《ᠵᠠᠩᠬᠢᠯᠠᠭ᠎ᠠ᠎ᠶᠢᠨ ᠵᠢᠵᠢᠭ ᠶᠠᠪᠣᠲᠠᠯ》 ᠎ᠢ᠋ ᠪᠣᠲᠠᠲᠠᠢᠵᠢᠭᠣᠯᠵᠦ 《ᠠᠷᠠᠳ᠎ᠤᠨ ᠠᠮᠢᠲᠣᠷᠠᠯ᠎ᠤᠨ ᠶᠡᠭᠡ ᠶᠠᠪᠣᠲᠠᠯ 》 ᠎ᠢ᠋ ᠪᠦᠲᠦᠭᠡᠨ᠎ᠠ
2024-02-03 13:17:37
ᠵᠣᠬᠢᠶᠠᠭ᠍ᠴᠢ᠄
ᠮᠸᠢ ᠭᠠᠩ
ᠣᠩᠱᠢᠭ᠍ᠰᠠᠨ ᠣᠳᠠᠭ᠎ᠠ᠄
★★★☆☆

ᠠᠵᠠ ᠵᠢᠷᠭᠠᠯ ᠬᠠᠮᠢᠭ᠎ᠠ᠎ᠠᠴᠠ ᠢᠷᠡᠳᠡᠭ ᠪᠤᠢ? 《ᠬᠠᠯᠠᠮᠵᠢᠯᠠᠯ》 ᠭᠡᠳᠡᠭ ᠭᠠᠬᠴᠠ ᠦᠭᠡ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤ᠋ᠨ ᠨᠢᠭᠤᠴᠠ ᠨᠣᠮᠸᠷ᠎ᠢ ᠲᠠᠢᠯᠪᠤᠷᠢᠯᠠᠭ᠍ᠰᠠᠨ ᠪᠠᠢᠨ᠎ᠠ ᠃

2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 6.1% ᠨᠡᠮᠡᠭ᠌ᠳᠡᠵᠦ᠍᠂ ᠬᠤᠲᠠ ᠪᠠᠯᠭᠠᠰᠤᠨ᠎ᠤ 21.87 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠬᠤᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠥᠨᠥᠴᠢᠨ ᠬᠡᠦᠬᠡᠳ᠎ᠦᠨ ᠪᠠᠲᠤᠯᠠᠪᠤᠷᠢ᠎ᠶ᠋ᠢᠨ ᠪᠠᠷᠢᠮᠵᠢᠶ᠎ᠠ ᠴᠥᠮ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ ᠁ 43 ᠵᠦᠢᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶ᠋ᠢ ᠨᠡᠩ ᠣᠢᠷ᠎ᠠ ᠲᠣᠲᠣᠨᠣ ᠪᠣᠯᠭᠠᠵᠤ᠂ ᠠᠷᠠᠳ᠎ᠤᠨ ᠠᠮᠢᠳᠤᠷᠠᠯ᠎ᠢ ᠣᠯᠠᠮ ᠵᠣᠯ ᠵᠢᠷᠭᠠᠯ᠎ᠲᠠᠶ ᠪᠣᠯᠭᠠᠪᠠ᠃

ᠡᠨᠡ ᠵᠢᠯ ᠦᠪᠡᠷᠲᠡᠭᠡᠨ ᠵᠠᠰᠠᠬᠣ ᠣᠷᠣᠨ ᠡᠴᠡ ᠬᠡᠷᠡᠭᠵᠢᠬᠦᠯᠦᠭᠰᠡᠨ ᠠᠷᠠᠳ᠎ᠤᠨ ᠠᠮᠢᠳᠤᠷᠠᠯ᠎ᠤᠨ 33  ᠶᠠᠪᠤᠳᠠᠯ ᠳ᠋ᠦ ᠠᠵᠢᠯ ᠤᠯᠬᠤ᠎ᠳᠤ ᠬᠦᠴᠢᠷᠲᠡᠢ 5 ᠲᠦᠮᠡᠨ ᠬᠥᠮᠦᠨ᠎ᠢ ᠬᠠᠪᠰᠤᠷᠤᠨ ᠠᠵᠢᠯ ᠣᠯᠭᠣᠬᠤ᠎ᠶ᠋ᠢ ᠪᠡᠶᠡᠯᠡᠭᠦᠯᠬᠦ᠌᠎ᠡᠴᠡ ᠪᠦᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠬᠦᠷᠲᠡᠯ᠎ᠡ ᠁ ᠠᠷᠠᠳ᠎ᠤᠨ ᠠᠮᠢᠳᠤᠷᠠᠯ᠎ᠤᠨ 《ᠵᠠᠩᠭᠢᠯᠠᠭ᠎ᠠ᠎ᠶ᠋ᠢᠨ ᠵᠢᠵᠢᠭ ᠶᠠᠪᠤᠳᠠᠯ》 ᠨᠢ ᠶᠠᠬ ᠰᠠᠢᠬᠠᠨ ᠠᠷᠠᠳ ᠤᠯᠠᠨ᠎ᠤ ᠠᠩᠬᠠᠷᠣᠨ ᠬᠠᠯᠠᠮᠵᠢᠯᠠᠵᠦ ᠪᠠᠢᠭ᠎ᠠ 《ᠠᠷᠠᠳ᠎ᠤᠨ ᠠᠮᠢᠲᠣᠷᠠᠯ᠎ᠤᠨ ᠶᠡᠬᠡ ᠶᠠᠪᠤᠳᠠᠯ》 ᠪᠣᠯᠵᠦ ᠪᠠᠢᠭ᠎ᠠ ᠠᠵᠢ᠃


ᠬᠥᠮᠦᠨ᠎ᠢᠶᠡᠷ ᠦᠨᠳᠦᠰᠦ ᠪᠣᠯᠭᠠᠵᠤ ᠠᠷᠠᠳ ᠣᠯᠠᠨ᠎ᠤ ᠪᠠᠴᠢᠮᠲᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠣᠲᠠᠯ᠎ᠢ ᠬᠦᠴᠦ ᠪᠠᠨ ᠲᠦᠪᠯᠡᠷᠡᠬᠦᠯᠦᠨ ᠱᠢᠢᠳᠪᠦᠷᠢᠯᠡᠨ᠎ᠡ

ᠲᠣᠯᠠᠭᠠᠯᠠᠭ᠎ᠠ᠎ᠶᠢᠨ ᠠᠰᠠᠭᠣᠲᠠᠯ ᠪᠣᠯ ᠶᠡᠷᠦ ᠡᠴᠡ ᠠᠷᠠᠳ᠎ᠤᠨ ᠠᠮᠢᠳᠤᠷᠠᠯ᠎ᠤᠨ ᠴᠢᠬᠣᠯᠠ ᠢᠨᠵᠧᠨᠧᠷᠢᠩ ᠪᠠᠢᠵᠤ᠂ ᠲᠦᠭ ᠲᠦᠮᠡᠨ ᠠᠢᠯ ᠡᠷᠦᠭᠡ᠎ᠲᠡᠶ ᠬᠣᠯᠪᠣᠭᠲᠠᠲᠠᠭ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠳᠣᠯᠣᠳᠤᠭᠠᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠎ᠠᠴᠠ ᠲᠣᠯᠠᠭᠠᠯᠠᠬᠤ ᠢᠨᠵᠧᠨᠧᠷᠢᠩ᠎ᠢ ᠰᠠᠢᠲᠤᠷ ᠠᠳᠭᠤᠵᠦ᠂ ᠠᠷᠠᠳ ᠤᠯᠠᠨ ᠎ᠢ ᠦᠶᠦᠭ ᠲᠣᠯᠠᠭᠠᠨ ᠦᠨᠢᠷ ᠵᠢᠷᠭᠠᠯ ᠲᠠᠢ ᠪᠠᠢᠯᠭᠠᠬᠤ ᠭᠡᠷᠡᠭᠳᠡᠢ ᠭᠡᠵᠦ ᠲᠣᠲᠣᠷᠬᠠᠢ ᠲᠣᠷᠠᠲᠣᠨ ᠭᠠᠷᠭᠠᠪᠠ᠃

