ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ ᠰᠢᠨ᠎ᠠ ᠠᠶᠠᠨ ᠎ᠢ ᠡᠬᠢᠯᠡᠬᠦᠯᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠵᠤ ᠠᠮᠠᠯᠠᠯᠲᠠ ᠪᠠᠨ ᠦᠶ᠋ᠯᠡᠳᠦᠯᠭᠡᠵᠢᠭᠦᠯᠦᠨ᠎ᠡ
2024-02-03 13:50:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠤ᠋ᠨ ᠬᠡᠰᠡᠭ ᠦᠵᠡᠭᠲᠠᠯ


2 ᠰᠠᠷ᠎ᠠ᠎ᠶ᠋ᠢᠨ 2  ᠤ᠋ᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠲᠠᠭᠤᠰᠬᠠᠵᠦ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠢᠯᠠᠯᠳᠠ ᠎ᠲᠠᠶ ᠲᠡᠭᠦᠰᠪᠡ᠃


QQ截图20240203135245.png


ᠶᠡᠬᠡ ᠬᠤᠷᠠᠯ᠎ᠤᠨ  ᠠᠬᠤᠢ ᠲᠠᠯᠠᠪᠠᠶ


ᠬᠤᠷᠠᠯ᠎ᠤᠨ ᠬᠤᠭᠤᠴᠠᠭᠠᠨ᠎ᠳᠤ᠂ ᠪᠥᠬᠥ᠌ ᠭᠡᠱᠢᠭᠦᠳ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠡᠷᠭᠡ᠎ᠶ᠋ᠢ ᠭᠦᠨᠵᠡᠭᠡᠶ ᠶᠠᠷᠢᠯᠴᠠᠵᠤ᠂ ᠶᠡᠬᠡ ᠬᠤᠷᠠᠯ᠎ᠤᠨ ᠰᠣᠩᠭᠣᠭᠤᠯᠢ᠎ᠶ᠋ᠢᠨ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠵᠠᠢ᠃ ᠭᠡᠱᠢᠭᠦᠳ ᠬᠡᠬᠦᠳᠡᠭ ᠳᠦᠭᠦᠷᠡᠩ ᠤᠯᠤᠰ ᠲᠥᠷᠥ᠎ᠶ᠋ᠢᠨ ᠬᠠᠯᠠᠭᠤᠨ ᠰᠡᠳᠭᠢᠯᠭᠡ᠂ ᠴᠣᠭ ᠪᠠᠳᠠᠷᠠᠩᠭᠤᠶ ᠣᠶᠤᠨ ᠰᠠᠨᠠᠭᠠᠨ᠎ᠤ ᠳᠦᠷᠰᠦ ᠪᠠᠢᠳᠠᠯ᠂  ᠦᠨᠡᠨ ᠪᠣᠳᠠᠲᠠᠶ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠶᠡᠷᠦᠩᠬᠡᠶ ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ ᠪᠣᠯᠤᠨ ᠠᠷᠠᠳ ᠣᠯᠠᠨ᠎ᠤ ᠬᠦᠰᠡᠯ ᠡᠷᠡᠮᠡᠯᠵᠡᠯ᠎ᠦᠨ ᠲᠣᠭᠣᠷᠢᠨ᠎ᠳᠤ ᠢᠳᠡᠪᠬᠢᠲᠡᠶ᠎ᠪᠡᠷ ᠰᠠᠨᠠᠯ ᠲᠤᠷᠠᠲᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》᠎ᠢ ᠪᠤᠳᠤᠯᠬᠢᠯᠠᠬᠤ᠂ ᠡᠭᠦᠷᠭᠡ ᠬᠠᠷᠢᠭᠤᠴᠠᠯᠭ᠎ᠠ᠎ᠪᠠᠨ ᠴᠢᠩ ᠦᠨᠡᠨᠴᠢ᠎ᠪᠡᠷ ᠭᠦᠶ᠋ᠴᠡᠳᠭᠡᠬᠦ᠌᠂ ᠢᠳᠡᠪᠬᠢᠲᠡᠶ ᠵᠢᠳᠬᠦᠯ ᠴᠢᠷᠮᠠᠢᠯᠭ᠎ᠠ ᠭᠠᠷᠭᠠᠬᠤ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ ᠪᠣᠯᠤᠨ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠭᠦᠶ᠋ᠴᠡᠳ ᠢᠯᠡᠷᠡᠭᠦᠯᠪᠡ᠃

