《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠭᠤᠤᠯ ᠰᠡᠳᠦᠪ ᠢᠯᠡ ᠲᠤᠳᠤ ᠂ ᠰᠡᠳᠭᠢᠴᠡ ᠲᠣᠳᠣ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠢᠬᠤ ᠨᠢ ᠮᠠᠨ᠎ᠤ ᠡᠨᠡ ᠵᠢᠯ᠎ᠦᠨ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠴᠢᠬᠤᠯᠠ ᠵᠢᠯᠣᠭᠣᠳᠭᠤ ᠦᠶ᠋ᠯᠡᠳᠦᠯ᠎ᠲᠡᠶ ᠶᠤᠮ᠃ ᠡᠨᠡ ᠵᠢᠯ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠲᠤᠬᠠᠢ 33 ᠪᠣᠳᠠᠲᠤ ᠶᠠᠪᠤᠳᠠᠯ᠎ᠢ ᠰᠠᠢᠲᠤᠷ ᠬᠢᠬᠦ ᠪᠤᠯᠤᠨ᠎ᠠ᠂ ᠡᠬᠦᠨ᠎ᠳᠤ 3 ᠪᠤᠳᠠᠳᠤ ᠶᠠᠪᠤᠳᠠᠯ ᠨᠢ ᠡᠮᠡᠭ᠌ᠲᠡᠢᠴᠦᠳ᠎ᠦᠨ ᠬᠣᠯᠪᠣᠭ᠎ᠠ ᠵᠢᠨ ᠠᠵᠢᠯ᠎ᠳᠤ ᠬᠤᠯᠪᠤᠭᠳᠠᠵᠠᠢ᠂ ᠪᠢᠳᠡ ᠦᠨᠡᠨ ᠬᠦ᠌ ᠰᠠᠢᠨ ᠶᠠᠪᠤᠳᠠᠯ᠎ᠢ ᠪᠣᠳᠠᠲᠠᠶ ᠬᠢᠵᠦ᠍᠂ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠶᠠᠪᠤᠳᠠᠯ ᠪᠣᠯᠭᠠᠨ᠎ᠢ ᠪᠡᠶᠡᠯᠡᠭᠦᠯᠵᠦ᠍᠂ ᠬᠦᠮᠦᠰ ᠤᠨ ᠰᠡᠳᠭᠢᠯ᠎ᠢ ᠳᠤᠯᠠᠭᠠᠴᠠᠭᠤᠯᠬᠤ ᠴᠢᠬᠤᠯᠠᠳᠠᠢ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠸᠠᠩ ᠹᠠᠩ ᠬᠡᠯᠡᠨ᠎ᠠ᠃

ᠸᠠᠩ ᠹᠠᠩ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠥᠨᠳᠥᠷ ᠪᠠᠷᠢᠮᠵᠢᠶ᠎ᠠ ᠥᠨᠳᠥᠷ ᠴᠢᠨᠠᠷ ᠰᠠᠢᠲᠠᠶ ᠥᠨᠳᠥᠷ ᠪᠦᠲᠦᠮᠵᠢᠲᠡᠶ᠎ᠪᠡᠷ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠬᠡᠷ᠎ᠦᠨ ᠶᠠᠪᠤᠳᠠᠯ᠎ᠤᠨ ᠦᠶ᠋ᠯᠡᠴᠢᠯᠡᠭᠡᠨ᠎ᠦ ᠠᠵᠢᠯᠯᠠᠭ᠍ᠰᠠᠳᠢ 1 ᠲᠦᠮᠡ᠂ ᠬᠡᠷ ᠪᠦᠯᠢ᠎ᠶ᠋ᠢᠨ ᠬᠥᠮᠦᠵᠢᠯ᠎ᠦᠨ ᠵᠢᠭᠠᠨ ᠵᠢᠯᠣᠭᠣᠳᠣᠭ᠍ᠴᠢ᠎ᠶ᠋ᠢ 1 ᠲᠦᠮᠡ ᠪᠣᠯᠪᠠᠰᠤᠷᠠᠭᠤᠯᠤᠨ᠎ᠠ; ᠬᠡᠤᠬᠡᠳ ᠪᠠᠭᠠᠴᠤᠳ (ᠬᠡᠤᠬᠡᠳ ᠪᠠᠭᠠᠴᠤᠳ ᠢ ᠬᠠᠮᠠᠭᠠᠯᠠᠬᠤ) ᠤ᠋ᠨ ᠭᠡᠷ ᠪᠦᠯᠢ᠎ᠵᠢ 50 ᠰᠢᠨ᠎ᠡ ᠪᠡᠷ ᠪᠠᠢᠭᠤᠯᠵᠤ᠂ ᠬᠢᠯᠢ ᠬᠢᠵᠠᠭᠠᠷ᠂ ᠵᠠᠬ᠎ᠠ ᠬᠢᠵᠠᠭᠠᠷ ᠤᠨ ᠬᠤᠰᠢᠭᠤ ᠰᠢᠶᠠᠨ ᠪᠦᠬᠦᠨ ᠳᠦ ᠬᠠᠮᠤᠷᠤᠭᠤᠯᠬᠤ ᠵᠢ ᠪᠡᠶᠡᠯᠡᠭᠦᠯᠦᠨ᠎ᠡ; ᠨᠥᠬᠥᠴᠡᠯ᠎ᠳᠦ ᠨᠡᠢᠴᠡᠭᠰᠡᠨ ᠣᠷᠣᠯᠭ᠎ᠠ ᠪᠠᠭᠠᠲᠠᠶ ᠭᠡᠷ ᠪᠦᠯᠢ᠎ᠵᠢᠨ 《ᠬᠣᠶᠠᠷ ᠥᠮᠡᠨ》 ᠵᠢᠡᠷ ᠣᠨᠣᠱᠢᠯᠠᠭ᠍ᠳᠠᠭ᠍ᠰᠠᠨ ᠡᠮᠡᠭ᠌ᠲᠡᠢ ᠪᠦᠷᠢ ᠳᠦ 1 ᠲᠦᠮᠡᠨ ᠲᠥᠭᠥᠷᠢᠭ᠎ᠦᠨ ᠲᠤᠰᠠᠯᠠᠮᠵᠢ ᠤᠯᠭᠤᠨ᠎ᠠ ᠭᠡᠵᠤ ᠬᠠᠷᠠᠯᠳᠠ ᠪᠠᠨ ᠲᠠᠯᠭᠡᠵᠤ ᠭᠠᠷᠤᠯ᠎ᠠ᠃
ᠡᠮᠡᠭᠳᠡᠢᠴᠤᠳ ᠭᠡᠤᠭᠡᠳ ᠲᠡᠭᠡᠨ ᠰᠠᠢᠳᠤᠷ ᠤᠢᠯᠠᠴᠢᠯᠡᠨᠠ᠃ 《ᠪᠢᠳᠡ ᠬᠣᠶᠠᠷ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠬᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠂ ᠰᠠᠭᠤᠷᠢ᠎ᠪᠠᠨ ᠴᠢᠩᠭᠠᠳᠭᠠᠨ ᠬᠡᠪᠴᠢᠶ᠎ᠡ᠎ᠪᠡᠨ ᠥᠷᠭᠡᠳᠭᠡᠵᠦ᠍ ᠠᠮᠢᠵᠢᠷᠠᠯ᠎ᠢ ᠠᠬᠢᠭᠤᠯᠬᠤ ᠭᠤᠷᠪᠠᠨ ᠶᠡᠬᠡ ᠢᠨᠵᠧᠨᠧᠷᠢᠩ᠎ᠢ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠶ᠋ᠯᠡᠰ ᠪᠤᠰᠭᠠᠵᠤ ᠠᠵᠢᠯ ᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠶ᠎ᠶ᠋ᠢᠨ ᠪᠣᠯᠪᠠᠰᠤᠨ᠂ ᠡᠷᠬᠡ ᠠᠱᠢᠭ᠎ᠢᠶᠠᠨ ᠬᠠᠮᠠᠭᠠᠯᠠᠬᠤ ᠵᠢ ᠠᠨᠭᠬᠠᠷᠤᠨ ᠬᠠᠯᠠᠮᠵᠢᠯᠠᠬᠤ᠂ ᠠᠮᠢ ᠨᠠᠰᠤᠨ᠎ᠤ ᠡᠷᠡᠭᠦᠯ ᠮᠡᠨᠳᠦ ᠵᠡᠷᠭᠡ ᠡᠮᠡᠭ᠌ᠲᠡᠢᠴᠦᠳ᠎ᠲᠦ ᠬᠤᠯᠪᠤᠭᠳᠠᠭᠰᠠᠨ ᠠᠵᠢᠯᠯᠠᠭ᠎ᠠ᠎ᠶ᠋ᠢ ᠪᠣᠳᠠᠲᠠᠶ ᠠᠳᠭᠤᠵᠤ᠂ ᠥᠷᠭᠡᠨ ᠣᠯᠠᠨ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠳᠦ ᠨᠠᠩ ᠶᠡᠬᠡ ᠴᠢᠷᠮᠠᠢᠯᠭ᠎ᠠ ᠭᠠᠷᠭᠠᠵᠤ ᠦᠨᠡᠨ ᠰᠡᠳᠭᠢᠯ ᠡᠴᠡ ᠪᠠᠨ ᠦᠶ᠋ᠯᠡᠴᠢᠯᠡᠨ᠎ᠡ》 ᠭᠡᠵᠦ᠍ ᠸᠠᠩ ᠹᠠᠩ ᠵᠤᠷᠢᠭ᠎ᠵᠢᠡᠨ ᠬᠦᠪᠴᠢᠯᠡᠨ᠎ᠠ᠃
ᠵᠤᠬᠢᠶᠠᠯ \ ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠮᠠ ᠹᠠᠩ ᠮᠦᠩᠬᠡᠴᠢᠯᠠᠭᠤ