ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠦᠷᠢᠰᠦᠯᠳᠦᠭᠡᠨ᠎ᠤ ᠪᠡᠶ᠎ᠡ᠎ᠶ᠋ᠢᠨ ᠲᠠᠮᠢᠷ᠎ᠤᠨ ᠵᠤᠷᠭᠠᠨ᠎ᠤ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠪᠠᠢᠩᠭᠤ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ ᠵᠠᠩ ᠱᠢᠨ 25᠎ᠤ᠋ ᠡᠳᠦᠷ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠶᠡᠷᠦᠩᠬᠡᠶᠳᠦᠨᠢ ᠠᠪᠴᠤ᠌ ᠦᠵᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠬᠢᠷᠢ ᠪᠦᠲᠦᠮᠵᠢ ᠲᠣᠪᠣᠢᠮ᠎ᠠ ᠪᠠᠢᠵᠤ᠂ ᠬᠢᠷᠢ ᠲᠦᠪᠰᠢᠨ᠎ᠢ ᠱᠢᠯᠭᠠᠨ ᠪᠠᠢᠴᠠᠭᠠᠬᠤ᠂ ᠡᠩᠨᠡᠭᠡ ᠵᠢ ᠪᠣᠯᠪᠠᠰᠤᠷᠠᠭᠤᠯᠬᠤ᠂ ᠱᠢᠨ᠎ᠡ ᠬᠥᠮᠦᠨ᠎ᠢ ᠢᠯᠡᠷᠡᠭᠦᠯᠬᠦ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠥᠯᠥᠭᠡ ᠰᠤᠷᠭᠠᠭᠤᠯᠢᠯᠠᠬᠤ ᠵᠣᠷᠢᠯᠭ᠎ᠠ᠎ᠳᠤ ᠬᠦᠷᠴᠡᠶ ᠭᠡᠵᠦ ᠢᠯᠡᠳᠬᠡᠪᠡ᠃
ᠲᠣᠰ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠨᠡᠢᠲᠡ 35 ᠲᠥᠯᠥᠭᠡᠯᠡᠭ᠌ᠴᠢᠳ᠎ᠦᠨ ᠪᠦᠯᠬᠦᠮ ᠣᠷᠣᠯᠴᠠᠵᠤ᠂ ᠤᠷᠤᠯᠳᠤᠭᠠᠨ᠎ᠳᠤ ᠣᠷᠣᠯᠴᠠᠭᠰᠠᠨ ᠬᠡᠪᠴᠢᠶ᠎ᠡ᠎ᠨᠢ ᠵᠣᠨ᠎ᠤ ᠤᠯᠠᠷᠢᠯ᠎ᠤᠨ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠲᠠᠢ ᠣᠢᠷᠠᠳᠪᠠ᠃ 24᠎ᠤ᠋ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ 156 ᠪᠠᠭ᠎ᠠ ᠲᠥᠷᠥᠯ᠎ᠦᠨ ᠤᠷᠤᠯᠳᠤᠭᠠᠨ ᠳᠠᠭᠤᠰᠴᠤ᠌᠂ ᠪᠥᠬᠥ᠌ ᠪᠠᠭ᠎ᠠ ᠲᠥᠷᠥᠯ᠎ᠦᠨ 87%᠎ᠶ᠋ᠢ ᠡᠵᠡᠯᠡᠪᠡ᠃ ᠣᠳᠣᠬᠠᠨ᠎ᠳᠤ ᠨᠢᠭᠡᠨᠲᠡ 26 ᠲᠥᠯᠥᠭᠡᠯᠡᠭ᠌ᠴᠢᠳ᠎ᠦᠨ ᠪᠦᠯᠬᠦᠮ ᠠᠯᠲᠠᠨ ᠮᠧᠳᠠᠯ ᠣᠯᠵᠤ᠂ 30 ᠲᠥᠯᠥᠭᠡᠯᠡᠭ᠌ᠴᠢᠳ᠎ᠦᠨ ᠪᠦᠯᠬᠦᠮ ᠱᠠᠩᠨᠠᠯ᠎ᠤᠨ ᠮᠧᠳᠠᠯ ᠣᠯᠵᠤ᠂ ᠳᠡᠭᠡᠷ᠎ᠡ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠲᠠᠶ ᠬᠠᠷᠢᠴᠠᠭᠤᠯᠪᠠᠯ᠂ ᠤᠷᠤᠯᠳᠤᠭᠠᠨ᠎ᠳᠤ ᠣᠷᠣᠯᠴᠠᠭᠰᠠᠨ ᠲᠥᠯᠥᠭᠡᠯᠡᠭ᠌ᠴᠢᠳ᠎ᠦᠨ ᠪᠦᠯᠬᠦᠮ᠎ᠦᠨ ᠲᠣᠭ᠎ᠠ᠂ ᠱᠠᠩᠨᠠᠯ᠎ᠤᠨ ᠮᠧᠳᠠᠯ᠎ᠤᠨ ᠬᠠᠮᠤᠷᠤᠭᠰᠠᠨ ᠬᠡᠪᠴᠢᠶ᠎ᠡ ᠶᠡᠬᠡᠪᠡᠷ ᠳᠡᠭᠡᠭ᠌ᠰᠢᠯᠡᠪᠡ᠃
ᠬᠠᠷᠠᠮᠥ᠋ᠷᠡᠨ᠂ ᠭᠢᠷᠢᠨ᠂ ᠯᠢᠶᠣᠤᠨᠢᠩ ᠵᠡᠷᠭᠡ ᠡᠪᠦᠯ᠎ᠦᠨ ᠤᠯᠠᠷᠢᠯ᠎ᠤᠨ ᠤᠷᠤᠯᠳᠤᠭᠠᠨ᠎ᠤ ᠲᠥᠷᠥᠯ ᠵᠦᠶ᠋ᠯ᠎ᠳᠦ ᠬᠦᠴᠦᠷᠬᠡᠭ ᠮᠤᠵᠢ ᠤᠯᠠᠮᠵᠢᠯᠠᠯᠲᠤ ᠳᠠᠪᠠᠭᠤᠯᠢᠭ᠎ᠢᠶᠡᠨ ᠪᠠᠲᠤᠯᠠᠵᠤ᠂ ᠪᠡᠭᠡᠵᠢᠩ᠂ ᠥᠪᠥᠷ ᠮᠣᠩᠭᠣᠯ᠂ ᠾᠧᠪᠧᠶ᠂ ᠱᠠᠨᠳᠦ᠋ᠩ᠂ ᠲᠢᠶᠠᠨᠵᠢᠨ᠂ ᠱᠢᠨᠵᠢᠶᠠᠩ ᠵᠡᠷᠭᠡ ᠨᠢ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ ᠪᠣᠳᠠᠲᠤ ᠬᠦᠴᠦᠨ᠎ᠢᠶᠡᠨ ᠴᠢᠨᠠᠭᠰᠢᠳᠠ ᠳᠡᠭᠡᠭᠰᠢᠯᠡᠬᠦᠯᠦᠭᠰᠡᠨ ᠪᠥᠭᠡᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠥᠷᠢᠰᠥᠯᠳᠦᠬᠦ᠌ ᠬᠦᠴᠦᠨ᠎ᠢᠶᠡᠨ ᠢᠯᠡᠷᠡᠭᠦᠯᠵᠦ᠍᠂ ᠱᠠᠩᠬᠠᠶ᠂ ᠭᠤᠸᠠᠩᠳᠦ᠋ᠩ᠂ ᠵᠧᠵᠢᠶᠠᠩ᠂ ᠰᠸᠴᠤᠸᠠᠨ᠂ ᠴᠦᠩᠴᠢᠩ᠂ ᠭᠦᠶ᠋ᠵᠧᠸ᠋᠂ ᠶᠦᠨᠨᠠᠨ᠂ ᠭᠤᠸᠠᠩᠰᠢ ᠵᠡᠷᠭᠡ ᠡᠮᠦᠨᠡᠲᠦ ᠣᠷᠣᠨ᠎ᠤ ᠮᠤᠵᠢ ᠣᠷᠣᠨ ᠬᠣᠲᠠ᠎ᠶ᠋ᠢᠨ᠎ᠬᠢᠨ ᠴᠦ᠍ ᠠᠯᠲᠠᠨ ᠮᠧᠳᠠᠯ ᠣᠯᠤᠭ᠍ᠰᠠᠨ ᠪᠠᠢᠨ᠎ᠠ᠃ ᠵᠠᠩ ᠱᠢᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠬᠦᠳᠦᠯᠥᠨ ᠳᠠᠭᠠᠭᠤᠯᠵᠤ ᠳᠠᠢᠴᠢᠯᠠᠬᠤ ᠦᠢᠯᠡᠳᠦᠯ ᠨᠢᠭᠡᠨᠲᠡ ᠭᠦᠢᠴᠡᠳ ᠢᠯᠡᠷᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ 《ᠡᠮᠦᠨᠡᠰᠢ ᠤᠷᠳᠤᠳᠬᠠᠵᠤ ᠪᠠᠷᠠᠭᠤᠨᠰᠢ ᠥᠷᠭᠡᠳᠭᠡᠨ ᠵᠡᠭᠦᠨᠰᠢ ᠤᠷᠤᠭ᠍ᠰᠢᠯᠠᠬᠤ》 ᠪᠠᠢᠯᠳᠤᠬᠤ ᠪᠤᠳᠤᠯᠭ᠎ᠠ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠤᠭ᠍ᠰᠠᠨ᠎ᠢ ᠬᠠᠷᠠᠭᠤᠯᠵᠤ ᠪᠠᠢᠨ᠎ᠠ ᠭᠡᠪᠡ᠃
ᠡᠭᠦᠨ ᠡᠴᠡ ᠭᠠᠳᠠᠨ᠎ᠠ᠂ ᠲᠤᠰ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ ᠨᠢ ᠢᠳᠡ ᠭᠦᠭ ᠲᠠᠢ ᠶᠠᠪᠤᠭ᠍ᠳᠠᠵᠤ᠂ ᠥᠷᠢᠰᠥᠯᠳᠦᠭᠡᠨ ᠬᠤᠷᠴᠠ ᠱᠢᠷᠦᠭᠦᠨ ᠪᠠᠢᠵᠤ᠂ ᠮᠠᠰᠢ ᠣᠯᠠᠨ ᠱᠢᠯᠢᠳᠡᠭ ᠬᠢᠷᠢ ᠪᠦᠲᠦᠮᠵᠢ᠎ᠶ᠋ᠢ ᠡᠭᠦᠳᠦᠭ᠌ᠰᠡᠨ ᠪᠠᠢᠨ᠎ᠠ᠃ ᠬᠢᠷᠢ ᠪᠦᠲᠦᠮᠵᠢ᠎ᠶ᠋ᠢᠨ ᠲᠡᠮᠳᠡᠭ᠌ᠯᠡᠯ᠎ᠲᠡᠶ ᠲᠦᠷᠭᠡᠨ ᠲᠡᠱᠢᠯᠲᠡ᠎ᠶ᠋ᠢᠨ ᠲᠥᠷᠥᠯ ᠵᠦᠢᠯ᠎ᠢᠶᠡᠷ ᠵᠢᠱ᠌ᠢᠶᠡᠯᠡᠪᠡᠯ᠂ ᠢᠯᠠ ᠤᠷᠤᠯᠳᠤᠭᠠᠨ᠎ᠤ ᠳᠤᠭᠤᠢᠯᠠᠩ᠎ᠤᠨ 12 ᠤᠷᠤᠯᠳᠤᠭᠠᠨ᠎ᠤ ᠪᠠᠭ᠎ᠠ ᠲᠦᠷᠦᠯ᠎ᠳᠦ᠂ ᠡᠷᠡᠭ᠌ᠲᠡᠶ᠎ᠶ᠋ᠢᠨ 6 ᠪᠠᠭ᠎ᠠ ᠲᠦᠷᠦᠯ᠎ᠤᠨ ᠪᠦᠬᠦ ᠵᠦᠢᠯ᠂ ᠡᠮᠡᠭ᠌ᠲᠡᠶ᠎ᠶ᠋ᠢᠨ 3 ᠵᠢᠵᠢᠭ ᠤᠷᠤᠯᠳᠤᠭᠠᠨ᠎ᠤ ᠵᠦᠢᠯ᠎ᠤᠨ ᠬᠢᠷᠢ ᠪᠦᠲᠦᠮᠵᠢ ᠨᠢ ᠳᠡᠭᠡᠷ᠎ᠡ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠢᠷᠢ ᠪᠦᠲᠦᠮᠵᠢ᠎ᠶ᠋ᠢ ᠳᠠᠪᠠᠵᠤ᠂ ᠯᠢᠶᠣᠤᠨᠢᠩ᠎ᠤᠨ ᠠᠩᠭᠢ᠎ᠶ᠋ᠢᠨ ᠲᠠᠮᠢᠷᠴᠢᠨ ᠡᠦ ᠢᠦᠶ ᠲᠦᠷᠭᠡᠨ ᠲᠡᠱᠢᠯᠲᠡ᠎ᠶ᠋ᠢᠨ ᠡᠷᠡᠭ᠌ᠲᠡᠶ᠎ᠶ᠋ᠢᠨ 10000 ᠮᠧᠲ᠋ᠷ᠎ᠦᠨ A ᠳᠤᠭᠤᠢᠯᠠᠩ᠎ᠤᠨ ᠱᠢᠶ᠋ᠳᠪᠦᠷᠢᠲᠦ ᠤᠷᠤᠯᠳᠤᠭᠠᠨ᠎ᠳᠤ ᠲᠡᠭᠦᠨ᠎ᠦ ᠥᠪᠡᠷ᠎ᠦᠨ ᠵᠢᠡᠨ ᠡᠬᠦᠳᠦᠭᠰᠡᠨ ᠪᠦᠬᠦ᠌ ᠤᠯᠤᠰ᠎ᠤᠨ ᠲᠡᠮᠳᠡᠭ᠌ᠯᠡᠯ᠎ᠢ ᠰᠢᠨᠡᠳᠭᠡᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠪᠠᠰᠠ ᠨᠢᠭᠡ ᠪᠦᠯᠦᠭ ᠱᠢᠯᠢᠳᠡᠭ ᠬᠢᠷᠢ ᠪᠦᠲᠦᠮᠵᠢ ᠣᠯᠤᠭ᠍ᠰᠠᠨ᠂ ᠨᠡᠯᠢᠶᠡᠳ ᠶᠡᠬᠡ ᠳᠠᠪᠰᠢᠬᠤ ᠳᠠᠯᠳᠠ ᠬᠦᠴᠦᠨ᠎ᠲᠡᠶ ᠵᠠᠯᠠᠭᠤ ᠲᠠᠮᠢᠷᠴᠢᠳ ᠴᠣᠯᠭᠣᠷᠠᠨ ᠭᠠᠷᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠤᠭ᠍ᠴᠢ᠂ 21 ᠨᠠᠰᠤᠲᠠᠶ ᠪᠠᠨ ᠱᠢᠤᠸᠠᠢ ᠹᠦ᠋ ᠲᠠᠩ ᠬᠠᠪᠳᠠᠰᠤ᠎ᠪᠠᠷ ᠴᠠᠨᠠᠯᠠᠬᠤ ᠢᠯᠡ ᠤᠷᠤᠯᠳᠤᠭᠠᠨ᠎ᠤ ᠳᠤᠭᠤᠢᠯᠠᠩ᠎ᠤᠨ ᠡᠷᠡᠭ᠌ᠲᠡᠶ᠎ᠶ᠋ᠢᠨ ᠵᠡᠷᠭᠡᠴᠡᠭᠡ ᠶᠡᠬᠡ ᠡᠷᠭᠢᠯᠲᠡ᠎ᠳᠦ ᠮᠠᠩᠯᠠᠢᠯᠠᠪᠠ᠃ 19 ᠨᠠᠰᠤᠲᠠᠶ ᠴᠧᠨ ᠱᠦᠸᠸ ᠴᠢᠯᠥᠭᠡᠲᠦ ᠮᠠᠶᠢᠭ᠎ᠤᠨ ᠴᠠᠰᠤᠨ᠎ᠳᠤ ᠴᠠᠨᠠᠯᠠᠬᠤ ᠠᠭᠠᠷ᠎ᠤᠨ ᠮᠡᠷᠭᠡᠵᠢᠯ᠎ᠦᠨ ᠢᠯᠡ ᠳᠤᠭᠤᠢᠯᠠᠩ᠎ᠤᠨ ᠤᠷᠤᠯᠳᠤᠭᠠᠨ᠎ᠳᠤ 5.1᠎ᠶ᠋ᠢᠨ ᠬᠦᠴᠢᠷ᠎ᠦᠨ ᠢᠯᠡᠳᠭᠡᠮᠵᠢ ᠲᠠᠢ ᠬᠥᠳᠡᠯᠦᠯ᠎ᠢ ᠪᠡᠶᠡᠯᠡᠭᠦᠯᠦᠭ᠌ᠰᠡᠨ ᠪᠥᠭᠡᠳ ᠲᠣᠭ᠍ᠲᠠᠭᠤᠨ᠎ᠢᠶᠠᠷ ᠭᠠᠵᠠᠷ ᠪᠠᠭᠤᠵᠤ᠂ ᠡᠴᠦᠰ᠎ᠲᠡᠬᠡᠨ 125.97 ᠬᠤᠪᠢ᠎ᠶ᠋ᠢᠨ ᠬᠢᠷᠢ ᠪᠦᠲᠦᠮᠵᠢ᠎ᠪᠡᠷ ᠠᠯᠲᠠᠨ ᠮᠧᠳᠠᠯ ᠣᠯᠵᠠᠶ᠃ ᠦᠢᠷ᠎ᠡ ᠵᠠᠮ᠎ᠤᠨ ᠲᠦᠷᠭᠡᠨ ᠲᠡᠱᠢᠯᠲᠡ᠎ᠶ᠋ᠢᠨ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠶ᠎ᠶ᠋ᠢᠨ 500 ᠮᠧᠲ᠋ᠷ᠎ᠦᠨ ᠤᠷᠤᠯᠳᠤᠭᠠᠨ᠎ᠤ ᠳᠤᠮᠳᠠ 3 ᠲᠠᠮᠢᠷᠴᠢᠨ᠎ᠤ ᠬᠢᠷᠢ ᠪᠦᠲᠦᠮᠵᠢ ᠳᠡᠯᠡᠬᠡᠶ᠎ᠶ᠋ᠢᠨ ᠵᠠᠯᠠᠭᠤᠴᠤᠳ᠎ᠤᠨ ᠲᠡᠮᠳᠡᠭ᠌ᠯᠡᠯ᠎ᠢ ᠳᠠᠪᠠᠪᠠ᠃
ᠵᠠᠩ ᠱᠢᠨ᠂ ᠶᠡᠷᠦᠩᠬᠡᠶᠳᠦᠨᠢ ᠠᠪᠴᠤ᠌ ᠦᠵᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠬᠢᠷᠢ ᠲᠦᠪᠰᠢᠨ᠎ᠢ ᠱᠢᠯᠭᠠᠨ ᠪᠠᠢᠴᠠᠭᠠᠬᠤ᠂ ᠡᠩᠨᠡᠭᠡ ᠵᠢ ᠪᠣᠯᠪᠠᠰᠤᠷᠠᠭᠤᠯᠬᠤ᠂ ᠱᠢᠨ᠎ᠡ ᠬᠥᠮᠦᠨ᠎ᠢ ᠢᠯᠡᠷᠡᠭᠦᠯᠬᠦ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠥᠯᠥᠭᠡ ᠰᠤᠷᠭᠠᠭᠤᠯᠢᠯᠠᠬᠤ ᠵᠣᠷᠢᠯᠭ᠎ᠠ᠎ᠳᠤ ᠬᠦᠷᠴᠡᠶ᠂ ᠭᠡᠪᠡᠴᠦ᠍ ᠮᠠᠨ᠎ᠤ ᠤᠯᠤᠰ᠎ᠤᠨ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠤᠷᠤᠯᠳᠤᠭᠠᠨ᠎ᠤ ᠲᠦᠪᠱᠢᠨ᠎ᠨᠢ ᠳᠡᠯᠡᠬᠡᠶ᠎ᠶ᠋ᠢᠨ ᠮᠥᠰᠥ᠍ ᠴᠠᠰᠤᠨ᠎ᠤ ᠬᠦᠴᠦᠷᠬᠡᠭ ᠤᠯᠤᠰ᠎ᠲᠠᠶ ᠬᠠᠷᠢᠴᠠᠭᠤᠯᠪᠠᠯ ᠪᠠᠰᠠ ᠨᠡᠯᠢᠶᠡᠳ ᠶᠡᠬᠡ ᠵᠥᠷᠢᠶ᠎ᠡ᠎ᠲᠡᠶ ᠪᠠᠢᠵᠤ᠂ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠬᠥᠭ᠌ᠵᠢᠯᠲᠡ᠎ᠶ᠋ᠢᠨ ᠰᠠᠭᠤᠷᠢᠨ᠎ᠢ ᠪᠠᠰᠠ ᠪᠠᠲᠤ ᠪᠠᠬᠢ ᠪᠢᠰᠢ᠂ 《ᠮᠥᠰᠥᠨ᠎ᠤ ᠤᠷᠤᠯᠳᠤᠭᠠᠨ᠎ᠤ ᠳᠦᠷᠦᠯ ᠵᠦᠢᠯ ᠬᠦᠴᠦᠷᠬᠡᠭ ᠴᠠᠰᠤᠨ᠎ᠤ ᠤᠷᠤᠯᠳᠤᠭᠠᠨ᠎ᠤ ᠲᠦᠷᠦᠯ ᠵᠦᠢᠯ ᠪᠠᠭᠤᠷᠠᠶ》 ᠪᠠᠢᠳᠠᠯ ᠦᠨᠳᠦᠰᠦᠨ ᠴᠢᠨᠠᠷᠳᠠᠢ ᠬᠤᠪᠢᠷᠠᠯᠳᠠ ᠤᠯᠤᠭᠠᠳᠤᠢ ᠭᠡᠳᠡᠭ᠎ᠢ ᠪᠠᠰᠠ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠶ ᠭᠡᠪᠡ᠃
