— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠡᠯ᠎ᠡ ᠡᠲᠡᠭᠡᠳ᠎ᠦᠨ ᠵᠠᠯᠠᠭᠤᠴᠤᠳ᠎ᠤᠨ ᠳᠤᠮᠳᠠ ᠴᠢᠩᠭ᠎ᠠ ᠲᠤᠰᠭᠠᠯ ᠭᠠᠷᠪᠠ
ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠤᠯᠠᠮᠵᠢᠯᠠᠭ᠍ᠳᠠᠬᠤᠶ᠋ᠢ ᠳᠠᠭᠠᠯᠳᠤᠨ᠂ ᠮᠠᠨ᠎ᠤ ᠣᠷᠣᠨ᠎ᠤ ᠥᠷᠭᠡᠨ ᠣᠯᠠᠨ ᠵᠠᠯᠠᠭᠤᠴᠤᠳ᠎ᠤᠨ ᠡᠷᠴᠢ ᠵᠣᠷᠢᠭ᠎ᠢ ᠬᠥᠪᠴᠢᠯᠡᠵᠦ᠍᠂ ᠢᠲᠡᠭᠡᠯ ᠵᠣᠷᠢᠭ᠎ᠢ ᠨᠡᠮᠡᠭᠳᠡᠬᠦᠯᠪᠡ᠃ ᠤᠯᠠᠨ᠎ᠢᠶᠠᠷ᠎ᠢᠶᠠᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠬᠠᠷᠠᠯᠲᠠ ᠲᠣᠳᠣᠷᠬᠠᠢ᠂ ᠠᠷᠭ᠎ᠠ ᠬᠡᠮᠵᠢᠢ᠎ᠡ ᠪᠣᠳᠠᠲᠠᠢ᠂ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠰᠠᠢᠲᠤᠷ ᠵᠢᠷᠤᠭ᠍ᠯᠠᠵᠤ᠂ ᠲᠡᠮᠡᠴᠡᠯ᠎ᠦᠨ ᠴᠢᠭ᠌ᠯᠡᠯ᠎ᠢ ᠣᠨᠣᠪᠴᠢᠲᠠᠢ ᠵᠢᠭᠠᠵᠦ ᠥᠭ᠌ᠴᠡᠢ ᠬᠡᠵᠦ ᠰᠠᠨᠠᠯ ᠨᠢᠭᠡᠳᠠᠢ ᠦᠵᠡᠪᠡ᠃ ᠥᠷᠭᠡᠨ ᠤᠯᠠᠨ ᠵᠠᠯᠠᠭᠤᠴᠤᠳ ᠬᠣᠢᠱᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
ᠭᠣᠣᠯ ᠱᠢᠵᠢᠮ᠎ᠦᠨ ᠲᠣᠭᠣᠷᠢᠨ᠎ᠳᠤ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠨ᠎ᠠ
ᠲᠦᠩᠯᠢᠶᠣᠤ ᠬᠤᠳᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠯᠧᠺᠲ᠋ᠣᠷ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ᠎ᠦᠨ ᠨᠢᠭᠡᠨ ᠪᠦᠷᠢᠯᠳᠦᠬᠦᠨ ᠯᠢ ᠢ᠄ 《ᠭᠦᠨ ᠵᠤᠵᠠᠭᠠᠨ ᠤᠯᠤᠰ ᠤᠷᠤᠨ᠎ᠤ ᠬᠠᠢᠷ᠎ᠠ ᠰᠡᠳᠭᠢᠯᠭᠡ ᠪᠣᠯᠤᠨ ᠭᠦᠨ ᠵᠤᠵᠠᠭᠠᠨ ᠲᠡᠦᠬᠡ᠎ᠶ᠋ᠢᠨ ᠤᠬᠠᠮᠰᠠᠷ ᠪᠣᠯ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠪᠡᠷᠬᠡ ᠲᠦᠮᠡᠨ ᠪᠠᠷᠲᠠᠭ᠎ᠠ᠎ᠶ᠋ᠢ ᠲᠤᠭᠤᠯᠤᠨ ᠲᠠᠰᠤᠷᠠᠯᠳᠠ ᠦᠭᠡᠢ ᠰᠡᠷᠭᠦᠨ ᠮᠠᠨᠳᠤᠬᠤ᠎ᠶ᠋ᠢᠨ ᠤᠶᠤᠨ ᠰᠠᠨᠠᠭᠠᠨ᠎ᠤ ᠲᠤᠯᠭᠠᠭᠤᠷᠢᠯᠠᠯ ᠮᠥᠨ᠃ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭ᠌ᠰᠡᠨ ᠶᠤᠮ᠂ ᠮᠠᠨ᠎ᠤ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ ᠶᠤᠮ᠂ ᠮᠠᠨ᠎ᠤ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭ᠌ᠰᠡᠨ ᠶᠤᠮ᠂ ᠮᠠᠨ᠎ᠤ ᠠᠭᠤᠤ ᠶᠡᠬᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠤᠢᠵᠢᠭᠤᠯᠤᠭᠰᠠᠨ ᠶᠤᠮ᠃ ᠬᠣᠢᠱᠢᠳᠠ᠂ ᠪᠢ ᠦᠷᠭᠦᠯᠵᠢᠯᠡᠨ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ᠎ᠤᠨ ᠡᠩᠨᠡᠭᠡ᠎ᠶ᠋ᠢ ᠳᠠᠭᠠᠵᠤ᠂ ᠤᠬᠠᠭᠤᠯᠤᠨ ᠲᠠᠢᠯᠪᠤᠷᠢᠯᠠᠬᠤ ᠠᠵᠢᠯ᠎ᠢᠶᠠᠷ ᠳᠠᠮᠵᠢᠭᠤᠯᠤᠨ᠂ ᠡᠬᠡ ᠣᠷᠣᠨᠴᠢ ᠬᠠᠢᠷ᠎ᠠ ᠰᠡᠳᠭᠢᠯᠭᠡ ᠵᠢ ᠴᠢᠩᠭᠠᠳᠭᠠᠵᠤ᠂ ᠵᠠᠯᠠᠭᠤᠴᠤᠳ᠎ᠤᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠦᠵᠡᠯ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠡᠳᠦᠷ ᠲᠤᠲᠤᠮ᠎ᠤᠨ ᠠᠵᠢᠯᠯᠠᠭ᠎ᠠ᠎ᠳᠠᠭᠠᠨ ᠠᠭᠤᠰᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠴᠤᠬᠴᠠᠯᠠᠵᠦ᠂ ᠤᠬᠠᠭᠤᠯᠭ᠎ᠠ ᠪᠡᠷ ᠰᠤᠷᠤᠯᠴᠠᠯᠭ᠎ᠠ᠎ᠶ᠋ᠢ ᠠᠬᠢᠭᠤᠯᠵᠦ᠂ ᠲᠠᠢᠯᠪᠤᠷᠢᠯᠠᠬᠤ᠎ᠪᠠᠷ ᠠᠵᠢᠯᠯᠠᠬᠤ᠎ᠶ᠋ᠢ ᠠᠬᠢᠭᠤᠯᠵᠦ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠳᠤᠮᠳᠠ ᠬᠣᠶᠠᠷ ᠶᠡᠬᠡ ᠶᠠᠪᠤᠳᠠᠯ᠎ᠢ ᠠᠬᠢᠭᠤᠯᠵᠤ ᠦᠷ᠎ᠡ ᠪᠦᠲᠦᠮᠵᠢ ᠭᠠᠷᠭᠠᠨ᠎ᠠ》 ᠭᠡᠵᠦ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠰᠤᠨᠤᠰᠤᠬᠰᠠᠨ᠎ᠤ ᠳᠠᠷᠠᠭᠠᠬᠢ ᠪᠤᠳᠤᠯ ᠰᠠᠨᠠᠯ ᠵᠢᠡᠨ ᠶᠠᠷᠢᠨ᠎ᠠ᠃
