— ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠬᠡᠰᠡᠭ ᠦᠵᠡᠭᠳᠡᠯ

ᠶᠡᠬᠡ ᠬᠤᠷᠠᠯ᠎ᠤᠨ ᠲᠠᠯᠠᠪᠠᠶ
2 ᠰᠠᠷ᠎ᠠ᠎ᠶ᠋ᠢᠨ 2 ᠤ᠋ᠨ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠲᠠᠭᠤᠰᠬᠠᠵᠤ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠢᠯᠠᠯᠲᠠ᠎ᠲᠠᠶ ᠲᠡᠭᠦᠰᠪᠡ᠃ ᠲᠤᠰ ᠤᠳᠠᠭ᠎ᠠ᠎ᠶ᠋ᠢᠨ ᠶᠡᠬᠡ ᠬᠤᠷᠠᠯ᠎ᠠᠴᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠵᠢᠨ ᠠᠵᠢᠯ᠎ᠤᠨ ᠮᠡᠳᠡᠭᠦᠯᠦᠯᠲᠡ ᠵᠡᠷᠭᠡ 6 ᠮᠡᠳᠡᠬᠦᠯᠤᠯᠳᠠ᠎ᠶ᠋ᠢ ᠬᠢᠨᠠᠨ ᠵᠥᠪᠯᠡᠵᠦ᠍ ᠵᠦᠪᠰᠢᠶᠠᠷᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ᠎ᠵᠢᠨ ᠬᠠᠤᠯᠢ ᠲᠣᠭ᠍ᠲᠠᠭᠠᠬᠤ ᠲᠦᠷᠢᠮ᠎ᠳᠦ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠨ᠂ ᠰᠣᠩᠭᠣᠭᠤᠯᠢ᠎ᠶ᠋ᠢᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠤᠷᠠᠯ᠎ᠤᠨ ᠬᠤᠭᠤᠴᠠᠭᠠᠨ᠎ᠳᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠣᠭ᠍ᠰᠠᠨ ᠡᠬᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠠᠷᠠᠳᠴᠢᠯᠠᠯ᠎ᠢ ᠪᠠᠳᠠᠷᠠᠭᠤᠯᠵᠤ᠂ ᠬᠠᠷᠢᠭᠤᠴᠠᠯᠭᠠᠡᠭᠦᠷᠭᠡᠯᠡᠨ᠂ ᠠᠷᠭ᠎ᠠ ᠤᠬᠠᠭᠠᠨ ᠭᠠᠷᠭᠠᠵᠤ ᠠᠷᠭ᠎ᠠ ᠪᠤᠳᠤᠯᠭ᠎ᠠ ᠲᠠᠪᠰᠢᠬᠦᠯᠤᠨ᠂ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠳᠡᠯᠴᠡᠪᠠ᠃ ᠲᠦᠯᠦᠭᠡᠯᠡᠭᠴᠢᠳ ᠡᠷᠭᠡᠪᠰᠢ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠵᠤ᠂ ᠱᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠵᠡᠭᠡᠪᠠ᠃

ᠤᠷᠮᠠᠰᠢᠨ ᠵᠣᠷᠢᠭ᠍ᠵᠢᠨᠠ

ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠠᠬᠦ ᠵᠠᠮ

ᠲᠥᠪ ᠴᠢᠩᠭ᠎ᠠ᠎ᠪᠠᠷ ᠲᠠᠩᠭᠠᠷᠢᠭ᠍ᠯᠠᠨᠠ

ᠲᠥᠯᠥᠭᠡᠯᠡᠭ᠌ᠴᠢ ᠥᠭᠡ ᠭᠡᠯᠡᠨ᠎ᠠ

ᠰᠠᠨᠠᠯ ᠵᠢᠡᠨ ᠰᠤᠯᠢᠯᠴᠠᠨ᠎ᠠ

ᠤᠯᠤᠰ᠎ᠤᠨ ᠰᠦᠯᠳᠡ ᠳᠠᠭᠤᠤ ᠳᠠᠭᠤᠯᠠᠨ᠎ᠠ

ᠱᠢᠨ᠎ᠡ ᠠᠶᠠᠨ᠎ᠳᠠᠭᠠᠨ ᠮᠣᠷᠳᠠᠨ᠎ᠠ
ᠵᠤᠬᠢᠶᠠᠯ᠄
ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠬᠤᠤ
ᠵᠢᠷᠤᠭ᠄
ᠲᠤᠰ ᠰᠣᠨᠢᠨ᠎ᠤ ᠰᠤᠷᠪᠤᠯᠵᠢᠯᠠᠭ᠍ᠴᠢ
ᠬᠠᠨ ᠴᠢᠩ ᠯᠢ
ᠮᠠ ᠵᠢᠶᠠᠨ ᠴᠢᠤᠸᠠᠨ
ᠮᠦᠩᠬᠡᠴᠢᠯᠠᠭᠤ
ᠸᠠᠩ ᠯᠸᠢ