《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠲᠤᠯᠠᠭᠠᠯᠠᠬᠤ ᠢᠨᠵᠧᠨᠧᠷᠢᠩ᠎ᠦᠨ ᠴᠢᠬᠤᠯᠠ ᠴᠢᠨᠠᠷ᠎ᠢ ᠴᠢᠬᠤᠯᠠᠴᠢᠯᠠᠵᠠᠢ᠂ ᠲᠤᠯᠠᠭᠠᠯᠠᠬᠤ ᠢᠨᠵᠧᠨᠧᠷᠢᠩ ᠨᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠬᠤ ᠪᠥᠭᠡᠳ ᠪᠠᠰᠠ ᠴᠤ᠌ ᠬᠥᠭᠵᠢᠯᠲᠡ᠎ᠶᠢᠨ ᠢᠨᠵᠧᠨᠧᠷᠢᠩ ᠪᠠᠢᠵᠤ᠂ ᠵᠦᠪᠭᠡᠨ ᠠᠷᠠᠳ ᠤᠯᠠᠨ᠎ᠢ ᠪᠣᠳᠠᠰ ᠤᠨ ᠪᠠ ᠤᠶᠤᠨ ᠤ ᠲᠠᠯ᠎ᠠ᠎ᠪᠠᠷ ᠴᠥᠮ ᠬᠠᠨᠤᠮᠵᠢᠲᠠᠢ ᠪᠣᠯᠭᠠᠪᠠᠯ ᠰᠠᠶᠢ ᠨᠡᠢᠭᠡᠮ᠎ᠦᠨ ᠡᠶ᠎ᠡ ᠵᠣᠬᠢᠴᠠᠡᠭᠭᠤᠢ ᠲᠣᠭᠲᠠᠭᠤᠨ ᠪᠠᠢᠳᠠᠯ ᠪᠠ ᠠᠵᠤ ᠠᠬᠤᠢ᠎ᠶᠢᠨ ᠦᠷᠭᠦᠯᠵᠢᠯᠡᠬᠦ ᠬᠥᠭᠵᠢᠯᠲᠡ᠎ᠳᠦ ᠪᠠᠲᠤ ᠪᠡᠬᠢ ᠰᠠᠭᠤᠷᠢ ᠲᠠᠯᠪᠢᠵᠤ ᠴᠢᠳᠠᠨ᠎ᠠ》ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠪᠤᠭᠤᠲᠤ ᠬᠣᠲᠠ᠎ᠶᠢᠨ ᠬᠤᠳᠠᠯᠳᠤᠭᠠᠴᠢᠳ᠎ᠤᠨ ᠶᠡᠷᠦᠩᠬᠡᠢ ᠡᠪᠯᠡᠯ᠎ᠦᠨ ᠳᠡᠳ᠋ ᠳᠠᠷᠤᠭ᠎ᠠ ᠵᠠᠩ ᠽᠢ ᠬᠣᠶ ᠬᠡᠯᠡᠨ᠎ᠠ᠃

ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ 《ᠣᠳᠣᠬᠠᠨ᠎ᠤ ᠠᠵᠤ ᠠᠬᠤᠢ᠎ᠶᠢᠨ ᠪᠠᠢᠳᠠᠯ ᠳᠣᠣᠷ᠎ᠠ᠂ ᠠᠵᠢᠯ ᠣᠯᠭᠣᠯᠲᠠ᠎ᠶᠢ ᠪᠠᠲᠤᠯᠠᠬᠤ᠂ ᠢᠯᠠᠩᠭᠤᠶ᠎ᠠ ᠵᠠᠯᠠᠭᠤᠴᠤᠳ ᠪᠣᠯᠣᠨ ᠬᠥᠯᠥᠰᠦᠨ ᠲᠠᠷᠢᠶᠠᠴᠢᠨ᠎ᠤ ᠠᠵᠢᠯ ᠣᠯᠭᠣᠯᠲᠠ᠎ᠶᠢᠨ ᠠᠰᠠᠭᠤᠳᠠᠯ᠎ᠢ ᠰᠢᠢᠳᠪᠦᠷᠢᠯᠡᠬᠦ ᠪᠣᠯ ᠴᠢᠬᠤᠯᠠ ᠡᠭᠦᠷᠭᠡ᠎ᠶᠢᠨ ᠨᠢᠭᠡ ᠪᠣᠯᠣᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ 2024 ᠣᠨ᠎ᠳᠤ ᠬᠣᠲᠠ ᠪᠠᠯᠭᠠᠰᠤᠨ᠎ᠤ 18 ᠲᠦᠮᠡ᠎ᠭᠠᠷᠤᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠣᠲᠠ ᠪᠠᠯᠭᠠᠰᠤᠨ᠎ᠤ ᠪᠠᠢᠴᠠᠭᠠᠯᠳᠠ᠎ᠳᠡᠬᠢ ᠠᠵᠢᠯ ᠠᠯᠳᠠᠭᠰᠠᠳ᠎ᠤᠨ ᠨᠣᠷᠮ᠎ᠠ᠎ᠶᠢ 6% ᠣᠷᠴᠢᠮᠪᠠᠢᠯᠭᠠᠨᠠ ᠭᠡᠵᠦ ᠳᠤᠷᠠᠳᠤᠨ ᠭᠠᠷᠭᠠᠪᠠ᠂ ᠡᠭᠦᠨ᠎ᠳᠦ ᠪᠢᠳᠡ ᠠᠵᠢᠯ ᠣᠯᠭᠣᠯᠲᠠ᠎ᠶᠢ ᠳᠡᠮᠵᠢᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠥᠮᠥᠨ ᠨᠢᠭᠡᠪᠦᠷᠢ᠎ᠶᠢᠨ ᠲᠣᠰ ᠪᠡᠶ᠎ᠡ᠎ᠶᠢᠨ ᠬᠥᠭᠵᠢᠯᠲᠡ ᠪᠠ ᠦᠨ᠎ᠡ ᠥᠷᠲᠡᠭ᠎ᠢᠶᠡᠨ ᠪᠡᠶᠡᠯᠡᠭᠦᠯᠬᠦ᠎ᠶᠢ ᠱᠠᠭᠠᠷᠳᠠᠵᠤ ᠪᠠᠢᠨ᠎ᠠ》 ᠭᠡᠵᠦ ᠵᠠᠩ ᠽᠢ ᠬᠤᠢ ᠬᠡᠯᠡᠨ᠎ᠠ᠃
ᠵᠠᠩ ᠽᠢ ᠬᠤᠢ᠂ ᠠᠵᠢᠯ ᠣᠯᠭᠣᠯᠳᠠ᠎ᠵᠢ ᠨᠡᠮᠡᠭᠳᠡᠬᠦᠯᠬᠦ ᠳᠠᠯ᠎ᠠ ᠪᠡᠷ ᠶᠡᠷᠦᠩᠬᠡᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠩ ᠲᠡᠷᠢᠭᠦᠨ᠎ᠳᠦ᠂ ᠰᠢᠨ᠎ᠡ᠎ᠪᠡᠷ ᠬᠥᠭᠵᠢᠭᠰᠡᠨ ᠠᠵᠤ ᠦᠢᠯᠡᠰ ᠪᠠ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠵᠤ ᠦᠢᠯᠡᠰ᠎ᠢ ᠲᠡᠳᠬᠦᠨ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠢ ᠵᠤᠷᠢᠭᠵᠢᠭᠤᠯᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ ᠪᠠ ᠮᠡᠷᠭᠡᠵᠢᠯ᠎ᠦᠨ ᠠᠵᠢᠯᠴᠢᠨ᠎ᠤ ᠬᠡᠷᠡᠭᠴᠡᠭᠡ᠎ᠪᠡᠨ ᠨᠡᠮᠡᠭᠳᠡᠭᠦᠯᠬᠦ᠎ᠶᠢᠨ ᠤᠯᠠᠮ᠎ᠠᠴᠠ ᠠᠵᠢᠯ ᠣᠯᠭᠣᠬᠤ ᠨᠡᠩ ᠤᠯᠠᠨ ᠲᠣᠬᠢᠶᠠᠯ᠎ᠢ ᠡᠭᠦᠳᠬᠦ ᠬᠡᠷᠡᠭᠲᠡᠢ᠃ ᠳᠠᠬᠢᠪᠠᠯ᠂ ᠠᠵᠢᠯ ᠠᠯᠳᠠᠭᠰᠠᠳ ᠪᠠ ᠣᠨᠴᠠᠭᠠᠢ ᠬᠦᠮᠦᠰ᠎ᠢ ᠬᠠᠪᠰᠤᠷᠤᠨ ᠲᠡᠳᠬᠦᠬᠦ ᠪᠠ ᠪᠣᠯᠪᠠᠰᠤᠷᠠᠭᠤᠯᠬᠤ᠎ᠪᠠᠨ ᠴᠢᠩᠭᠠᠳᠬᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠦᠢᠯᠡᠰ ᠪᠤᠰᠬᠠᠬᠤ᠎ᠶᠢ ᠲᠡᠳᠬᠦᠨ ᠳᠡᠮᠵᠢᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠲᠡᠳᠡᠨ᠎ᠦ ᠠᠵᠢᠯ ᠣᠯᠬᠤ ᠴᠢᠳᠠᠪᠤᠷᠢ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠡᠭᠦᠨ᠎ᠡᠴᠡ ᠭᠠᠳᠠᠨ᠎ᠠ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠰᠲᠧᠮ᠎ᠦᠨ ᠰᠢᠯᠢᠳᠡᠭᠵᠢᠨ ᠲᠡᠭᠦᠯᠳᠡᠷᠵᠢᠬᠦ᠎ᠶᠢ ᠠᠬᠢᠭᠤᠯᠵᠤ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠶᠠᠰᠤ ᠴᠢᠨᠠᠷ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠠᠵᠢᠯ ᠡᠷᠢᠭᠰᠡᠳ᠎ᠲᠦ ᠨᠡᠩ ᠳᠥᠭᠥᠮ ᠳᠥᠲᠡ ᠪᠥᠭᠡᠳ ᠪᠦᠲᠦᠮᠵᠢᠲᠡᠢ ᠠᠵᠢᠯ ᠣᠯᠭᠣᠯᠲᠠ᠎ᠶᠢᠨ ᠮᠡᠳᠡᠭᠡ ᠵᠠᠩᠭᠢ ᠪᠠ ᠠᠵᠢᠯ ᠣᠯᠭᠣᠯᠲᠠ᠎ᠶᠢᠨ ᠵᠢᠯᠣᠭᠣᠳᠤᠯᠭ᠎ᠠ ᠬᠠᠩᠭᠠᠬᠤ ᠭᠡᠷᠡᠭᠳᠡᠢ ᠭᠡᠵᠤ ᠰᠠᠨᠠᠭᠤᠯᠭ᠎ᠠ ᠪᠠᠨ ᠲᠡᠯᠭᠡᠯᠠ᠃
《ᠳᠡᠭᠡᠷᠡᠬᠢ ᠠᠷᠭ᠎ᠠ ᠬᠡᠮᠵᠢᠶ᠎ᠡ᠎ᠶᠢ ᠶᠡᠷᠦᠩᠬᠡᠢᠯᠡᠨ ᠬᠡᠷᠡᠭᠵᠢᠭᠦᠯᠬᠦ᠎ᠪᠡᠷ ᠳᠠᠮᠵᠢᠭᠤᠯᠤᠨ᠂ ᠠᠵᠢᠯ ᠣᠯᠭᠣᠯᠲᠠ᠎ᠶᠢᠨ ᠵᠠᠬ᠎ᠠ ᠳᠡᠯᠭᠡᠭᠦᠷ᠎ᠦᠨ ᠦᠷᠨᠢᠬᠦᠨ ᠬᠦᠭᠵᠢᠯᠳᠠ ᠵᠢ ᠴᠢᠨᠠᠬᠰᠢᠳᠠ ᠠᠬᠢᠭᠤᠯᠵᠤ᠂ ᠠᠵᠤ ᠠᠬᠤᠢ᠎ᠶᠢᠨ ᠦᠷᠭᠦᠯᠵᠢᠯᠡᠬᠦ ᠴᠢᠨᠠᠷ ᠪᠠ ᠨᠡᠢᠭᠡᠮ᠎ᠦᠨ ᠡᠶ᠎ᠡ ᠵᠣᠬᠢᠴᠠᠡᠭᠭᠤᠢ ᠲᠣᠭᠲᠠᠭᠤᠨ ᠪᠠᠢᠳᠠᠯ᠎ᠳᠤ ᠨᠠᠡᠭ ᠢᠳᠡᠪᠬᠢᠲᠡᠢ ᠬᠤᠪᠢ ᠨᠡᠮᠡᠷᠢ ᠦᠵᠡᠭᠦᠯᠬᠦ ᠵᠢ ᠪᠠᠳᠤ ᠢᠲᠡᠭᠡᠵᠦ ᠪᠠᠢᠨ᠎ᠠ》 ᠭᠡᠵᠦ ᠵᠠᠩ ᠽᠢ ᠬᠤᠢ ᠢᠳᠡᠭᠡᠯ ᠲᠦᠬᠦᠷᠡᠡᠭ ᠭᠡᠯᠡᠨ᠎ᠠ᠃
ᠵᠤᠬᠢᠶᠠᠯ \ ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠭᠣᠣ ᠬᠤᠢ ᠶᠠᠨ ᠴᠧᠨ ᠭᠤᠸᠠᠩ