《ᠪᠢ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠵᠢᠡᠨ ᠭᠣᠣᠯ ᠱᠢᠵᠢᠮ ᠪᠣᠯᠭᠠᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠬᠤ 〈ᠤᠯᠠᠨ ᠲᠦᠮᠡᠨ᠎ᠲᠡᠶ ᠬᠠᠷᠢᠯᠴᠠᠬᠤ᠂ ᠤᠯᠠᠨ ᠲᠦᠮᠡᠨ᠎ᠲᠡᠶ ᠪᠦᠯᠬᠦᠮᠳᠡᠬᠦ᠌᠂ ᠤᠯᠠᠨ ᠲᠦᠮᠡᠨ᠎ᠢ ᠨᠢᠭ᠍ᠲᠠᠷᠠᠭᠤᠯᠬᠤ᠂ ᠤᠯᠠᠨ ᠲᠦᠮᠡᠨ᠎ᠳᠦ ᠦᠢᠯᠡᠴᠢᠯᠡᠬᠦ᠌〉 ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠦᠷᠭᠦᠯᠵᠢᠯᠡᠨ ᠰᠠᠢᠲᠤᠷ ᠪᠠᠳᠠᠷᠠᠭᠤᠯᠵᠤ᠂ ᠬᠠᠷᠢᠶ᠎ᠠ ᠣᠷᠣᠨ᠎ᠤ ᠤᠯᠠᠨ ᠲᠦᠮᠡᠨ᠎ᠲᠡᠶ ᠬᠠᠮᠲᠤ᠎ᠪᠠᠷ 〈ᠨᠠᠮ ᠵᠠᠰᠠᠭ ᠴᠡᠷᠢᠭ ᠴᠠᠭ᠍ᠳᠠᠭ᠎ᠠ ᠠᠷᠠᠳ〉 ᠤ᠋ᠨ ᠬᠦᠴᠦᠨ ᠵᠢᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠱᠢᠨ᠎ᠡ ᠪᠠᠢᠷᠢᠱᠢᠯ᠎ᠢ ᠬᠠᠮᠲᠤ᠎ᠪᠠᠷ ᠪᠠᠢᠭᠤᠯᠤᠨ᠎ᠠ》ᠭᠡᠵᠦ 27 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶ᠋ᠢᠨ ᠳᠥᠷᠪᠡᠨ᠎ᠦ ᠱᠠᠨᠭᠨᠠᠯ᠎ᠤᠨ ᠮᠧᠳᠠᠯ ᠬᠦᠷᠲᠡᠭ᠌ᠴᠢ᠂ ᠠᠯᠠᠱᠠ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠢᠨᠭᠭᠡᠨ ᠳ᠋ᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠱᠢᠤᠢ ᠨᠠᠢ ᠴᠤᠤ ᠭᠡᠯᠡᠪᠡ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠶ᠂ ᠬᠥᠮᠦᠨ ᠪᠦᠬᠦᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ ᠵᠢᠭᠠᠵᠦ ᠭᠠᠷᠭᠠᠪᠠ᠃ ᠦᠪᠡᠷᠳᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ 〈ᠵᠠᠯᠠᠭᠤ ᠮᠠᠷᠺᠰ᠎ᠤᠨ ᠦᠵᠡᠯᠳᠡ᠎ᠨᠢ ᠬᠦᠮᠦᠵᠢᠭᠦᠯᠬᠦ ᠢᠨᠵᠸᠨ᠋ᠸᠷᠢᠩ〉 ᠤ᠋ᠨ ᠪᠤᠯᠪᠠᠰᠤᠷᠠᠯ᠎ᠤᠨ ᠠᠩᠬᠢ ᠵᠢᠨ ᠨᠢᠭᠡ ᠪᠦᠷᠢᠯᠳᠦᠭᠦᠨ ᠪᠤᠯᠤᠬᠰᠠᠨ᠎ᠤ ᠬᠤᠪᠢ᠎ᠳᠦ᠂ ᠢᠷᠡᠭᠡᠳᠦᠶ᠎ᠶ᠋ᠢᠨ ᠰᠤᠷᠤᠯᠴᠠᠯᠭ᠎ᠠ᠂ ᠠᠵᠢᠯ᠎ᠤᠨ ᠳᠤᠮᠳᠠ᠂ ᠪᠢ ᠥᠪᠡᠷ᠎ᠦᠨ ᠲᠤᠰᠭᠠᠶ ᠮᠡᠷᠭᠡᠵᠢᠯ᠎ᠦᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠰᠤᠷᠤᠭ᠍ᠴᠢ ᠶᠠᠩ ᠳ᠋ᠠᠨ ᠬᠣᠩ ᠬᠡᠯᠡᠪᠡ᠃
ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠢᠨ ᠱᠦᠵᠢ ᠯᠢ ᠼᠠᠢ ᠵᠢᠤᠸᠠᠨ᠄ 《ᠶᠡᠬᠡ ᠳᠡᠭᠡᠳᠦ ᠰᠤᠷᠭᠠᠭᠤᠯᠢ᠎ᠶ᠋ᠢᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠵᠠᠯᠠᠭᠤᠴᠤᠳ᠎ᠢ ᠬᠦᠳᠦᠯᠥᠨ ᠳᠠᠭᠠᠭᠤᠯᠵᠤ ᠨᠢᠭ᠍ᠲᠠᠷᠠᠭᠤᠯᠬᠤ᠂ ᠵᠠᠯᠠᠭᠤᠴᠤᠳ᠎ᠢ ᠵᠣᠬᠢᠶᠠᠨ ᠪᠠᠢᠭᠤᠯᠤᠨ ᠳᠠᠢᠴᠢᠯᠠᠬᠤ᠂ ᠵᠠᠯᠠᠭᠤᠴᠤᠳ᠎ᠲᠠᠶ ᠬᠠᠷᠢᠯᠴᠠᠵᠤ ᠵᠠᠯᠠᠭᠤᠴᠤᠳ᠎ᠲᠤ ᠦᠢᠯᠡᠴᠢᠯᠡᠬᠦ᠌ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠭᠦᠢᠴᠡᠳᠭᠡᠨ᠎ᠠ》 ᠭᠡᠪᠡ᠃
ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍ ᠨᠡᠩ ᠶᠡᠬᠡ ᠠᠮᠵᠢᠯᠲᠠ ᠪᠦᠲᠦᠮᠵᠢ ᠭᠠᠷᠭᠠᠨ᠎ᠠ
《ᠬᠣᠶᠠᠷ ᠬᠤᠷᠠᠯ ᠡᠴᠡ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠪᠡᠷ ᠭᠣᠣᠯ ᠬᠦᠴᠦᠨ ᠪᠤᠯᠭᠠᠬᠤ᠎ᠵᠢ ᠪᠦᠬᠦ᠌ ᠬᠦᠴᠦᠨ᠎ᠢᠶᠡᠷ᠎ᠢᠶᠡᠨ ᠳᠡᠮᠵᠢᠨ᠎ᠡ ᠭᠡᠵᠦ᠍ ᠳᠤᠷᠠᠳᠴᠠᠢ᠃ ᠡᠨᠡ ᠨᠢ ᠪᠢᠳᠡᠨ᠎ᠢ ᠶᠡᠬᠡᠳᠡ ᠤᠷᠮᠠᠰᠢᠭᠤᠯᠤᠨ ᠵᠤᠷᠢᠬᠵᠢᠭᠤᠯᠪᠠ》᠃ ᠶᠤᠸᠠᠨ ᠵᠢᠩ ᠤᠮᠠᠷᠠᠲᠤ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠨᠢ ᠲᠦᠩ ᠪᠢᠩ ᠳ᠋ᠣᠺᠲ᠋ᠣᠷ᠄《ᠥᠪᠡᠷᠲᠡᠭᠡᠨ ᠵᠠᠰᠠᠬᠤ ᠣᠷᠣᠨ ᠶᠠᠭ ᠲᠠᠪᠤᠨ ᠶᠡᠬᠡ ᠡᠭᠦᠷᠭᠡ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠪᠣᠶ᠂ ᠦᠨᠳᠦᠰᠦᠨ ᠱᠠᠲᠤᠨ᠎ᠤ ᠱᠢᠨ᠎ᠡ ᠡᠨᠧᠷᠭᠢ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠪᠦᠯᠬᠦᠮ ᠨᠡᠢᠲᠡ᠎ᠶ᠋ᠢᠨ ᠮᠡᠷᠭᠡᠵᠢᠯ᠎ᠦᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠣᠲᠣ ᠪᠠᠢᠭ᠎ᠠ ᠣᠷᠳᠣᠰ᠎ᠤᠨ ᠨᠡᠭᠦᠷᠡᠰᠦᠲᠥ᠋ᠷᠥᠭ᠌ᠴᠢ ᠦᠭᠡᠢ ᠠᠵᠤ ᠦᠶ᠋ᠯᠡᠰ᠎ᠦᠨ ᠬᠦᠷᠢᠶᠡᠯᠡᠩ᠎ᠦᠨ ᠲᠤᠷᠱᠢᠯᠭ᠎ᠠ᠎ᠶ᠋ᠢ ᠠᠱᠢᠭ᠍ᠯᠠᠨ᠂ ᠨᠠᠩ ᠣᠯᠠᠨ ᠪᠠᠭ᠎ᠠ ᠨᠡᠭᠦᠷᠡᠰᠦᠲᠥ᠋ᠷᠥᠭ᠌ᠴᠢᠳᠦ᠂ ᠨᠡᠭᠦᠷᠡᠰᠦᠲᠥ᠋ᠷᠥᠭ᠌ᠴᠢ ᠦᠭᠡᠢ ᠬᠦᠷᠢᠶᠡᠯᠡᠩ ᠲᠣᠭᠣᠷᠢᠭᠪᠠᠢᠭᠤᠯᠬᠤᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭ᠌ᠵᠢᠭᠡᠨ᠎ᠡ》 ᠭᠡᠪᠡ᠃
ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠴᠠᠬᠢᠯᠭᠠᠨ ᠬᠦᠴᠦᠨ᠎ᠦ ᠵᠢᠷᠤᠭ ᠲᠥᠯᠥᠪᠯᠡᠭᠡᠨ᠎ᠦ ᠬᠦᠷᠢᠶᠡᠯᠡᠩ᠎ᠦᠨ ᠡᠪᠯᠡᠯ᠎ᠦᠨ ᠬᠣᠷᠢᠶ᠎ᠠ ᠵᠢᠨ ᠱᠦᠵᠢ ᠯᠢᠦ ᠯᠦ᠍᠄《ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠵᠠᠯᠠᠭᠤᠴᠤᠳ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ ᠵᠢᠡᠨ ᠨᠢᠬᠳᠠᠷᠠᠭᠤᠯᠵᠦ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠪᠦᠯᠦᠭ᠌ᠯᠡᠯ᠎ᠦᠨ ᠳᠤᠮᠳᠠᠳᠤ ᠤᠯᠤᠰ᠎ᠤᠨ 500 ᠬᠦᠴᠦᠷᠬᠡᠭ ᠠᠵᠤ ᠠᠬᠤᠢᠯᠠᠯ᠎ᠳᠤ ᠣᠷᠣᠬᠤ᠎ᠶ᠋ᠢ ᠲᠦᠷᠭᠡᠳᠭᠡᠬᠦ᠌᠂ ᠳᠡᠯᠡᠬᠡᠶ᠎ᠶ᠋ᠢᠨ ᠲᠡᠷᠢᠭᠦᠨ᠎ᠦ ᠠᠵᠤ ᠠᠬᠤᠢᠯᠠᠯ᠎ᠢ ᠲᠦᠷᠭᠡᠳᠭᠡᠨ ᠪᠥᠲᠥᠭᠡᠨ ᠪᠠᠢᠭᠤᠯᠬᠤ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠠᠢ᠃
