ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠣᠷᠢᠶ᠎ᠠ ᠵᠢᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠥᠪᠯᠡᠯ᠎ᠦᠨ ᠮᠡᠳᠡᠭᠦᠯᠦᠯᠲᠡ
2024-02-03 13:12:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2024 ᠣᠨ᠎ᠤ 2 ᠰᠠᠷ᠎ᠠ᠎ᠶ᠋ᠢᠨ 2 ᠎ᠤ᠋ᠨ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠬᠣᠶᠠᠳᠤᠭᠠᠷ ᠬᠤᠷᠠᠯ ᠡᠴᠠ ᠬᠢᠨᠠᠨ ᠵᠦᠪᠯᠡᠵᠤ ᠪᠠᠲᠤᠯᠠᠪᠠ)


ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠪᠣᠯᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ᠂ ᠡᠯ᠎ᠡ ᠲᠤᠰᠭᠠᠢ ᠵᠥᠪᠯᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠤᠨ᠂ ᠰᠠᠨᠠᠯ ᠳᠤᠷᠠᠳᠤᠯᠭ᠎ᠠ᠎ᠶ᠋ᠢᠨ ᠠᠷᠭ᠎ᠠ ᠬᠡᠯᠪᠡᠷᠢ᠎ᠶ᠋ᠢ ᠢᠳᠡᠪᠬᠢᠲᠡᠢ ᠠᠱᠢᠭ᠍ᠯᠠᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠪᠡ᠃

2024 ᠣᠨ᠎ᠤ 1 ᠰᠠᠷ᠎ᠠ᠎ᠶ᠋ᠢᠨ 31 ᠤ᠋ ᠡᠳᠦᠷ᠎ᠦᠨ 12 ᠴᠠᠭ ᠪᠣᠯᠲᠠᠯ᠎ᠠ᠂ ᠶᠡᠬᠡ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠨᠡᠢᠲᠡ 1104 ᠬᠤᠪᠢ ᠭᠥᠯᠢᠶᠡᠨ ᠠᠪᠴᠤ᠌᠂《ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ》ᠢ᠋ ᠦᠨᠳᠦᠰᠦᠯᠡᠨ᠂ ᠬᠢᠨᠠᠨ ᠪᠠᠢᠴᠠᠭᠠᠬᠤ ᠪᠠᠷ ᠲᠠᠮᠵᠢᠨ 104 ᠬᠤᠪᠢ ᠰᠠᠨᠠᠯ ᠲᠤᠷᠠᠲᠤᠯᠭ᠎ᠠ᠎ᠶᠢ ᠨᠡᠢᠳᠬᠡᠨ ᠰᠢᠢᠳᠪᠤᠷᠢᠯᠠᠵᠤ ᠂ 66 ᠬᠤᠪᠢ ᠮᠡᠳᠡᠭᠡ ᠵᠠᠩᠭᠢ ᠪᠠ ᠰᠠᠨᠠᠯ ᠰᠠᠨᠠᠭᠤᠯᠭ᠎ᠠ᠎ᠶ᠋ᠢ ᠱᠢᠯᠵᠢᠭᠦᠯᠦᠨ᠂ 934 ᠬᠤᠪᠢ᠎ᠶ᠋ᠢ ᠰᠠᠨᠠᠯ ᠲᠤᠷᠠᠲᠤᠯᠭ᠎ᠠ ᠪᠣᠯᠭᠠᠨ ᠳᠡᠩᠰᠡᠯᠡᠪᠡ᠃ ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ᠂ ᠭᠡᠱᠢᠭᠦᠨ ᠤ᠋ ᠬᠤᠪᠢ ᠬᠥᠮᠦᠨ ᠤ᠋ ᠰᠠᠨᠠᠯ ᠲᠤᠷᠠᠲᠤᠯᠭ᠎ᠠ ᠪᠠ  ᠨᠡᠷ᠎ᠡ ᠬᠣᠯᠪᠣᠭᠠᠯᠠᠭᠰᠠᠨ ᠰᠠᠨᠠᠯ ᠳᠤᠷᠠᠳᠤᠯᠭ᠎ᠠ 687 ᠬᠤᠪᠢ ᠪᠠᠢᠵᠤ᠂ 73.6% ᠵᠢ ᠡᠵᠡᠯᠡᠪᠡ;ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠷᠠᠳ᠎ᠤᠨ ᠪᠦᠯᠬᠦᠮ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠦᠪᠯᠡᠯ ᠪᠠ ᠡᠲᠡᠭᠡᠳ᠎ᠢᠯᠭᠠᠯ᠎ᠤᠨ ᠳᠤᠷᠠᠳᠤᠭ᠍ᠰᠠᠨ ᠰᠠᠨᠠᠯ ᠲᠤᠷᠠᠲᠤᠯᠭ᠎ᠠ 247 ᠬᠤᠪᠢ ᠪᠠᠢᠵᠤ᠂ 26.4% ᠎ᠶ᠋ᠢ ᠡᠵᠡᠯᠡᠪᠡ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ 148 ᠬᠤᠪᠢ ᠰᠠᠨᠠᠯ ᠳᠤᠷᠠᠳᠤᠯᠭ᠎ᠠ ᠳᠤᠷᠠᠳᠴᠤ᠌᠂ 15.9% ᠎ᠶ᠋ᠢ ᠡᠵᠡᠯᠡᠪᠡ;ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠳᠦᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ 103 ᠬᠤᠪᠢ ᠰᠠᠨᠠᠯ ᠳᠤᠷᠠᠳᠤᠯᠭ᠎ᠠ ᠳᠤᠷᠠᠳᠴᠤ᠌᠂ 11.0%᠎ᠶᠢ ᠡᠵᠡᠯᠡᠪᠠ;ᠤᠯᠤᠰ᠎ᠤᠨ ᠴᠢᠬᠤᠯᠠ ᠡᠨᠧᠷᠭᠢ᠎ᠶ᠋ᠢᠨ ᠰᠤᠷᠪᠤᠯᠵᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ 152 ᠬᠤᠪᠢ ᠰᠠᠨᠠᠯ ᠲᠤᠷᠠᠲᠤᠯᠭ᠎ᠠ ᠳᠤᠷᠠᠳᠴᠤ᠌᠂ 16.3% ᠎ᠶ᠋ᠢ ᠡᠵᠡᠯᠡᠵᠠᠢ; ᠤᠯᠤᠰ᠎ᠤᠨ  ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ ᠎ᠤ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ 131 ᠬᠤᠪᠢ ᠰᠠᠨᠠᠯ ᠲᠤᠷᠠᠲᠤᠯᠭ᠎ᠠ ᠳᠤᠷᠠᠳᠴᠤ᠌᠂ 14.0% ᠎ᠢ ᠡᠵᠡᠯᠡᠪᠡ;ᠤᠯᠤᠰ᠎ᠤᠨ ᠤᠮᠠᠷᠠᠰᠢ ᠨᠡᠭᠡᠭᠡᠯᠲᠡ ᠬᠢᠬᠦ᠌  