ᠠᠷᠠᠳ᠎ᠤᠨ ᠠᠮᠢᠳᠤᠷᠠᠯ᠎ᠤᠨ ᠬᠠᠷᠢᠭᠤᠯᠳᠠ ᠵᠢᠨ ᠬᠠᠭᠤᠳᠠᠰᠦ ᠵᠢ ᠰᠡᠳᠬᠢᠯ ᠲᠠᠯᠪᠢᠨ ᠰᠠᠢᠳᠤᠷ ᠪᠢᠴᠢᠭᠯᠡᠶ᠎ᠡ
2024-02-03 13:16:00
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠦᠢ ᠣᠯᠠᠨ ᠶᠠᠪᠤᠳᠠᠯ ᠡᠴᠡ ᠦᠷᠭᠡᠨ ᠲᠦᠮᠡᠨ᠎ᠤ ᠠᠮᠢᠲᠣᠷᠠᠯ ᠪᠣᠯ ᠬᠠᠮᠤᠭ᠎ᠤᠨ ᠶᠡᠬᠡ ᠶᠠᠪᠣᠲᠠᠯ ᠪᠣᠯᠠᠢ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 33 ᠵᠣᠷᠪᠣᠰ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠ᠎ᠶ᠋ᠢ ᠵᠢᠭ᠍ᠰᠠᠭᠠᠵᠦ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠎ᠡᠴᠡ ᠨᠠᠰᠤᠵᠢᠯ᠎ᠤᠨ ᠠᠰᠠᠷᠠᠮᠵᠢ᠂ ᠠᠮᠣᠭᠣᠯᠠᠩ ᠰᠠᠭᠤᠴᠠ᠂ ᠳᠤᠯᠠᠭᠠᠯᠠᠭ᠎ᠠ ᠬᠠᠩᠭᠠᠬᠤ ᠬᠦᠷᠲᠡᠯ᠎ᠡ ᠁ ᠣᠯᠠᠨ ᠲᠦᠮᠡᠨ᠎ᠤ ᠪᠠᠴᠢᠮᠲᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠣᠲᠠᠯ ᠪᠣᠯᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠢᠷ ᠵᠣᠪᠠᠭᠣᠷᠢ᠎ᠶᠢ ᠰᠢᠢᠳᠪᠦᠷᠢᠯᠡᠬᠦ ᠪᠡᠷ ᠬᠠᠷᠠᠯᠲᠠ ᠴᠢᠭᠯᠡᠯ ᠪᠣᠯᠭᠠᠵᠦ᠂ ᠶᠠᠪᠤᠳᠠᠯ ᠪᠣᠯᠭᠠᠨ ᠳ᠋ᠦ ᠠᠷᠠᠳ ᠤᠯᠠᠨ᠎ᠢ ᠠᠩᠬᠠᠷᠣᠨ ᠬᠠᠯᠠᠮᠵᠢᠯᠠᠵᠦ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠦ ᠨᠢᠭᠡᠳ ᠨᠢᠭᠡ᠎ᠪᠡᠷ ᠬᠠᠷᠢᠭᠤᠯᠲᠠ ᠥᠭ᠌ᠴᠦ᠂ ᠨᠠᠮ ᠵᠠᠰᠠᠬ᠎ᠤᠨ ᠦᠨᠡᠨᠴᠢ ᠰᠡᠳᠭᠢᠯ ᠲᠣᠲᠣᠨᠣ ᠬᠠᠯᠠᠮᠵᠢᠯᠠᠯ᠎ᠢ ᠲᠠᠮᠵᠢᠭᠣᠯᠣᠬᠰᠠᠨ ᠪᠠᠢᠨ᠎ᠠ ᠃

ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠦᠨᠳᠦᠰᠦᠨ ᠵᠣᠷᠢᠯᠭ᠎ᠠ ᠪᠣᠯᠤᠨ᠎ᠠ᠃ ᠠᠪᠣᠨ ᠦᠵᠡᠬᠦ᠌᠎ᠳᠦ ᠶᠠᠯᠢᠮ ᠦᠭᠡᠢ ᠵᠢᠭᠠᠬᠠᠨ ᠠᠷᠠᠳ᠎ᠤᠨ ᠠᠮᠢᠳᠤᠷᠠᠯ᠎ᠤᠨ 《ᠵᠢᠵᠢᠭ ᠶᠠᠪᠤᠳᠠᠯ》 ᠨᠢ ᠶᠡᠷᠦ ᠠᠷᠠᠳ ᠤᠯᠠᠨ᠎ᠤ ᠬᠠᠮᠤᠭ᠎ᠠᠴᠠ ᠠᠩᠬᠠᠷᠣᠨ ᠬᠠᠯᠠᠮᠵᠢᠯᠠᠵᠦ ᠪᠠᠢᠭ᠎ᠠ ᠲᠣᠮᠣ ᠶᠠᠪᠤᠳᠠᠯ ᠪᠠᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠬᠠᠢ ᠠᠷᠠᠳ ᠣᠯᠠᠨ᠎ᠤ ᠬᠦᠰᠡᠯ ᠡᠷᠡᠮᠡᠯᠵᠡᠯ᠎ᠢ ᠠᠴᠢᠶᠠᠯᠠᠵᠤ᠂ ᠰᠠᠢᠨ ᠰᠠᠢᠬᠠᠨ ᠠᠮᠢᠳᠤᠷᠠᠯ᠎ᠤᠨ ᠲᠤᠬᠠᠢ ᠠᠷᠠᠳ ᠣᠯᠠᠨ᠎ᠤ ᠬᠦᠰᠡᠯ ᠪᠣᠲᠣᠯ᠎ᠢ ᠲᠦᠯᠦᠭᠡᠯᠡᠵᠦ ᠪᠠᠢᠳᠠᠭ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ᠂ ᠠᠷᠠᠳ ᠤᠯᠠᠨ᠎ᠤ ᠬᠠᠮᠤᠭ᠎ᠠᠴᠠ ᠰᠡᠳᠭᠢᠯ ᠲᠠᠯᠪᠢᠵᠤ ᠪᠠᠢᠭ᠎ᠠ ᠬᠠᠮᠤᠭ᠎ᠤᠨ ᠱᠢᠭᠤᠳ ᠮᠦᠷᠲᠡᠭᠡᠨ ᠬᠠᠮᠤᠭ᠎ᠤᠨ ᠪᠣᠳᠠᠲᠠᠶ ᠠᠱᠢᠭ ᠲᠤᠰᠠ᠎ᠶ᠋ᠢᠨ ᠠᠰᠠᠭᠤᠳᠠᠯ᠎ᠢ ᠠᠳᠭᠤᠵᠤ᠂ ᠴᠢᠳᠠᠯ᠎ᠤᠨ᠎ᠢᠶᠠᠨ ᠬᠢᠷᠢ ᠪᠡᠷ ᠴᠢᠷᠮᠠᠢᠵᠦ ᠬᠦᠴᠦ ᠮᠡᠳᠡᠨ ᠵᠢᠳᠬᠦᠵᠦ᠂ ᠣᠴᠢᠷ ᠶᠠᠪᠣᠲᠠᠯ᠎ᠢ ᠨᠢᠭᠡᠳ ᠨᠢᠭᠡ ᠪᠡᠷ ᠰᠢᠢᠳᠪᠦᠷᠢᠯᠡᠵᠦ᠂ ᠠᠯᠬᠣᠮ ᠲᠠᠷᠠᠭ᠎ᠠ ᠲᠠᠢ ᠬᠢᠬᠦ᠌ ᠬᠡᠷᠡᠭ᠌ᠲᠡᠶ᠃ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠠᠷᠠᠳ ᠲᠦᠮᠡᠨ᠎ᠳᠦ ᠬᠦᠷᠲᠡᠭᠡᠵᠦ᠍᠂ ᠠᠷᠠᠳ ᠤᠯᠠᠨ᠎ᠤ ᠠᠮᠢᠳᠤᠷᠠᠯ᠎ᠢ ᠡᠳᠦᠷ᠎ᠡᠴᠡ ᠡᠳᠦᠷ ᠰᠠᠢᠵᠢᠷᠠᠭᠤᠯᠬᠤ ᠡᠰᠡᠬᠦ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠨᠠᠷ ᠴᠢᠨᠰᠠᠭ᠎ᠠ᠎ᠶ᠋ᠢ ᠴᠠᠭ ᠢᠮᠠᠭ᠍ᠲᠠ ᠱᠢᠯᠭᠠᠵᠤ ᠪᠠᠢᠲᠠᠬ᠃

ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯ ᠢᠮᠠᠭ᠍ᠲᠠ ᠴᠢᠬᠤᠯᠠ ᠶᠠᠪᠤᠳᠠᠯ ᠪᠠᠢᠵᠦ᠂ ᠡᠷᠬᠡᠪᠰᠢ ᠪᠣᠳᠠᠲᠠᠢ᠎ᠪᠠᠷ ᠰᠠᠢᠲᠤᠷ ᠬᠢᠬᠦ᠌ ᠬᠡᠷᠡᠭ᠌ᠲᠡᠢ᠃ 《ᠴᠠᠭ ᠢᠮᠠᠭ᠍ᠲᠠ ᠰᠠᠨᠠᠭᠠᠰᠢᠷᠠᠬᠣ》ᠭᠡᠬᠦ᠌ ᠪᠤᠳᠤᠯ᠎ᠢᠶᠠᠷ ᠪᠣᠳᠠᠲᠠᠢ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠌᠂ 《ᠬᠤᠸᠠᠷ ᠬᠠᠳᠭᠤᠬᠤ ᠡᠷᠳᠡᠮ》 ᠭᠠᠷᠭᠠᠵᠤ᠂  ᠪᠣᠳᠠᠲᠣ ᠶᠠᠪᠤᠳᠠᠯ᠎ᠢ ᠦᠨᠡᠨ ᠬᠦ᠌ ᠰᠠᠢᠲᠤᠷ ᠬᠢᠵᠦ᠍᠂ ᠰᠠᠢ᠌ᠨ ᠶᠠᠪᠤᠳᠠᠯ᠎ᠢ ᠪᠣᠳᠠᠲᠠᠢ ᠬᠢᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠲᠠᠰᠤᠷᠠᠯᠳᠡ ᠦᠭᠡᠢ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠠᠵᠢᠯ᠎ᠤᠨ ᠦᠷ᠎ᠡ ᠪᠦᠲᠦᠮᠵᠢ᠎ᠪᠡᠷ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠢ ᠵᠢᠷᠤᠭ᠍ᠯᠠᠬᠤ ᠬᠡᠷᠡᠭ᠌ᠲᠡᠢ᠃

ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠣᠷ ᠬᠢᠭᠰᠡᠨ ᠡᠰᠡᠬᠦ᠌ ᠳ᠋ᠦ ᠠᠷᠠᠳ ᠤᠯᠠᠨ ᠦᠪᠡᠰᠦᠪᠡᠨ ᠬᠡᠮ ᠪᠠᠷᠢᠮᠵᠢᠶ᠎ᠠ᠎ᠲᠡᠶ ᠪᠢᠯᠡ᠃ ᠦᠨᠡᠨᠴᠢ ᠰᠡᠳᠭᠢᠯᠭᠡ᠂ ᠡᠬᠦᠷᠭᠡ ᠬᠠᠷᠢᠭᠤᠴᠠᠯᠭ᠎ᠠ ᠲᠠᠶ᠂ ᠲᠣᠲᠣᠨᠣ ᠬᠠᠯᠠᠮᠵᠢᠯᠠᠯ ᠶ᠋ᠢᠡᠷ ᠡᠳᠦᠷ ᠲᠣᠲᠣᠮ᠎ᠤᠨ ᠵᠢᠵᠢᠭ ᠰᠠᠵᠢᠬ ᠵᠦᠢᠯᠡᠰ᠎ᠡᠴᠡ ᠭᠠᠷᠲᠠᠨ ᠬᠢᠵᠦ᠍᠂ ᠠᠷᠠᠳ᠎ᠤᠨ ᠵᠣᠪᠠᠨᠢᠯ᠎ᠢ ᠠᠷᠢᠯᠭᠠᠵᠤ᠂ ᠠᠷᠠᠳ ᠣᠯᠠᠨ᠎ᠤ ᠬᠦᠴᠢᠷᠳᠡᠯ᠎ᠢ ᠰᠢᠢᠳᠪᠦᠷᠢᠯᠡᠵᠦ᠂ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠷᠠᠳ ᠣᠯᠠᠨ᠎ᠤ ᠪᠣᠲᠣᠯ ᠰᠠᠨᠠᠭᠠᠨ᠎ᠳᠤ ᠨᠡᠢᠴᠡᠭᠰᠡᠨ ᠠᠵᠢᠯ᠎ᠢ ᠦᠨᠡᠨ ᠬᠦ᠌ ᠬᠠᠨᠣᠮᠵᠢᠲᠠᠢ ᠬᠢᠪᠡᠯ᠂ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂  ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠦᠶᠦᠭ ᠲᠣᠯᠠᠭᠠᠨ ᠦᠨᠢᠷ ᠵᠢᠷᠭᠠᠯᠲᠣ ᠵᠢᠷᠤᠭ ᠲᠥᠰᠦᠪ᠎ᠢ ᠵᠢᠷᠤᠭ᠍ᠯᠠᠵᠤ ᠴᠢᠳᠠᠬᠤ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号