ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 18 ᠠᠯᠲᠠᠠ ᠮᠧᠳᠠᠯ 17 ᠮᠥᠩᠭᠥᠨ ᠮᠧᠳᠠᠯ 24 ᠬᠦᠷᠡᠯ ᠮᠧᠳᠠᠯ ᠣᠯᠪᠠ
2024-02-28 09:55:31
ᠵᠣᠬᠢᠶᠠᠭ᠍ᠴᠢ᠄
​ᠴᠠᠢ ᠰᠧ ᠶᠤᠸᠠᠨ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 27 ᠎ᠤ᠋ ᠦᠳᠡ᠎ᠶ᠋ᠢᠨ ᠬᠣᠢᠨ᠎ᠠ᠂ ᠰᠤᠷᠪᠤᠯᠵᠢᠯᠠᠭ᠍ᠴᠢ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠨᠡᠢ᠌ᠳᠡ 30 ᠲᠥᠯᠥᠭᠡᠯᠡᠭ᠌ᠴᠢᠳ᠎ᠦᠨ ᠪᠦᠯᠬᠦᠮ ᠱᠠᠩᠨᠠᠯ᠎ᠤᠨ ᠮᠧᠳᠠᠯ ᠣᠯᠵᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 18 ᠠᠯᠳᠠᠨ ᠮᠧᠳᠠᠯ᠂ 17 ᠮᠥᠩᠭᠥᠨ ᠮᠧᠳᠠᠯ᠂ 24 ᠬᠦᠷᠡᠯ ᠮᠧᠳᠠᠯ᠎ᠤᠨ ᠬᠢᠷᠢ ᠪᠦᠳᠦᠮᠵᠢ ᠪᠡᠷ ᠲᠡᠦᠭᠡ ᠵᠢᠨ ᠬᠠᠮᠤᠭ᠎ᠤᠨ ᠰᠠᠢᠨ ᠲᠡᠮᠳᠡᠭᠯᠡᠯ᠎ᠢ ᠡᠭᠦᠳᠴᠡᠢ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ᠋ ᠵᠣᠬᠢᠶᠠᠨ ᠪᠠᠢᠭᠤᠯᠬᠤ ᠺᠣᠮᠢᠰ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠳ᠋ᠦ᠋ ᠪᠥᠸᠧ ᠵᠢᠶᠦ᠋ᠨ᠎ᠦ ᠲᠠᠨᠢᠯᠴᠠᠭᠤᠯᠤᠭ᠍ᠰᠠᠨ᠎ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ᠋ ᠵᠣᠬᠢᠶᠠᠨ ᠪᠠᠢᠭᠤᠯᠬᠤ ᠺᠣᠮᠢᠰ ᠡᠯ᠎ᠡ ᠲᠥᠷᠥᠯ᠎ᠦᠨ ᠵᠤᠴᠢᠳ᠎ᠤᠨ ᠬᠡᠷᠡᠭ᠌ᠴᠡᠭᠡ᠎ᠶ᠋ᠢ ᠭᠦᠶ᠋ᠴᠡᠳ ᠪᠣᠳᠣᠯᠬᠢᠯᠠᠵᠤ᠂ ᠠᠵᠢᠯ ᠲᠥᠷᠥᠯ ᠵᠢᠡᠷ ᠵᠤᠴᠢᠯᠠᠬᠤ ᠪᠠᠲᠤᠯᠠᠭ᠎ᠠ᠎ᠶ᠋ᠢᠨ ᠲᠥᠰᠦᠯ᠎ᠢ ᠲᠥᠷᠥᠯ ᠬᠤᠪᠢᠶᠠᠨ ᠨᠢᠮᠪᠠᠶ ᠲᠣᠭ᠍ᠲᠠᠭᠠᠵᠤ᠂ 41 ᠲᠣᠭ᠍ᠲᠠᠭ᠍ᠰᠠᠨ ᠴᠡᠭ᠎ᠤᠨ ᠪᠠᠭᠤᠳᠠᠯ ᠳ᠋ᠦ ᠨᠡᠢᠲᠡ 1.06 ᠲᠦᠮᠡᠨ ᠬᠥᠮᠦᠨ ᠤᠳᠠᠭ᠎ᠠ᠎ᠶᠢ ᠭᠥᠯᠢᠶᠡᠨ ᠠᠪᠴᠤ ᠵᠤᠴᠢᠯᠠᠵᠠᠢ᠃ ᠡᠯ᠎ᠡ ᠤᠷᠤᠯᠳᠤᠭᠠᠨ᠎ᠤ ᠲᠣᠭᠣᠷᠢᠭ᠎ᠨᠢ 《ᠬᠠᠮᠤᠭ᠎ᠤᠨ ᠣᠬᠣᠷ ᠴᠠᠭ᠂ ᠬᠠᠮᠤᠭ ᠤ᠋ᠨ ᠰᠠᠢᠨ ᠵᠠᠮ ᠱᠤᠭᠤᠮ》 ᠪᠠᠢᠬᠤ ᠵᠠᠷᠴᠢᠮ ᠶᠣᠰᠣᠭᠠᠷ᠂ ᠤᠷᠤᠯᠳᠤᠭᠠᠨ᠎ᠤ ᠬᠤᠭᠤᠴᠠᠭᠠᠨ ᠳ᠋ᠡᠬᠢ ᠵᠠᠮ ᠬᠠᠷᠢᠯᠴᠠᠭᠠᠨ᠎ᠤ ᠱᠤᠭᠤᠮ ᠢ᠋ ᠲᠥᠯᠥᠪᠵᠢᠭᠦᠯᠵᠦ᠍᠂ ᠠᠵᠢᠯ᠎ᠤᠨ ᠲᠤᠰᠭᠠᠶ ᠠᠩᠭᠢ᠎ᠶ᠋ᠢ ᠲᠣᠮᠢᠯᠠᠨ ᠰᠠᠭᠤᠯᠭᠠᠵᠤ᠂ ᠵᠠᠮ ᠬᠠᠷᠢᠯᠴᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠬᠦᠴᠦᠨ᠎ᠢᠶᠡᠷ ᠪᠠᠲᠤᠯᠠᠵᠤ᠂ ᠤᠷᠤᠯᠳᠤᠭᠠᠨ᠎ᠤ ᠬᠤᠭᠤᠴᠠᠭᠠᠨ᠎ᠳᠤ ᠨᠡᠢᠲᠡ 4400 ᠭᠠᠷᠤᠶ ᠰᠠᠭᠤᠷᠢ ᠤᠳᠠᠭ᠎ᠠ ᠲᠡᠷᠭᠡ ᠬᠦᠰᠭᠡ ᠲᠣᠮᠢᠯᠠᠨ᠂13.7 ᠲᠦᠮᠡᠨ ᠬᠥᠮᠦᠨ ᠤᠳᠠᠭ᠎ᠠ᠎ᠳᠤ ᠲᠦᠷᠭᠡᠨ ᠲᠦᠳᠡ ᠪᠥᠭᠡᠳ ᠥᠨᠳᠥᠷ ᠪᠦᠲᠦᠮᠵᠢᠲᠡᠶ ᠶᠠᠪᠤᠵᠤ ᠰᠠᠭᠤᠬᠤ ᠦᠶ᠋ᠯᠡᠴᠢᠯᠡᠭᠡ ᠬᠠᠩᠭᠠᠪᠠ᠃ 2000 ᠰᠠᠢᠨ ᠲᠤᠷᠠᠴᠤᠳ ᠤ᠋ᠨ 《ᠮᠦᠰᠦ ᠴᠠᠰᠤᠨ ᠪᠦᠯᠬᠦᠮ》 ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳ᠋ᠤ ᠬᠠᠯᠠᠭᠤᠨ ᠦᠶ᠋ᠯᠡᠴᠢᠯᠡᠭᠡ ᠬᠠᠩᠭᠠᠪᠠ᠃ ᠲᠤᠰᠭᠠᠶ ᠮᠡᠷᠭᠡᠵᠢᠯᠲᠡᠨ᠎ᠢ ᠲᠣᠮᠢᠯᠠᠨ ᠰᠠᠭᠤᠯᠭᠠᠬᠤ᠂ ᠠᠯᠤᠰ᠎ᠡᠴᠡ ᠬᠠᠮᠲᠤᠷᠠᠨ ᠣᠨᠣᠱᠢᠯᠠᠬᠤ᠂ ᠠᠭᠠᠷ᠎ᠤᠨ ᠲᠡᠭᠡᠭᠡᠪᠦᠷᠢ᠎ᠪᠡᠷ ᠠᠪᠤᠷᠠᠨ ᠲᠤᠰᠠᠯᠠᠬᠤ ᠲᠣᠭ᠍ᠲᠠᠴᠠ᠎ᠶ᠋ᠢ ᠪᠠᠢᠭᠤᠯᠵᠤ᠂ ᠲᠣᠭ᠍ᠲᠠᠭ᠍ᠰᠠᠨ ᠴᠡᠭ ᠤ᠋ᠨ ᠡᠮᠨᠡᠯᠭᠡ᠎ᠶ᠋ᠢᠨ ᠬᠣᠷᠢᠶ᠎ᠠ᠎ᠶ᠋ᠢ 23 ᠲᠣᠭ᠍ᠲᠠᠭᠠᠵᠤ᠂ 980 ᠬᠥᠮᠦᠨ᠎ᠪᠦᠬᠦᠢ ᠤᠷᠤᠯᠳᠤᠭᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠡᠩᠨᠡᠭᠡ᠎ᠶ᠋ᠢ ᠵᠣᠬᠢᠶᠠᠨ ᠪᠠᠢᠭᠤᠯᠪᠠ᠃ ᠳᠥᠷᠪᠡᠳᠦᠭᠡᠷ ᠳᠡᠰ᠎ᠤᠨ ᠠᠮᠤᠷ᠎ᠢ ᠬᠠᠮᠠᠭᠠᠯᠠᠬᠤ ᠵᠢᠯᠣᠭᠣᠳᠭᠤ ᠱᠢᠰᠲ᠋ᠧᠮ᠎ᠢ ᠪᠠᠢᠭᠤᠯᠵᠤ᠂ ᠡᠳᠦᠷ ᠳᠤᠮᠳᠠᠴᠢ᠎ᠪᠠᠷ 1800 ᠭᠠᠷᠤᠶ ᠬᠥᠮᠦᠨ ᠤᠳᠠᠭ᠎ᠠ ᠵᠢᠨ ᠴᠠᠭ᠍ᠳᠠᠭᠠᠨ᠎ᠤ ᠬᠦᠴᠦᠨ ᠲᠣᠬᠢᠷᠠᠭᠤᠯᠵᠤ᠂ ᠠᠮᠤᠷ ᠲᠦᠪᠱᠢᠨ ᠲᠣᠭ᠍ᠲᠠᠭᠤᠨ ᠤᠷᠤᠯᠳᠤᠭᠠᠨ ᠡᠷᠬᠢᠯᠡᠬᠦ᠌ ᠪᠠ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠠᠢ ᠭᠡᠪᠡ᠃

ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠵᠤᠷᠭᠠᠨ᠎ᠤ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ᠋ ᠵᠣᠬᠢᠶᠠᠨ ᠪᠠᠢᠭᠤᠯᠬᠤ ᠺᠣᠮᠢᠰ᠎ᠤᠨ ᠪᠠᠢᠩᠭᠤ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ ᠵᠠᠩ ᠱᠢᠨ ᠲᠠᠨᠢᠯᠴᠠᠭᠤᠯᠬᠤ᠎ᠳᠠᠭᠠᠨ᠂ ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠨᠢ ᠠᠩᠬ᠎ᠠ ᠤᠳᠠᠭ᠎ᠠ ᠮᠤᠵᠢ ᠣᠷᠣᠨ ᠬᠣᠲᠠ᠎ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠢᠭᠤᠯᠤᠨ ᠤᠷᠤᠯᠳᠤᠭᠠᠨ᠎ᠳᠤ ᠣᠷᠣᠯᠴᠠᠵᠤ᠂ 35 ᠲᠥᠯᠥᠭᠡᠯᠡᠭ᠌ᠴᠢᠳ᠎ᠦᠨ ᠪᠦᠯᠬᠦᠮ᠎ᠦᠨ ᠳᠣᠲᠣᠷ᠎ᠠ 26 ᠲᠥᠯᠥᠭᠡᠯᠡᠭ᠌ᠴᠢᠳ᠎ᠦᠨ ᠪᠦᠯᠬᠦᠮ ᠠᠯᠲᠠᠨ ᠮᠧᠳᠠᠯ ᠣᠯᠵᠤ᠂ 30 ᠲᠥᠯᠥᠭᠡᠯᠡᠭ᠌ᠴᠢᠳ᠎ᠦᠨ ᠪᠦᠯᠬᠦᠮ ᠱᠠᠩᠨᠠᠯ᠎ᠤᠨ ᠮᠧᠳᠠᠯ ᠣᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳ᠋ᠤ ᠣᠷᠣᠯᠴᠠᠬᠰᠠᠨ ᠲᠥᠯᠥᠭᠡᠯᠡᠭ᠌ᠴᠢᠳ᠎ᠦᠨ ᠪᠦᠯᠬᠦᠮ᠎ᠦᠨ ᠲᠣᠭ᠎ᠠ᠂ ᠠᠯᠲᠠᠨ ᠮᠧᠳᠠᠯ ᠱᠠᠩᠨᠠᠯ᠎ᠤᠨ ᠮᠧᠳᠠᠯ᠎ᠤᠨ ᠬᠠᠮᠤᠷᠤᠭᠰᠠᠨ ᠬᠡᠪᠴᠢᠶ᠎ᠡ ᠶᠡᠬᠡ᠎ᠪᠡᠷ ᠳᠡᠭᠡᠭ᠌ᠰᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌᠎ᠪᠡᠷ ᠳᠡᠮᠵᠢᠨ᠂ ᠬᠢᠷᠢ ᠲᠦᠪᠱᠢᠨ ᠢ᠋ ᠱᠢᠯᠭᠠᠨ ᠪᠠᠢᠴᠠᠭᠠᠬᠤ᠂ ᠡᠩᠨᠡᠭᠡ᠎ᠪᠡᠨ ᠳᠠᠪᠲᠠᠨ ᠪᠣᠯᠪᠠᠰᠤᠷᠠᠭᠤᠯᠬᠤ᠂ ᠱᠢᠨ᠎ᠡ ᠬᠥᠮᠦᠨ᠎ᠢ ᠢᠯᠡᠷᠡᠭᠦᠯᠬᠦ ᠪᠠ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ ᠢ᠋ ᠪᠣᠯᠪᠠᠰᠤᠷᠠᠭᠤᠯᠬᠤ ᠵᠣᠷᠢᠯᠭ᠎ᠠ᠎ᠳᠠᠭᠠᠨ ᠬᠦᠷᠴᠡᠶ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号