᠦᠯᠴᠢ 6 ᠰᠠᠷ᠎ᠠ ᠵᠢᠨ ᠡᠬᠢ ᠪᠡᠷ᠂ ᠵᠠᠷᠤᠳ ᠬᠤᠰᠢᠭᠤᠨ ᠤ᠋ ᠵᠠᠷᠢᠮ ᠨᠤᠳᠤᠬ ᠤ᠋ᠨ ᠮᠠᠯᠴᠢᠳ ᠤᠳᠤᠷᠯᠠᠨ ᠶᠠᠪᠤᠵᠦ᠂ 4 ᠰᠠᠷ᠎ᠠ ᠭᠠᠷᠤᠢ ᠵᠢᠨ ᠵᠤᠰᠠᠯᠠᠩ ᠤ᠋ᠨ ᠠᠮᠢᠳᠤᠷᠠᠯ ᠦᠢᠯᠡᠳᠪᠦᠷᠢᠯᠡᠯ ᠬᠢᠳᠡᠭ᠃ ᠤᠳᠤᠷ ᠤ᠋ᠨ ᠦᠶ᠎ᠡ ᠳ᠋ᠸ᠋᠂ ᠵᠠᠷᠤᠳ ᠬᠤᠰᠢᠭᠤᠨᠤ ᠨᠠᠮᠤᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ ᠮᠠᠯᠵᠢᠬᠤ ᠲᠠᠷᠢᠶᠠᠯᠠᠬᠤ ᠲᠤᠰᠬᠠᠢ ᠮᠡᠷᠬᠡᠵᠢᠯᠳᠡᠨ ᠢ᠋ ᠵᠤᠬᠢᠶᠠᠨ ᠪᠠᠢᠭᠤᠯᠤᠨ᠂ ᠮᠢᠬᠠᠨ ᠤ᠋ ᠦᠬᠡᠷ ᠤ᠋ᠨ ᠡᠬᠦᠯᠳᠡᠷ ᠰᠠᠢᠵᠢᠷᠠᠭᠤᠯᠬᠤ᠂ ᠮᠠᠯᠵᠢᠬᠤ ᠦᠢᠯᠡᠳᠪᠦᠷᠢᠯᠡᠯᠳᠦ ᠦᠷᠬᠦᠯᠵᠢ ᠲᠤᠬᠢᠶᠠᠯᠳᠤᠬᠤ ᠡᠪᠡᠳᠴᠢᠨ ᠬᠢᠵᠢᠭ ᠢ᠋ ᠤᠷᠢᠳᠴᠢᠯᠠᠨ ᠰᠡᠷᠬᠡᠢᠯᠡᠬᠦ ᠮᠡᠳᠡᠯᠬᠡ ᠵᠢ ᠠᠬᠤᠢ ᠲᠠᠯᠠᠪᠠᠢ ᠳ᠋ᠤ ᠬᠦᠷᠴᠦ ᠵᠢᠭᠠᠨ ᠵᠢᠯᠤᠭᠤᠳᠴᠦ ᠳᠡᠯᠭᠡᠷᠡᠭᠦᠯᠦᠨ ᠤᠯᠠᠮᠵᠢᠯᠠᠳᠠᠭ; ᠡᠮᠨᠡᠯᠬᠡ ᠵᠢᠨ ᠬᠤᠷᠢᠶ᠎ᠠ ᠵᠢᠨ ᠨᠠᠮ ᠤ᠋ᠨ ᠬᠡᠰᠢᠬᠦᠨ ᠺᠠᠳ᠋ᠷ ᠢ᠋ ᠵᠤᠬᠢᠶᠠᠨ ᠪᠠᠢᠭᠤᠯᠤᠨ ᠮᠠᠯᠵᠢᠬᠤ ᠤᠷᠤᠨ ᠳ᠋ᠸ᠋ 《ᠢᠰᠡᠬᠡᠢ ᠬᠡᠷ ᠲᠦ᠍ ᠤᠷᠤᠵᠤ ᠡᠷᠡᠬᠦᠯ ᠮᠡᠨᠳᠦ ᠬᠦᠷᠭᠡᠬᠦ》 ᠠᠵᠢᠯᠯᠠᠭ᠎ᠠ ᠦᠷᠨᠢᠬᠦᠯᠦᠨ᠂ ᠮᠠᠯᠴᠢᠨ ᠲᠦᠮᠡᠨ ᠳ᠋ᠸ᠋ ᠦᠨ᠎ᠡ ᠲᠦᠯᠦᠪᠦᠷᠢ ᠦᠬᠡᠢ ᠠᠯᠪᠠᠨ ᠵᠢᠷᠤᠮ ᠤ᠋ᠨ ᠡᠮᠴᠢᠯᠡᠬᠡ ᠬᠢᠵᠦ ᠦᠭᠳᠡᠭ᠃ ᠤᠳᠤᠬᠠᠨ ᠪᠤᠯᠳᠠᠯ᠎ᠠ ᠤᠯᠠᠨ ᠲᠠᠯ᠎ᠠ ᠵᠢᠨ ᠮᠡᠷᠬᠡᠵᠢᠯ ᠤ᠋ᠨ ᠦᠢᠯᠡᠴᠢᠯᠡᠬᠡ ᠵᠢᠨ ᠪᠦᠯᠬᠦᠮᠢ 63 ᠤᠳᠠᠭ᠎ᠠ ᠵᠤᠬᠢᠶᠠᠨ ᠪᠠᠢᠭᠤᠯᠤᠨ ᠬᠦᠳᠡᠬᠡ ᠪᠠᠭᠤᠵᠤ᠂ 190 ᠭᠠᠷᠤᠢ ᠤᠳᠠᠭ᠎ᠠ ᠵᠢᠨ ᠮᠡᠳᠡᠯᠭᠡ ᠮᠡᠷᠬᠡᠵᠢᠯ ᠬᠦᠷᠬᠡᠬᠦ ᠠᠵᠢᠯᠯᠠᠭ᠎ᠠ ᠦᠷᠨᠢᠬᠦᠯᠦᠨ᠂ 28 ᠤᠳᠠᠭ᠎ᠠ ᠵᠢᠨ 《ᠢᠰᠡᠬᠡᠢ ᠬᠡᠷ ᠲᠦ᠍ ᠤᠷᠤᠵᠤ ᠡᠷᠡᠬᠦᠯ ᠮᠡᠨᠳᠦ ᠬᠦᠷᠭᠡᠬᠦ》 ᠠᠵᠢᠯᠯᠠᠭ᠎ᠠ ᠦᠷᠨᠢᠬᠦᠯᠵᠦ ᠂ 22 ᠤᠳᠠᠭ᠎ᠠ ᠵᠢᠨ ᠠᠯᠪᠠᠨ ᠵᠢᠷᠤᠮ ᠤ᠋ᠨ ᠡᠮᠴᠢᠯᠡᠬᠡ ᠬᠢᠵᠦ᠂ 2200 ᠭᠠᠷᠤᠢ ᠮᠠᠯᠴᠢᠨ ᠳᠠᠷᠢᠶᠠᠴᠢᠨ ᠳ᠋ᠸ᠋ ᠲᠤᠰᠠ ᠳᠡᠮᠵᠢᠯᠭᠡ ᠦᠵᠡᠬᠦᠯᠵᠡᠢ᠃
《ᠬᠤᠢᠰᠢᠳᠠ ᠪᠢᠳᠡ 〈ᠮᠤᠷᠢᠨ ᠨᠢᠷᠤᠭᠤᠨ ᠲᠡᠭᠡᠷᠡᠬᠢ ᠨᠠᠮ ᠤ᠋ᠨ ᠰᠤᠷᠭᠠᠭᠤᠯᠢ〉 ᠵᠢᠨ ᠰᠤᠷᠤᠯᠴᠠᠯᠭ᠎ᠠ ᠬᠦᠮᠦᠵᠢᠯ ᠬᠦᠷᠬᠡᠬᠦ ᠠᠵᠢᠯᠯᠠᠭ᠎ᠠ ᠵᠢ ᠡᠷᠴᠢᠮᠵᠢᠬᠦᠯᠵᠦ᠂ ᠨᠠᠮ ᠤ᠋ᠨ ᠬᠡᠰᠢᠬᠦᠨ ᠺᠠᠳ᠋ᠷ ᠤᠯᠠᠨ ᠲᠦᠮᠡᠨ ᠤ᠋ ᠬᠡᠷᠡᠭᠴᠡᠬᠡ ᠱᠠᠭᠠᠷᠳᠠᠯᠭ᠎ᠠ ᠵᠢ ᠦᠨᠳᠦᠰᠦᠯᠡᠨ᠂ ᠬᠦᠮᠦᠵᠢᠯ ᠪᠤᠯᠪᠠᠰᠤᠷᠠᠯ ᠤ᠋ᠨ ᠵᠠᠬᠪᠤᠷ ᠵᠢᠡᠨ ᠲᠠᠰᠤᠷᠠᠯᠳᠠ ᠦᠬᠡᠢ ᠲᠡᠬᠦᠯᠳᠡᠷᠵᠢᠬᠦᠯᠦᠨ᠂ ᠭᠤᠤᠯ ᠰᠡᠳᠦᠪᠳᠦ ᠬᠦᠮᠦᠵᠢᠯ ᠤ᠋ᠨ ᠦᠷ᠎ᠡ ᠪᠦᠳᠦᠬᠡᠯ ᠢ᠋ ᠠᠷᠠᠳ ᠲᠦ᠍ ᠪᠤᠳᠠᠳᠤ ᠶᠠᠪᠤᠳᠠᠯ ᠬᠢᠵᠦ ᠦᠭᠬᠦ ᠠᠮᠢᠳᠤᠯᠢᠬ ᠬᠦᠳᠡᠯᠦᠩᠬᠦᠢ ᠦᠢᠯᠡᠳᠦᠯᠬᠡ ᠪᠤᠯᠭᠠᠨ ᠬᠤᠪᠢᠷᠠᠭᠤᠯᠵᠤ᠂ ᠦᠷᠬᠡᠨ ᠤᠯᠠᠨ ᠨᠠᠮ ᠤ᠋ᠨ ᠬᠡᠰᠢᠬᠦᠨ ᠺᠠᠳ᠋ᠷ ᠤᠯᠠᠨ ᠲᠦᠮᠡᠨ ᠤ᠋ ᠨᠠᠮ ᠤ᠋ᠨ ᠠᠴᠢ ᠳ᠋ᠸ᠋ ᠲᠠᠯᠠᠷᠬᠠᠵᠤ ᠨᠠᠮ ᠤ᠋ᠨ ᠦᠬᠡ ᠵᠢ ᠰᠤᠨᠤᠰᠴᠤ ᠨᠠᠮ ᠵᠢᠡᠨ ᠲᠠᠭᠠᠨ ᠤᠷᠤᠬᠰᠢᠯᠠᠬᠤ ᠵᠢ ᠤᠯᠠᠮ ᠢᠯᠡᠬᠦᠦ ᠬᠦᠳᠦᠯᠦᠨ ᠲᠠᠭᠠᠭᠤᠯᠤᠨ᠎ᠠ》 ᠬᠡᠵᠦ ᠵᠠᠷᠤᠳ ᠬᠤᠰᠢᠭᠤᠨ ᠤ᠋ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠡᠰᠢᠬᠦᠨ᠂ ᠵᠤᠬᠢᠶᠠᠨ ᠪᠠᠢᠭᠤᠯᠬᠤ ᠬᠡᠯᠳᠡᠰ ᠤ᠋ᠨ ᠲᠠᠷᠤᠭ᠎ᠠ ᠰᠦᠸᠸ ᠮᠢᠩ ᠢᠦᠢ ᠬᠡᠯᠡᠵᠤ ᠪᠠᠢᠯ᠎ᠠ᠃