2 ᠰᠠᠷ᠎ᠠ᠎ᠶ᠋ᠢᠨ 26 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠡᠭᠡᠷᠡᠯᠡᠨ ᠴᠠᠨᠠᠯᠠᠯᠲᠠ ᠵᠢᠨ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠢ᠎ᠶ᠋ᠢᠨ 4×5 ᠺᠢᠯᠤᠮᠸᠲᠷ᠎ᠤᠨ ᠪᠤᠤᠬᠢᠶ᠎ᠠ ᠤᠷᠤᠯᠳᠤᠭᠠᠨ ︵2 ᠤᠯᠠᠮᠵᠢᠯᠠᠯᠲᠤ ᠮᠡᠷᠭᠡᠵᠢᠯ + 2 ᠴᠢᠯᠥᠭᠡᠲᠦ ᠮᠡᠷᠭᠡᠵᠢᠯ︶᠂ ᠵᠠᠯᠠᠭᠤᠴᠤᠳ᠎ᠤᠨ ᠳᠤᠭᠤᠢᠯᠠᠩ᠎ᠤᠨ ᠡᠷᠡᠭ᠌ᠲᠡᠢ᠎ᠶ᠋ᠢᠨ 4×5 ᠺᠢᠯᠤᠮᠸᠲᠷ᠎ᠤᠨ ᠪᠤᠤᠬᠢᠶ᠎ᠠ ᠤᠷᠤᠯᠳᠤᠭᠠᠨ︵2 ᠤᠯᠠᠮᠵᠢᠯᠠᠯᠲᠤ ᠮᠡᠷᠭᠡᠵᠢᠯ + 2 ᠴᠢᠯᠥᠭᠡᠲᠦ ᠮᠡᠷᠭᠡᠵᠢᠯ︶ ᠤᠯᠠᠭᠠᠨᠴᠠᠪ᠎ᠤᠨ ᠯᠢᠶᠠᠩᠴᠧᠩ᠎ᠦᠨ ᠴᠠᠨᠠᠯᠠᠯᠲᠠ ᠵᠢᠨ ᠲᠠᠯᠠᠪᠠᠢ᠎ᠳᠤ ᠶᠠᠪᠤᠭ᠍ᠳᠠᠪᠠ᠃
ᠬᠤᠷᠴᠠ ᠱᠢᠷᠦᠭᠦᠨ ᠦᠷᠢᠰᠦᠯᠳᠦᠬᠡᠨ᠎ᠢᠶᠠᠷ ᠳᠠᠮᠵᠢᠨ᠂ ᠶᠠᠩ ᠹᠠᠨ᠂ ᠵᠢᠨ ᠷᠠᠨ ᠂ ᠵᠧᠦ ᠵᠢᠩ ᠯᠢ ᠂ ᠯᠢ ᠵᠢᠶᠧ᠎ᠪᠡᠷ ᠪᠦᠷᠢᠯᠳᠦᠭ᠌ᠰᠡᠨ ᠬᠠᠷᠠᠮᠥ᠋ᠷᠡᠨ᠎ᠦ ᠠᠩᠭᠢ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠶ᠎ᠶ᠋ᠢᠨ 4 × 5 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ︵2 ᠤᠯᠠᠮᠵᠢᠯᠠᠯᠲᠤ ᠮᠡᠷᠭᠡᠵᠢᠯ + 2 ᠴᠢᠯᠥᠭᠡᠲᠦ ᠮᠡᠷᠭᠡᠵᠢᠯ ) ᠳ᠋ᠤ ᠮᠠᠩᠯᠠᠢᠯᠠᠵᠤ᠂ ᠭᠠᠨᠰᠦ᠎ᠶ᠋ᠢᠨ ᠠᠩᠭᠢ᠂ ᠲᠢᠶᠠᠨᠵᠢᠨ᠎ᠤ ᠠᠩᠭᠢ ᠲᠤᠰ ᠲᠤᠰ ᠲᠡᠳ᠋᠂ ᠭᠤᠳᠠᠭᠠᠷ᠎ᠲᠤ ᠲᠤᠳᠤᠷᠠᠵᠠᠢ︔ ᠬᠥ᠋ ᠯᠦᠩ ᠽᠸ ᠷᠧᠨ ᠂ ᠯᠢᠦ ᠵᠢᠩ ᠴᠤᠤ ᠂ ᠵᠢᠶᠠᠩ ᠢ ᠱᠢᠨ᠂ ᠫᠠᠨ ᠮᠸᠡᠭ ᠨᠠᠨ᠎ᠢᠶᠠᠷ ᠪᠦᠷᠢᠯᠳᠦᠭ᠌ᠰᠡᠨ ᠭᠢᠷᠢᠨ᠎ᠦ ᠠᠩᠭᠢ ᠵᠠᠯᠠᠭᠤᠴᠤᠳ᠎ᠤᠨ ᠳᠤᠭᠤᠢᠯᠠᠩ᠎ᠤᠨ ᠡᠷᠡᠭ᠌ᠲᠡᠶ᠎ᠶ᠋ᠢᠨ 4 ×5 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ ︵ 2 ᠤᠯᠠᠮᠵᠢᠯᠠᠯᠲᠤ ᠮᠡᠷᠭᠡᠵᠢᠯ + 2 ᠴᠢᠯᠥᠭᠡᠲᠦ ᠮᠡᠷᠭᠡᠵᠢᠯ ︶ ᠳ᠋ᠤ ᠲᠠᠷᠢᠭᠦᠯᠠᠵᠤ᠂ ᠱᠢᠨᠵᠢᠶᠠᠩ᠎ᠤᠨ ᠠᠩᠭᠢ᠂ ᠾᠸᠪᠸᠢ ᠵᠢᠨ ᠠᠩᠭᠢ ᠲᠤᠰ ᠲᠤᠰ ᠳᠡᠳ᠋᠂ ᠭᠤᠳᠠᠭᠠᠷ᠎ᠲᠤ ᠲᠤᠳᠤᠷᠠᠵᠠᠢ᠃
ᠲᠤᠰ ᠡᠳᠤᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠯᠠᠭᠠᠨᠴᠠᠪ᠎ᠤᠨ ᠯᠢᠶᠠᠩᠴᠧᠩ᠎ᠳᠡᠬᠢ ᠡᠯ᠎ᠡ ᠲᠦᠷᠦᠯ᠎ᠦᠨ ᠤᠷᠤᠯᠳᠤᠭᠠᠨ ᠪᠦᠬᠦᠨ᠎ᠢᠶᠡᠷ᠎ᠢᠶᠡᠨ ᠳᠠᠭᠤᠰᠴᠤ᠌ ᠂ ᠬᠡᠭᠡᠷᠡᠯᠡᠨ ᠴᠠᠨᠠᠯᠠᠬᠤ ᠂ ᠡᠪᠦᠯ᠎ᠦᠨ ᠤᠯᠠᠷᠢᠯ᠎ᠤᠨ ᠬᠣᠶᠠᠷ ᠲᠥᠷᠥᠯ᠂ ᠲᠠᠡᠭ ᠬᠠᠪᠲᠠᠰᠤ ᠵᠢᠨ ᠴᠠᠨᠠᠯᠠᠯᠲᠠ ᠵᠢᠨ ᠰᠠᠭᠠᠳ ᠳᠠᠪᠠᠬᠤ ᠂ ᠴᠢᠯᠥᠭᠡᠲᠦ ᠮᠠᠶᠢᠭ ᠤ᠋ᠨ ᠴᠠᠨᠠᠯᠠᠯᠲᠠ ᠵᠢᠨ ᠰᠠᠭᠠᠳ ᠳᠠᠪᠠᠬᠤ ᠵᠡᠷᠭᠡ 4 ᠲᠥᠷᠥᠯ ᠤ᠋ᠨ ᠤᠷᠤᠯᠳᠤᠭᠠᠨ᠎ᠳᠦ ᠨᠡᠢᠲᠡ 38 ᠠᠯᠲᠠᠨ ᠮᠧᠳᠠᠯ ᠲᠤᠳᠤᠷᠠᠪᠠ᠃