ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ 2 ᠰᠠᠷ᠎ᠠ ᠢ᠋ᠢᠨ 27 ᠤ᠋ ᠡᠳᠦᠷ ᠠᠮᠵᠢᠯᠳᠠ ᠲᠦᠬᠦᠷᠡᠩ ᠦᠨᠳᠦᠷᠯᠡᠪᠡ᠃ ᠬᠦᠭᠵᠢᠯ ᠪᠠᠶᠠᠰᠤᠯ᠂ ᠬᠦᠷ ᠨᠠᠷᠬᠢᠶᠠᠨ ᠪᠢᠯᠬᠠᠭᠰᠠᠨ ᠮᠦᠰᠦ ᠴᠠᠰᠤᠨ᠎ᠤ ᠶᠢᠷᠳᠢᠨᠴᠤ᠎ᠳᠤ ᠲᠠᠮᠢᠷᠴᠢᠳ ᠠᠷᠢᠭᠤᠨ ᠬᠦᠯᠦᠰᠦ ᠂ ᠠᠤᠭ᠎ᠠ ᠵᠢᠳᠬᠦᠯ ᠵᠢᠡᠷ ᠵᠢᠡᠨ ᠰᠢᠨ᠎ᠡ ᠨᠢᠭᠡᠨ ᠲᠤᠤᠯᠢᠰ᠎ᠢ ᠪᠢᠴᠢᠭᠯᠡᠵᠠᠢ᠃ ᠠᠯᠳᠠᠭ᠎ᠠ ᠤᠨᠤᠭ᠎ᠠ᠂ ᠠᠮᠵᠢᠯᠳᠠ ᠪᠦᠲᠦᠮᠵᠢ᠂ ᠠᠰᠬᠠᠷᠬᠠᠤ ᠨᠢᠯᠪᠤᠰᠤ ᠬᠦᠷᠳᠡᠯ᠎ᠡ ᠦᠵᠡᠰᠬᠦᠯᠡᠩ᠎ᠳᠤ ᠰᠠᠢᠬᠠᠨ ᠦᠪᠦᠷ ᠮᠤᠩᠭᠤᠯ᠎ᠤᠨ ᠮᠦᠰᠦ ᠴᠠᠰᠤᠨ᠎ᠤ ᠲᠤᠮᠤᠬᠯᠢᠬ ᠶᠢᠷᠳᠢᠨᠴᠤ᠎ᠳᠤ ᠦᠩᠭᠡᠳᠤ ᠴᠡᠴᠡᠭ ᠪᠤᠯᠵᠦ ᠪᠠᠳᠠᠷᠠᠨ ᠲᠡᠯᠭᠡᠷᠡᠭᠰᠡᠨ ᠨᠢ ᠭᠠᠷᠴᠠᠭ᠎ᠠ ᠦᠭᠡᠢ᠃ ᠡᠨᠡ ᠪᠤᠯ ᠡᠪᠦᠯ᠎ᠤᠨ ᠤᠯᠠᠷᠢᠯ᠎ᠤᠨ ᠲᠠᠮᠢᠷ᠎ᠤᠨ ᠵᠤᠷᠢᠭ ᠰᠠᠨᠠᠭ᠎ᠠ; ᠡᠨᠡ ᠪᠤᠯ ᠤᠮᠠᠷᠠᠳᠤ ᠬᠢᠯᠢ ᠵᠢᠨ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ ᠦᠪ ᠬᠦᠷᠦᠩᠭᠡ; ᠡᠨᠡ ᠪᠤᠯ ᠦᠪᠦᠷ ᠮᠤᠩᠭᠤᠯ᠎ᠤᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠬᠦᠭᠵᠢᠯᠳᠡ ᠵᠢᠨ ᠰᠢᠨ᠎ᠡ ᠠᠮᠢᠵᠢᠷᠠᠯ᠎ᠤᠨ ᠬᠦᠴᠦᠨ; ᠡᠨᠡ ᠪᠤᠯ ᠦᠪᠦᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠬᠦᠭᠵᠢᠯᠳᠡ ᠵᠢᠨ ᠰᠢᠨ᠎ᠡ ᠡᠬᠢᠯᠡᠯᠳᠡ᠃
《ᠲᠠᠪᠤᠨ ᠠᠡᠭᠬ᠎ᠠ》 ᠬᠢᠭᠡᠳ ᠴᠣ ᠱᠢᠨ᠎ᠡ ᠱᠢᠪᠲᠤᠯᠤᠯᠲᠠ
《 ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ 》 ᠥᠪᠥᠷ ᠮᠣᠩᠭᠣᠯ᠎ᠲᠠᠢ ᠭᠠᠷ ᠬᠤᠯᠪᠤᠨ ᠴᠣ ᠱᠢᠨ᠎ᠡ ᠱᠢᠪᠲᠤᠯᠤᠯᠲᠠ ᠭᠠᠷᠭᠠᠪᠠ — ᠨᠡᠢᠲᠡ 8 ᠶᠡᠬᠡ ᠲᠥᠷᠥᠯ 180 ᠪᠠᠭ᠎ᠠ ᠲᠥᠷᠥᠯ ᠲᠤᠬᠢᠷᠠᠭᠤᠯᠵᠤ᠂ 3000 ᠭᠠᠷᠤᠶ ᠲᠠᠮᠢᠷᠴᠢᠨ ᠤᠷᠤᠯᠳᠤᠭᠠᠨ᠎ᠳᠤ ᠣᠷᠣᠯᠴᠠᠵᠤ᠂ 《ᠲᠠᠪᠤᠨ ᠠᠡᠭᠬ᠎ᠠ》 ᠢ᠋ᠢ ᠡᠭᠦᠳᠪᠠ᠄ ᠠᠩᠬ᠎ᠠ ᠤᠳᠠᠭ᠎ᠠ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ᠎ᠳᠤ ᠪᠥᠬᠥ᠌ ᠲᠠᠯ᠎ᠠ᠎ᠪᠠᠷ ᠪᠠᠷᠢᠮᠵᠢᠶᠠᠯᠠᠵᠤ᠂ ᠠᠩᠬ᠎ᠠ ᠤᠳᠠᠭ᠎ᠠ ᠣᠯᠠᠨ ᠲᠦᠮᠡᠨᠴᠢ ᠴᠢᠨᠠᠷᠲᠠᠶ ᠤᠷᠤᠯᠳᠤᠭᠠᠨ ᠤ᠋ ᠲᠥᠷᠥᠯ ᠵᠦᠶ᠋ᠯ ᠢ᠋ ᠲᠣᠬᠢᠷᠠᠭᠤᠯᠵᠤ᠂ ᠠᠩᠬ᠎ᠠ ᠤᠳᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ ᠂ ᠱᠢᠭᠤᠳ ᠬᠠᠷᠢᠶ᠎ᠠ ᠬᠣᠲᠠ᠎ᠪᠠᠷ ᠨᠢᠭᠡᠴᠢ ᠪᠣᠯᠭᠠᠨ ᠠᠩᠭᠢ ᠪᠠᠢᠭᠤᠯᠤᠨ ᠤᠷᠤᠯᠳᠤᠭᠠᠨ᠎ᠳᠤ ᠣᠷᠣᠯᠴᠠᠵᠤ ᠂ ᠠᠩᠬ᠎ᠠ ᠤᠳᠠᠭ᠎ᠠ ᠲᠠᠮᠢᠷ ᠤ᠋ᠨ ᠴᠢᠳᠠᠪᠤᠷᠢ ᠢ᠋ᠢ ᠤᠷᠤᠯᠳᠤᠭᠠᠨ᠎ᠳᠤ ᠣᠷᠣᠬᠤ ᠬᠢᠷᠢ ᠬᠡᠮ᠎ᠦᠨ ᠵᠥᠪᠱᠢᠶᠡᠷᠡᠯ᠎ᠦᠨ ᠪᠠᠷᠢᠮᠵᠢᠶ᠎ᠠ ᠪᠣᠯᠭᠠᠵᠤ᠂ ᠠᠩᠬ᠎ᠠ ᠤᠳᠠᠭ᠎ᠠ ᠲᠦᠷᠭᠡᠨ ᠲᠡᠱᠢᠯᠲᠡ᠂ ᠤᠭᠲᠠᠷᠭᠤᠢ ᠳᠡᠭᠡᠷᠡᠬᠢ ᠤᠷ᠎ᠠ ᠮᠡᠷᠭᠡᠵᠢᠯ ᠵᠡᠷᠭᠡ ᠲᠥᠷᠥᠯ ᠤ᠋ᠨ ᠱᠢᠶ᠋ᠳᠪᠦᠷᠢᠲᠦ ᠤᠷᠤᠯᠳᠤᠭᠠᠨ᠎ᠳᠤ ᠣᠷᠣᠬᠤ ᠬᠠᠮᠤᠭ ᠤ᠋ᠨ ᠳᠤᠤᠷ᠎ᠠ ᠬᠢᠷᠢ ᠪᠦᠲᠦᠮᠵᠢ ᠢ᠋ᠢᠨ ᠪᠠᠷᠢᠮᠵᠢᠶ᠎ᠠ ᠢ᠋ᠢ ᠲᠣᠭ᠍ᠲᠠᠭᠠᠪᠠ ᠁ ᠡᠳᠡᠭᠡᠷ ᠰᠢᠨ᠎ᠠ ᠢ᠋ᠢ ᠡᠭᠦᠳᠦᠭᠰᠡᠨ ᠦᠢᠯᠡᠳᠦᠯᠭᠡ ᠨᠢ ᠳᠤᠮᠳᠠᠳᠤ ᠤᠯᠤᠰ ᠤ᠋ᠨ ᠮᠦᠰᠤ ᠴᠠᠰᠤᠨ ᠤ᠋ ᠲᠠᠮᠢᠷ ᠤ᠋ᠨ ᠬᠦᠳᠡᠯᠭᠡᠭᠡᠨ ᠤ᠋ ᠬᠦᠭᠵᠢᠯᠲᠡ ᠳ᠋ᠤ ᠠᠮᠢᠵᠢᠷᠠᠯ ᠤ᠋ᠨ ᠬᠦᠴᠦᠨ ᠨᠡᠮᠡᠷᠢᠯᠡᠭᠰᠡᠨ ᠨᠢ ᠯᠠᠪᠲᠠᠢ᠃