ᠴᠢᠬᠤᠯᠠ ᠪᠡᠬᠢᠯᠡᠯᠲᠡ ᠵᠢ  ᠪᠦᠳᠦᠭᠡᠨ ᠪᠠᠢᠭᠤᠯᠬᠤ ᠳ᠋ᠤ ᠬᠦᠴᠦᠨ ᠨᠡᠮᠡᠷᠢᠯᠡᠬᠦ ᠲᠠᠯ᠎ᠠ᠎ᠪᠠᠷ 112 ᠬᠤᠪᠢ ᠰᠠᠨᠠᠯ ᠳᠤᠷᠠᠳᠤᠯᠭ᠎ᠠ ᠳᠤᠷᠠᠳᠴᠤ᠌᠂ 12.0%᠎ᠶᠢ ᠡᠵᠡᠯᠠᠵᠠᠢ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ ᠬᠢ ᠰᠠᠨᠠᠯ ᠳᠤᠷᠠᠳᠤᠯᠭ᠎ᠠ 182 ᠬᠤᠪᠢ ᠪᠠᠢᠵᠤ᠂ 19.5% ᠎ᠶ᠋ᠢ ᠡᠵᠡᠯᠡᠪᠡ; ᠪᠤᠰᠤᠳ ᠲᠠᠯ᠎ᠠ᠎ᠲᠠᠶ ᠤᠶᠠᠯᠳᠤᠭᠤᠯᠤᠭᠰᠠᠨ ᠰᠠᠨᠠᠯ ᠲᠤᠷᠠᠳᠤᠯᠭ᠎ᠠ 106 ᠬᠤᠪᠢ ᠪᠠᠢᠵᠤ᠂ 11.3% ᠶ᠋ᠢ ᠡᠵᠡᠯᠡᠵᠠᠢ᠃

ᠲᠤᠰ ᠤᠳᠠᠭ᠎ᠠ ᠵᠢᠨ ᠬᠤᠷᠠᠯ ᠳᠡᠭᠡᠷ᠎ᠡ᠂ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》ᠢ᠋ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ ᠤ᠋ᠨ ᠪᠠᠢᠷᠢᠯᠠᠭᠤᠯᠤᠯᠲᠠ᠎ᠶᠢ ᠨᠠᠢᠲᠠᠪᠤᠷᠢᠵᠢᠭᠤᠯᠤᠨ᠂ ᠪᠦᠬᠦ᠌ ᠲᠠᠯ᠎ᠠ᠎ᠶ᠋ᠢᠨ ᠭᠤᠤᠯᠳᠠᠯᠭ᠎ᠠ᠎ᠶ᠋ᠢ ᠣᠨᠣᠪᠴᠢᠲᠠᠶ ᠣᠯᠬᠤ᠂ ᠱᠠᠲᠤ ᠦᠶ᠎ᠡ᠎ᠶ᠋ᠢᠨ ᠴᠢᠬᠤᠯᠠ ᠵᠦᠶ᠋ᠯ ᠪᠠ ᠣᠯᠠᠨ ᠲᠦᠮᠡᠨ᠎ᠦ ᠬᠦᠰᠡᠯ ᠡᠷᠡᠮᠡᠯᠵᠡᠯ᠂ ᠨᠢᠭᠡ ᠪᠦᠯᠦᠭ ᠪᠠᠷᠠᠯᠠᠯᠳᠤ ᠴᠢᠨᠠᠷ ᠂ ᠴᠢᠭᠯᠡᠬᠦᠯᠦᠯᠳᠦ ᠴᠢᠨᠠᠷ ᠲᠠᠢ᠂ ᠬᠡᠷᠡᠭ᠌ᠵᠢᠭᠦᠯᠵᠦ᠍ ᠪᠣᠯᠬᠤᠢᠴᠠ ᠰᠠᠨᠠᠯ ᠲᠤᠷᠠᠲᠤᠯᠭ᠎ᠠ ᠵᠢ ᠲᠤᠷᠠᠳᠴᠠᠢ᠃ ᠡᠳᠡᠭᠡᠷ ᠰᠠᠨᠠᠯ ᠲᠤᠷᠠᠲᠤᠯᠭ᠎ᠠ ᠨᠢ ᠥᠷᠭᠡᠨ ᠤᠯᠠᠨ ᠭᠡᠱᠢᠭᠦᠳ᠎ᠦᠨ ᠤᠶᠤᠨ ᠤᠬᠠᠭᠠᠨ ᠪᠠ ᠬᠦᠴᠦ᠍ ᠬᠥᠯᠥᠰᠥ᠍ ᠵᠢ ᠰᠢᠩᠭᠡᠭᠡᠵᠦ᠂  ᠬᠡᠰᠢᠬᠦᠳ᠎ᠤᠨ ᠤᠯᠤᠰ᠎ᠤᠨ ᠲᠥᠯᠥᠭᠡ ᠲᠤᠱᠢᠶᠠᠯ᠎ᠢᠶᠠᠨ ᠭᠦᠶ᠋ᠴᠡᠳᠭᠡᠬᠦ ᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠰᠡᠳᠭᠢᠯᠭᠡ ᠪᠠ ᠡᠭᠦᠷᠭᠡᠯᠡᠯ᠎ᠢ ᠢᠯᠡᠷᠡᠬᠦᠯᠵᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭᠳᠠᠷᠠᠭᠤᠯᠵᠠᠢ᠃