《 ᠡᠨᠡ ᠵᠢᠯ ᠪᠢᠳᠡ ᠨᠠᠷᠢᠯᠢᠭ ᠣᠨᠣᠴᠠᠲᠠᠶ᠎ᠪᠠᠷ ᠢᠯᠴᠢ ᠬᠠᠩᠭᠠᠬᠤ᠂ ᠬᠡᠷᠡᠭ᠌ᠴᠡᠭᠡ᠎ᠪᠡᠷ᠎ᠨᠢ ᠲᠤᠯᠠᠭᠠᠯᠠᠭ᠎ᠠ ᠬᠠᠩᠭᠠᠬᠤ ᠱᠢᠨ᠎ᠡ ᠬᠡᠯᠪᠡᠷᠢ᠎ᠶ᠋ᠢᠨ ᠣᠶᠤᠨᠴᠢ ᠲᠤᠯᠠᠭᠠᠯᠠᠭ᠎ᠠ ᠬᠠᠩᠭᠠᠬᠤ ᠵᠠᠭ᠍ᠪᠤᠷ᠎ᠢ ᠰᠦᠪᠡᠭ᠌ᠴᠢᠯᠡᠨ ᠪᠠᠢᠭᠤᠯᠵᠤ᠂ 1.27 ᠳ᠋ᠦᠩᠱᠢᠭᠤᠷ ᠲᠡᠭ᠌ᠰᠢ ᠳᠥᠷᠪᠡᠯᠵᠢᠨ ᠮᠧᠲ᠋ᠷ ᠲᠤᠯᠠᠭᠠᠯᠠᠭ᠎ᠠ ᠬᠠᠩᠭᠠᠬᠤ ᠴᠢᠳᠠᠪᠤᠷᠢ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠣᠨ ᠣᠲᠠᠵᠦ ᠬᠠᠭᠣᠴᠢᠷᠠᠬᠰᠠᠨ ᠨᠢᠭᠡᠳᠦᠭᠡᠷ ᠲᠡᠰ᠂ ᠬᠣᠶᠠᠳᠤᠭᠠᠷ ᠳᠡᠰ᠎ᠤᠨ ᠲᠤᠯᠠᠭᠠᠯᠠᠭ᠎ᠠ ᠬᠠᠩᠭᠠᠬᠣ ᠬᠣᠭᠣᠯᠠᠶ᠎ᠶ᠋ᠢᠨ ᠲᠣᠸ᠋ᠷ᠎ᠢ 1258 ᠺᠢᠯᠣᠮᠧᠲ᠋ᠷ᠂ 7125.7 ᠺᠢᠯᠣᠮᠧᠲ᠋ᠷ ᠥᠭᠡᠷᠡᠴᠢᠯᠡᠵᠦ᠍᠂ 2589.5 ᠺᠢᠯᠣᠮᠧᠲ᠋ᠷ ᠠᠰᠠᠷ ᠲᠠᠭ᠍ᠲᠤ᠎ᠶ᠋ᠢᠨ ᠪᠣᠰᠣᠭ᠎ᠠ ᠬᠣᠭᠣᠯᠠᠶ᠎ᠶ᠋ᠢ ᠥᠭᠡᠷᠡᠴᠢᠯᠡᠨ᠂ ᠲᠤᠯᠠᠭᠠᠯᠠᠭ᠎ᠠ ᠬᠠᠩᠭᠠᠬᠣ ᠬᠣᠭᠣᠯᠠᠶ ᠲᠣᠸ᠋ᠷ᠎ᠤᠨ ᠲᠠᠮᠵᠢᠭᠣᠯᠵᠦ ᠲᠦᠭᠡᠭᠡᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠲᠡᠭᠡᠭᠰᠢᠯᠡᠬᠦᠯᠪᠡ᠃ 318 ᠢᠯᠴᠢ ᠰᠣᠯᠢᠯᠴᠠᠬᠤ ᠥᠷᠲᠡᠭᠡ᠎ᠶ᠋ᠢ ᠱᠢᠨ᠎ᠡ᠎ᠪᠡᠷ ᠪᠠᠢᠭᠤᠯᠵᠤ (ᠥᠷᠭᠡᠳᠭᠡᠨ ᠪᠠᠢᠭᠤᠯᠵᠤ)᠂ ᠨᠢᠭᠡᠨᠲᠡ ᠪᠠᠢᠭ᠎ᠠ 2212 ᠢᠯᠴᠢ ᠰᠣᠯᠢᠯᠴᠠᠬᠤ ᠥᠷᠲᠡᠭᠡ᠎ᠶ᠋ᠢ ᠲᠠᠰ ᠳᠡᠪᠱᠢᠭᠦᠯᠦᠨ ᠥᠭᠡᠷᠡᠴᠢᠯᠡᠵᠦ᠍᠂ ᠠᠷᠠᠳ ᠣᠯᠠᠨ᠎ᠤ ᠲᠣᠯᠠᠭᠠᠨ ᠲᠠᠪᠠᠲᠠᠢ ᠡᠪᠦᠯᠵᠢᠬᠦ ᠳ᠋ᠦ ᠨᠦᠬᠦᠴᠡᠯ ᠪᠦᠷᠢᠯᠲᠦᠬᠦᠯᠪᠡ》  ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠰᠢᠬᠦᠨ᠂ ᠦᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ ᠵᠠᠩ ᠡᡁᠸ ᠬᠡᠯᠡᠵᠦ ᠪᠠᠢᠯ᠎ᠠ᠃

《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠷᠠᠳ᠎ᠤᠨ ᠠᠮᠢᠳᠤᠷᠠᠯ᠎ᠤᠨ ᠲᠣᠬᠠᠢ 6 ᠵᠦᠶ᠋ᠯ᠎ᠦᠨ ᠭᠣᠸ᠋ᠯᠳᠠᠯᠭ᠎ᠠ᠎ᠲᠠᠶ ᠠᠵᠢᠯ ᠪᠠ 33 ᠵᠦᠶ᠋ᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠲᠣᠷᠠᠳᠴᠣ᠂ ᠡᠷᠬᠡᠪᠰᠢ ᠪᠣᠳᠠᠲᠠᠶ ᠪᠥᠭᠡᠳ ᠰᠠᠢᠲᠤᠷ ᠬᠢᠬᠦ᠌ ᠬᠡᠷᠡᠭ᠌ᠲᠡᠶ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠹᠸᠩᠵᠸᠨ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠯᠢ ᠶᠢᠩ ᠶᠠᠷᠢᠵᠦ ᠪᠠᠢᠬᠰᠠᠨ ᠪᠦᠭᠡᠳ《ᠡᠨᠡ ᠵᠢᠯ ᠪᠢᠳᠡ ᠶᠡᠬᠡ ᠲᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ᠎ᠤᠨ ᠠᠵᠢᠯ ᠣᠯᠭᠣᠯᠲᠠ᠎ᠶ᠋ᠢ ᠬᠠᠪᠰᠤᠷᠤᠨ ᠲᠡᠳᠬᠦᠬᠦ᠌  ᠡᠷᠴᠢᠮ ᠎ᠵᠢᠡᠨ ᠴᠢᠩᠭᠠᠷᠠᠭᠤᠯᠵᠤ᠂ ᠬᠠᠢᠯᠤᠰᠢ᠎ᠶ᠋ᠢᠨ ᠠᠵᠤ ᠦᠶ᠋ᠯᠡᠰ᠎ᠦᠨ ᠲᠣᠭᠣᠷᠢᠨ᠎ᠳᠤ ᠨᠠᠩ ᠣᠯᠠᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠦᠨ᠎ᠡ》 ᠭᠡᠯ᠎ᠠ᠃

ᠠᠷᠠᠳ᠎ᠤᠨ ᠠᠮᠢᠳᠤᠷᠠᠯ᠎ᠢ ᠣᠷᠢᠳ ᠶ᠋ᠢᠡᠷ ᠪᠣᠲᠣᠯᠬᠢᠯᠠᠵᠦ ᠣᠯᠠᠨ ᠨᠡᠢᠲᠡ᠎ᠶᠢᠨ ᠦᠢᠯᠡᠴᠢᠯᠡᠭᠡ᠎ᠶᠢ ᠲᠡᠭᠦᠯᠳᠡᠷᠵᠢᠭᠦᠯᠵᠦ ᠵᠣᠯ ᠵᠢᠷᠭᠠᠯ᠎ᠤᠨ ᠵᠢᠭᠠᠯᠳᠠ ᠲᠤᠭ᠎ᠠ᠎ᠶᠢ ᠲᠡᠭᠡᠭᠰᠢᠯᠡᠬᠦᠯᠦᠨ᠎ᠡ

ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠵᠤ ᠠᠬᠤᠢᠯᠠᠯ᠎ᠢ ᠳᠡᠮᠵᠢᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠭᠣᠸ᠋ᠯᠳᠠᠯᠭ᠎ᠠ᠎ᠲᠠᠶ ᠬᠦᠮᠦᠰ᠎ᠤᠨ ᠠᠵᠢᠯ ᠣᠯᠭᠣᠯᠲᠠ᠎ᠶᠢ ᠬᠠᠪᠰᠣᠷᠣᠨ ᠲᠡᠳᠬᠦᠬᠦ ᠬᠦᠴᠦᠯᠡᠴᠡ ᠪᠠᠨ ᠴᠢᠩᠭᠠᠷᠠᠭᠣᠯᠣᠨ᠎ᠠ ᠭᠡᠵᠦ ᠲᠣᠷᠠᠳᠴᠠᠢ᠃