《ᠱᠠᠨ ᠰᠢ ᠢ᠋ᠢᠨ ᠬᠢᠨ ᠠᠩᠬ᠎ᠠ ᠤᠳᠠᠭ᠎ᠠ ᠪᠦᠯᠬᠦᠮ ᠪᠠᠢᠭᠤᠯᠤᠨ ᠤᠷᠤᠯᠳᠤᠭᠠᠨ᠎ᠳᠤ ᠣᠷᠣᠯᠴᠠᠪᠠ》 ᠂ 《ᠲᠥᠪᠡᠳ᠎ᠦᠨ ᠲᠠᠮᠢᠷᠴᠢᠳ ᠠᠩᠬ᠎ᠠ ᠤᠳᠠᠭ᠎ᠠ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠪᠡᠶ᠎ᠡ ᠢ᠋ᠢᠨ ᠲᠠᠮᠢᠷ ᠤ᠋ᠨ ᠴᠤᠭ᠍ᠯᠠᠭᠠᠨ᠎ᠳᠤ ᠣᠷᠣᠯᠴᠠᠪᠠ》᠂ 《ᠱᠢᠶᠠᠩᠭᠠᠩ ᠣᠨᠴᠠᠭᠠᠢ ᠵᠠᠰᠠᠭ ᠵᠠᠬᠢᠷᠭᠠᠨ ᠤ᠋ ᠣᠷᠣᠨ᠎ᠡᠴᠡ 70 ᠬᠥᠮᠦᠨ᠎ᠦ ᠲᠥᠯᠥᠭᠡᠯᠡᠭ᠌ᠴᠢᠳ᠎ᠦᠨ ᠪᠦᠯᠬᠦᠮ ᠲᠤᠮᠢᠯᠠᠪᠠ》 ᠁ 《ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ》 ᠳ᠋ᠤ 31 ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ᠂ ᠱᠢᠨᠵᠢᠶᠠᠩ ᠤ᠋ᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠢ᠋ᠢᠨ ᠪᠢᠩᠲ᠋ᠤᠸᠠᠨ᠂ ᠱᠢᠶᠠᠩᠭᠠᠩ ᠣᠣᠮᠧᠨ ᠵᠡᠷᠭᠡ ᠭᠠᠵᠠᠷ ᠤᠷᠤᠨ ᠤ᠋ 35 ᠲᠥᠯᠥᠭᠡᠯᠡᠭ᠌ᠴᠢᠳ᠎ᠦᠨ ᠪᠦᠯᠬᠦᠮ ᠤᠷᠤᠯᠴᠠᠵᠤ᠂ ᠤᠷᠢᠳ ᠡᠮᠦᠨ᠎ᠡ ᠭᠠᠷᠤᠭ᠎ᠠ ᠦᠭᠡᠢ ᠲᠤᠮᠤ ᠭᠡᠪᠴᠢᠶᠡᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ ᠪᠤᠯᠪᠠ᠃
ᠱᠠᠨ ᠰᠢ ᠢ᠋ᠢᠨ ᠮᠥᠰᠥ᠍ ᠴᠠᠰᠤᠨ ᠤ᠋ ᠲᠥᠪ᠎ᠦᠨ ᠡᠷᠬᠢᠯᠡᠭ᠌ᠴᠢ ᠬᠤᠸᠠᠩ ᠬᠠᠢ ᠬᠣᠩ ᠢᠯᠡᠷᠭᠡᠢᠯᠡᠬᠦ ᠳ᠋ᠡᠭᠡᠨ᠂ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠪᠣᠯ ᠱᠠᠨ ᠰᠢ ᠮᠤᠵᠢ ᠢ᠋ᠢᠨ ᠠᠩᠬ᠎ᠠ ᠤᠳᠠᠭ᠎ᠠ ᠪᠦᠯᠬᠦᠮ ᠪᠠᠢᠭᠤᠯᠤᠨ ᠣᠷᠣᠯᠴᠠᠭ᠍ᠰᠠᠨ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠪᠣᠯᠤᠨ᠎ᠠ᠂ ᠱᠠᠨ ᠰᠢ ᠮᠤᠵᠢ ᠤᠷᠤᠯᠳᠤᠭᠠᠨ᠎ᠳᠤ ᠣᠷᠣᠯᠴᠠᠬᠤ᠂ ᠪᠠᠲᠤᠯᠠᠭ᠎ᠠ ᠬᠠᠩᠭᠠᠬᠤ ᠵᠡᠷᠭᠡ ᠡᠯ᠎ᠡ ᠲᠠᠯ᠎ᠠ ᠢ᠋ᠢᠨ ᠠᠵᠢᠯ ᠢ᠋ ᠴᠥᠮ ᠭᠦᠢᠴᠡᠳ ᠪᠡᠯᠡᠳᠬᠡᠵᠡᠢ᠃《ᠪᠢᠳᠡ ᠪᠦᠬᠦ᠌ ᠤᠯᠤᠰ ᠤ᠋ᠨ ᠬᠠᠮᠤᠭ ᠤ᠋ᠨ ᠦᠨᠳᠦᠷ ᠲᠡᠰ ᠤ᠋ᠨ ᠤᠷᠤᠯᠳᠤᠭᠠᠨ᠎ᠳᠤ ᠰᠠᠨᠠᠭᠠᠨ ᠳ᠋ᠠᠭᠠᠨ ᠬᠦᠷᠦᠭᠰᠡᠨ ᠬᠢᠷᠢ ᠪᠦᠲᠦᠮᠵᠢ ᠣᠯᠵᠤ᠂ ᠱᠠᠨ ᠰᠢ ᠢ᠋ᠢᠨ ᠮᠥᠰᠥ᠍ ᠴᠠᠰᠤᠨ ᠤ᠋ ᠲᠠᠮᠢᠷ ᠤ᠋ᠨ ᠬᠥᠳᠡᠯᠭᠡᠭᠡᠨ᠎ᠦ ᠬᠥᠭ᠌ᠵᠢᠯᠲᠡ᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠬᠦᠯᠪᠡ》 ᠭᠡᠵᠤ ᠬᠤᠸᠠᠩ ᠬᠠᠢ ᠬᠣᠩ ᠶᠠᠷᠢᠨ᠎ᠠ᠃
ᠥᠪᠥᠷ ᠮᠣᠩᠭᠣᠯ ᠤ᠋ᠨ ᠠᠩᠭᠢ ᠢ᠋ᠢᠨ ᠲᠠᠮᠢᠷᠴᠢᠨ ᠬᠠᠨ ᠮᠧᠶ᠂ ᠯᠢᠶᠣᠤᠨᠢᠩ ᠤ᠋ᠨ ᠠᠩᠭᠢ ᠢ᠋ᠢᠨ ᠲᠠᠮᠢᠷᠴᠢᠨ ᠦ᠋ ᠢᠦᠶ ᠭᠠᠷᠮᠠᠭᠠᠶ ᠠᠮᠵᠢᠯᠲᠠ ᠭᠠᠷᠭᠠᠵᠤ᠂ ᠲᠤᠰ ᠬᠤᠭᠤᠴᠠᠭᠠᠨ ᠤ᠋ ᠤᠷᠤᠯᠳᠤᠭᠠᠨ᠎ᠳᠤ ᠴᠦᠮ 3 ᠠᠯᠲᠠᠨ ᠮᠧᠳᠠᠯ ᠭᠠᠷᠳᠠᠵᠠᠢ᠃ ᠪᠡᠭᠡᠵᠢᠩ᠎ᠦᠨ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠮᠠᠩᠯᠠᠶ᠂ ᠬᠠᠷᠠᠮᠥ᠋ᠷᠡᠨ᠎ᠦ ᠠᠩᠭᠢ ᠢ᠋ᠢᠨ ᠲᠠᠮᠢᠷᠴᠢᠨ ᠭᠤᠤ ᠲᠢᠩ ᠢᠦᠶ ᠳᠠᠬᠢᠨᠲᠠ ᠦᠵᠡᠭᠴᠢᠳ ᠤ᠋ᠨ ᠲᠥᠪᠯᠡᠷᠡᠯ᠎ᠦᠨ ᠴᠡᠭ ᠪᠣᠯᠵᠤ᠂ ᠠᠩᠬ᠎ᠠ ᠤᠳᠠᠭ᠎ᠠ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠢᠯᠠ ᠳᠤᠭᠤᠢᠯᠠᠩ᠎ᠳᠤ ᠣᠷᠣᠯᠴᠠᠵᠤ ᠡᠷᠡᠭ᠌ᠲᠡᠶ ᠢ᠋ᠢᠨ 500 ᠮᠧᠲ᠋ᠷ᠎ᠦᠨ ᠤᠷᠤᠯᠳᠤᠭᠠᠨ᠎ᠳᠤ ᠮᠠᠩᠯᠠᠢᠯᠠᠪᠠ᠃ ᠳᠥᠷᠪᠡᠳᠦᠭᠡᠷ ᠤᠳᠠᠭ᠎ᠠ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ᠎ᠳᠤ ᠣᠷᠣᠯᠴᠠᠭ᠍ᠰᠠᠨ ᠬᠠᠷᠠᠮᠥ᠋ᠷᠡᠨ᠎ᠦ ᠠᠩᠭᠢ ᠢ᠋ᠢᠨ ᠨᠠᠷᠠᠲᠤ ᠲᠠᠮᠢᠷᠴᠢᠨ ᠼᠠᠢ ᠱᠢᠤᠸᠠᠢ ᠲᠦᠩ ᠬᠦᠰᠡᠭᠰᠡᠨ ᠶᠣᠰᠣᠭᠠᠷ ᠢ᠋ᠢᠡᠨ ᠮᠠᠩᠯᠠᠢᠯᠠᠪᠠ᠂ ᠡᠨᠡ ᠪᠣᠯ ᠲᠡᠭᠦᠨ᠎ᠦ ᠠᠩᠬ᠎ᠠ ᠤᠳᠠᠭ᠎ᠠ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠠᠯᠲᠠᠨ ᠮᠧᠳᠠᠯ ᠢ᠋ ᠣᠯᠵᠤ ᠪᠠᠢᠭ᠎ᠠ ᠶᠠᠪᠤᠳᠠᠯ ᠪᠣᠯᠤᠨ᠎ᠠ᠃《ᠪᠢ ᠠᠵᠢᠯ ᠮᠡᠷᠭᠡᠵᠢᠯ᠎ᠦᠨ ᠳᠤᠮᠳᠠ ᠪᠡᠨ ᠡᠨᠡ ᠬᠦ᠌ ᠮᠠᠩᠯᠠᠶ ᠳ᠋ᠤ ᠰᠢᠯᠭᠠᠷᠠᠵᠤ ᠦᠡᠭᠭᠡᠷᠡᠭᠡ ᠦᠭᠡᠢ᠂ ᠡᠨᠡ ᠪᠣᠯ ᠨᠢᠭᠡᠨ ᠴᠢᠬᠤᠯᠠ ᠪᠡᠯᠭᠡ ᠲᠡᠮᠳᠡᠭ ᠮᠥᠨ!》 