ᠦᠪᠤᠷ ᠮᠤᠡᠭᠭᠤᠯ ᠠᠷᠠᠳ᠎ᠤᠨ ᠠᠮᠢᠳᠤᠷᠠᠯ᠎ᠤᠨ ᠶᠠᠪᠤᠳᠠᠯ᠎ᠢ ᠪᠤᠳᠠᠳᠠᠢ ᠰᠠᠢᠳᠤᠷ ᠬᠢᠵᠤ ᠤᠯᠠᠨ ᠲᠦᠮᠡᠨ᠎ᠤ ᠵᠢᠷᠭᠠᠯᠳᠤ ᠲᠦᠷᠦᠭᠳᠡᠯ᠎ᠢ ᠨᠡᠮᠡᠭᠳᠡᠬᠦᠯᠤᠨ᠎ᠠ
2024-02-03 13:29:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠨᠢ ᠲᠥᠯᠥᠭᠡᠯᠡᠭ᠌ᠴᠢᠳ ᠭᠡᠱᠢᠭᠦᠳ᠎ᠦᠨ ᠠᠩᠬᠠᠷᠤᠯ᠎ᠤᠨ ᠭᠤᠤᠯᠳᠠᠯᠭ᠎ᠠ ᠪᠤᠯᠪᠠ᠃ ᠠᠷᠠᠳ᠎ᠤᠨ ᠠᠮᠢᠳᠤᠷᠠᠯ᠎ᠤᠨ ᠶᠠᠪᠤᠳᠠᠯ᠎ᠢ ᠬᠡᠷᠬᠢᠨ ᠪᠤᠳᠠᠳᠠᠢ ᠰᠠᠢᠳᠤᠷ ᠬᠢᠵᠦ᠂ ᠵᠢᠷᠭᠠᠯᠲᠤ ᠲᠦᠷᠦᠭᠳᠡᠯ᠎ᠢ ᠨᠠᠮᠡᠭᠳᠡᠬᠦᠯᠬᠦ ᠪᠤᠢ? ᠲᠥᠯᠥᠭᠡᠯᠡᠭ᠌ᠴᠢᠳ ᠭᠡᠱᠢᠭᠦᠳ᠎ᠦᠨ ᠶᠠᠷᠢᠬᠤ᠎ᠶ᠋ᠢ ᠰᠤᠨᠤᠰᠤᠶ᠎ᠠ!


QQ截图20240203133229.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠳᠦ ᠲᠦᠭᠡᠮᠡᠯ ᠬᠠᠷᠠᠭᠠᠯᠵᠠᠯᠲᠤ ᠬᠥᠭ᠌ᠵᠢᠯᠲᠡ᠎ᠶ᠋ᠢ ᠳᠣᠪᠣᠢᠯᠭᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷᠵᠢᠭᠤᠨ ᠪᠥᠭᠡᠳ ᠲᠡᠩᠴᠡᠭᠦᠷᠢᠲᠡᠶ ᠬᠥᠭ᠌ᠵᠢᠭᠦᠯᠵᠦ᠍᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠣᠯᠠᠨ ᠶᠠᠨᠭ᠌ᠵᠤᠴᠢᠯᠠᠨ᠂ ᠣᠨᠴᠠᠯᠢᠭᠵᠢᠭᠤᠯᠤᠨ ᠬᠦᠭᠵᠢᠬᠦᠯᠦᠨ᠎ᠠ ᠭᠡᠵᠤ ᠵᠢᠭᠠᠵᠤ ᠭᠠᠷᠭᠠᠵᠠᠢ᠃

《ᠦᠬᠠᠶ ᠬᠣᠲᠠ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷᠵᠢᠭᠤᠨ ᠪᠥᠭᠡᠳ ᠲᠡᠩᠴᠡᠭᠦᠷᠢᠲᠡᠶ ᠬᠦᠭᠵᠢᠬᠦᠯᠬᠦ ᠣᠷᠣᠨ ᠪᠣᠯᠤᠭ᠍ᠰᠠᠨ᠎ᠤ ᠬᠤᠪᠢ᠎ᠳᠤ᠂ ᠦᠨᠳᠦᠰᠦᠨ᠎ᠳᠡᠭᠡᠨ ᠲᠡᠩᠴᠡᠭᠦᠷᠢᠲᠡᠶ ᠪᠠᠢᠭ᠍ᠰᠠᠨ᠎ᠠᠴᠠ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠭᠦᠯᠬᠦ᠌ ᠶᠠᠪᠤᠴᠠ ᠳᠤᠮᠳᠠ  ᠪᠠᠷᠢᠮᠵᠢᠶᠠᠵᠢᠭᠤᠯᠤᠨ ᠪᠥᠲᠥᠭᠡᠨ ᠪᠠᠢᠭᠤᠯᠬᠤ ᠬᠡᠮᠵᠢᠶ᠎ᠡ ᠵᠢ ᠨᠠᠩ ᠥᠨᠳᠥᠷ᠂ ᠪᠠᠭ᠍ᠰᠢ᠎ᠶ᠋ᠢᠨ ᠡᠩᠨᠡᠭᠡ ᠵᠢ ᠨᠠᠩ ᠬᠦᠴᠦᠷᠬᠡᠭ᠂ ᠪᠥᠬᠥ᠌ ᠲᠠᠯ᠎ᠠ᠎ᠪᠠᠷ ᠬᠥᠭ᠌ᠵᠢᠬᠦ᠌ ᠣᠢᠯᠠᠭᠠᠭ᠍ᠳᠠᠬᠤᠨ ᠎ᠢ ᠨᠠᠩ ᠢᠯᠡ ᠲᠣᠳᠣ᠂ ᠠᠷᠠᠳ ᠣᠯᠠᠨ ᠎ᠢ  ᠨᠠᠩ ᠰᠡᠳᠭᠢᠯ ᠬᠠᠨᠤᠮᠵᠢᠲᠠᠶ ᠪᠤᠯᠭᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠦᠬᠠᠶ ᠬᠣᠲᠠ᠎ᠶ᠋ᠢᠨ ᠠᠷᠪᠠᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠴᠧᠨ ᠵᠢᠨ ᠲᠠᠨᠢᠯᠴᠠᠭᠤᠯᠤᠨ᠎ᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶᠠᠨ᠎ᠤ ᠥᠭᠡᠷᠡᠴᠢᠯᠡᠯᠲᠡ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠡᠮᠴᠢᠯᠡᠬᠡ᠎ᠵᠢ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠤᠨ᠎ᠠ ᠭᠡᠵᠤ ᠵᠢᠭᠠᠵᠤ ᠭᠠᠷᠭᠠᠵᠠᠢ᠃

《ᠪᠡᠭᠡᠵᠢᠩ ᠬᠣᠲᠠ᠎ᠶ᠋ᠢᠨ ᠲᠢᠶᠠᠨ ᠲᠠᠨ ᠡᠮᠨᠡᠯᠭᠡ᠎ᠶ᠋ᠢᠨ ᠬᠣᠷᠢᠶ᠎ᠠ᠂ ᠲᠦᠩ ᠷᠧᠨ ᠡᠮᠨᠡᠯᠭᠡ᠎ᠶ᠋ᠢᠨ ᠬᠣᠷᠢᠶ᠎ᠠ ᠵᠡᠷᠭᠡ 8 ᠱᠢᠯᠢᠳᠡᠭ ᠡᠮᠨᠡᠯᠭᠡ᠎ᠶ᠋ᠢᠨ ᠬᠣᠷᠢᠶ᠎ᠠ ᠥᠪᠥᠷ ᠮᠣᠩᠭᠣᠯ᠎ᠤᠨ 7 ᠡᠮᠨᠡᠯᠭᠡ᠎ᠶ᠋ᠢᠨ ᠬᠣᠷᠢᠶ᠎ᠠ᠎ᠲᠠᠶ ᠲᠣᠰ ᠲᠣᠰ 2  ᠬᠠᠮᠲᠤᠷᠠᠯᠴᠠᠭᠠᠨ᠎ᠤ ᠲᠥᠷᠥᠯ ᠵᠦᠶ᠋ᠯ᠂ 6 ᠭᠤᠤᠯᠳᠠᠯᠭ᠎ᠠ᠎ᠲᠠᠶ ᠲᠤᠰᠭᠠᠶ ᠰᠠᠯᠠᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠵᠥᠪᠯᠡᠯᠴᠡᠭᠡᠷ ᠲᠤᠭᠳᠠᠵᠦ᠂ ᠪᠢᠳᠡᠨ᠎ᠢ ᠬᠠᠪᠰᠤᠷᠤᠨ ᠮᠡᠳᠡᠷᠡᠯ᠎ᠦᠨ ᠭᠠᠳᠠᠷ ᠰᠠᠯᠠᠭ᠎ᠠ᠂ ᠠᠮᠢᠰᠭᠤᠯ᠎ᠤᠨ ᠰᠠᠯᠠᠭ᠎ᠠ᠂ ᠵᠢᠷᠦᠬᠡ ᠴᠢᠰᠤᠨ ᠰᠤᠳᠠᠯ᠎ᠤᠨ ᠭᠠᠳᠠᠷ ᠰᠠᠯᠠᠭ᠎ᠠ᠂ ᠬᠡᠦᠬᠡᠳ᠎ᠦᠨ ᠭᠠᠳᠠᠷ ᠰᠠᠯᠠᠭ᠎ᠠ ᠵᠡᠷᠭᠡ ᠭᠤᠤᠯᠳᠠᠯᠭ᠎ᠠ᠎ᠲᠠᠶ ᠲᠤᠰᠭᠠᠶ ᠰᠠᠯᠠᠭ᠎ᠠ᠎ᠶ᠋ᠢ ᠪᠠᠢᠭᠤᠯᠵᠤ᠂ ᠦᠪᠤᠷ ᠮᠤᠡᠭᠭᠤᠯ᠎ᠤᠨ ᠤᠯᠠᠨ ᠲᠦᠮᠡᠨ᠎ᠤ ᠪᠠᠢᠡᠭᠭᠤ ᠲᠤᠬᠢᠶᠠᠯᠳᠤᠳᠠᠭ ᠡᠪᠡᠳᠴᠢᠨ ᠵᠡᠷᠭᠡ᠎ᠵᠢ ᠬᠠᠨᠳᠤᠯᠭᠠᠳᠤ ᠴᠢᠨᠠᠷᠳᠠᠢ ᠡᠮᠨᠡᠨ ᠡᠳᠡᠬᠡᠷᠡᠬᠦᠯᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠵᠢᠷᠦᠬᠡ ᠴᠢᠰᠤᠨ ᠰᠤᠳᠠᠯ᠎ᠤᠨ ᠳᠣᠲᠣᠷ ᠰᠠᠯᠠᠭᠠᠨ᠎ᠤ ᠡᠷᠬᠢᠯᠡᠭ᠌ᠴᠢ ᠡᠮᠴᠢ ᠭᠦᠸᠧ ᠱᠢᠨ ᠵᠢᠶᠦ᠋ᠨ ᠳᠠᠨᠢᠯᠴᠠᠭᠤᠯᠤᠨ᠎ᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠡᠷ᠎ᠲᠡᠬᠡᠨ ᠠᠰᠠᠷᠠᠭᠤᠯᠬᠤ᠎ᠳᠤ ᠵᠤᠷᠢᠭᠤᠯᠤᠭᠰᠠᠨ ᠨᠡᠢᠭᠡᠮ ᠲᠣᠭᠣᠷᠢᠭ᠎ᠤᠨ ᠨᠠᠰᠤᠵᠢᠯ᠎ᠤᠨ ᠦᠶ᠋ᠯᠡᠴᠢᠯᠡᠭᠡᠨ᠎ᠦ ᠴᠢᠨᠠᠷ᠎ᠢ ᠳᠡᠭᠡᠭ᠌ᠰᠢᠯᠡᠭᠦᠯᠬᠦ᠌᠂ ᠪᠠᠢᠭᠤᠯᠤᠮᠵᠢ᠎ᠶ᠋ᠢᠨ ᠨᠠᠰᠤᠵᠢᠯ᠎ᠤᠨ ᠦᠶ᠋ᠯᠡᠴᠢᠯᠡᠭᠡᠨ᠎ᠤ᠎ᠲᠠᠰ᠎ᠢ ᠳᠡᠪᠱᠢᠭᠦᠯᠬᠦ᠌᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠥᠷᠭᠡᠳᠭᠡᠬᠦ᠌᠂ ᠨᠠᠰᠤᠵᠢᠯ᠎ᠤᠨ ᠦᠶ᠋ᠯᠡᠴᠢᠯᠡᠭᠡᠨ᠎ᠦ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠰᠠᠭᠤᠷᠢ᠎ᠶ᠋ᠢ ᠪᠠᠳᠤᠳᠬᠠᠬᠤ 4 ᠵᠦᠶ᠋ᠯ᠎ᠦᠨ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠎ᠡ ᠭᠡᠵᠤ ᠵᠢᠭᠠᠵᠤ ᠭᠠᠷᠭᠠᠵᠠᠢ᠃

