ᠱᠢᠨ᠎ᠡ ᠭᠠᠷᠤᠭ᠎ᠠ ᠡᠴᠡ ᠡᠷᠡᠮᠡᠬᠡᠢᠯᠡᠨ ᠤᠷᠤᠭ᠍ᠰᠢᠯᠠᠵᠤ ᠰᠠᠢ᠌ᠨ ᠰᠠᠢᠬᠠᠨ ᠢᠷᠡᠭᠡᠳᠦᠢ ᠵᠦᠭ ᠳᠡᠮᠡᠤᠯᠰᠦᠬᠡᠢ
2024-02-28 09:36:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ

        ᠲᠠᠮᠢᠷ᠎ᠤᠨ ᠴᠤᠭ᠍ᠯᠠᠭᠠᠨ ᠦᠨᠳᠦᠷᠯᠡᠭᠰᠡᠨ᠎ᠳᠦ ᠬᠠᠯᠠᠭᠤᠨ ᠪᠠᠶᠠᠷ ᠬᠦᠷᠭᠡᠶ᠎ᠡ


ᠡᠨᠡ ᠪᠣᠯ ᠨᠢᠭᠡᠨ ᠤᠳᠠᠭᠠᠨ ᠤ᠋ ᠡᠷᠡᠯᠬᠡᠭ᠌ᠯᠡᠨ ᠲᠡᠮᠡᠴᠡᠵᠥ ᠡᠷᠡᠮᠡᠬᠡᠢᠯᠡᠨ ᠤᠷᠤᠬᠰᠢᠯᠠᠬᠰᠠᠨ᠂ ᠣᠷᠭᠢᠯᠤᠮ᠎ᠠ ᠰᠡᠳᠭᠢᠯᠭᠡ ᠪᠠ ᠬᠦᠰᠡᠯ ᠵᠡᠭᠦᠳᠦ ᠪᠢᠯᠬᠠᠭ᠍ᠰᠠᠨ ᠦᠪᠡᠳᠡᠭ᠌ᠰᠢ ᠴᠤᠬᠯᠠᠭᠠᠨ ᠮᠥᠨ;

ᠡᠨᠡ ᠪᠣᠯ ᠨᠢᠭᠡᠨ ᠤᠳᠠᠭᠠᠨ ᠤ᠋ ᠤᠷᠤᠯᠳᠤᠭᠠᠨ᠎ᠤ ᠷᠢᠳᠢ ᠱᠢᠳᠢ᠎ᠶ᠋ᠢ ᠢᠯᠡᠷᠡᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠨ᠎ᠢ ᠭᠠᠢᠬᠠᠭᠤᠯᠤᠬᠰᠠᠨ ᠦᠪᠡᠳᠡᠭ᠌ᠰᠢ ᠴᠤᠭ᠍ᠯᠠᠭᠠᠨ ᠮᠦᠨ;

ᠡᠨᠡ ᠪᠣᠯ ᠨᠢᠬᠡᠨ ᠤᠳᠠᠭᠠᠨ ᠤ᠋ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠢᠴᠢᠭᠯᠡᠵᠥ᠂ ᠡᠷᠡᠮᠡᠬᠡᠢᠯᠡᠨ ᠤᠷᠤᠬᠰᠢᠯᠠᠬᠤ ᠰᠢᠨ᠎ᠡ ᠬᠠᠭᠤᠳᠠᠰᠤ ᠵᠢ ᠰᠡᠬᠦᠭᠰᠡᠨ ᠦᠪᠡᠳᠡᠭ᠌ᠰᠢ ᠴᠤᠬᠯᠠᠭᠠᠨ ᠮᠦᠨ᠃

ᠥᠴᠥᠭᠡᠳᠦᠷ ᠣᠷᠣᠶ 11 ᠡᠳᠦᠷ ᠳᠦᠷᠡᠯᠵᠡᠨ ᠨᠣᠴᠣᠭ᠍ᠰᠠᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠠᠷᠢᠭᠤᠨ ᠭᠠᠯ ᠠᠯᠭᠤᠷᠬᠠᠨ ᠤᠨᠲᠠᠷᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ ᠥᠨᠳᠥᠷᠯᠡᠪᠡ᠃ ᠪᠢᠳᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠵᠦ᠍ ᠪᠠᠢᠨ᠎ᠠ! ᠪᠤᠢ ᠪᠦᠬᠦᠢ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭ᠌ᠴᠢ᠎ᠳᠦ ᠡᠷᠬᠢᠮ ᠳᠡᠭᠡᠳᠦ ᠬᠦᠨᠳᠦᠳᠭᠡᠯ᠎ᠢᠶᠡᠨ ᠳᠡᠪᠱᠢᠭᠦᠯᠦᠶ᠎ᠡ!

ᠬᠦᠴᠦ ᠬᠥᠯᠥᠰᠥ᠍ ᠪᠠᠨ ᠠᠰᠭᠠᠷᠠᠭᠤᠯᠤᠨ ᠮᠠᠷᠠᠢᠨ ᠳᠡᠮᠡᠴᠡᠬᠦ ᠳ᠋ᠤᠨᠢ ᠤᠤᠬᠠᠢᠯᠠᠬᠤ ᠳᠠᠭᠤᠨ ᠪᠠ ᠠᠯᠠᠭ᠎ᠠ ᠲᠠᠱᠢᠬᠤ ᠳᠠᠭᠤᠨ ᠵᠡᠷᠬᠡᠪᠡᠷ ᠨᠢᠵᠢᠬᠢᠨᠡᠨ᠎ᠡ᠃ ᠥᠷᠭᠡᠨ ᠣᠯᠠᠨ ᠲᠠᠮᠢᠷᠴᠢᠨ ᠪᠣᠯᠤᠨ ᠳᠠᠰᠬᠠᠯᠵᠢᠭᠤᠯᠤᠬᠴᠢ᠂ ᠬᠢᠨᠠᠭ᠍ᠴᠢ ᠵᠢᠨ ᠤᠷᠤᠯᠳᠤᠭᠠᠨ᠎ᠤ ᠲᠠᠯᠠᠪᠤᠷ ᠲᠤ᠌ ᠭᠠᠪᠰᠢᠭᠠᠢᠯᠠᠵᠥ᠂ ᠮᠥᠰᠥ᠍ ᠴᠠᠰᠤᠨ ᠳ᠋ᠤ ᠳᠡᠰᠢᠨ ᠴᠡᠨᠡᠯᠡᠵᠥ᠂ ᠤᠮᠠᠷᠠᠲᠤ ᠬᠢᠯᠢ ᠳ᠋ᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠦᠶ᠎ᠡ ᠳᠡᠮᠵᠢᠨ ᠤᠯᠠᠮᠵᠢᠯᠠᠭ᠍ᠳᠠᠵᠤ᠂ ᠦᠷᠭᠦᠯᠵᠢᠯᠡᠨ ᠲᠡᠮᠡᠴᠡᠬᠦ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠢᠯᠡᠷᠡᠭᠦᠯᠦᠭ᠌ᠰᠡᠨ᠎ᠢ ᠪᠢᠳᠡ ᠮᠠᠷᠳᠠᠵᠥ ᠴᠢᠳᠠᠬᠤ ᠥᠬᠡᠶ; ᠲᠣᠭ᠎ᠠ ᠲᠣᠮᠰᠢ ᠥᠬᠡᠶ ᠠᠵᠢᠯᠲᠠᠨ᠂ ᠰᠠᠢᠨ ᠲᠤᠷᠠᠴᠤᠳ᠂ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠶᠠᠳᠠᠷᠠᠯ ᠵᠦᠳᠡᠷᠡᠯ᠎ᠢ ᠦᠯᠦ ᠬᠠᠢᠬᠤᠷᠤᠨ᠂ ᠪᠦᠯᠬᠦᠮᠳᠡᠨ ᠬᠠᠮᠵᠢᠯᠴᠠᠵᠤ᠂ ᠬᠠᠷᠠᠮ ᠥᠬᠡᠶ ᠵᠣᠷᠢᠭᠤᠯᠵᠤ᠂ ᠤᠷᠤᠯᠳᠤᠭᠠᠨ᠎ᠤ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠤ᠂ ᠤᠷᠤᠯᠳᠤᠭᠠᠨ᠎ᠤ ᠦᠳᠬᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠰᠠᠨ᠎ᠢ ᠪᠢᠳᠡ ᠪᠠᠳᠤ ᠴᠡᠬᠡᠵᠢᠯᠡᠪᠡ; ᠲᠦᠷᠪᠡᠨ ᠵᠦᠭ ᠨᠠᠢ᠍ᠮᠠᠨ ᠵᠣᠪᠬᠢᠰ᠎ᠡᠴᠡ ᠬᠦᠷᠦᠯᠴᠡᠨ ᠢᠷᠡᠭ᠌ᠰᠡᠨ ᠬᠠᠯᠠᠭᠤᠨ ᠰᠡᠳᠭᠢᠯᠲᠦ ᠦᠵᠡᠭ᠌ᠴᠢᠳ ᠬᠠᠮᠲᠤ ᠪᠠᠷ ᠦᠪᠡᠳᠡᠭ᠌ᠰᠢ ᠴᠤᠬᠯᠠᠭᠠᠨ ᠳ᠋ᠤ ᠣᠷᠣᠯᠴᠠᠵᠤ᠂ ᠤᠤᠬᠠᠢᠯᠡᠨ ᠬᠠᠰᠬᠢᠷᠴᠤ ᠰᠦᠷ ᠬᠦᠴᠦᠨ ᠨᠡᠮᠡᠷᠢᠯᠡᠵᠦ᠍᠂ ᠤᠷᠬᠢᠯᠤᠮ᠎ᠠ ᠰᠡᠳᠭᠢᠯᠭᠡ ᠪᠡᠷ ᠬᠤᠷᠰᠢᠯᠴᠠᠵᠤ᠂ ᠭᠣᠢᠳᠠ ᠰᠠᠢᠬᠠᠨ ᠠᠷᠪᠡᠨ ᠲᠦᠷᠪᠠᠳᠤᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠤᠯ ᠤ᠋ᠨ ᠤᠯᠠᠷᠢᠯ ᠤ᠋ᠨ ᠲᠠᠮᠢᠷ ᠤ᠋ᠨ ᠴᠤᠬᠯᠠᠭᠠᠨ ᠳ᠋ᠤ ᠬᠦᠭ ᠨᠡᠮᠡᠵᠤ᠂ ᠡᠪᠦᠯ᠎ᠦᠨ ᠤᠯᠠᠷᠢᠯ᠎ᠤᠨ ᠥᠪᠥᠷ ᠮᠣᠩᠭᠣᠯ᠎ᠳᠤ ᠬᠠᠯᠠᠭᠤᠨ ᠲᠤᠯᠠᠭᠠᠨ ᠨᠡᠮᠡᠷᠢᠯᠡᠭᠰᠡᠨ᠎ᠢ ᠪᠢᠳᠡ ᠣᠯᠵᠤ ᠬᠠᠷᠠᠯ᠎ᠠ᠃ ᠤᠮᠠᠷᠠᠲᠤ᠎ᠶ᠋ᠢᠨ ᠡᠬᠡ ᠭᠠᠵᠠᠷ᠎ᠲᠤ ᠪᠦᠬᠦ᠌ ᠠᠷᠠᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠬᠠᠯᠠᠭᠤᠨ ᠥᠷᠨᠢᠯᠲᠡ ᠭᠠᠷᠴᠤ᠌᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠥᠷᠨᠢᠩᠭᠦᠢ ᠬᠥᠭ᠌ᠵᠢᠵᠦ᠍᠂ 《ᠬᠦᠢᠳᠡᠨ ᠡᠬᠢ ᠪᠠᠶᠠᠯᠢᠭ》 ᠦᠷᠭᠦᠯᠵᠢᠯᠡᠨ 《ᠬᠠᠯᠠᠭᠤᠨ ᠦᠷ᠎ᠠ ᠨᠦᠯᠦᠭᠡ》 ᠭᠠᠷᠭᠠᠵᠤ ᠪᠠᠢᠬᠤ᠎ᠶ᠋ᠢ ᠪᠢᠳᠡ ᠣᠯᠵᠤ ᠮᠡᠳᠡᠪᠡ᠃ ᠠᠷᠪᠡᠨ ᠲᠦᠷᠪᠠᠳᠤᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠤᠯ ᠤ᠋ᠨ ᠤᠯᠠᠷᠢᠯ ᠤ᠋ᠨ ᠲᠠᠮᠢᠷ ᠤ᠋ᠨ ᠴᠤᠬᠯᠠᠭᠠᠨ 《ᠤᠷᠤᠯᠳᠤᠭᠠᠨ᠎ᠢ ᠭᠣᠢᠳᠠ ᠰᠠᠢᠬᠠᠨ ᠡᠷᠬᠢᠯᠡᠬᠦ᠂ ᠤᠷᠤᠯᠳᠤᠭᠠᠨ᠎ᠳᠤ ᠣᠷᠣᠯᠴᠠᠵᠤ ᠰᠢᠯᠢᠳᠡᠭ ᠬᠢᠷᠢ ᠪᠦᠳᠦᠮᠵᠢ ᠤᠯᠬᠤ᠂ ᠬᠠᠨᠤᠮᠵᠢᠳᠠᠢ ᠦᠢᠯᠡᠴᠢᠯᠡᠭᠡ᠎ᠬᠠᠨᠭᠭᠠᠬᠤ᠂ ᠤᠯᠠᠨ ᠲᠦᠮᠡᠨ ᠮᠠᠭ᠍ᠲᠠᠨ ᠱᠠᠭᠰᠢᠬᠤ᠂ ᠬᠥᠭ᠌ᠵᠢᠯᠲᠡ᠎ᠳᠦ ᠬᠦᠴᠤᠨ ᠨᠠᠮᠠᠷᠢᠯᠡᠬᠦ》 ᠬᠠᠷᠠᠯᠲᠠ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠠᠷᠪᠡᠨ ᠲᠦᠷᠪᠠᠳᠤᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠤᠯ ᠤ᠋ᠨ ᠤᠯᠠᠷᠢᠯ ᠤ᠋ᠨ ᠲᠠᠮᠢᠷ ᠤ᠋ᠨ ᠴᠤᠬᠯᠠᠭᠠᠨ ᠪᠣᠯ ᠪᠡᠭᠡᠵᠢᠩ᠎ᠦᠨ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠳᠠᠷᠠᠭ᠎ᠠ᠂ ᠮᠠᠨ᠎ᠤ ᠤᠯᠤᠰ᠎ᠤᠨ ᠡᠷᠭᠢᠯᠡᠭ᠌ᠰᠡᠨ  ᠬᠦᠷᠢᠶ᠎ᠠ ᠬᠡᠪᠴᠢᠶ᠎ᠡ᠎ᠪᠡᠷ ᠬᠠᠮᠤᠭ᠎ᠤᠨ ᠶᠡᠬᠡ᠂ ᠬᠢᠷᠢ ᠲᠦᠪᠰᠢᠨ ᠵᠢᠡᠷ ᠬᠠᠮᠤᠭ᠎ᠤᠨ ᠥᠨᠳᠥᠷ᠂ ᠠᠯᠤᠰ ᠬᠡᠲᠦ᠍᠎ᠶ᠋ᠢᠨ ᠨᠥᠯᠥᠭᠡ᠎ᠪᠦᠬᠦᠢ ᠪᠥᠬᠥ᠌ ᠤᠯᠤᠰ᠎ᠤᠨ ᠶᠡᠷᠦᠩᠬᠡᠢᠯᠡᠭ᠌ᠰᠡᠨ ᠴᠢᠨᠠᠷᠲᠠᠶ ᠮᠥᠰᠥ᠍ ᠴᠠᠰᠤᠨ᠎ᠤ ᠤᠷᠤᠯᠳᠤᠭᠠᠨ ᠪᠣᠯᠤᠨ᠎ᠠ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠨ ᠶᠠᠪᠤᠳᠠᠯ ᠪᠣᠯ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠷᠠᠭ᠎ᠠ ᠮᠠᠨ᠎ᠤ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠨᠢᠭᠡ ᠤᠳᠠᠭ᠎ᠠ᠎ᠶ᠋ᠢᠨ ᠲᠥᠪᠯᠡᠷᠡᠩᠭᠦᠢ ᠦᠵᠡᠭᠦᠯᠭᠡ ᠪᠣᠯᠤᠨ᠎ᠠ᠂ ᠡᠨᠡ ᠨᠢ ᠮᠠᠨ᠎ᠤ ᠤᠯᠤᠰ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠭᠦᠨᠵᠡᠭᠡᠢ ᠠᠬᠢᠭᠤᠯᠤᠭ᠍ᠰᠠᠨ 《ᠡᠮᠦᠨᠡᠰᠢ ᠦᠷᠭᠡᠳᠭᠡᠵᠦ᠂ ᠪᠠᠷᠠᠭᠤᠨᠰᠢ ᠲᠡᠯᠡᠵᠦ᠂ ᠵᠡᠭᠦᠨᠰᠢ ᠤᠷᠤᠭ᠍ᠰᠢᠯᠠᠬᠤ》 ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠲᠦᠭᠡᠯ᠎ᠢ ᠭᠦᠢᠴᠡᠳ ᠢᠯᠡᠷᠡᠭᠦᠯᠵᠦ᠍᠂ 《ᠭᠤᠷᠪᠠᠨ ᠳ᠋ᠦᠩᠱᠢᠭᠤᠷ ᠬᠥᠮᠦᠨ᠎ᠢ ᠲᠠᠢ᠌ᠴᠢᠯᠠᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠤᠭ᠍ᠰᠠᠨ》 ᠡᠯᠪᠡᠭ ᠪᠠᠶᠠᠯᠢᠭ ᠦᠷ᠎ᠠ ᠪᠦᠳᠦᠭᠡᠯ ᠪᠤᠯᠤᠨ᠎ᠠ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠨ ᠶᠠᠪᠤᠳᠠᠯ ᠪᠣᠯ ᠮᠢᠯᠠᠨ᠎ᠤ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠡᠴᠡ ᠡᠮᠦᠨᠡᠬᠢ ᠨᠢᠭᠡ ᠤᠳᠠᠭ᠎ᠠ᠎ᠶ᠋ᠢᠨ ᠶᠡᠬᠡ ᠪᠣᠯᠪᠠᠰᠤᠷᠠᠯ᠂ ᠶᠡᠬᠡ ᠱᠢᠯᠭᠠᠨ ᠪᠠᠢᠴᠠᠭᠠᠯᠳᠠ ᠪᠣᠯᠤᠨ᠎ᠠ᠂ ᠡᠨᠡ ᠨᠢ ᠮᠠᠨ᠎ᠤ ᠤᠯᠤᠰ᠎ᠤᠨ ᠮᠥᠰᠥ᠍ ᠴᠠᠰᠤᠨ᠎ᠤ ᠦᠢᠯᠡᠰ᠎ᠦᠨ ᠬᠥᠭ᠌ᠵᠢᠯᠲᠡ᠎ᠳᠦ ᠣᠯᠳᠠᠬᠤᠶ᠎ᠠ ᠪᠡᠷᠬᠡ ᠠᠵᠠ ᠲᠣᠬᠢᠶᠠᠯ ᠣᠯᠭᠣᠵᠠᠢ᠃ ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠭ᠌ᠰᠡᠨ ᠨᠢ ᠮᠠᠨ᠎ᠤ ᠤᠯᠤᠰ᠎ᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠣᠯᠠᠨ ᠲᠦᠮᠡᠨ᠎ᠦ ᠪᠡᠶ᠎ᠡ᠎ᠶ᠋ᠢᠨ ᠲᠠᠮᠢᠷ᠎ᠤᠨ ᠥᠷᠨᠢᠩᠭᠦᠶ ᠬᠥᠭ᠌ᠵᠢᠯᠲᠡ᠎ᠶ᠋ᠢ ᠳᠠᠢᠴᠢᠯᠠᠵᠤ᠂ ᠣᠯᠠᠨ ᠲᠦᠮᠡᠨ᠎ᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠂ ᠮᠥᠰᠥ᠍ ᠴᠠᠰᠤᠨ᠎ᠤ ᠠᠵᠤ ᠦᠶ᠋ᠯᠡᠰ ᠵᠢᠴᠢ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠡᠯ᠎ᠡ ᠬᠦᠷᠢᠶᠠᠨ ᠤ᠋ ᠨᠡᠩ ᠰᠠᠢᠨ ᠨᠡᠩ ᠲᠦᠷᠭᠡᠨ ᠬᠦᠭᠵᠢᠯᠳᠠ ᠵᠢ ᠬᠦᠳᠤᠯᠤᠨ ᠲᠠᠢᠴᠢᠯᠡᠬᠤ ᠪᠤᠯᠤᠨ᠎ᠠ᠃

ᠨᠢᠭᠡ ᠤᠳᠠᠭᠠᠨ ᠤ᠋ ᠮᠥᠰᠥ᠍ ᠴᠠᠰᠤᠨ᠎ᠤ ᠪᠣᠯᠵᠣᠭ᠎ᠠ ᠲᠦᠮᠡᠨ ᠤᠯᠠᠨ᠎ᠦ ᠠᠩᠬᠠᠷᠤᠯ᠎ᠢ ᠲᠠᠲᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠪᠥᠬᠥ᠌ ᠤᠯᠤᠰ ᠵᠢᠴᠢ ᠳᠡᠯᠡᠬᠡᠶ ᠳ᠋ᠠᠬᠢᠨ᠎ᠳᠤ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠤᠮᠠᠷᠠᠲᠤ ᠬᠢᠯᠢ᠎ᠶ᠋ᠢᠨ  ᠵᠢᠪᠬᠤᠭ᠎ᠠ᠂ ᠥᠪᠥᠷ ᠮᠣᠩᠭᠣᠯ᠎ᠤᠨ ᠠᠷᠠᠳ ᠲᠦᠮᠡᠨ᠎ᠦ ᠬᠠᠯᠠᠭᠤᠮᠰᠤᠭ ᠵᠣᠴᠢᠨᠰᠠᠭ ᠵᠢᠴᠢ ᠥᠪᠥᠷ ᠮᠣᠩᠭᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠭ᠌ᠰᠡᠨ ᠠᠭᠤᠤ ᠶᠡᠬᠡ ᠠᠮᠵᠢᠯᠲᠠ᠎ᠶ᠋ᠢ ᠢᠯᠡᠷᠡᠭᠦᠯᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠨᠢ ᠪᠠᠰᠠ ᠥᠪᠥᠷ ᠮᠣᠩᠭᠣᠯ᠎ᠳᠤ ᠬᠣᠪᠣᠷ ᠨᠠᠨᠳᠢᠨ ᠥᠪ ᠬᠥᠷᠥᠩᠭᠡ ᠦᠯᠡᠳᠡᠭᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠡᠷᠭᠢᠯᠡᠬᠦ᠌᠎ᠳᠦ ᠲᠦᠱᠢᠭ᠌ᠯᠡᠨ᠂ ᠥᠪᠥᠷ ᠮᠣᠩᠭᠣᠯ ᠮᠥᠰᠥ᠍ ᠴᠠᠰᠤᠨ᠎ᠤ ᠳᠠᠪᠠᠭᠤᠯᠢᠭ ᠲᠠᠭᠠᠨ ᠰᠠᠭᠤᠷᠢᠯᠠᠨ ᠮᠥᠰᠥ᠍ ᠴᠠᠰᠤᠨ᠎ᠤ ᠠᠱᠢᠭ ᠢ᠋ ᠨᠡᠮᠡᠭ᠌ᠳᠡᠭᠦᠯᠵᠦ᠍᠂ ᠮᠥᠰᠥ᠍ ᠴᠠᠰᠤᠨ᠎ᠤ ᠵᠢᠭᠤᠯᠴᠢᠯᠠᠯ᠂ ᠮᠥᠰᠥ᠍ ᠴᠠᠰᠤᠨ᠎ᠤ ᠤᠷᠤᠯᠳᠤᠭᠠᠨ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠵᠡᠷᠭᠡ ᠮᠥᠰᠥ᠍ ᠴᠠᠰᠤᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠶᠠᠭ ᠲᠦᠷᠭᠡᠳᠭᠡᠨ ᠤᠨᠳᠤᠤᠱᠢᠭᠤᠯᠤᠨ ᠠᠱᠢᠭ᠍ᠯᠠᠵᠤ᠂ 《ᠮᠥᠰᠥ᠍ ᠴᠠᠰᠤᠨ᠎ᠳᠤ ᠬᠤᠴᠢᠭ᠍ᠳᠠᠭ᠍ᠰᠠᠨ ᠮᠦᠩᠭᠦᠨ ᠴᠠᠭᠠᠨ ᠲᠡᠯᠡᠭᠡᠢ᠎ᠨᠢ ᠴᠦ᠍ ᠠᠯᠳᠠ ᠮᠦᠨᠭ᠌ᠬᠦᠨ ᠠᠭᠤᠯᠠ ᠮᠥᠨ》 ᠭᠡᠬᠦ᠌ ᠦᠵᠡᠰᠭᠦᠯᠡᠩᠲᠦ ᠰᠠᠢᠬᠠᠨ ᠦᠵᠡᠮᠵᠢ᠎ᠶ᠋ᠢ ᠭᠦᠶ᠋ᠴᠡᠳ ᠳᠡᠯᠭᠡᠨ ᠦᠵᠡᠭᠦᠯᠵᠦ᠍᠂ ᠮᠥᠰᠥ᠍ ᠴᠠᠰᠤᠨ᠎ᠤ ᠠᠵᠤ ᠠᠬᠤᠶ᠎ᠶ᠋ᠢᠨ ᠬᠥᠭ᠌ᠵᠢᠯᠲᠡ᠎ᠳᠦ ᠥᠷᠭᠡᠨ ᠠᠭᠤᠳᠠᠮ ᠢᠷᠡᠭᠡᠳᠦᠶ᠎ᠶ᠋ᠢ ᠡᠭᠦᠳᠦᠨ ᠥᠭ᠌ᠴᠦ᠂ 《ᠱᠢᠨ᠎ᠡ ᠵᠠᠮ ᠢ᠋ ᠨᠡᠭᠡᠭᠡᠨ᠂ ᠳᠤᠮᠳᠠ ᠲᠦᠪᠰᠢᠨ ᠳ᠋ᠤ ᠣᠷᠣᠬᠤ》 ᠬᠠᠷᠠᠯᠲᠠ᠎ᠶ᠋ᠢ ᠪᠡᠶᠡᠯᠡᠭᠦᠯᠬᠦ᠌᠎ᠳᠦ ᠰᠦᠷ ᠳᠠᠯᠠᠢᠴᠠᠲᠠᠶ ᠬᠥᠳᠡᠯᠭᠡᠬᠦ᠌ ᠴᠢᠳᠠᠪᠤᠷᠢ ᠨᠡᠮᠡᠷᠢᠯᠡᠪᠡ᠃

《ᠬᠦᠳᠡᠭᠡ ᠮᠤᠩᠭᠤᠯ ᠨᠤᠳᠤᠭ ᠲᠠᠭᠠᠨ ᠬᠦᠷᠴᠦ ᠵᠤᠯᠭᠠᠬᠤ ᠵᠢᠨ ᠪᠤᠯᠵᠤᠭ᠎ᠠ ᠲᠠᠢ᠂ ᠬᠦᠯᠦᠭ᠎ᠤᠨ ᠵᠢᠯᠤᠭᠤ ᠰᠤᠩᠭᠠᠬᠤ ᠳ᠋ᠦ ᠬᠦᠷᠡᠩ ᠵᠢᠷᠦᠭᠡ ᠮᠢᠨᠢ ᠪᠤᠯᠬᠢᠶ᠎ᠠ ᠲᠠᠢ ᠁》  ᠤᠴᠠᠷᠠᠯ ᠵᠤᠯᠭᠠᠯᠳᠠ  ᠬᠤᠭᠤᠴᠠᠭ᠎ᠠ ᠲᠠᠢ ᠪᠤᠯᠪᠠᠴᠤ ᠬᠦᠰᠡᠯ ᠵᠡᠭᠦᠳᠦ ᠵᠢᠨ ᠬᠦᠭᠡᠭᠡᠴᠡᠯᠳᠦᠯ ᠬᠢᠵᠠᠭᠠᠯᠠᠰᠢ ᠦᠭᠡᠢ ᠶᠤᠮ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠥᠨᠳᠥᠷᠯᠡᠭ᠌ᠰᠡᠨ ᠪᠣᠯᠪᠠᠴᠤ᠌ ᠬᠥᠮᠦᠰ᠎ᠦᠨ ᠮᠥᠰᠥ᠍ ᠴᠠᠰᠤᠨ᠎ᠤ ᠣᠷᠭᠢᠯᠤᠮ᠎ᠠ ᠰᠡᠳᠭᠢᠯᠭᠡ ᠪᠠ ᠬᠦᠰᠡᠯ ᠵᠡᠭᠦᠳᠦ ᠵᠦᠭ ᠵᠢᠡᠨ ᠳᠡᠮᠡᠤᠯᠬᠦ ᠬᠦᠰᠡᠯ ᠵᠡᠭᠦᠳᠦ ᠨᠢ ᠡᠭᠦᠷᠢᠳᠡ ᠵᠤᠬᠰᠤᠰᠢ ᠥᠬᠡᠶ ᠶᠤᠮ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》 ᠴᠢᠬᠤᠯᠠ ᠱᠠᠭᠠᠷᠳᠠᠯᠭ᠎ᠠ᠎ᠶ᠋ᠢ ᠪᠠᠲᠤ ᠴᠡᠭᠡᠵᠢᠯᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠮᠥᠰᠥ᠍ ᠴᠠᠰᠤᠨ᠎ᠤ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠵᠡᠭᠡᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号