ᠳᠡᠯᠡᠬᠡᠶ ᠢ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠤ᠋ ᠠᠯᠲᠠᠨ ᠮᠧᠳᠠᠯ ᠢ᠋ ᠭᠤᠷᠪᠠᠨᠲᠠ ᠰᠢᠭᠦᠷᠴᠤ᠂ ᠳᠡᠯᠡᠬᠡᠶ ᠢ᠋ᠢᠨ ᠬᠤᠨᠳᠠᠭᠠᠲᠤ ᠤᠷᠤᠯᠳᠤᠭᠠᠨ ᠤ᠋ ᠬᠤᠪᠢᠶᠠᠷᠢ ᠥᠷᠲᠡᠭᠡᠨ᠎ᠦ ᠤᠷᠤᠯᠳᠤᠭᠠᠨ᠎ᠳᠤ 14 ᠤᠳᠠᠭ᠎ᠠ ᠮᠠᠩᠯᠠᠢᠯᠠᠭᠰᠠᠨ ᠼᠠᠢ ᠱᠢᠤᠸᠠᠢ ᠲᠦᠩ ᠳᠠᠷᠠᠭᠠᠴᠢ ᠢ᠋ᠢᠨ ᠬᠠᠷᠠᠯᠲᠠ᠎ᠪᠠᠨ ᠨᠢᠭᠡᠨᠲᠡ ᠬᠣᠶᠠᠷ ᠵᠢᠯ᠎ᠦᠨ ᠳᠠᠷᠠᠭᠠᠬᠢ ᠮᠢᠯᠠᠨ ᠤ᠋ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ᠎ᠳᠤ ᠲᠠᠯᠪᠢᠭᠰᠨᠨ ᠪᠠᠢᠯ᠎ᠠ᠃

ᠬᠠᠮᠤᠭ ᠤ᠋ᠨ ᠰᠠᠢᠨ ᠪᠠᠲᠤᠯᠠᠭ᠎ᠠ 《 ᠬᠠᠮᠤᠭ ᠤ᠋ᠨ ᠭᠤᠶᠤ 》 ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ
《ᠥᠪᠥᠷ ᠮᠣᠩᠭᠣᠯ᠎ᠳᠤ ᠢᠷᠡᠮᠡᠭ᠌ᠴᠡ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠥᠯᠵᠡᠢᠲᠦ ᠠᠮᠢᠲᠠᠨ 〈ᠠᠨᠳᠠ〉 〈ᠰᠠᠢᠨᠨᠤ〉 ᠪᠢᠳᠡᠨ ᠢ᠋ ᠤᠭᠲᠤᠨ ᠠᠪᠤᠯ᠎ᠠ᠂ ᠮᠣᠷᠢᠨ ᠬᠤᠭᠤᠷ ᠤ᠋ᠨ ᠠᠶᠠᠯᠭᠤ᠂ ᠬᠠᠯᠠᠭᠤᠮᠰᠤᠭ ᠳᠤᠲᠤᠨᠤ ᠮᠦᠰᠢᠶᠡᠳᠤ ᠥᠪᠥᠷ ᠮᠣᠩᠭᠣᠯ ᠤ᠋ᠨ ᠠᠷᠠᠳ ᠲᠦᠮᠡᠨ᠎ᠦ ᠬᠠᠯᠠᠭᠤᠨ ᠰᠡᠳᠭᠢᠯᠭᠡ ᠢ᠋ᠢ ᠭᠦᠢᠴᠡᠳ ᠮᠡᠳᠡᠷᠡᠭᠦᠯᠪᠡ᠂ ᠲᠡᠭᠷᠢ ᠭᠦᠢᠲᠡᠨ ᠪᠠᠢᠭᠰᠠᠨ ᠴᠤ᠌ ᠰᠡᠳᠭᠢᠯ ᠬᠠᠷᠢᠨ ᠳᠤᠯᠠᠭᠠᠬᠠᠨ ᠪᠠᠢᠯ᠎ᠠ》 ᠭᠡᠵᠤ ᠬᠤᠸᠠᠩ ᠬᠠᠢ ᠬᠣᠩ ᠤᠷᠮᠠᠳᠠᠢᠬᠠᠨ ᠶᠠᠷᠢᠨ᠎ᠠ᠃
ᠦᠪᠡᠳᠡᠭ᠌ᠰᠢ ᠴᠤᠭ᠍ᠯᠠᠭᠠᠨ ᠢ᠋ ᠤᠷᠤᠭᠰᠢᠲᠠᠢ ᠡᠷᠭᠢᠯᠡᠭ᠌ᠰᠡᠨ ᠨᠢ ᠪᠣᠶ ᠪᠥᠬᠥᠶ ᠬᠥᠮᠦᠰ᠎ᠦᠨ ᠴᠢᠷᠮᠠᠢᠯᠭ᠎ᠠ ᠵᠢᠳᠬᠦᠯ ᠡᠴᠡ ᠰᠠᠯᠵᠤ ᠴᠢᠳᠠᠬᠤ ᠥᠬᠡᠶ᠂ ᠮᠥᠰᠥ᠍ ᠴᠠᠰᠤᠨ ᠤ᠋ ᠲᠠᠮᠢᠷᠴᠢᠳ ᠤ᠋ᠨ 《ᠬᠦᠰᠡᠯ ᠢ᠋ᠢᠡᠨ ᠲᠡᠷᠭᠡᠯᠰᠢᠭᠦᠯᠦᠭᠰᠡᠨ ᠭᠣᠢᠳᠠ ᠰᠠᠢᠬᠠᠨ ᠦᠵᠡᠭᠦᠯᠭᠡ》 ᠲᠠᠢ ᠬᠠᠷᠢᠴᠠᠭᠤᠯᠪᠠᠯ᠂ ᠬᠥᠱᠢᠭᠡ ᠢ᠋ᠢᠨ ᠠᠷᠤ᠎ᠳᠠᠬᠢ ᠦᠶ᠋ᠯᠡᠴᠢᠯᠡᠭᠡ ᠪᠠᠲᠤᠯᠠᠭ᠎ᠠ ᠢ᠋ᠢᠨ ᠠᠵᠢᠯ ᠬᠠᠷᠢᠨ ᠡᠭᠡᠯ ᠵᠢᠷ᠎ᠦᠨ ᠪᠦᠭᠡᠳ ᠢᠬᠢᠷ ᠱᠢᠬᠢᠷ ᠪᠠᠢᠯ᠎ᠠ᠂ ᠲᠡᠷᠡ ᠪᠣᠯ ᠲᠥᠪ ᠴᠢᠩᠭ᠎ᠠ ᠪᠠᠷᠢᠮᠲᠠᠯᠠᠯ᠂ ᠦᠨᠡᠨᠴᠢ ᠢᠳᠡᠭᠡᠮᠵᠢᠳᠡᠢ ᠬᠠᠮᠠᠭᠠᠯᠠᠯᠲᠠ ᠪᠢᠯᠡ᠃
《ᠢᠨᠢᠶᠡᠮᠰᠦᠭ᠌ᠯᠡᠭᠡᠷᠡᠢ᠂ ᠭᠠᠷ ᠢ᠋ᠢᠡᠨ ᠳᠡᠭᠡᠭᠰᠢ ᠡᠷᠭᠦᠨ᠎ᠠ᠂ ᠵᠠᠢ᠎ᠪᠠᠨ ᠠᠩᠬᠠᠷᠤᠭᠠᠷᠠᠢ᠂ ᠲᠤᠩ ᠰᠠᠢᠨ᠂ ᠳᠠᠬᠢᠨ ᠨᠢᠭᠡ ᠤᠳᠠᠭ᠎ᠠ ᠪᠤᠯᠪᠠᠰᠤᠷᠠᠶ᠎ᠠ ᠁》 ᠰᠥᠨᠢ ᠢ᠋ᠢᠨ ᠬᠥᠱᠢᠭᠡ ᠪᠠᠭᠤᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠥᠰᠥᠨ ᠳᠡᠭᠡᠷᠡᠬᠢ ᠲᠠᠮᠢᠷ ᠤ᠋ᠨ ᠬᠥᠳᠡᠯᠭᠡᠭᠡᠨ᠎ᠦ ᠪᠣᠯᠪᠠᠰᠤᠷᠠᠯ ᠤ᠋ᠨ ᠲᠥᠪ᠎ᠦᠨ ᠮᠥᠰᠥᠨ ᠪᠥᠮᠪᠥᠭᠡ ᠮᠥᠰᠥᠨ ᠳᠡᠪᠦᠷ᠎ᠡ ᠢ᠋ᠢᠨ ᠣᠷᠳᠣᠨ᠎ᠳᠤ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠦᠶ᠋ᠯᠡᠴᠢᠯᠡᠭᠡᠨ᠎ᠦ ᠰᠠᠢᠨ ᠲᠤᠷᠠᠴᠤᠳ ᠶᠠᠭ ᠪᠣᠯᠪᠠᠰᠤᠷᠠᠵᠤ ᠪᠠᠢᠪᠠ᠃
ᠲᠣᠰ ᠬᠤᠭᠤᠴᠠᠭᠠᠨ ᠤ᠋ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ᠎ᠳᠤ 2000 ᠰᠠᠢᠨ ᠲᠤᠷᠠᠴᠤᠳ ᠢ᠋ ᠢᠯᠡ ᠪᠡᠷ ᠡᠯᠰᠡᠵᠦ᠍ ᠂ ᠭᠥᠯᠢᠶᠡᠨ ᠠᠪᠬᠤ ᠭᠠᠵᠠᠷ ᠪᠠ ᠦᠶ᠋ᠯᠡᠴᠢᠯᠡᠭᠡᠨ᠎ᠦ ᠥᠷᠲᠡᠭᠡ ᠬᠣᠶᠠᠷ ᠱᠠᠲᠤᠨ ᠤ᠋ ᠪᠠᠲᠤᠯᠠᠭ᠎ᠠ ᠢ᠋ᠢᠨ ᠲᠣᠬᠢᠷᠠᠭᠤᠯᠤᠯᠲᠠ ᠢ᠋ᠢᠨ ᠲᠣᠭ᠍ᠲᠠᠴᠠ ᠢ᠋ᠢ ᠬᠡᠷᠡᠭ᠌ᠵᠢᠭᠦᠯᠵᠦ᠍᠂ ᠵᠣᠴᠢᠳ ᠢ᠋ 12 ᠲᠥᠷᠥᠯ ᠬᠤᠪᠢᠶᠠᠵᠤ᠂ ᠠᠵᠢᠯ ᠲᠥᠷᠥᠯ᠎ᠢᠶᠡᠷ᠎ᠢᠶᠡᠨ ᠭᠥᠯᠢᠶᠡᠨ ᠠᠪᠬᠤ ᠨᠢᠭᠡᠴᠢ ᠢ᠋ᠢ ᠲᠣᠳᠣᠷᠬᠠᠢᠯᠠᠵᠤ ᠂ ᠭᠥᠯᠢᠶᠡᠨ ᠠᠪᠬᠤ ᠪᠠᠲᠤᠯᠠᠭ᠎ᠠ ᠢ᠋ᠢᠨ ᠲᠥᠰᠦᠯ᠎ᠢ ᠲᠥᠷᠥᠯ ᠬᠤᠪᠢᠶᠠᠨ ᠲᠣᠭ᠍ᠲᠠᠭᠠᠪᠠ᠃
ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠤᠷᠤᠭ᠍ᠰᠢᠲᠠᠶ ᠶᠠᠪᠤᠭ᠍ᠳᠠᠬᠤ ᠢ᠋ᠢ ᠪᠠᠲᠤᠯᠠᠬᠤ ᠢ᠋ᠢᠨ ᠲᠥᠯᠥᠭᠡ᠂ ᠬᠥᠯᠥᠨ ᠪᠣᠢᠷ ᠬᠣᠲᠠ ᠢ᠋ᠢᠨ ᠳᠣᠲᠣᠭᠠᠳᠤ ᠢ᠋ᠢ ᠬᠠᠮᠠᠭᠠᠯᠠᠬᠤ ᠲᠣᠪᠴᠢᠶ᠎ᠠ ᠴᠠᠭ᠍ᠳᠠᠭᠤᠯ ᠨᠣᠬᠠᠶ ᠢ᠋ᠢᠨ ᠰᠠᠭᠤᠷᠢᠨ᠎ᠤ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠴᠠᠭ᠍ᠳᠠᠭᠠᠨ ᠤ᠋ ᠰᠠᠯᠪᠤᠷᠢ ᠠᠩᠭᠢ ᠵᠡᠷᠭᠡ ᠨᠢᠭᠡᠴᠢ ᠢ᠋ᠢᠨ 33 ᠰᠤᠷᠭᠠᠭ᠍ᠴᠢ᠂ 33 ᠴᠠᠭ᠍ᠳᠠᠭᠤᠯ ᠨᠣᠬᠠᠶ ᠢ᠋ᠢ ᠱᠢᠯᠵᠢᠭᠦᠯᠦᠨ ᠠᠮᠤᠷ᠎ᠢ ᠬᠠᠮᠠᠭᠠᠯᠠᠬᠤ ᠠᠩᠭᠢ ᠢ᠋ᠢ ᠪᠦᠷᠢᠯᠳᠦᠭᠦᠯᠵᠦ᠍᠂ ᠡᠳᠦᠷ ᠲᠤᠲᠤᠮ ᠤ᠋ᠨ ᠲᠣᠭᠣᠷᠢᠨ ᠬᠠᠮᠠᠭᠠᠯᠠᠬᠤ ᠡᠭᠦᠷᠭᠡ ᠢ᠋ᠢ ᠭᠦᠶ᠋ᠴᠡᠳᠭᠡᠪᠡ; ᠴᠠᠭ ᠠᠭᠤᠷ ᠤ᠋ᠨ ᠪᠠᠲᠤᠯᠠᠭ᠎ᠠ ᠢ᠋ᠢᠨ ᠠᠵᠢᠯᠲᠠᠳ ᠣᠯᠠᠨ ᠤᠳᠠᠭ᠎ᠠ ᠶᠠᠪᠠᠭᠠᠨ᠎ᠢᠶᠠᠷ ᠠᠭᠤᠯᠠ ᠠᠪᠠᠷᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠲᠤᠯᠠᠭ᠎ᠠ ᠢ᠋ᠢᠨ ᠠᠵᠢᠯᠲᠠᠳ ᠡᠮᠴᠢᠯᠡᠭᠡᠨ᠎ᠦ ᠦᠶ᠋ᠯᠡᠴᠢᠯᠡᠭᠡ ᠢ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯᠲᠠᠳ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠳᠠᠯᠳᠠ ᠬᠡᠮ᠎ᠢ ᠳᠠᠬᠢᠨ ᠳᠠᠪᠲᠠᠨ ᠪᠠᠢᠴᠠᠭᠠᠪᠠ᠃ 《ᠬᠥᠱᠢᠭᠡ ᠢ᠋ᠢᠨ ᠠᠷᠤ》 ᠳ᠋ᠡᠬᠢ ᠲᠡᠳᠡᠨ᠎ᠦ ᠠᠵᠢᠯ᠎ᠢ ᠬᠥᠮᠦᠰ ᠮᠡᠳᠡᠬᠦ᠌ ᠥᠬᠡᠶ ᠪᠠᠢᠵᠤ ᠮᠡᠳᠡᠨ᠎ᠡ᠂ ᠭᠡᠪᠡᠴᠦ᠍ ᠲᠡᠳᠡᠨ᠎ᠦ ᠴᠢᠷᠮᠠᠢᠯᠭ᠎ᠠ ᠳᠤᠲᠠᠭ᠍ᠳᠠᠵᠤ ᠪᠣᠯᠤᠰᠢ ᠥᠬᠡᠶ ᠃
ᠬᠤᠸᠠᠩ ᠬᠠᠢ ᠬᠣᠩ᠄ 《 ᠥᠪᠥᠷ ᠮᠣᠩᠭᠣᠯ ᠤ᠋ᠨ ᠬᠣᠨᠢᠨ ᠮᠢᠬ᠎ᠠ ᠲᠤᠩ ᠠᠮᠲᠠᠲᠠᠶ᠂ ᠴᠠᠰᠤᠲᠤ ᠲᠠᠯ᠎ᠠ ᠮᠠᠰᠢ ᠭᠤᠶᠤ᠂ ᠤᠷᠲᠤ ᠢ᠋ᠢᠨ ᠳᠠᠭᠤᠤ ᠨᠡᠩ ᠰᠣᠨᠣᠰᠪᠤᠷᠢᠲᠠᠶ᠂ ᠤᠷᠤᠯᠳᠤᠭᠠᠨ ᠳᠠᠭᠤᠰᠤᠭ᠍ᠰᠠᠨ ᠤ᠋ ᠳᠠᠷᠠᠭ᠎ᠠ ᠲᠠᠯ᠎ᠠ ᠨᠤᠲᠤᠭ ᠤ᠋ᠨ ᠵᠠᠩ ᠦᠢᠯᠡ ᠵᠢ ᠣᠢᠯᠠᠭᠠᠬᠤ ᠢ᠋ᠢ ᠬᠦᠰᠡᠵᠦ᠍ ᠪᠠᠢᠨ᠎ᠠ》 ᠭᠡᠪᠠ᠃
《ᠮᠢᠯᠠᠨ᠎ᠳᠤ ᠮᠤᠷᠳᠠᠬᠤ》 ᠬᠦᠰᠡᠯ ᠢ᠋ ᠲᠡᠷᠭᠡᠯᠰᠢᠭᠦᠯᠦᠭᠰᠡᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ
ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠪᠣᠯ ᠮᠠᠨ ᠤ᠋ ᠤᠯᠤᠰ ᠤ᠋ᠨ ᠪᠡᠭᠡᠵᠢᠩ᠎ᠦᠨ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠳᠠᠷᠠᠭ᠎ᠠ ᠡᠷᠭᠢᠯᠡᠭ᠌ᠰᠡᠨ ᠬᠡᠪᠴᠢᠶ᠎ᠡ᠎ᠪᠡᠷ ᠬᠠᠮᠤᠭ ᠤ᠋ᠨ ᠶᠡᠬᠡ᠂ ᠬᠢᠷᠢ ᠬᠡᠮᠵᠢᠶ᠎ᠡ᠎ᠪᠡᠷ ᠬᠠᠮᠤᠭ ᠤ᠋ᠨ ᠥᠨᠳᠥᠷ ᠂ ᠠᠯᠤᠰ ᠬᠡᠲᠦ᠍ ᠢ᠋ᠢᠨ ᠨᠥᠯᠥᠭᠡᠪᠦᠬᠦᠢ ᠪᠥᠬᠥ᠌ ᠤᠯᠤᠰ ᠤ᠋ᠨ ᠶᠡᠷᠦᠩᠬᠡᠢᠯᠡᠭ᠌ᠰᠡᠨ ᠴᠢᠨᠠᠷᠲᠠᠢ ᠮᠥᠰᠥ᠍ ᠴᠠᠰᠤᠨ ᠤ᠋ ᠤᠷᠤᠯᠳᠤᠭᠠᠨ ᠪᠣᠯᠤᠨ᠎ᠠ᠂ ᠡᠨᠡ ᠨᠢ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠬᠤᠭᠤᠴᠠᠭᠠᠨ᠎ᠳᠤ ᠮᠠᠨ ᠤ᠋ ᠤᠯᠤᠰ ᠤ᠋ᠨ ᠮᠥᠰᠥ᠍ ᠴᠠᠰᠤᠨ ᠤ᠋ ᠪᠡᠶ᠎ᠡ ᠢ᠋ᠢᠨ ᠲᠠᠮᠢᠷ ᠤ᠋ᠨ ᠬᠥᠳᠡᠯᠭᠡᠭᠡᠨ᠎ᠦ ᠣᠯᠠᠨ ᠤᠯᠤᠰ᠎ᠲᠠᠬᠢ ᠥᠷᠢᠰᠥᠯᠳᠦᠬᠦ᠌ ᠬᠦᠴᠦᠨ ᠢ᠋ ᠳᠡᠭᠡᠭ᠌ᠰᠢᠯᠡᠭᠦᠯᠬᠦ᠂ ᠪᠡᠯᠡᠳᠭᠡᠯ ᠴᠢᠳᠠᠪᠤᠷᠢᠲᠠᠨ ᠢ᠋ ᠢᠯᠡᠷᠡᠭᠦᠯᠬᠦ᠂ 《ᠭᠤᠷᠪᠠᠨ ᠳ᠋ᠦᠩᠱᠢᠭᠤᠷ ᠬᠥᠮᠦᠨ ᠮᠥᠰᠥ᠍ ᠴᠠᠰᠤᠨ ᠤ᠋ ᠪᠡᠶ᠎ᠡ ᠢ᠋ᠢᠨ ᠲᠠᠮᠢᠷ ᠤ᠋ᠨ ᠬᠥᠳᠡᠯᠭᠡᠭᠡᠨ᠎ᠳᠦ ᠣᠷᠣᠯᠴᠠᠬᠤ》 ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ ᠂ ᠮᠥᠰᠥ᠍ ᠴᠠᠰᠤᠨ ᠤ᠋ ᠠᠵᠤ ᠦᠶ᠋ᠯᠡᠰ᠎ᠦᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠠᠬᠢᠭᠤᠯᠬᠤ ᠴᠢᠬᠤᠯᠠ ᠡᠭᠦᠷᠭᠡ ᠢ᠋ᠢ ᠡᠭᠦᠷᠭᠡᠯᠡᠵᠦ᠍ ᠪᠠᠢᠭ᠎ᠠ ᠪᠢᠯᠡ᠃
《ᠲᠥᠷᠥᠯ ᠵᠦᠶ᠋ᠯ᠎ᠦᠨ ᠲᠣᠬᠢᠷᠠᠭᠤᠯᠤᠯᠲᠠ ᠢ᠋ᠢᠨ ᠲᠠᠯ᠎ᠠ᠎ᠪᠠᠷ᠂ 〈ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ〉 ᠪᠣᠯᠤᠨ 2026 ᠣᠨ ᠤ᠋ ᠮᠢᠯᠠᠨ ᠺᠤᠷᠲ᠋ᠢᠨᠠᠫᠸᠽᠦ᠌ ᠢ᠋ᠢᠨ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠪᠥᠬᠥ᠌ ᠲᠠᠯ᠎ᠠ᠎ᠪᠠᠷ ᠵᠣᠯᠭᠠᠯᠳᠤᠵᠤ᠂ ᠴᠠᠰᠤᠨ ᠲᠡᠷᠭᠡ᠂ ᠴᠢᠷᠭ᠎ᠠ᠂ ᠭᠡᠭᠡᠷᠡᠯᠡᠬᠦ ᠴᠠᠨᠠᠯᠠᠯᠲᠠ ᠵᠡᠷᠭᠡ ᠢ᠋ᠢ ᠴᠥᠮ ᠠᠩᠬ᠎ᠠ ᠤᠳᠠᠭ᠎ᠠ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠲᠥᠷᠥᠯ ᠵᠦᠶ᠋ᠯ ᠪᠤᠯᠭᠠᠨ ᠲᠤᠬᠢᠷᠠᠭᠤᠯᠵᠤ᠂ ᠡᠪᠦᠯ᠎ᠦᠨ ᠤᠯᠠᠷᠢᠯ ᠤ᠋ᠨ ᠪᠡᠶ᠎ᠡ ᠢ᠋ᠢᠨ ᠲᠠᠮᠢᠷ ᠤ᠋ᠨ ᠴᠤᠭ᠍ᠯᠠᠭᠠᠨ ᠢ᠋ᠢᠡᠷ ᠳᠠᠮᠵᠢᠭᠤᠯᠤᠨ ᠴᠢᠳᠠᠪᠤᠷᠢᠲᠠᠨ ᠢ᠋ ᠪᠣᠯᠪᠠᠰᠤᠷᠠᠭᠤᠯᠬᠤ ᠪᠠ ᠢᠯᠡᠷᠡᠭᠦᠯᠵᠦ᠍᠂ ᠮᠠᠨ ᠤ᠋ ᠤᠯᠤᠰ ᠤ᠋ᠨ ᠡᠪᠦᠯ᠎ᠦᠨ ᠤᠯᠠᠷᠢᠯ ᠤ᠋ᠨ ᠲᠥᠷᠥᠯ ᠵᠦᠶ᠋ᠯ᠎ᠦᠨ ᠣᠯᠠᠨ ᠤᠯᠤᠰ᠎ᠲᠠᠬᠢ ᠥᠷᠢᠰᠥᠯᠳᠦᠬᠦ᠌ ᠬᠦᠴᠦᠨ ᠢ᠋ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠦ ᠠᠱᠢᠭ᠍ᠲᠠᠶ ᠶᠤᠮ 》 ᠭᠡᠵᠦ᠍ ᠤᠯᠤᠰ ᠤ᠋ᠨ ᠪᠡᠶ᠎ᠡ ᠢ᠋ᠢᠨ ᠲᠠᠮᠢᠷ ᠤ᠋ᠨ ᠶᠡᠷᠦᠩᠬᠡᠶ ᠲᠣᠪᠴᠢᠶ᠎ᠠ ᠢ᠋ᠢᠨ ᠡᠪᠦᠯ᠎ᠦᠨ ᠤᠯᠠᠷᠢᠯ ᠤ᠋ᠨ ᠪᠡᠶ᠎ᠡ ᠢ᠋ᠢᠨ ᠲᠠᠮᠢᠷ ᠤ᠋ᠨ ᠬᠥᠳᠡᠯᠭᠡᠭᠡᠨ᠎ᠦ ᠬᠠᠮᠢᠶᠠᠷᠤᠯᠲᠠ ᠢ᠋ᠢᠨ ᠲᠥᠪ᠎ᠦᠨ ᠡᠷᠬᠢᠯᠡᠭ᠌ᠴᠢ ᠸᠠᠩ ᠯᠸᠢ ᠲᠠᠨᠢᠯᠴᠠᠭᠤᠯᠪᠠ᠃
ᠬᠠᠷᠠᠮᠥ᠋ᠷᠡᠨ᠎ᠦ ᠠᠩᠭᠢ ᠢ᠋ᠢᠨ ᠲᠠᠮᠢᠷᠴᠢᠨ ᠶᠠᠩ ᠵᠢᠩ ᠷᠦ᠍ ᠦᠢᠷ᠎ᠡ ᠵᠠᠮ ᠤ᠋ᠨ ᠲᠦᠷᠭᠡᠨ ᠲᠡᠱᠢᠯᠲᠡ ᠢ᠋ᠢᠨ ᠵᠠᠯᠠᠭᠤᠴᠤᠳ ᠤ᠋ᠨ ᠳᠤᠭᠤᠢᠯᠠᠩ᠎ᠳᠤ ᠭᠠᠷᠮᠠᠭᠠᠢᠯᠠᠵᠦ᠂ ᠡᠮᠡᠭ᠌ᠲᠡᠶ ᠢ᠋ᠢᠨ 1000 ᠮᠧᠲ᠋ᠷ᠎ᠦᠨ ᠠᠯᠲᠠᠨ ᠮᠧᠳᠠᠯ᠂ 3000 ᠮᠧᠲ᠋ᠷ᠎ᠦᠨ ᠪᠤᠤᠬᠢᠶ᠎ᠠ ᠤᠷᠤᠯᠳᠤᠭᠠᠨ ᠤ᠋ ᠮᠥᠩᠭᠥᠨ ᠮᠧᠳᠠᠯ ᠪᠠ 1500 ᠮᠧᠲ᠋ᠷ᠎ᠦᠨ ᠬᠦᠷᠡᠯ ᠮᠧᠳᠠᠯ ᠣᠯᠵᠠᠶ᠃ ᠠᠩᠬ᠎ᠠ ᠤᠳᠠᠭ᠎ᠠ ᠪᠦᠬᠦ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ᠎ᠳᠤ ᠣᠷᠣᠯᠴᠠᠭᠠᠳ ᠡᠢᠮᠦ᠍ ᠱᠢᠯᠢᠳᠡᠭ ᠬᠢᠷᠢ ᠪᠦᠲᠦᠮᠵᠢ ᠣᠯᠤᠭ᠍ᠰᠠᠨ ᠨᠢ 18 ᠨᠠᠰᠤ ᠬᠦᠷᠦᠭᠡᠳᠦᠢ ᠪᠢᠴᠢᠬᠠᠨ ᠲᠠᠮᠢᠷᠴᠢᠨ ᠢ᠋ ᠬᠢᠵᠠᠭᠠᠯᠠᠰᠢ ᠦᠭᠡᠢ ᠳᠣᠭ᠍ᠳᠣᠯᠤᠭᠤᠯᠪᠠ᠃ ᠵᠠᠯᠭᠠᠭᠠᠳ ᠶᠠᠪᠤᠭ᠍ᠳᠠᠭ᠍ᠰᠠᠨ ᠺᠣᠷᠢᠶᠠ ᠢ᠋ᠢᠨ ᠵᠢᠶᠠᠩ ᠶᠤᠸᠠᠨ ᠳ᠋ᠤᠤ ᠢ᠋ᠢᠨ ᠡᠪᠦᠯ᠎ᠦᠨ ᠤᠯᠠᠷᠢᠯ ᠤ᠋ᠨ ᠵᠠᠯᠠᠭᠤᠴᠤᠳ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠳ᠋ᠤ ᠶᠠᠩ ᠵᠢᠩ ᠷᠦ᠋ ᠢᠲᠡᠭᠡᠯ ᠳᠦᠭᠦᠷᠡᠡᠭ ᠤᠷᠤᠯᠴᠠᠵᠤ ᠂ 2 ᠠᠯᠲᠠᠨ ᠮᠧᠳᠠᠯ 1 ᠮᠥᠩᠭᠥᠨ ᠮᠧᠳᠠᠯ ᠣᠯᠵᠠᠶ ᠃ ᠲᠡᠷᠡ ᠪᠦᠯᠬᠦᠮ ᠤ᠋ᠨ ᠢ᠋ᠢᠡᠨ ᠯᠢ ᠢ᠋ᠢᠨ ᠷᠠᠩ ᠲᠠᠢ ᠬᠠᠮᠵᠢᠯᠴᠠᠵᠤ 《ᠲᠠᠤᠯᠠᠢ ᠢ᠋ᠢᠨ ᠪᠠᠢᠯᠳᠤᠬᠤ ᠠᠷᠭ᠎ᠠ》ᠢ᠋ᠢ ᠠᠱᠢᠭ᠍ᠯᠠᠨ ᠳᠤᠮᠳᠠᠳᠤ ᠤᠯᠤᠰ ᠤ᠋ᠨ ᠲᠥᠯᠥᠭᠡᠯᠡᠭ᠌ᠴᠢᠳ᠎ᠦᠨ ᠪᠦᠯᠬᠦᠮ᠎ᠤ᠋ᠨ ᠠᠩᠬᠠᠨ ᠤ᠋ ᠠᠯᠲᠠᠨ ᠮᠧᠳᠠᠯ ᠢ᠋ ᠲᠡᠮᠡᠴᠡᠨ ᠤᠯᠵᠤ᠂ ᠬᠥᠮᠦᠰ ᠤ᠋ᠨ ᠰᠡᠳᠬᠢᠯ ᠳ᠋ᠤ ᠭᠦᠨ ᠰᠠᠭᠤᠭ᠍ᠳᠠᠭᠰᠠᠨ ᠶᠤᠮ᠃
ᠲᠤᠰ ᠬᠤᠭᠤᠴᠠᠭᠠᠨ ᠤ᠋ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠤᠷᠠᠨ ᠲᠡᠱᠢᠯᠲᠡ ᠢ᠋ᠢᠨ ᠵᠠᠯᠠᠭᠤᠴᠤᠳ ᠤ᠋ᠨ ᠳᠤᠭᠤᠢᠯᠠᠩ ᠤ᠋ᠨ ᠤᠷᠤᠯᠳᠤᠭᠠᠨ 1 ᠰᠠᠷ᠎ᠠ᠎ᠳᠤ ᠤᠷᠢᠳᠴᠢᠯᠠᠨ ᠶᠠᠪᠤᠭ᠍ᠳᠠᠵᠤ᠂ 2004 ᠣᠨ᠎ᠳᠤ ᠲᠥᠷᠥᠭ᠌ᠰᠡᠨ ᠴᠧᠨ ᠢᠦᠶ ᠳ᠋ᠦᠩ ᠪᠡᠭᠡᠵᠢᠩ᠎ᠦᠨ ᠠᠩᠭᠢ ᠪᠡᠨ ᠲᠦᠯᠦᠭᠡᠯᠡᠨ ᠡᠷᠡᠭ᠌ᠲᠡᠶ ᠢ᠋ᠢᠨ ᠭᠠᠭ᠍ᠴᠠ ᠬᠥᠮᠦᠨ᠎ᠦ ᠲᠡᠱᠢᠯᠲᠡ ᠢ᠋ᠢᠨ ᠮᠠᠩᠯᠠᠶ ᠪᠤᠯᠪᠠ᠃ ᠳᠤᠮᠳᠠᠳᠤ ᠤᠯᠤᠰ ᠤ᠋ᠨ ᠤᠷᠠᠨ ᠲᠡᠱᠢᠯᠲᠡ ᠢ᠋ᠢᠨ ᠭᠣᠣᠯᠳᠠᠯᠭ᠎ᠠ᠎ᠲᠠᠶ ᠬᠥᠮᠦᠵᠢᠭᠦᠯᠦᠭ᠌ᠰᠡᠨ ᠡᠷᠡᠭ᠌ᠲᠡᠶ ᠢ᠋ᠢᠨ ᠭᠠᠭ᠍ᠴᠠ ᠬᠥᠮᠦᠨ᠎ᠦ ᠲᠠᠮᠢᠷᠴᠢᠨ ᠪᠣᠯᠤᠭ᠍ᠰᠠᠨ ᠤ᠋ ᠬᠤᠪᠢ᠎ᠳᠤ ᠴᠧᠨ ᠢᠦᠶ ᠳ᠋ᠦᠩ ᠤ᠋ᠨ ᠦᠢᠷ᠎ᠡ ᠢ᠋ᠢᠨ ᠵᠢᠯ᠎ᠦᠳ᠎ᠤ᠋ᠨ ᠢᠯᠡᠷᠡᠯ ᠳᠤᠪᠤᠢᠮ᠎ᠠ ᠪᠠᠢᠵᠤ᠂ ᠲᠦᠷᠦᠭᠦᠦ ᠤᠷᠤᠯᠳᠤᠭᠠᠨ ᠤ᠋ ᠤᠯᠠᠷᠢᠯ᠎ᠳᠤ ᠲᠡᠷᠡ ᠠᠽᠢᠶ᠎ᠠ ᠲᠢᠪ᠎ᠦᠨ ᠢᠯᠠ ᠤᠷᠤᠯᠳᠤᠭᠠᠨ ᠪᠠ ᠪᠦᠬᠦ᠌ ᠤᠯᠤᠰ ᠤ᠋ᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠳ᠋ᠤ ᠵᠠᠯᠭᠠᠭ᠎ᠠ ᠪᠡᠷ ᠮᠠᠡᠭᠯᠠᠢᠯᠠᠵᠤ᠂ ᠵᠢᠨ ᠪᠥᠸᠧ ᠶᠠᠩ ᠤ᠋ᠨ ᠳᠠᠷᠠᠭᠠᠬᠢ ᠮᠠᠨ ᠤ᠋ ᠤᠯᠤᠰ ᠤ᠋ᠨ ᠤᠷᠠᠨ ᠲᠡᠱᠢᠯᠲᠡ ᠢ᠋ᠢᠨ ᠪᠣᠳᠠᠲᠤ ᠬᠦᠴᠦᠨ ᠢ᠋ᠢᠡᠷ ᠬᠠᠮᠤᠭ ᠤ᠋ᠨ ᠰᠠᠢᠨ ᠲᠠᠮᠢᠷᠴᠢᠨ ᠪᠣᠯᠤᠭ᠍ᠰᠠᠨ ᠪᠠᠢᠨ᠎ᠠ᠃
ᠸᠠᠩ ᠯᠧᠢ ᠢᠯᠡᠷᠬᠡᠢᠯᠡᠬᠦ᠌᠎ᠳᠡᠭᠡᠨ᠂ ᠴᠥᠭᠡᠨ ᠪᠤᠰᠤ ᠡᠪᠦᠯ᠎ᠦᠨ ᠤᠯᠠᠷᠢᠯ ᠤ᠋ᠨ ᠲᠥᠷᠥᠯ ᠵᠦᠶ᠋ᠯ᠎ᠦᠨ ᠱᠢᠨ᠎ᠡ᠎ᠪᠡᠷ ᠬᠥᠭ᠌ᠵᠢᠭ᠌ᠰᠡᠨ ᠭᠠᠵᠠᠷ ᠣᠷᠣᠨ ᠤ᠋ ᠲᠥᠯᠥᠭᠡᠯᠡᠭ᠌ᠴᠢᠳ᠎ᠦᠨ ᠪᠦᠯᠬᠦᠮ ᠤ᠋ᠨ ᠢᠯᠡᠷᠡᠯ ᠴᠥᠮ ᠲᠤᠩ ᠰᠠᠢᠨ᠂ ᠴᠢᠳᠠᠪᠤᠷᠢᠲᠠᠨ ᠤ᠋ ᠡᠩᠨᠡᠭᠡ ᠦᠷᠭᠦᠯᠵᠢᠯᠡᠨ ᠪᠤᠵᠠᠭᠠᠢᠷᠠᠵᠤ᠂ ᠪᠡᠭᠡᠵᠢᠩ᠎ᠦᠨ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠪᠡᠶ᠎ᠡ ᠢ᠋ᠢᠨ ᠲᠠᠮᠢᠷ ᠤ᠋ᠨ ᠴᠤᠭ᠍ᠯᠠᠭᠠᠨ ᠤ᠋ ᠯᠤᠲᠤ ᠶᠡᠬᠡ ᠠᠱᠢᠭ ᠲᠤᠰᠠ ᠢ᠋ᠢ ᠢᠯᠡᠷᠡᠭᠦᠯᠵᠦ᠍᠂ ᠮᠠᠨ ᠤ᠋ ᠤᠯᠤᠰ ᠤ᠋ᠨ ᠡᠪᠦᠯ᠎ᠦᠨ ᠤᠯᠠᠷᠢᠯ ᠤ᠋ᠨ ᠲᠥᠷᠥᠯ ᠵᠦᠶ᠋ᠯ ᠦᠷᠭᠦᠯᠵᠢᠯᠡᠨ ᠥᠷᠨᠢᠩᠭᠦᠶ ᠬᠥᠭ᠌ᠵᠢᠬᠦ᠌ ᠠᠮᠢᠵᠢᠷᠠᠯ ᠤ᠋ᠨ ᠬᠦᠴᠦᠨ ᠲᠠᠢ ᠪᠤᠯᠪᠠ᠃ ᠶᠠᠩ ᠵᠢᠩ ᠷᠦ᠋᠂ ᠯᠢ ᠢ᠋ᠢᠨ ᠷᠠᠨ᠂ ᠵᠠᠩ ᠱᠢᠨ᠂ ᠵᠠᠩ ᠪᠠᠶ ᠬᠤᠤ᠂ ᠯᠢᠦ ᠶᠦᠨ ᠴᠢ᠂ ᠫᠠᠨ ᠪᠦᠦ ᠱᠦᠸᠸ᠂ ᠯᠢᠦ ᠢ ᠱᠠᠨ ᠵᠡᠷᠭᠡ ᠱᠢᠯᠢᠳᠡᠭ ᠵᠠᠯᠠᠭᠤ ᠲᠠᠮᠢᠷᠴᠢᠳ ᠴᠣᠯᠭᠣᠷᠠᠨ ᠭᠠᠷᠴᠤ᠌᠂ ᠮᠢᠯᠠᠨ ᠤ᠋ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠪᠡᠶ᠎ᠡ ᠢ᠋ᠢᠨ ᠲᠠᠮᠢᠷ ᠤ᠋ᠨ ᠴᠤᠭ᠍ᠯᠠᠭᠠᠨ᠎ᠤ ᠪᠡᠯᠡᠳᠭᠡᠯ ᠱᠢᠨ᠎ᠡ ᠬᠦᠴᠦᠨ ᠪᠤᠯᠵᠡᠢ᠃
ᠴᠡᠩᠭᠡᠷ ᠬᠠᠳᠠᠭ ᠮᠥᠰᠥ᠍ ᠴᠠᠰᠤᠨ ᠤ᠋ ᠪᠣᠯᠵᠣᠭ᠎ᠠ ᠢ᠋ᠢ ᠡᠷᠭᠦᠵᠦ᠍᠂ ᠤᠮᠠᠷᠠᠲᠤ ᠬᠢᠯᠢ ᠢ᠋ᠢᠨ ᠲᠠᠮᠢᠷ ᠤ᠋ᠨ ᠬᠥᠳᠡᠯᠭᠡᠭᠡᠨ᠎ᠦ ᠤᠷᠮ᠎ᠠ ᠵᠤᠷᠢᠭ ᠢ᠋ ᠬᠥᠭ᠌ᠵᠢᠭᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ᠎ᠠᠴᠠ ᠳᠠᠬᠢᠨᠲᠠ ᠮᠣᠷᠳᠠᠵᠤ᠂ ᠮᠢᠯᠠᠨ ᠤ᠋ ᠡᠪᠦᠯ᠎ᠦᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠢ᠋ ᠪᠠᠷᠠᠯᠠᠬᠤᠶ᠎ᠠ᠂ ᠨᠠᠩ ᠣᠯᠠᠨ ᠵᠠᠯᠠᠭᠤ ᠲᠠᠮᠢᠷᠴᠢᠳ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ᠎ᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠤᠷᠤᠯᠳᠤᠭᠠᠨ ᠤ᠋ ᠲᠠᠯᠠᠪᠤᠷ᠎ᠲᠤ ᠢᠲᠡᠭᠡᠯ ᠵᠣᠷᠢᠭ ᠡᠪᠦᠷᠯᠡᠨ ᠦᠰᠦᠨ ᠪᠤᠢᠵᠢᠭᠰᠠᠨ ᠪᠠᠢᠨ᠎ᠠ᠃
ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠤ᠋ᠨ ᠰᠢᠨ᠎ᠡ ᠠᠵᠠ ᠲᠤᠬᠢᠶᠠᠯ ᠰᠢᠨ᠎ᠡ ᠡᠬᠢᠯᠡᠯᠳᠡ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠭᠦ ᠪᠠᠷ ᠠᠵᠠ ᠲᠣᠬᠢᠶᠠᠯ ᠪᠣᠯᠭᠠᠵᠤ ᠂ ᠮᠠᠨ᠎ᠤ ᠣᠷᠣᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠲᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠂ ᠡᠯ᠎ᠡ ᠭᠠᠵᠠᠷ᠎ᠤᠨ᠎ᠬᠢᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠲᠣᠭᠣᠷᠢᠨ᠎ᠳᠤ ᠡᠯᠪᠡᠭ ᠪᠠᠶᠠᠯᠢᠭ ᠤᠯᠠᠨ ᠵᠦᠢᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠯ᠎ᠤᠨ ᠬᠥᠮᠦᠨ ᠤᠳᠠᠭ᠎ᠠ᠂ ᠵᠢᠭᠤᠯᠴᠢᠯᠠᠯ᠎ᠤᠨ ᠣᠷᠣᠯᠭ᠎ᠠ ᠶᠡᠬᠡᠪᠡᠷ ᠨᠡᠮᠡᠭ᠌ᠳᠡᠬᠦ᠎ᠶ᠋ᠢ ᠳᠠᠢᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠡᠢᠲᠡᠯᠡᠭ᠌ᠰᠡᠨ ᠲᠣᠭ᠎ᠠ ᠪᠠᠷᠢᠮᠲᠠ ᠢ᠋ᠢ ᠦᠨᠳᠦᠰᠦᠯᠡᠪᠡᠯ᠂ ᠡᠨᠡ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠪᠥᠬᠥ᠌ ᠣᠷᠣᠨ ᠵᠢᠨᠷ ᠵᠢᠨᠨ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠴᠢ᠎ᠶᠢ 3140.55 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠡᠨᠡ ᠨᠢ 2023 ᠣᠨ᠎ᠤ ᠬᠢ ᠡᠴᠡ 5.76 ᠳᠠᠬᠢᠨ ᠪᠣᠯᠪᠠ; 221.22 ᠳ᠋ᠦᠩᠱᠢᠭᠤᠷ ᠲᠥᠭᠥᠷᠢᠭ᠎ᠤᠨ ᠵᠢᠭᠤᠯᠴᠢᠯᠠᠯ᠎ᠤᠨ ᠣᠷᠣᠯᠭᠠᠡᠭᠦᠳᠴᠦ᠂ ᠡᠨᠡ ᠨᠢ 2023 ᠣᠨ᠎ᠤ ᠬᠢ ᠡᠴᠡ 7.63 ᠳᠠᠬᠢᠨ ᠪᠣᠯᠪᠠ᠃ ᠡᠳᠡᠭᠡᠷ ᠲᠤᠭ᠎ᠠ ᠪᠠᠷᠢᠮᠳᠠ ᠨᠢ᠂ ᠲᠦᠭ ᠲᠦᠮᠡᠨ ᠬᠥᠮᠦᠨ ᠤ᠋ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠢᠳᠡᠪᠬᠢᠳᠡᠢ ᠣᠷᠣᠯᠴᠠᠬᠰᠠᠨ ᠢ᠋ ᠬᠠᠷᠠᠭᠤᠯᠤᠬᠰᠠᠨ ᠵᠢᠡᠷ ᠦᠯᠦ ᠪᠠᠷᠠᠮ ᠲᠤᠬᠠᠶ᠎ᠶ᠋ᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠲᠠᠰᠤᠷᠠᠯᠲᠠ ᠥᠬᠡᠶ ᠬᠥᠭ᠌ᠵᠢᠨ ᠪᠤᠵᠠᠭᠠᠢᠷᠠᠵᠤ ᠪᠠᠢᠬᠤ᠎ᠶ᠋ᠢ ᠬᠠᠷᠠᠭᠤᠯᠵᠤ ᠪᠠᠢᠭ᠎ᠠ ᠪᠢᠯᠡ᠃
ᠬᠥᠬᠡᠬᠣᠲᠠ ᠵᠢᠨ ᠮᠠ ᠽᠦᠩ ᠱᠠᠨ ᠴᠠᠰᠤᠨ᠎ᠳᠤ ᠭᠤᠯᠭᠤᠬᠤ ᠲᠠᠯᠠᠪᠤᠷ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠨᠢ ᠴᠠᠭᠠᠨ ᠰᠠᠷ᠎ᠠ᠎ᠶ᠋ᠢᠨ ᠤᠯᠠᠮᠵᠢᠯᠠᠯᠳᠤ ᠪᠠᠶᠠᠷ ᠲᠤᠷᠠᠰᠬᠠᠯ ᠲᠠᠢ ᠠᠭᠤᠰᠤᠯᠴᠠᠨ᠂ ᠵᠢᠭᠤᠯᠴᠢᠯᠠᠭ᠍ᠴᠢᠳ᠎ᠤᠨ ᠬᠦᠷᠢᠶᠡᠯᠡᠯ᠎ᠢ ᠤᠯᠪᠠ;ᠤᠯᠠᠭᠠᠨᠬᠠᠳᠠ᠎ᠳᠤ ᠠᠩᠬᠠᠳᠤᠭᠠᠷ ᠬᠤᠭᠤᠴᠠᠭᠠᠨ᠎ᠤ ᠬᠤᠳᠠ᠎ᠶ᠋ᠢᠨ ᠮᠥᠰᠥ᠍ ᠴᠠᠰᠤᠨ᠎ᠤ ᠨᠠᠭᠠᠳᠤᠮ ᠮᠠᠰᠢ ᠬᠦᠷ ᠬᠥᠭ᠌ᠵᠢᠶᠡᠨᠲᠡᠶ ᠶᠠᠪᠤᠭ᠍ᠳᠠᠵᠤ᠂ ᠡᠳᠦᠷ ᠪᠦᠷᠢ ᠵᠢᠭᠤᠯᠴᠢᠯᠠᠭ᠍ᠴᠢ᠎ᠶᠢ ᠲᠦᠮᠡ ᠱᠢᠬᠠᠮ ᠬᠦᠮᠦᠨ ᠤᠳᠠᠭ᠎ᠠ ᠬᠦᠯᠢᠶᠡᠨ ᠠᠪᠴᠠᠢ; ᠬᠥᠯᠥᠨ ᠪᠤᠢ᠌ᠷ᠎ᠤᠨ ᠡᠪᠦᠯ᠎ᠦᠨ ᠤᠯᠠᠷᠢᠯ᠎ᠤᠨ 10 ᠰᠣᠳᠣᠨ ᠵᠢᠭᠤᠯᠴᠢᠯᠠᠯ᠎ᠤᠨ ᠵᠠᠮ ᠱᠤᠭᠤᠮ ᠨᠠᠢ᠍ᠮᠠᠨ ᠵᠦᠭ᠎ᠡᠴᠡ ᠬᠦᠷᠦᠯᠴᠡᠨ ᠢᠷᠡᠭ᠌ᠰᠡᠨ ᠵᠣᠴᠢᠳ᠎ᠢ ᠲᠠᠲᠠᠵᠤ᠂ 161 ᠵᠦᠢᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠨᠢ ᠲᠤᠬᠠᠢ᠎ᠶ᠋ᠢᠨ ᠭᠠᠵᠠᠷ᠎ᠤᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠷᠢᠳᠢ ᠱᠢᠳᠢ᠎ᠶ᠋ᠢ ᠭᠦᠢᠴᠡᠳ ᠢᠯᠡᠷᠡᠭᠦᠯᠪᠡ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠥᠯᠥᠨ ᠪᠣᠢᠷ᠎ᠤᠨ ᠵᠢᠭᠤᠯᠴᠢᠯᠠᠯ᠎ᠤᠨ ᠭᠠᠵᠠᠷ᠎ᠤᠨ ᠭᠥᠯᠢᠶᠡᠨ ᠠᠪᠤᠭᠰᠠᠨ ᠵᠢᠭᠤᠯᠴᠢᠯᠠᠭ᠍ᠴᠢᠳ᠎ᠤᠨ ᠲᠣᠭ᠎ᠠ ᠦᠩᠭᠡᠷᠡᠭᠰᠡᠨ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 501% ᠪᠠᠷ ᠨᠡᠮᠡᠭ᠌ᠳᠡᠵᠦ᠍᠂ ᠪᠠᠭᠤᠳᠠᠯ᠎ᠤᠨ ᠵᠠᠬᠢᠶᠠᠯᠠᠭ᠎ᠠ 20 ᠳᠠᠬᠢᠨ ᠨᠡᠮᠡᠭ᠌ᠳᠡᠵᠦ᠍᠂ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠭᠥᠯᠢᠶᠡᠨ ᠠᠪᠤᠭᠰᠠᠨ ᠵᠢᠭᠤᠯᠴᠢᠯᠠᠭ᠍ᠴᠢᠳ᠎ᠤᠨ ᠲᠣᠭ᠎ᠠ ᠴᠤ᠌ ᠦᠩᠭᠡᠷᠡᠭᠰᠡᠨ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 526.26% ᠪᠠᠷ ᠨᠡᠮᠡᠭ᠌ᠳᠡᠪᠠ᠃
ᠠᠷᠪᠠᠨ ᠲᠦᠷᠪᠡᠳᠤᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠤᠯ ᠤ᠋ᠨ ᠤᠯᠠᠷᠢᠯ ᠤ᠋ᠨ ᠲᠠᠮᠢᠷ ᠤ᠋ᠨ ᠴᠤᠬᠯᠠᠭᠠᠨ ᠪᠣᠯ ᠮᠥᠰᠥ᠍ ᠴᠠᠰᠤᠨ᠎ᠤ ᠤᠷᠤᠯᠳᠤᠭᠠᠨ᠎ᠤ ᠦᠪᠡᠳᠡᠭ᠌ᠰᠢ ᠴᠤᠭ᠍ᠯᠠᠭᠠᠨ ᠪᠣᠯᠬᠤ ᠪᠥᠭᠡᠳ ᠲᠤᠬᠠᠢ᠎ᠶ᠋ᠢᠨ ᠭᠠᠵᠠᠷ᠎ᠤᠨ ᠦᠩᠭᠡ ᠦᠵᠡᠮᠵᠢ᠎ᠶ᠋ᠢ ᠳᠡᠯᠭᠡᠨ ᠦᠵᠡᠭᠦᠯᠬᠦ᠌ ᠴᠣᠩᠬᠣᠪᠴᠢ ᠪᠣᠯᠤᠨ᠎ᠠ᠃ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠮᠠᠨ ᠤ᠋ ᠤᠷᠤᠨ 7 ᠶᠡᠬᠡ ᠲᠦᠷᠦᠯ᠎ᠦᠨ 1500 ᠵᠦᠢᠯ᠎ᠦᠨ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠠᠵᠢᠯᠯᠠᠭ᠎ᠠ᠎ᠥᠷᠨᠢᠭᠦᠯᠵᠦ᠍᠂ ᠡᠭᠦᠳᠡᠨ ᠪᠢᠯᠧᠲ᠎ᠢ ᠬᠠᠰᠤᠵᠤ ᠬᠡᠯᠲᠦᠷᠢᠭᠦᠯᠬᠦ᠂ ᠬᠠᠷᠠᠭᠠᠯᠵᠠᠯ᠎ᠤᠨ ᠲᠡᠮᠳᠡᠭ᠌ᠲᠦ ᠲᠠᠷᠬᠠᠭᠠᠬᠤ ᠵᠡᠷᠭᠡ ᠤᠯᠠᠨ ᠲᠦᠷᠦᠯ᠎ᠦᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠢᠵᠢ ᠪᠦᠷᠢᠳᠦᠭᠦᠯᠵᠦ᠍᠂ ᠥᠷᠭᠡᠨ ᠤᠯᠠᠨ ᠵᠢᠭᠤᠯᠴᠢᠯᠠᠬᠴᠢ᠎ᠶᠢ ᠲᠠᠳᠠᠵᠤ ᠪᠡᠶᠡᠴᠢᠯᠡᠨ ᠣᠢᠯᠠᠭᠠᠵᠤ ᠬᠡᠷᠡᠭ᠌ᠯᠡᠭᠡ ᠬᠢᠯᠬᠡᠪᠡ᠃ ᠱᠢᠯᠢ᠎ᠶ᠋ᠢᠨ ᠭᠣᠣᠯ ᠠᠢᠮᠠᠭᠲᠤ᠌᠂ ᠮᠥᠰᠥᠨ ᠴᠠᠷᠢᠯ᠎ᠢᠶᠠᠷ ᠰᠡᠯᠢᠭᠦᠷ ᠵᠣᠬᠢᠶᠠᠬᠤ ᠂ ᠯᠤᠤᠲᠤ ᠣᠩᠭᠣᠴᠠ ᠤᠷᠤᠯᠳᠤᠨ ᠭᠠᠲᠤᠯᠬᠤ᠂ ᠮᠥᠰᠥᠨ ᠳᠡᠭᠡᠷᠡᠬᠢ ᠯᠤᠤᠲᠤ ᠣᠩᠭᠣᠴᠠ᠎ᠶ᠋ᠢᠨ ᠳᠡᠰ᠎ᠡᠴᠡ ᠳᠠᠪᠠᠭ᠍ᠰᠠᠨ ᠬᠣᠯᠪᠣᠭᠠᠲᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ ᠭᠣᠢᠳᠠ ᠰᠠᠢᠬᠠᠨ ᠶᠠᠪᠤᠬᠳᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 41 ᠱᠢᠯᠢᠳᠡᠭ ᠪᠦᠯᠬᠦᠮ᠂ 600 ᠭᠠᠷᠤᠢ ᠲᠠᠮᠢᠷᠴᠢᠨ ᠬᠦᠷᠤᠯᠴᠠᠨ ᠢᠷᠡᠵᠤ ᠤᠷᠤᠯᠳᠤᠭᠠᠨ᠎ᠳᠤ ᠣᠷᠣᠯᠴᠠᠪᠠ; ᠬᠥᠬᠡᠬᠣᠲᠠ ᠮᠥᠰᠥ᠍ ᠴᠠᠰᠤᠨ᠎ᠤ ᠬᠡᠷᠡᠭ᠌ᠯᠡᠭᠡ ᠵᠢᠨ ᠲᠡᠮᠳᠡᠭ᠌ᠲᠦ ᠲᠠᠷᠬᠠᠭᠠᠵᠤ᠂ 20 ᠭᠠᠷᠤᠶ ᠲᠠᠯᠠᠪᠠᠢ ᠮᠥᠰᠥ᠍ ᠴᠠᠰᠤᠨ᠎ᠤ ᠤᠷᠤᠯᠳᠤᠭᠠᠨ᠎ᠤ ᠠᠵᠢᠯᠯᠠᠭ᠎ᠠ ᠡᠷᠭᠢᠯᠡᠪᠡ; ᠬᠥᠯᠥᠨ ᠪᠤᠢ᠌ᠷ ᠬᠣᠶᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠰᠣᠶᠣᠯ ᠲᠠᠮᠢᠷ᠎ᠤᠨ ᠬᠥᠳᠡᠯᠭᠡᠭᠡᠨ᠎ᠦ ᠵᠢᠭᠤᠯᠴᠢᠯᠠᠯ᠎ᠤᠨ ᠤᠯᠠᠷᠢᠯ᠎ᠢ ᠡᠬᠢᠯᠡᠭᠦᠯᠵᠦ᠍᠂ 《 ᠤᠷᠤᠯᠳᠤᠭᠠᠨ᠎ᠢ ᠲᠠᠭᠠᠵᠤ ᠵᠢᠭᠤᠯᠴᠢᠯᠠᠬᠤ 》 ᠂ 《 ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠠᠢ ᠣᠷᠳᠣᠨ ᠵᠢᠡᠷ ᠲᠤᠭᠤᠷᠢᠨ ᠵᠢᠭᠤᠯᠴᠢᠯᠠᠬᠤ》 ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠡᠬᠢᠯᠡᠭᠦᠯᠦᠭᠰᠡᠨ ᠪᠠᠢᠨ᠎ᠠ᠃
ᠦᠵᠡᠰᠬᠦᠯᠡᠩ᠎ᠳᠤ ᠰᠠᠢᠬᠠᠨ ᠦᠪᠦᠷ ᠮᠤᠩᠭᠤᠯ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ ᠵᠢᠡᠷ ᠰᠢᠨ᠎ᠡ ᠠᠵᠠ ᠲᠤᠬᠢᠶᠠᠯ᠂ ᠰᠢᠨ᠎ᠡ ᠭᠠᠷᠤᠭ᠎ᠠ ᠪᠤᠯᠭᠠᠵᠦ᠂ ᠰᠢᠨ᠎ᠡ ᠠᠶᠠᠨ᠎ᠳᠠᠭᠠᠨ ᠢᠳᠡᠭᠡᠯ ᠲᠦᠬᠦᠷᠡᠩ ᠮᠤᠷᠳᠠᠯ᠎ᠠ᠃