《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠬᠢᠬᠦ ᠪᠣᠯ ᠪᠢᠳᠡᠨ᠎ᠦ ᠢᠮᠠᠭ᠍ᠲᠠ ᠪᠠᠲᠤ ᠴᠡᠭᠡᠵᠢᠯᠡᠬᠦ᠌ 〈ᠤᠯᠤᠰ᠎ᠤᠨ ᠶᠡᠬᠡ ᠶᠠᠪᠤᠳᠠᠯ〉᠂ 〈ᠣᠷᠣᠨ᠎ᠤ ᠴᠢᠬᠤᠯᠠ ᠶᠠᠪᠤᠳᠠᠯ〉 ᠪᠣᠯᠤᠨ᠎ᠠ᠂ ᠨᠡᠩ ᠴᠤ᠌ ᠪᠦᠬᠦ᠌ ᠣᠷᠣᠨ᠎ᠤ ᠥᠷᠭᠡᠨ ᠤᠯᠠᠨ ᠵᠠᠯᠠᠭᠤᠴᠤᠳ᠎ᠤᠨ ᠤᠮᠠᠷᠠᠲᠤ ᠬᠢᠯᠢ᠎ᠳᠦ ᠦᠨᠳᠦᠰᠦᠯᠡᠵᠦ᠍ ᠬᠦᠰᠡᠯᠶ᠋ᠢᠡᠨ ᠳᠡᠷᠭᠡᠯᠰᠢᠬᠦᠯᠬᠦ᠂ ᠡᠷᠳᠡᠮ ᠴᠢᠳᠠᠪᠤᠷᠢ᠎ᠪᠠᠨ ᠪᠠᠳᠠᠷᠠᠭᠤᠯᠬᠤ ᠣᠯᠳᠠᠰᠢ ᠦᠭᠡᠢ ᠠᠵᠠ ᠲᠣᠬᠢᠶᠠᠯ ᠪᠣᠯᠤᠨ᠎ᠠ᠃ ᠵᠠᠯᠠᠭᠤᠴᠤᠳ᠎ᠤᠨ ᠬᠣᠯᠪᠣᠭᠠᠨ᠎ᠤ ᠭᠡᠱᠢᠭᠦᠨ ᠪᠣᠯᠤᠭ᠍ᠰᠠᠨ᠎ᠤ ᠬᠤᠪᠢ᠎ᠳᠤ᠂ ᠵᠢᠩᠬᠢᠨᠢ ᠦᠷ᠎ᠡ ᠪᠦᠲᠦᠭᠡᠯ ᠭᠠᠷᠭᠠᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠳᠦ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠱᠢᠤᠢ ᠱᠢᠶᠠᠩ ᠲᠢᠶᠠᠨ ᠢᠯᠡᠷᠬᠡᠢᠯᠡᠨ᠎ᠡ᠃
ᠲᠤᠳᠤᠨᠤᠰᠤᠭ ᠦᠶ᠋ᠯᠡᠴᠢᠯᠡᠭᠡ᠎ᠶ᠋ᠢ ᠰᠠᠢᠲᠤᠷ ᠬᠢᠵᠦ᠍ ᠵᠠᠯᠠᠭᠤ ᠨᠠᠰᠤᠨ᠎ᠤ ᠣᠶᠤᠨ ᠤᠬᠠᠭᠠᠨ᠎ᠢᠶᠠᠨ ᠨᠡᠮᠡᠷᠢᠯᠡᠨ᠎ᠡ
《ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠥᠷᠭᠡᠨ ᠤᠯᠠᠨ ᠵᠠᠯᠠᠭᠤᠴᠤᠳ᠎ᠲᠤ ᠣᠨᠣᠴᠠᠲᠠᠢ ᠦᠢᠯᠡᠴᠢᠯᠡᠵᠦ᠍᠂ ᠵᠠᠯᠠᠭᠤᠴᠤᠳ᠎ᠤᠨ ᠦᠢᠯᠡᠰ ᠪᠤᠰᠭᠠᠬᠤ ᠠᠵᠢᠯ᠎ᠢ ᠴᠢᠨᠠᠷ ᠰᠠᠢᠲᠠᠢ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠯᠠᠭᠤ ᠨᠠᠰᠤᠨ᠎ᠤ ᠭᠠᠪᠢᠶ᠎ᠠ ᠪᠠᠢᠭᠤᠯᠬᠤ ᠠᠵᠢᠯᠯᠠᠭ᠎ᠠ᠎ᠶ᠋ᠢ ᠥᠪᠥᠷ ᠮᠣᠩᠭᠣᠯ᠎ᠤᠨ ᠡᠬᠡ ᠭᠠᠵᠠᠷ᠎ᠲᠤ ᠪᠣᠳᠠᠲᠠᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠦᠶ᠋ᠯᠡᠰ ᠪᠤᠰᠬᠠᠵᠦ ᠠᠵᠢᠯ ᠣᠯᠭᠣᠬᠤ ᠦᠶ᠋ᠯᠡᠴᠢᠯᠡᠭᠡᠨ᠎ᠦ ᠲᠥᠪ᠎ᠦᠨ ᠬᠠᠷᠢᠭᠤᠴᠠᠯᠭᠠᠲᠠᠨ ᠵᠠᠩ ᠬᠤᠸᠠ ᠭᠡᠯᠡᠪᠡ᠃
ᠠᠩᠬᠠᠳᠤᠭᠠᠷ ᠬᠤᠭᠤᠴᠠᠭᠠᠨ᠎ᠤ 《ᠪᠥᠬᠥ᠌ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠯᠠᠭᠤᠴᠤᠳ᠎ᠤᠨ ᠬᠣᠱᠢᠭᠤᠴᠢ》 ᠪᠢᠶᠤᠤᠪᠢᠩ᠂ ᠷᠦᠩ ᠱᠧᠩ ᠳ᠋ᠡ ᠲᠠᠷᠢᠮᠠᠯ᠎ᠤᠨ ᠲᠠᠷᠢᠶᠠᠴᠢᠳ᠎ᠤᠨ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠵᠣᠣ ᠯᠢ ᠵᠢᠶᠧ ᠢᠯᠡᠷᠬᠡᠢᠯᠡᠬᠦ᠌᠎ᠳᠡᠭᠡᠨ᠂ ᠣᠳᠣᠬᠠᠨ᠎ᠳᠤ ᠮᠠᠨ᠎ᠤ ᠦᠶ᠋ᠯᠡᠳᠪᠦᠷᠢᠯᠡᠭ᠌ᠰᠡᠨ ᠪᠤᠷᠴᠠᠭ᠎ᠲᠠᠶ ᠨᠠᠩᠭᠢ ᠪᠣᠣᠪᠣ᠂ ᠲᠣᠮᠣ ᠬᠤᠢᠮᠠᠭ᠎ᠨᠢ ᠪᠥᠬᠥ᠌ ᠤᠯᠤᠰ᠎ᠤᠨ ᠨᠠᠷᠠᠲᠤ ᠣᠨᠴᠠ ᠱᠢᠯᠢᠳᠡᠭ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠷᠡᠰ᠎ᠲᠦ ᠰᠣᠩᠭᠣᠭ᠍ᠳᠠᠵᠤ᠂ ᠨᠢᠭᠡᠨᠲᠡ 52 ᠬᠥᠮᠦᠨ᠎ᠦ ᠠᠵᠢᠯ ᠣᠯᠭᠣᠯᠲᠠ᠎ᠶ᠋ᠢ ᠳᠠᠢᠴᠢᠯᠠᠵᠤ᠂ 2600 ᠭᠠᠷᠤᠶ ᠬᠥᠮᠦᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠨᠥᠯᠥᠭᠡᠯᠡᠨ ᠳᠠᠢᠴᠢᠯᠠᠵᠤ ᠪᠠᠢᠨ᠎ᠠ᠃ ᠬᠣᠢᠱᠢᠳᠠ ᠪᠢ ᠨᠡᠩ ᠳᠣᠲᠣᠨᠣ ᠦᠢᠯᠡᠴᠢᠯᠡᠭᠡ᠂ ᠨᠡᠩ ᠰᠠᠢᠨ ᠠᠷᠭ᠎ᠠ ᠬᠡᠮᠵᠢᠢ᠎ᠡ᠎ᠪᠡᠷ ᠬᠥᠳᠡᠭᠡ ᠲᠣᠰᠭᠣᠨ᠎ᠤ ᠠᠵᠤ ᠠᠬᠤᠢ᠎ᠶ᠋ᠢ ᠬᠥᠭ᠌ᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍᠂ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠦᠷᠦᠯ ᠲᠡᠮᠳᠡᠭ᠎ᠢ ᠴᠣᠭ᠍ᠴᠠᠯᠠᠨ᠎ᠠ ᠭᠡᠪᠡ᠃
ᠡᠪᠯᠡᠯ᠎ᠦᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭ᠌ᠴᠢ᠂ ᠠᠷᠪᠠᠨ ᠨᠢᠭᠡᠳᠦᠭᠡᠷ ᠬᠤᠭᠤᠴᠠᠭᠠᠨ᠎ᠤ 《ᠡᠵᠢ ᠭᠤᠤᠯᠱᠠᠩᠨᠠᠯ》 ᠤ᠋ᠨ ᠪᠣᠬᠢᠷᠲᠤᠯ ᠥᠬᠡᠶ ᠬᠠᠮᠠᠭᠠᠯᠠᠭ᠍ᠴᠢ᠎ᠶ᠋ᠢᠨ ᠱᠠᠩᠨᠠᠯ ᠬᠦᠷᠲᠡᠭ᠌ᠴᠢ᠂ ᠬᠢᠩᠭᠠᠨ ᠠᠢᠮᠠᠭ᠎ᠤᠨ ᠱᠢᠶᠠᠩᠶᠠᠩ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠵᠠᠯᠠᠭᠤ ᠰᠠᠢᠨ ᠳᠤᠷᠠᠴᠤᠳ᠎ᠤᠨ ᠨᠡᠢᠭᠡᠮᠯᠢᠭ᠎ᠦᠨ ᠳᠠᠷᠤᠭ᠎ᠠ ᠳ᠋ᠦ᠋ ᠲᠢᠶᠸ ᠢ᠄ 《ᠵᠠᠯᠠᠭᠤ ᠰᠠᠢᠨ ᠳᠤᠷᠠᠴᠤᠳ᠂ ᠵᠠᠯᠠᠭᠤᠴᠤᠳ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ ᠪᠣᠯᠤᠭ᠍ᠰᠠᠨ᠎ᠤ ᠬᠤᠪᠢ᠎ᠳᠤ᠂ ᠪᠢ ᠣᠳᠣᠬᠠᠨ᠎ᠳᠤ ᠡᠯ᠎ᠡ ᠲᠥᠷᠥᠯ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠶ᠋ᠢ ᠨᠡᠢᠲᠡ 300 ᠭᠠᠷᠤᠶ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠪᠡ᠃ ᠬᠣᠢᠱᠢᠳᠠ ᠪᠢ ᠡᠯ᠎ᠡ ᠵᠦᠶ᠋ᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠦᠷᠭᠦᠯᠵᠢᠯᠡᠨ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠨᠠᠩ ᠣᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠲᠠᠢᠴᠢᠯᠠᠨ ᠳᠠᠭᠠᠭᠤᠯᠵᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠵᠤ᠂ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠶ᠋ᠢ ᠪᠥᠲᠥᠭᠡᠨ ᠪᠠᠢᠭᠤᠯᠬᠤ᠎ᠳᠤ ᠵᠠᠯᠠᠭᠤ ᠨᠠᠰᠤᠨ᠎ᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》ᠭᠡᠪᠠ᠃