《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ᠎ᠳᠦ ᠲᠠᠯᠠᠷᠬᠠᠵᠤ ᠡᠷᠡᠯᠬᠡᠭᠯᠡᠨ ᠤᠷᠤᠭ᠍ᠰᠢᠯᠠᠨᠠᠮ》 ᠭᠡᠬᠦ᠌ ᠭᠤᠤᠯ ᠰᠡᠳᠦᠪᠲᠦ ᠦᠵᠡᠰᠭᠦᠯᠡᠩ ᠬᠤᠪᠢᠰᠭᠠᠯ᠎ᠤᠨ ᠬᠥᠮᠦᠵᠢᠯ᠎ᠦᠨ ᠱᠢᠨ᠎ᠡ ᠥᠷᠨᠢᠯᠲᠡ᠎ᠶ᠋ᠢ ᠪᠣᠶ ᠪᠣᠯᠭᠠᠪᠠ
2024-02-26 09:55:53
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠭᠣᠣᠯᠯᠠᠨ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠳᠠᠭᠠᠭᠠᠴᠢᠯᠠᠨ ᠡᠷᠬᠢᠯᠡᠭ᠌ᠰᠡᠨ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍  ᠠᠴᠢ᠎ᠳᠦ ᠲᠠᠯᠠᠷᠬᠠᠵᠤ ᠡᠷᠡᠯᠬᠡᠭᠯᠡᠨ ᠤᠷᠤᠭ᠍ᠰᠢᠯᠠᠨᠠᠮ — ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍  ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠰᠦᠭᠡᠢ》 ᠭᠡᠬᠦ᠌ ᠦᠵᠡᠰᠭᠦᠯᠡᠩ ᠢ᠋ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠳᠤ ᠳᠡᠯᠭᠡᠨ ᠦᠵᠡᠭᠦᠯᠵᠦ᠍᠂ ᠦᠢ ᠤᠯᠠᠨ ᠦᠵᠡᠭ᠌ᠴᠢᠳ᠎ᠦᠨ ᠠᠩᠬᠠᠷᠤᠯ᠎ᠢ ᠲᠠᠲᠠᠯ᠎ᠠ᠃ ᠠᠯᠢ ᠤᠯᠠᠨ ᠬᠣᠪᠣᠷ ᠨᠠᠨᠳᠢᠨ ᠵᠢᠷᠤᠭ ᠳᠦᠷᠰᠦ᠂ ᠪᠣᠳᠠᠲᠤ ᠪᠣᠳᠠᠰ᠎ᠤᠨ ᠦᠵᠡᠭᠦᠯᠭᠡ᠂ ᠠᠮᠢᠳᠤᠯᠢᠭ ᠦᠰᠦᠭ ᠪᠢᠴᠢᠭ᠎ᠦᠳ ᠨᠢ ᠦᠵᠡᠭ᠌ᠴᠢᠳ᠎ᠲᠦ ᠶᠡᠷᠦᠩᠬᠡᠢ ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠢᠷ᠎ᠠ ᠬᠠᠯᠠᠮᠵᠢ ᠪᠣᠯᠤᠨ ᠬᠦᠰᠡᠯ ᠡᠷᠡᠮᠡᠯᠵᠡᠯ᠎ᠢ ᠭᠦᠨᠵᠡᠭᠡᠢ ᠮᠡᠳᠡᠷᠡᠭᠦᠯᠵᠦ᠍᠂ ᠣᠷᠣᠨ᠎ᠲᠠᠶᠠᠭᠠᠷ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍  ᠠᠴᠢ᠎ᠳᠦ ᠲᠠᠯᠠᠷᠬᠠᠵᠤ ᠡᠷᠡᠯᠬᠡᠭᠯᠡᠨ ᠤᠷᠤᠭ᠍ᠰᠢᠯᠠᠵᠤ》 ᠪᠠᠢᠭ᠎ᠠ ᠰᠦᠷ ᠳᠠᠯᠠᠢᠴᠠᠲᠠᠢ ᠬᠥᠳᠡᠯᠭᠡᠬᠦ᠌ ᠬᠦᠴᠦᠨ᠎ᠢ  ᠮᠡᠳᠡᠷᠡᠭᠦᠯᠦᠨ᠎ᠠ᠃

ᠲᠣᠰ ᠤᠳᠠᠭᠠᠨ᠎ᠤ ᠦᠵᠡᠰᠭᠦᠯᠡᠩ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠪᠣᠯᠭᠠᠵᠤ᠂ 《ᠠᠷᠠᠳ ᠲᠦᠮᠡᠨ᠎ᠦ ᠤᠳᠤᠷᠢᠳᠤᠭ᠍ᠴᠢ  ᠤᠮᠠᠷᠠᠲᠤ ᠬᠢᠯᠢ᠎ᠲᠡᠶ ᠰᠡᠳᠭᠢᠯ ᠵᠢᠷᠦᠬᠡ᠎ᠪᠡᠨ ᠬᠣᠯᠪᠣᠨ᠎ᠠ》᠂ 《ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍ ᠵᠠᠯᠠᠭᠤᠷ ᠢ᠋ ᠡᠵᠡᠮᠳᠡᠨ ᠠᠶᠠᠯᠠᠯ᠎ᠢ᠋ ᠵᠠᠮᠴᠢᠯᠠᠨ᠎ᠠ》᠂ 《ᠲᠠᠪᠤᠨ ᠶᠡᠬᠡ ᠡᠭᠦᠷᠭᠡ ᠵᠢ ᠡᠭᠦᠷᠭᠡᠯᠡᠵᠦ᠍ ᠡᠷᠡᠯᠬᠡᠭᠯᠡᠨ ᠤᠷᠤᠭ᠍ᠰᠢᠯᠠᠨ᠎ᠠ》᠂《ᠭᠤᠤᠯ ᠰᠢᠵᠢᠮ ᠳ᠋ᠤ ᠠᠩᠬᠠᠷᠤᠯ᠎ᠢᠶᠠᠨ ᠲᠥᠪᠯᠡᠷᠡᠭᠦᠯᠦᠨ ᠵᠢᠱ᠌ᠢᠶ᠎ᠠ ᠦᠵᠡᠬᠦᠯᠦᠨ ᠤᠷᠤᠭ᠍ᠰᠢᠯᠠᠨ᠎ᠠ》᠂ 《ᠠᠷᠠᠳ ᠲᠦᠮᠡᠨ᠎ᠢ ᠳᠡᠭᠡᠳᠦᠯᠡᠬᠦ ᠣᠭ ᠰᠠᠨᠠᠭ᠎ᠠ ᠬᠤᠪᠢᠷᠠᠰᠢ ᠦᠭᠡᠢ》᠂ 《 ᠱᠢᠨ᠎ᠡ ᠵᠠᠮ ᠢ᠋ ᠨᠡᠭᠡᠭᠡᠨ᠎ᠲᠤᠮᠳᠠ ᠲᠦᠪᠰᠢᠨ ᠳ᠋ᠤ  ᠤᠷᠤᠨ᠎ᠠ》 ᠭᠡᠵᠦ᠍ 6 ᠬᠡᠰᠡᠭ ᠬᠤᠪᠢᠶᠠᠵᠤ᠂ ᠨᠡᠢᠲᠡ 349 ᠵᠢᠷᠤᠭ᠂ 132 ᠥᠰᠥᠭ᠎ᠦᠨ ᠬᠡᠪᠯᠡᠯ᠂ 60 ᠬᠦᠰᠦᠨᠦᠭ ᠵᠢᠷᠤᠭ ᠵᠢᠱ᠌ᠢᠶ᠎ᠡ ᠵᠢᠷᠤᠭ᠂ 230 ᠪᠣᠳᠠᠲᠤ ᠪᠣᠳᠠᠰ᠎ᠤᠨ ᠦᠵᠡᠭᠦᠯᠭᠡ᠂ 16 ᠪᠦᠯᠦᠭ ᠲᠣᠭᠠᠴᠢᠯᠠᠭᠰᠠᠨ ᠣᠯᠠᠨ ᠵᠠᠭᠤᠴᠢᠲᠤ ᠦᠵᠡᠭᠦᠯᠭᠡ᠎ᠶ᠋ᠢᠨ ᠵᠦᠶ᠋ᠯ᠂ 2 ᠡᠯᠡᠰᠦᠨ ᠴᠠᠷ᠎ᠠ  ᠪᠡᠷ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠢ ᠬᠠᠯᠠᠮᠵᠢᠯᠠᠨ ᠳᠡᠮᠵᠢᠵᠦ᠍ ᠪᠠᠢᠬᠤ᠎ᠶ᠋ᠢ ᠠᠮᠢᠳᠤᠯᠢᠭ᠎ᠢᠶᠠᠷ ᠢᠯᠡᠷᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠤᠨ ᠠᠭᠤᠯᠤᠭ᠍ᠳᠠᠬᠤᠨ᠎ᠢ ᠭᠦᠨᠵᠡᠭᠡᠶ ᠲᠠᠢᠯᠪᠤᠷᠢᠯᠠᠵᠤ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠤ᠋ᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠠᠢᠯᠪᠤᠷᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠢᠨᠠᠷ ᠰᠠᠢᠲᠠᠶ ᠪᠠᠷ ᠬᠥᠭ᠌ᠵᠢᠬᠦᠯᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠦᠨᠡᠨ ᠰᠡᠳᠭᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠴᠤ᠂ ᠶᠡᠷᠦᠩᠬᠡᠶ ᠱᠦᠵᠢ ᠰᠢ ᠵᠢᠨ ᠫᠢᠩ ᠢ᠋ ᠡᠷᠡᠰ ᠲᠠᠭᠠᠵᠤ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠠ᠎ᠳᠤ ᠭᠠᠪᠢᠶ᠎ᠠ ᠪᠠᠢᠭᠤᠯᠵᠤ ᠪᠠᠢᠭ᠎ᠠ ᠠᠮᠢᠳᠤᠯᠢᠭ ᠦᠶ᠋ᠯᠡᠳᠦᠯᠭᠡ ᠵᠢ ᠲᠦᠪᠯᠡᠷᠡᠭᠦᠯᠦᠨ ᠲᠡᠯᠭᠡᠨ ᠦᠵᠡᠭᠦᠯᠪᠡ᠃

ᠬᠥᠬᠡᠬᠣᠲᠠ᠎ᠶ᠋ᠢᠨ ᠬᠣᠷᠢᠨ ᠳᠣᠯᠣᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠵᠠᠩ ᠯᠢ ᠦᠵᠡᠰᠭᠦᠯᠡᠩ᠎ᠢ ᠲᠣᠭᠣᠷᠢᠨ ᠦᠵᠡᠭ᠌ᠰᠡᠨ᠎ᠦ ᠳᠠᠷᠠᠭ᠎ᠠ ᠰᠡᠳᠭᠢᠯ ᠲᠤᠭᠳᠤᠯᠵᠤ᠂ 《ᠦᠵᠡᠰᠭᠦᠯᠡᠩ᠎ᠢ ᠲᠣᠭᠣᠷᠢᠨ ᠦᠵᠡᠬᠦ᠌᠎ᠪᠡᠷ ᠳᠡᠮᠵᠢᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠠᠷᠠᠳ ᠲᠦᠮᠡᠨ᠂ ᠥᠪᠥᠷ ᠮᠣᠩᠭᠣᠯ᠎ᠤᠨ ᠡᠨᠡ ᠬᠦ᠌ ᠨᠤᠲᠤᠭ ᠳᠡᠪᠢᠰᠭᠡᠷ᠎ᠢ ᠬᠠᠯᠠᠮᠵᠢᠯᠠᠵᠤ ᠪᠠᠢᠭ᠎ᠠ ᠭᠦᠨ ᠵᠤᠵᠠᠭᠠᠨ ᠬᠠᠢᠷ᠎ᠠ ᠬᠠᠯᠠᠮᠵᠢ᠎ᠶ᠋ᠢ ᠨᠠᠩ ᠭᠦᠨᠵᠡᠭᠡᠶ ᠮᠡᠳᠡᠷᠡᠪᠡ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠦᠵᠡᠯ ᠰᠠᠨᠠᠭᠠᠨ᠎ᠤ ᠤᠬᠠᠮᠰᠠᠷ᠂ ᠤᠯᠤᠰ ᠲᠥᠷᠥ᠎ᠶ᠋ᠢᠨ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ》 ᠭᠡᠵᠦ ᠬᠡᠯᠡᠪᠡ᠃

《ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠭᠦᠯᠬᠦ᠌ ᠪᠣᠯ ᠪᠢᠳᠡᠨ᠎ᠦ ᠡᠷᠬᠡᠪᠰᠢ ᠡᠭᠦᠷᠭᠡᠯᠡᠬᠦ᠌ ᠤᠯᠤᠰ ᠲᠥᠷᠥ᠎ᠶ᠋ᠢᠨ ᠬᠠᠷᠢᠭᠤᠴᠠᠯᠭ᠎ᠠ ᠮᠥᠨ᠂ ᠪᠢᠳᠡ ᠦᠨᠡᠨᠴᠢ ᠱᠢᠳᠤᠷᠭᠤ ᠪᠠᠢᠬᠤ ᠵᠣᠷᠢᠭ᠂ ᠠᠴᠢ ᠬᠠᠷᠢᠭᠤᠯᠠᠬᠤ ᠰᠡᠳᠭᠢᠯ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠵᠢᠡᠨ ᠲᠠᠰᠤᠷᠠᠯᠲᠠ ᠥᠬᠡᠶ ᠪᠠᠲᠤᠳᠭᠠᠵᠤ᠂ ᠶᠡᠷᠦᠩᠬᠡᠶ ᠱᠦᠵᠢ᠎ᠶ᠋ᠢᠨ ᠬᠠᠯᠠᠮᠵᠢᠯᠠᠯ ᠪᠠ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠥᠬᠡᠶ ᠪᠠᠢᠬᠤ ᠭᠡᠷᠡᠭᠳᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠤᠬᠠᠭᠤᠯᠬᠤ ᠭᠠᠵᠠᠷ᠎ᠤᠨ ᠺᠠᠳ᠋ᠷ ᠯᠢᠦ ᠷᠦᠸᠸ ᠵᠢᠶᠦ᠋ᠨ ᠦᠵᠡᠰᠭᠦᠯᠡᠩ᠎ᠳᠦ ᠣᠷᠣᠯᠴᠠᠭ᠍ᠰᠠᠨ᠎ᠤ ᠳᠠᠷᠠᠭ᠎ᠠ ᠭᠦᠨ ᠲᠥᠷᠥᠭ᠌ᠳᠡᠯ᠎ᠲᠡᠶ  ᠬᠡᠯᠡᠪᠡ᠃

ᠲᠣᠰ ᠤᠳᠠᠭᠠᠨ᠎ᠤ ᠦᠵᠡᠰᠭᠦᠯᠡᠩ᠎ᠢ 2 ᠰᠠᠷ᠎ᠠ᠎ᠶ᠋ᠢᠨ 6 ᠎ᠤ᠋ ᠡᠳᠦᠷ ᠥᠷᠨᠢᠭᠦᠯᠦᠭ᠌ᠰᠡᠨ᠎ᠡᠴᠡ ᠨᠠᠭᠠᠰᠢ ᠨᠢᠭᠡᠨᠲᠡ 7000 ᠭᠠᠷᠤᠶ ᠬᠥᠮᠦᠨ ᠲᠣᠭᠣᠷᠢᠨ ᠦᠵᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号