ᠣᠳᠣᠬᠠᠨ᠎ᠳᠤ᠂《ᠤᠷᠢᠬᠠᠨ ᠰᠠᠯᠬᠢ ᠠᠵᠢᠯᠯᠠᠭ᠎ᠠ》 ᠵᠢ ᠪᠠᠭ᠍ᠲᠠᠭᠠᠭ᠍ᠰᠠᠨ ᠣᠯᠠᠨ ᠨᠡᠢᠲᠡ᠎ᠶ᠋ᠢᠨ ᠠᠵᠢᠯ ᠣᠯᠭᠣᠯᠲᠠ᠎ᠶ᠋ᠢᠨ ᠠᠵᠢᠯᠲᠠᠨ ᠣᠷᠢᠵᠦ ᠡᠯᠰᠡᠬᠦ᠌ ᠰᠢᠷᠢᠰ ᠠᠵᠢᠯᠯᠠᠭ᠎ᠠ ᠪᠥᠬᠥ᠌ ᠣᠷᠣᠨ᠎ᠳᠤ  ᠬᠥᠭ᠌ᠵᠢᠶᠡᠨᠲᠡᠶ ᠥᠷᠨᠢᠵᠦ᠍᠂ ᠮᠢᠩᠭ᠎ᠠ ᠭᠠᠷᠤᠶ ᠲᠠᠯᠠᠪᠠᠢ ᠠᠵᠢᠯᠲᠠᠨ ᠣᠷᠢᠵᠦ ᠡᠯᠰᠡᠬᠦ᠌ ᠴᠤᠭ᠍ᠯᠠᠭᠠᠨ ᠨᠢ ᠣᠯᠠᠨ ᠲᠦᠮᠡᠨ᠎ᠳᠦ ᠠᠵᠢᠯ ᠣᠯᠬᠣ ᠠᠯᠲᠠᠨ ᠬᠥᠭᠥᠷᠭᠡ᠎ᠶᠢ ᠲᠠᠯᠪᠢᠵᠤ ᠥᠭ᠌ᠭᠦᠭ᠌ᠰᠡᠨ ᠪᠠᠢᠨ᠎ᠠ ᠃

《ᠪᠢᠳᠡ ᠴᠢᠬᠤᠯᠠ ᠶᠡᠬᠡ ᠠᠵᠤ ᠦᠢᠯᠡᠰ᠂ ᠴᠢᠬᠤᠯᠠ ᠶᠡᠬᠡ ᠲᠦᠷᠦᠯ ᠵᠦᠢᠯ᠎ᠢ ᠨᠠᠢᠳᠠᠪᠤᠷᠢᠵᠢᠭᠤᠯᠬᠤ ᠳᠤᠮᠳᠠ᠎ᠠᠴᠠ ᠠᠵᠠ ᠲᠣᠬᠢᠶᠠᠯ ᠡᠷᠢᠵᠦ᠍᠂ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠠᠭᠤᠳᠠᠯᠵᠤ᠂ ᠲᠦᠷᠦᠯ ᠵᠦᠢᠯ᠎ᠦᠨ ᠠᠵᠢᠯᠴᠢᠨ ᠬᠡᠷᠡᠭ᠌ᠯᠡᠬᠦ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠵᠣᠯᠭᠠᠯᠴᠠᠭᠤᠯᠵᠤ᠂ ᠨᠡᠩ ᠤᠯᠠᠨ ᠬᠦᠮᠦᠰ᠎ᠤᠨ ᠲᠤᠬᠠᠢ᠎ᠶ᠋ᠢᠨ ᠭᠠᠵᠠᠷ ᠪᠤᠶᠤ ᠤᠢ᠍ᠢᠷ᠎ᠠ ᠬᠠᠪᠢ᠎ᠳᠠᠭᠠᠨ ᠠᠵᠢᠯ ᠣᠯᠬᠤ᠎ᠶ᠋ᠢ ᠪᠡᠶᠡᠯᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠷᠳᠤᠰ ᠬᠤᠳᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠣᠯᠤᠨ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠦᠰᠡᠯᠠᠡᠭ ᠶᠠᠷᠢᠵᠦ ᠪᠠᠢᠯ᠎ᠠ᠃

ᠠᠷᠠᠳ ᠲᠦᠮᠡᠨ᠎ᠤ ᠠᠵᠠ ᠵᠢᠷᠭᠠᠯ ᠨᠢ ᠡᠷᠡᠭᠦᠯ ᠴᠢᠭᠢᠷᠠᠭ ᠶ᠋ᠢᠡᠷ ᠭᠣᠣᠯ ᠪᠣᠯᠭᠠᠲᠠᠬ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠭᠠᠵᠠᠷ ᠣᠷᠣᠨ᠎ᠤ ᠣᠨᠴᠠ ᠬᠡᠷᠡᠭ᠌ᠴᠡᠭᠡᠨ᠎ᠦ ᠡᠭᠦᠳᠡᠨ ᠡᠮᠨᠡᠯᠭᠡ᠂ ᠣᠨᠴᠠ ᠬᠡᠷᠡᠭ᠌ᠴᠡᠭᠡᠨ᠎ᠦ ᠡᠪᠡᠳᠴᠢᠲᠡᠨ᠎ᠦ ᠥᠷᠥᠭᠡ ᠭᠠᠷᠭᠠᠬᠤ᠎ᠶ᠋ᠢ ᠳᠡᠮᠵᠢᠵᠦ᠍᠂ ᠡᠮᠨᠡᠯᠭᠡ᠎ᠵᠢᠨ ᠬᠣᠷᠢᠶᠠᠨ᠎ᠤ ᠳᠠᠷᠤᠭ᠎ᠠ᠎ᠶ᠋ᠢ ᠰᠠᠢᠲᠤᠷ ᠰᠣᠩᠭᠣᠨ ᠲᠣᠬᠢᠷᠠᠭᠤᠯᠵᠤ᠂ ᠣᠯᠠᠨ ᠲᠦᠮᠡᠨ᠎ᠦ ᠣᠢᠷ᠎ᠠ ᠬᠠᠪᠢ ᠳ᠋ᠠᠭᠠᠨ ᠴᠢᠨᠠᠷ ᠰᠠᠢᠲᠠᠶ ᠡᠮᠴᠢᠯᠡᠭᠡᠨ᠎ᠦ ᠦᠶ᠋ᠯᠡᠴᠢᠯᠡᠭᠡ ᠭᠥᠷᠳᠡᠬᠦ᠌᠎ᠶ᠋ᠢ ᠳᠡᠮᠵᠢᠨ᠎ᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠬᠡᠸ᠋ᠬᠡᠳ᠎ᠦᠨ ᠰᠠᠯᠠᠭᠠᠨ᠎ᠤ ᠡᠷᠬᠢᠯᠡᠭ᠌ᠴᠢ ᠵᠦ᠍ ᠬᠤᠸᠠ ᠬᠡᠸ᠋ᠬᠡᠳ᠎ᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡ᠎ᠶ᠋ᠢ ᠴᠢᠨᠠᠷ ᠰᠠᠢᠲᠠᠶ ᠬᠥᠭ᠌ᠵᠢᠭᠦᠯᠬᠦ᠌ ᠲᠣᠬᠠᠢ ᠰᠠᠨᠠᠯ ᠲᠤᠷᠠᠳᠤᠯᠭ᠎ᠠ ᠲᠡᠪᠰᠢᠬᠦᠯᠦᠭᠰᠡᠨ ᠪᠠᠢᠨ᠎ᠠ᠃ ᠲᠡᠷᠡ᠄ 《ᠪᠢᠳᠡ ᠡᠪᠡᠳᠴᠢᠲᠡᠨ᠎ᠢᠶᠡᠷ ᠭᠣᠸ᠋ᠯ ᠪᠣᠯᠭᠠᠬᠤ᠎ᠶ᠋ᠢ ᠪᠠᠷᠢᠮᠲᠠᠯᠠᠨ᠂ ᠮᠤᠵᠢ ᠬᠣᠲᠠ ᠱᠢᠶᠠᠨ᠎ᠤ ᠥᠨᠳᠥᠷ ᠲᠦᠪᠱᠢᠨ ᠪᠥᠬᠥᠶ ᠡᠮᠴᠢᠯᠡᠭᠡᠨ᠎ᠦ ᠲᠣᠣᠷ ᠰᠦᠯᠵᠢᠶᠡᠨ᠎ᠦ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠡᠸ᠋ᠬᠡᠳ᠎ᠦᠨ ᠰᠠᠯᠠᠭᠠᠨ᠎ᠤ ᠡᠮᠴᠢᠯᠡᠭᠡᠨ᠎ᠦ ᠡᠬᠢ ᠪᠠᠶᠠᠯᠢᠭ᠎ᠤᠨ ᠪᠣᠯᠤᠮᠵᠢᠲᠤ ᠴᠢᠨᠠᠷ᠎ᠢ ᠳᠡᠭᠡᠭ᠌ᠰᠢᠯᠡᠭᠦᠯᠦᠨ᠂ ᠬᠡᠸ᠋ᠬᠡᠳ᠎ᠦᠨ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠬᠤ ᠬᠡᠷᠡᠭ᠌ᠲᠡᠶ》 ᠭᠡᠵᠦ ᠶᠠᠷᠢᠵᠦ ᠪᠠᠢᠯ᠎ᠠ᠃

ᠡᠷᠡᠭᠦᠯ ᠮᠡᠨᠳᠦ᠍᠎ᠶ᠋ᠢ ᠪᠠᠲᠣᠯᠠᠵᠦ ᠠᠷᠠᠳ᠎ᠤᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ

《ᠠᠬᠠᠮᠠᠳ ᠨᠠᠰᠤᠲᠠᠨ ᠪᠠ ᠬᠡᠦᠬᠡᠳ ᠨᠢᠯᠬᠠᠰ》 ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ ᠡᠴᠡ ᠨᠠᠰᠤᠵᠢᠯ᠎ᠤᠨ ᠠᠰᠠᠷᠠᠮᠵᠢ᠂ ᠨᠢᠯᠬᠠᠰ᠎ᠢ ᠬᠥᠮᠦᠵᠢᠭᠦᠯᠬᠦ᠌ ᠦᠶ᠋ᠯᠡᠴᠢᠯᠡᠭᠡ᠎ᠶ᠋ᠢ ᠠᠬᠢᠭᠤᠯᠵᠣ ᠨᠠᠩ ᠳᠥᠭᠥᠮ ᠳᠥᠲᠡ ᠪᠣᠯᠭᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠳᠠ᠎ᠵᠢᠨ ᠲᠤᠬᠤᠢ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠱᠦᠵᠢ ᠶᠠᠨ ᠸᠸᠨ ᠯᠦᠩ᠂ ᠦᠨᠳᠦᠰᠦᠨ ᠪᠠᠲᠣᠯᠠᠭ᠎ᠠ᠎ᠶᠢᠨ ᠴᠢᠨᠠᠷᠲᠠᠶ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠨᠠᠰᠤᠵᠢᠯ᠎ᠤᠨ ᠠᠰᠠᠷᠠᠮᠵᠢ ᠪᠠ ᠬᠡᠸ᠋ᠬᠡᠳ ᠠᠰᠠᠷᠠᠵᠦ ᠬᠦᠮᠦᠵᠢᠬᠦᠯᠬᠦ ᠰᠤᠷᠭᠠᠨ ᠬᠥᠮᠦᠵᠢᠯ᠎ᠦᠨ ᠦᠶ᠋ᠯᠡᠴᠢᠯᠡᠭᠡᠨ᠎ᠦ ᠬᠠᠩᠭᠠᠯᠭ᠎ᠠ ᠬᠡᠷᠡᠭᠴᠡᠭᠡ᠎ᠶ᠋ᠢ ᠦᠷᠭᠦᠯᠵᠢᠯᠡᠨ ᠨᠡᠮᠡᠭ᠌ᠳᠡᠭᠦᠯᠦᠨ᠎ᠠ; ᠨᠡᠢᠭᠡᠮ ᠲᠣᠭᠣᠷᠢᠭ᠎ᠤᠨ ᠬᠡᠸ᠋ᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠲᠤᠷᠱᠢᠯᠲᠠ᠎ᠶ᠋ᠢᠨ ᠴᠢᠬ᠎ᠤᠨ ᠲᠥᠷᠥᠯ ᠵᠦᠶ᠋ᠯ᠎ᠢ ᠡᠬᠢᠯᠡᠨ ᠬᠡᠷᠡᠭ᠌ᠵᠢᠭᠦᠯᠵᠦ᠍᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠸ᠋ᠬᠡᠳ ᠰᠠᠭᠠᠲᠠᠭᠤᠯᠬᠤ ᠦᠶ᠋ᠯᠡᠴᠢᠯᠡᠭᠡᠨ᠎ᠢ ᠲᠦᠷᠭᠡᠳᠭᠡᠨ ᠬᠥᠭ᠌ᠵᠢᠭᠦᠯᠤᠨ᠎ᠠ ᠭᠡᠯ᠎ᠠ ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠶᠡᠬᠡ ᠰᠣᠷᠭᠠᠭᠣᠯᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠢ ᠨᠢᠭᠡ ᠴᠤᠭ᠍ᠴᠠᠵᠢᠭᠤᠯᠬᠤ ᠵᠢ ᠦᠷᠬᠦᠯᠵᠢᠯᠡᠨ ᠲᠦᠯᠬᠢᠨ ᠠᠬᠢᠭᠣᠯᠣᠨ᠎ᠠ ᠭᠡᠵᠦ ᠲᠣᠷᠠᠳᠴᠠᠢ᠃ 《ᠵᠢᠭᠠᠨ ᠰᠤᠷᠭᠠᠯᠲᠠ᠎ᠶ᠋ᠢᠨ ᠶᠠᠪᠣᠴᠠ ᠳ᠋ᠠᠭᠠᠨ  ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠨᠢᠭᠡ ᠴᠤᠭ᠍ᠴᠠᠵᠢᠭ᠍ᠰᠠᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢᠨ ᠵᠠᠭ᠍ᠪᠤᠷ ᠪᠠ ᠠᠷᠭ᠎ᠠ ᠵᠠᠮ᠎ᠢ ᠰᠦᠪᠡᠭ᠌ᠴᠢᠯᠡᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠬᠥᠮᠦᠨ ᠬᠥᠮᠦᠵᠢᠭᠦᠯᠬᠦ᠌ ᠶᠠᠰᠤ ᠴᠢᠨᠠᠷ᠎ᠢ ᠴᠢᠷᠮᠠᠢᠨ ᠳᠡᠭᠡᠭ᠌ᠰᠢᠯᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠤᠯᠠᠨ ᠤᠯᠤᠰ᠎ᠤᠨ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠬᠢᠴᠢᠶᠡᠯ ᠲᠦᠷᠦᠯ᠎ᠤᠨ ᠡᠷᠬᠢᠯᠡᠭᠴᠢ ᠯᠦ᠍ ᠶᠠᠨ ᠶᠠᠷᠢᠨ᠎ᠠ᠃

ᠦᠵᠡᠰᠬᠦᠯᠡᠩᠲᠦ ᠰᠠᠢᠬᠠᠨ ᠬᠦᠲᠡᠭᠡ ᠲᠣᠰᠬᠣᠨ᠎ᠢ ᠪᠠᠢᠭᠣᠯᠬᠣ ᠲᠣᠬᠠᠢ ᠲᠣᠷᠠᠳᠬᠣ ᠪᠡᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠵᠡᠭᠦᠨ ᠦᠵᠦᠮᠦᠴᠢᠨ ᠬᠣᠱᠢᠭᠤᠨ᠎ᠤ ᠡᠵᠢᠨᠠᠭᠤᠷ ᠪᠠᠯᠭᠠᠰᠤ᠎ᠶ᠋ᠢᠨ ᠬᠠᠷᠠᠭᠠᠳᠤ ᠭᠠᠴᠠᠭ᠎ᠠ᠎ᠶ᠋ᠢᠨ ᠨᠠᠮ᠎ᠤᠨ ᠡᠭᠦᠷ᠎ᠦᠨ ᠱᠦᠵᠢ᠂ ᠭᠠᠴᠠᠭᠠᠨ ᠳᠠᠷᠤᠭ᠎ᠠ ᠮᠥᠩᠬᠡᠪᠠᠲᠤ᠄ 《ᠡᠨᠡ ᠵᠢᠯ ᠪᠢ ᠮᠠᠯᠴᠢᠨ ᠲᠠᠷᠢᠶᠠᠴᠢᠨ ᠶ᠋ᠢᠡᠨ ᠳᠠᠭᠠᠭᠤᠯᠤᠨ ᠤᠨᠴᠠᠯᠢᠬ᠍ᠳᠤ ᠲᠡᠵᠢᠭᠡᠨ ᠦᠷᠡᠵᠢᠭᠦᠯᠬᠦ᠌ ᠦᠶ᠋ᠯᠡᠰ᠎ᠦᠨ ᠬᠡᠪᠴᠢᠶ᠎ᠡ᠎ᠶ᠋ᠢ ᠥᠷᠭᠡᠳᠭᠡᠵᠦ᠍᠂ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠵᠤ᠂ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠤᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠴᠢᠲᠠᠯ ᠶ᠋ᠢᠡᠨ ᠨᠡᠮᠡᠷᠢᠯᠡᠨ᠎ᠡ》 ᠭᠡᠵᠦ ᠢᠳᠡᠭᠡᠯ ᠲᠦᠬᠦᠷᠠᠡᠭ ᠶᠠᠷᠢᠵᠦ ᠪᠠᠢᠯ᠎ᠠ᠃

ᠤᠨ ᠵᠢᠯ ᠣᠷᠴᠢᠵᠦ ᠣᠯᠠᠨ ᠵᠦᠢᠯ ᠰᠢᠨᠡᠲᠦᠭᠰᠡᠭᠡᠷ᠃ ᠦᠪᠦᠷ ᠮᠣᠩᠭᠣᠯ ᠦᠨᠦ ᠤᠯᠠᠨ ᠲᠦᠮᠡᠨ᠎ᠳᠦ ᠴᠢᠨᠠᠷ ᠰᠠᠢᠲᠠᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠭᠦᠯᠵᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠪᠦᠬᠦ᠌ ᠲᠠᠯ᠎ᠠ᠎ᠪᠠᠷ ᠨᠡᠮᠡᠭ᠌ᠳᠡᠭᠦᠯᠬᠦ᠌᠎ᠪᠡᠷ ᠬᠦᠴᠦᠯᠡᠨ ᠴᠢᠷᠮᠠᠢᠬᠰᠠᠭᠠᠷ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号