《 ᠹᠸᠩᠵᠸᠨ ᠬᠣᠲᠠ 2024 ᠣᠨ᠎ᠳᠤ ᠣᠨᠴᠠ ᠬᠦᠴᠢᠷᠳᠡᠯᠲᠡᠶ ᠨᠠᠰᠤᠲᠠᠢᠴᠤᠳ᠎ᠤᠨ ᠭᠡᠷ ᠪᠦᠯᠢ᠎ᠳᠤ ᠲᠤᠬᠢᠷᠠᠭᠰᠠᠨ ᠨᠠᠰᠤᠵᠢᠯᠳᠠ᠎ᠵᠢᠨ ᠥᠭᠡᠷᠡᠴᠢᠯᠡᠯᠲᠡ᠎ᠶ᠋ᠢ 500 ᠡᠷᠦᠬᠡ᠎ᠡᠴᠡ ᠳᠡᠭᠡᠭ᠌ᠰᠢ ᠪᠡᠶᠡᠯᠡᠭᠦᠯᠵᠦ᠍᠂ ᠱᠢᠶᠠᠩ ᠪᠠᠯᠭᠠᠰᠤ ᠣᠷᠣᠨ ᠪᠦᠰᠡ᠎ᠶ᠋ᠢᠨ ᠨᠠᠰᠤᠵᠢᠯ᠎ᠤᠨ  ᠦᠶ᠋ᠯᠡᠴᠢᠯᠡᠭᠡᠨ᠎ᠦ ᠲᠥᠪ 2᠂ ᠲᠣᠰᠭᠣᠨ᠎ᠤ ᠱᠠᠲᠤᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠥᠷᠲᠡᠭᠡ 5 ᠎ᠶ᠋ᠢ ᠪᠠᠢᠭᠤᠯᠵᠤ᠂ ᠬᠣᠭᠣᠯᠠᠨ ᠭᠡᠷ᠎ᠢ 2᠎ᠡᠴᠡ ᠳᠡᠭᠡᠭ᠌ᠰᠢ ᠱᠢᠨ᠎ᠡ᠎ᠪᠡᠷ ᠨᠡᠮᠡᠭᠳᠡᠬᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠂ ᠹᠧᠩᠵᠧᠨ ᠬᠣᠲᠠ᠎ᠶ᠋ᠢᠨ ᠳᠠᠷᠤᠭ᠎ᠠ ᠯᠢ ᠶᠢᠩ ᠬᠡᠯᠡᠨ᠎ᠡ᠃

ᠦᠪᠤᠷ ᠮᠤᠡᠭᠭᠤᠯ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ 2024 ᠣᠨ᠎ᠳᠤ ᠡᠷᠡᠮᠡᠬᠡᠢᠯᠡᠨ ᠤᠷᠤᠭ᠍ᠰᠢᠯᠠᠵᠤ᠂ ᠤᠯᠠᠨ ᠲᠦᠮᠡᠨ᠎ᠤ ᠵᠢᠷᠭᠠᠯᠳᠤ ᠲᠦᠷᠦᠭᠳᠡᠯ᠎ᠢ ᠨᠡᠮᠡᠭᠳᠡᠬᠦᠯᠤᠨ᠂ ᠨᠠᠡᠭ ᠲᠠᠨᠢᠬᠦᠨ ᠲᠠᠪᠠᠳᠠᠢ ᠠᠮᠢᠳᠤᠷᠠᠯ᠎ᠢ᠋ ᠡᠳ᠋ᠯᠡᠬᠦᠯᠤᠨ᠎ᠠ᠃


(ᠲᠤᠰ ᠰᠤᠨᠢᠨ᠎ᠤ ᠰᠤᠷᠪᠤᠯᠵᠢᠯᠠᠭᠴᠢ᠄ ᠰᠦᠨ ᠢ ᠹᠠᠨ᠂ ᠢᠦᠢ ᠲᠤᠤ᠂ ᠪᠠᠢ ᠱᠢᠤᠸᠠᠢ᠂ ᠮᠠ ᠵᠢᠶᠦ᠋ᠨ ᡂᠢ᠂ ᠸᠠᠩ ᠯᠸᠢ᠂ ᠮᠥᠩᠬᠡᠴᠢᠯᠠᠭᠤ  ᠵᠤᠸᠠᠩ ᠶᠤᠸᠠᠨ  ᠬᠠᠨ ᠱᠢᠶᠤᠤ ᠢᠦᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号