ᠬᠤᠷᠠᠯ᠎ᠤᠨ ᠬᠤᠭᠤᠴᠠᠭᠠᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌ ᠲᠤᠬᠠᠶ ᠬᠡᠰᠡᠭ ᠰᠠᠨᠠᠯ ᠳᠤᠷᠠᠳᠤᠯᠭ᠎ᠠ᠎ᠶ᠋ᠢ ᠵᠣᠬᠢᠶᠠᠨ ᠪᠠᠢᠭᠤᠯᠤᠨ ᠬᠤᠷᠠᠯ᠎ᠳᠤ ᠲᠤᠱᠢᠶᠠᠨ ᠱᠢᠶ᠋ᠳᠪᠦᠷᠢᠯᠡᠭᠦᠯᠵᠦ᠍᠂ ᠵᠥᠪᠯᠡᠬᠦ᠌ ᠰᠡᠳᠦᠪ᠎ᠨᠢ ᠠᠳᠠᠯᠢᠬᠠᠨ ᠰᠠᠨᠠᠯ ᠳᠤᠷᠠᠳᠤᠯᠭ᠎ᠠ᠎ᠶ᠋ᠢ ᠨᠡᠢᠯᠡᠭᠦᠯᠦᠭᠰᠡᠨ᠎ᠦ ᠳᠠᠷᠠᠭ᠎ᠠ 《ᠨᠢᠭᠡ ᠴᠤᠭᠴᠠ 》 ᠪᠡᠷ ᠲᠤᠱᠢᠶᠠᠨ ᠱᠢᠶ᠋ᠳᠪᠦᠷᠢᠯᠡᠭᠦᠯᠦᠨ᠎ᠡ᠂ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠲᠠᠯ᠎ᠠ᠂ ᠱᠠᠯᠠᠪᠳᠠᠭᠤᠯᠤᠨ ᠭᠦᠶ᠋ᠴᠡᠳᠭᠡᠯᠭᠡᠬᠦ᠌ ᠲᠠᠯ᠎ᠠ ᠪᠣᠯᠤᠨ ᠭᠦᠶ᠋ᠴᠡᠳᠭᠡᠬᠦ᠌ ᠲᠠᠯ᠎ᠠ᠎ᠶ᠋ᠢᠨ ᠲᠥᠯᠥᠭᠡᠯᠡᠭ᠌ᠴᠢᠳ ᠬᠠᠮᠲᠤ᠎ᠪᠠᠷ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠠᠷᠢᠭᠤᠴᠠᠯᠭ᠎ᠠ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠵᠠᠢ᠃

ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠶ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ᠂ ᠡᠯ᠎ᠡ ᠰᠠᠨᠠᠯ ᠳᠤᠷᠠᠳᠤᠯᠭ᠎ᠠ᠎ᠶ᠋ᠢ ᠳᠠᠭᠠᠭᠠᠨ ᠭᠦᠢᠴᠡᠳᠭᠡᠬᠦ᠌ ᠨᠢᠭᠡᠴᠢ᠎ᠳᠦ ᠲᠤᠰ ᠲᠤᠰ ᠬᠦᠷᠭᠡᠨ ᠱᠢᠶ᠋ᠳᠪᠦᠷᠢᠯᠡᠭᠦᠯᠬᠦ᠌ ᠪᠣᠯᠤᠨ᠎ᠠ᠃ ᠲᠣᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠵᠢᠨ ᠬᠢᠵᠠᠭᠠᠷᠯᠠᠯ᠎ᠤᠨ ᠴᠠᠭ᠎ᠠᠴᠠ ᠰᠡᠭᠦᠯᠡᠷ ᠬᠣᠷᠢᠶᠠᠨ ᠣᠯᠤᠭ᠍ᠰᠠᠨ ᠰᠠᠨᠠᠯ ᠳᠤᠷᠠᠳᠤᠯᠭ᠎ᠠ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠠᠷ ᠴᠠᠭ ᠲᠤᠬᠠᠶ᠎ᠳᠤᠨᠢ ᠬᠢᠨᠠᠨ ᠪᠠᠢᠴᠠᠭᠠᠵᠤ ᠱᠢᠶ᠋ᠳᠪᠦᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号