1 ᠰᠠᠷ᠎ᠠ᠎ᠶ᠋ᠢᠨ 31 ᠤ᠋ ᠡᠳᠦᠷ᠎ᠦᠨ 12 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠨᠡᠢᠲᠡ 1104 ᠬᠤᠪᠢ ᠰᠠᠨᠠᠯ ᠳᠤᠷᠠᠳᠤᠯᠭ᠎ᠠ ᠬᠤᠷᠢᠶᠠᠵᠠᠢ᠃ ᠬᠢᠨᠠᠨ ᠪᠠᠢᠴᠠᠭᠠᠬᠤ ᠪᠠᠷ ᠲᠠᠮᠵᠢᠨ 934 ᠬᠤᠪᠢ ᠰᠠᠨᠠᠯ ᠲᠤᠷᠠᠲᠤᠯᠭ᠎ᠠ᠎ᠶᠢ ᠳᠠᠩᠰᠠᠯᠠᠵᠠᠢ᠃


QQ截图20240203135409.png


ᠰᠠᠨᠠᠯ᠎ᠢᠶᠡᠨ ᠰᠤᠯᠢᠯᠴᠠᠨ᠎ᠠ


QQ截图20240203135357.png


ᠮᠡᠳᠡᠭᠦᠯᠦᠯᠲᠡ᠎ᠶ᠋ᠢ ᠰᠣᠨᠣᠰᠤᠨ᠎ᠠ



QQ截图20240203135342.png


ᠠᠯᠠᠭ᠎ᠠ ᠲᠠᠱᠢᠵᠤ ᠪᠠᠲᠤᠯᠠᠨ᠎ᠠ


QQ截图20240203135331.png


ᠠᠷᠢᠭᠤᠨ ᠲᠠᠷᠬᠠᠨ ᠨᠢᠭᠡ ᠪᠢᠯᠧᠲ


QQ截图20240203135321.png


ᠭᠡᠱᠢᠭᠦᠳ᠎ᠦᠨ ᠰᠤᠷᠪᠤᠯᠵᠢᠯᠠᠭ᠎ᠠ ᠬᠦᠯᠢᠶᠠᠬᠦ  ᠵᠠᠮ



QQ截图20240203135306.png


ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠠᠮᠠᠯᠠᠯᠲᠠ᠎ᠶ᠋ᠢᠨ ᠪᠢᠴᠢᠭ ᠲᠸ᠋ ᠭᠠᠷ᠎ᠤᠨ ᠥᠰᠥᠭ ᠵᠢᠷᠤᠨ᠎ᠠ


QQ截图20240203135257.png


ᠳᠤᠭᠤᠢᠯᠠᠩ ᠬᠤᠪᠢᠶᠠᠵᠤ ᠶᠠᠷᠢᠯᠴᠠᠨ᠎ᠠ


4938748_alm_1706896572169_m.jpg


ᠢᠲᠡᠭᠡᠯ ᠳᠦᠭᠦᠷᠡᠩ ᠬᠤᠷᠠᠯ᠎ᠤᠨ ᠲᠠᠯᠠᠪᠠᠶ ᠡᠴᠠ ᠭᠠᠷᠤᠨ᠎ᠠ


ᠵᠤᠬᠢᠶᠠᠯ᠄ 

     ᠲᠤᠰ ᠰᠣᠨᠢᠨ᠎ᠤ ᠰᠤᠷᠪᠤᠯᠵᠢᠯᠠᠭ᠍ᠴᠢ 

     ᠴᠧᠨ ᠴᠦᠨ ᠶᠠᠨ

ᠵᠢᠷᠤᠭ᠄ 

     ᠲᠤᠰ ᠰᠣᠨᠢᠨ᠎ᠤ ᠰᠤᠷᠪᠤᠯᠵᠢᠯᠠᠭ᠍ᠴᠢ 

     ᠶ᠋ᠢᠨ ᠴᠢᠤᠸᠠᠨ  

     ᠶᠠᠨ ᠴᠧᠨ ᠭᠤᠸᠠᠩ  

     ᠸᠠᠩ ᡁᠢ ᠬᠤᠸᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号