ᠵᠠᠩ ᠰᠢᠨ᠄《ᠪᠢᠳᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠬᠰᠡᠨᠢᠶᠡᠷ ᠠᠵᠠ ᠲᠣᠬᠢᠶᠠᠯ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠥᠭᠡᠷᠡᠴᠢᠯᠡᠯᠲᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠣᠨᠣᠪᠴᠢᠲᠤ ᠴᠢᠨᠠᠷ᠎ᠢ ᠳᠡᠭᠡᠭ᠌ᠰᠢᠯᠡᠭᠦᠯᠵᠦ᠍᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠳᠤ ᠦᠶ᠋ᠯᠡᠴᠢᠯᠡᠬᠦ᠌᠂ ᠣᠯᠠᠨ ᠲᠦᠮᠡᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠥᠷᠭᠡᠨ᠎ᠢᠶᠡᠷ ᠣᠷᠣᠯᠴᠠᠭᠤᠯᠬᠤ᠂ ᠮᠥᠰᠥ᠍ ᠴᠠᠰᠤᠨ᠎ᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠱᠠᠯᠠᠪᠳᠠᠨ ᠲᠣᠭ᠍ᠲᠠᠭᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠶ᠋ᠢᠨ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠥᠬᠥ᠌ ᠤᠷᠤᠯᠳᠤᠭᠠᠨ ᠳᠠᠭᠤᠰᠤᠭ᠍ᠰᠠᠨ᠎ᠤ ᠳᠠᠷᠠᠭ᠎ᠠ᠂ 2026 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠳᠤ ᠪᠥᠬᠥ᠌ ᠲᠠᠯ᠎ᠠ᠎ᠪᠠᠷ ᠱᠢᠯᠵᠢᠬᠦ᠌ ᠪᠣᠯᠤᠨ᠎ᠠ》 ᠭᠡᠪᠡ᠃
(ᠱᠢᠨᠬᠤᠸᠠ ᠬᠤᠷᠢᠶ᠎ᠠ᠎ᠶᠢᠨ ᠬᠥᠬᠡᠬᠣᠲᠠ᠎ᠶ᠋ᠢᠨ 2 ᠰᠠᠷ᠎ᠠ᠎ᠶ᠋ᠢᠨ 25᠎ᠤ᠋ ᠴᠠᠬᠢᠯᠭᠠᠨ ᠮᠡᠳᠡᠭᠡ)