ᠬᠤᠪᠢ ᠳᠠᠬᠢᠨ ᠨᠠᠨᠳᠢᠩᠨᠠᠵᠤ ᠠᠴᠢ᠎ᠳᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠰᠤᠭᠠᠢ — ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠤᠬᠠᠢ ᠨᠢᠭᠡᠨᠲᠡ ᠥᠭᠦᠯᠡᠬᠦ᠌ ᠨᠢ
2024-02-04 10:00:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ ᠎ᠤ ᠬᠣᠶᠠᠷ ᠬᠤᠷᠠᠯ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠡᠷᠭᠢᠴᠡᠭᠦᠯᠵᠦ᠍ ᠂ ᠡᠨᠡ ᠵᠢᠯ᠎ᠦᠨ ᠭᠣᠣᠯᠳᠠᠯᠭ᠎ᠠ᠎ᠲᠠᠶ ᠠᠵᠢᠯ᠎ᠢ ᠲᠤᠬᠢᠷᠠᠭᠤᠯᠤᠨ ᠪᠠᠢᠷᠢᠯᠠᠭᠤᠯᠵᠤ ᠂ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠱ᠌ᠢᠭ᠌ᠰᠡᠨ ᠭᠣᠣᠯ ᠬᠠᠷᠠᠯᠲᠠ ᠡᠭᠦᠷᠭᠡ᠎ᠶ᠋ᠢ ᠲᠣᠳᠣᠷᠬᠠᠢᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ᠎ᠳᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ ᠂ ᠰᠡᠳᠭᠢᠯ ᠨᠢᠬᠡᠳᠦᠨ ᠬᠦᠴᠦ ᠪᠡᠨ ᠬᠠᠮᠲᠤᠳᠬᠠᠵᠤ ᠪᠠᠢᠭᠠᠳ ᠥᠪᠥᠷ ᠮᠣᠩᠭᠣᠯ᠎ᠤᠨ ᠶᠠᠪᠤᠳᠠᠯ᠎ᠢ ᠨᠡᠩ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠵᠤᠷᠢᠭ᠎ᠢ ᠬᠦᠭᠵᠢᠭᠡᠪᠡ᠃

2023 ᠣᠨ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠬᠥᠱᠢᠢ᠎ᠡ ᠳᠡᠮᠳᠡᠭ᠎ᠤᠨ ᠠᠴᠢ ᠬᠣᠯᠪᠣᠭ᠍ᠳᠠᠯ᠎ᠪᠦᠬᠦᠢ ᠨᠢᠭᠡ ᠵᠢᠯ ᠮᠦᠨ᠃ ᠨᠢᠭᠡ ᠵᠢᠯ᠎ᠦᠨ ᠲᠤᠷᠰᠢ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠭᠦᠨ ᠵᠤᠵᠠᠭᠠᠨ ᠬᠠᠯᠠᠮᠵᠢᠯᠠᠯ ᠳᠤᠤᠷ᠎ᠠ᠂ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠦᠴᠦᠲᠡᠶ ᠳᠡᠮᠵᠢᠯᠭᠡ ᠳᠤᠤᠷ᠎ᠠ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ ᠥᠷᠨᠢᠨ ᠬᠥᠭ᠌ᠵᠢᠵᠦ᠍᠂ ᠮᠠᠰᠢ ᠣᠯᠠᠨ ᠠᠵᠢᠯ᠎ᠢ ᠰᠠᠢᠨ ᠬᠠᠨᠳᠤᠰᠢ ᠲᠠᠢ ᠪᠤᠯᠭᠠᠵᠤ᠂ ᠱᠢᠨ᠎ᠡ ᠳᠦᠷᠰᠦ ᠪᠠᠢᠳᠠᠯ᠎ᠲᠠᠶ ᠪᠣᠯᠭᠠᠵᠠᠢ᠃ ᠬᠣᠶᠠᠷ ᠶᠡᠬᠡ ᠶᠠᠪᠤᠳᠠᠯ ᠪᠤᠯᠤᠨ 《 ᠲᠠᠪᠤᠨ ᠶᠡᠬᠡ ᠡᠭᠦᠷᠭᠡ 》 ᠶ᠋ᠢᠨ ᠣᠨ᠎ᠤ ᠠᠵᠢᠯ᠎ᠤᠨ ᠲᠥᠯᠥᠪᠯᠡᠭᠡ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ ᠱᠢᠨ᠎ᠡ ᠲᠡᠮᠳᠡᠭ᠌ᠯᠡᠯ᠎ᠢ ᠡᠭᠦᠳᠴᠦ᠍ ᠂ 《ᠤᠮᠠᠷᠠᠲᠤ ᠵᠢᠨ ᠭᠤᠷᠪᠠᠨ ᠤᠷᠤᠨ 》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠡᠨᠧᠷᠭᠢ᠎ᠶ᠋ᠢᠨ ᠬᠦᠷᠢᠶᠡᠨ᠎ᠳᠦ 《 ᠪᠥᠬᠥ᠌ ᠤᠯᠤᠰ᠎ᠤᠨ 10 ᠨᠢᠭᠡᠳᠦᠭᠡᠷ》 ᠎ᠢ᠋ ᠡᠭᠦᠳᠴᠦ᠍᠂ 《 ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ ᠴᠢᠬᠤᠯᠠ ᠠᠯᠬᠤᠮ᠎ᠢ ᠠᠯᠬᠤᠵᠤ ᠂ ᠨᠡᠭᠦᠷᠡᠰᠦ᠂ ᠴᠠᠬᠢᠯᠭᠠᠨ᠂ ᠠᠮᠤ ᠪᠤᠳᠠᠭ᠎ᠠ᠂ ᠮᠢᠬ᠎ᠠ᠂ ᠰᠦ ᠶ᠋ᠢᠨ ᠭᠠᠷᠤᠯᠲᠠ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠳᠣᠲᠣᠭᠠᠳᠤ ᠭᠠᠳᠠᠭᠠᠳᠤ ᠨᠡᠭᠡᠭᠡᠯᠲᠡ ᠡᠯᠪᠡᠭ ᠦᠷ᠎ᠡ ᠪᠦᠲᠦᠭᠡᠯ ᠤᠯᠪᠠ᠃  ᠡᠳᠡᠭᠡᠷ ᠠᠮᠵᠢᠯᠲᠠ ᠪᠦᠲᠦᠮᠵᠢ ᠪᠣᠯ ᠣᠷᠣᠨ ᠳᠠᠶᠠᠭᠠᠷ᠎ᠢᠶᠡᠨ ᠡᠷᠡᠰ ᠭᠤᠢᠪᠢᠰᠢ ᠦᠭᠡᠢ᠎ᠪᠡᠷ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌᠂ ᠶᠡᠷᠦᠩᠬᠡᠢ ᠱᠦᠵᠢ ᠰᠢ ᠵᠢᠨ ᠫᠢᠩ᠎ᠢ ᠡᠷᠡᠰ ᠲᠠᠭᠠᠵᠤ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠭ᠍ᠰᠠᠨ ᠦᠢᠯᠡᠳᠦᠯᠭᠡ᠎ᠶ᠋ᠢᠨ ᠣᠯᠤᠯᠲᠠ ᠮᠦᠨ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠬᠦᠴᠢᠷ᠎ᠢ ᠰᠦᠷᠦᠨ ᠤᠷᠤᠭ᠍ᠰᠢᠯᠠᠵᠤ ᠂ ᠡᠷᠡᠯᠬᠡᠭ᠌ᠯᠡᠨ ᠲᠡᠮᠡᠴᠡᠭ᠌ᠰᠡᠨ᠎ᠦ ᠦᠷ᠎ᠡ ᠳ᠋ᠦᠩ ᠮᠦᠨ᠃

ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ ᠤᠯᠤᠭᠰᠠᠨ ᠶᠤᠮ᠂ ᠬᠠᠯᠠᠮᠵᠢᠯᠠᠯ᠎ᠢ ᠵᠠᠪᠠᠯ ᠪᠠᠲᠤ ᠴᠡᠭᠡᠵᠢᠯᠡᠬᠦ᠌ ᠬᠡᠷᠡᠭ᠌ᠲᠡᠶ᠃ ᠶᠡᠷᠦᠩᠬᠡᠶ ᠱᠦᠵᠢ ᠰᠢ ᠵᠢᠨ ᠫᠢᠩ ᠳᠠᠬᠢᠨᠲᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠪᠢᠳᠡᠨ᠎ᠳᠦ ᠯᠤᠲᠤ ᠶᠡᠬᠡ ᠤᠯᠤᠰ ᠲᠥᠷᠥ᠎ᠶ᠋ᠢᠨ ᠬᠠᠯᠠᠮᠵᠢᠯᠠᠯ ᠪᠠ ᠡᠷᠬᠢᠮ ᠨᠠᠨᠳᠢᠨ ᠬᠥᠭ᠌ᠵᠢᠯᠲᠡ᠎ᠶ᠋ᠢᠨ ᠠᠵᠠ ᠲᠣᠬᠢᠶᠠᠯ ᠠᠪᠴᠢᠷᠠᠵᠤ ᠥᠭᠪᠡ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠦᠭ᠌ᠰᠡᠨ ᠨᠢ ᠪᠢᠳᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠵᠠᠢ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠰᠠᠨᠠᠯ ᠨᠡᠢᠲᠡᠯᠡᠵᠦ᠍ ᠂ ᠪᠢᠳᠡᠨ᠎ᠦ 《ᠲᠠᠪᠤᠨ ᠶᠡᠬᠡ ᠡᠭᠦᠷᠭᠡ》 ᠶ᠋ᠢ ᠨᠠᠩ ᠰᠠᠢᠲᠤᠷ ᠪᠡᠶᠡᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠡᠢᠮᠦ᠍ ᠶᠡᠬᠡ ᠳᠡᠮᠵᠢᠯᠭᠡ ᠵᠢᠨ ᠡᠷᠴᠢᠮ ᠂ ᠡᠢᠮᠦ᠍ ᠰᠠᠢᠨ ᠬᠥᠭ᠌ᠵᠢᠯᠲᠡ᠎ᠶ᠋ᠢᠨ ᠨᠥᠬᠥᠴᠡᠯ ᠳ᠋ᠦ ᠭᠠᠭ᠍ᠴᠠ ᠬᠦ᠌ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠂ ᠠᠴᠢ᠎ᠳᠦ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠪᠠᠯ ᠰᠠᠶᠢ ᠨᠠᠮ᠎ᠤᠨ ᠲᠥᠪ ᠬᠤᠷᠢᠶ᠎ᠠ᠎ᠵᠢᠨ ᠳᠡᠮᠵᠢᠯᠭᠡ᠎ᠶ᠋ᠢ ᠲᠠᠯᠠᠭᠠᠷᠳᠠᠭᠤᠯᠬᠤ ᠦᠭᠡᠶ ᠪᠠᠢᠵᠤ᠂ ᠡᠷᠬᠢᠮ ᠨᠠᠨᠳᠢᠨ ᠠᠵᠠ ᠲᠣᠬᠢᠶᠠᠯ᠎ᠢ ᠠᠳᠬᠤᠵᠤ ᠠᠮᠵᠢᠵᠤ ᠴᠢᠳᠠᠬᠤ ᠶᠤᠮ᠃ ᠠᠴᠢ᠎ᠳᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠬᠤ᠎ᠳᠤ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠂《ᠬᠣᠶᠠᠷ᠎ᠢ ᠲᠣᠭ᠍ᠲᠠᠭᠠᠭᠰᠠᠨ》 ᠎ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠡᠷᠡᠮᠡᠬᠡᠢᠯᠡᠨ ᠤᠷᠤᠭ᠍ᠰᠢᠯᠠᠵᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠶᠡᠷᠦᠩᠬᠡᠢ ᠱᠦᠵᠢ᠎ᠶᠢ ᠡᠷᠡᠰ ᠲᠠᠭᠠᠵᠤ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ᠎ᠶ᠋ᠢ ᠤᠮᠠᠷᠠᠲᠤ᠎ᠶ᠋ᠢᠨ ᠡᠬᠡ ᠭᠠᠵᠠᠷ᠎ᠤᠨ 《ᠬᠠᠮᠤᠭ᠎ᠤᠨ ᠬᠦᠴᠦᠷᠬᠡᠭ ᠳᠠᠭᠤᠨ》ᠪᠣᠯᠭᠠᠬᠤ ᠬᠡᠷᠡᠭ᠌ᠲᠡᠢ᠃ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠬᠦ ᠳ᠋ᠤ ᠠᠵᠢᠯᠯᠠᠭ᠎ᠠ ᠥᠷᠨᠢᠭᠦᠯᠬᠦ ᠬᠡᠷᠡᠭᠲᠡᠢ᠂ ᠶᠡᠷᠦᠩᠬᠡᠢ ᠱᠦᠵᠢ ᠰᠢ ᠵᠢᠨ ᠫᠢᠩ᠎ᠦᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠲᠤᠯᠤᠭᠠᠨ ᠲᠠᠯ᠎ᠠ᠎ᠪᠠᠷ ᠵᠢᠱ᠌ᠢᠶᠡᠴᠢ ᠪᠣᠯᠬᠤ》 ᠵᠢ ᠴᠢᠷᠮᠠᠢᠨ ᠪᠡᠶᠡᠯᠡᠭᠦᠯᠵᠦ᠍᠂ ᠦᠨᠳᠦᠰᠦᠲᠡᠨ᠎ᠦ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠳᠤᠮᠳᠠ ᠱᠢᠨ᠎ᠡ ᠵᠠᠮ᠎ᠢ ᠨᠡᠭᠡᠭᠡᠬᠦ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ᠌ ᠡᠨᠡ ᠬᠦ᠌ ᠠᠯᠳᠠᠨ ᠱᠤᠰᠢᠭ᠎ᠠ᠎ᠶ᠋ᠢ ᠨᠡᠩ ᠭᠢᠯᠠᠯᠵᠠᠭᠤᠯᠬᠤ ᠬᠡᠷᠡᠭ᠌ᠲᠡᠢ᠃

ᠣᠳᠣᠬᠠᠨ᠎ᠳᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠠᠨᠳᠤᠰᠢ ᠮᠠᠰᠢ ᠰᠠᠢᠨ᠂ ᠤᠯᠤᠰ᠎ᠤᠨ ᠳᠡᠮᠵᠢᠯᠭᠡ᠎ᠶ᠋ᠢᠨ ᠡᠷᠴᠢᠮ ᠤᠷᠢᠳ ᠡᠮᠦᠨ᠎ᠡ ᠪᠠᠢᠭ᠎ᠠ ᠥᠬᠡᠶ᠂ ᠬᠥᠭ᠌ᠵᠢᠯᠲᠡ᠎ᠶ᠋ᠢᠨ ᠴᠢᠬᠤᠯᠠ ᠶᠡᠬᠡ ᠠᠵᠠ ᠲᠣᠬᠢᠶᠠᠯ ᠤᠷᠢᠳ ᠡᠮᠦᠨ᠎ᠡ ᠪᠠᠢᠭ᠎ᠠ ᠥᠬᠡᠶ᠂ ᠠᠵᠢᠯ ᠬᠢᠵᠦ᠍ ᠦᠶ᠋ᠯᠡᠰ ᠪᠤᠰᠬᠠᠬᠤ ᠡᠷᠴᠢ ᠵᠣᠷᠢᠭ ᠤᠷᠢᠳ ᠡᠮᠦᠨ᠎ᠡ ᠪᠠᠢᠭ᠎ᠠ ᠥᠬᠡᠶ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠬᠠᠯᠠᠮᠵᠢᠯᠠᠯ ᠳᠡᠮᠵᠢᠯᠭᠡ ᠪᠣᠯ ᠪᠢᠳᠡᠨ᠎ᠦ ᠡᠷᠡᠮᠡᠬᠡᠢᠯᠡᠨ ᠤᠷᠤᠭ᠍ᠰᠢᠯᠠᠬᠤ ᠬᠠᠮᠤᠭ᠎ᠤᠨ ᠶᠡᠬᠡ ᠬᠥᠳᠡᠯᠭᠡᠬᠦ᠌ ᠬᠦᠴᠦᠨ ᠮᠥᠨ᠃ ᠪᠥᠬᠥ᠌ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠳᠭᠤᠵᠤ᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ《ᠴᠠᠭᠠᠰᠤᠨ ᠳᠡᠭᠡᠷ᠎ᠡ》ᠡᠴᠡ《 ᠪᠤᠳᠠᠳᠠᠢ ᠳᠡᠭᠡᠷ᠎ᠡ》ᠨᠠᠢᠳᠠᠪᠤᠷᠢᠵᠢᠭᠤᠯᠬᠤ ᠬᠡᠷᠡᠭ᠌ᠲᠡᠶ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠡᠮᠵᠢᠯᠭᠡ ᠵᠢᠨ ᠰᠠᠨᠠᠯ ᠵᠢᠴᠢ ᠡᠯ᠎ᠡ ᠶᠠᠮᠤᠨ ᠵᠥᠪᠯᠡᠯ᠎ᠦᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠂ ᠶᠠᠮᠤᠨ ᠪᠠ ᠣᠷᠣᠨ᠎ᠤ ᠬᠠᠮᠲᠤᠷᠤᠯᠴᠠᠭ᠎ᠠ ᠵᠢᠨ ᠵᠦᠪᠯᠡᠯᠴᠡᠭᠡᠷ᠎ᠢ ᠭᠦᠶ᠋ᠴᠡᠳ ᠰᠠᠢᠲᠤᠷ ᠬᠡᠷᠡᠭ᠌ᠯᠡᠵᠦ᠂  ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢ ᠬᠠᠮᠠᠭᠠᠯᠠᠬᠤ ᠪᠠ ᠴᠢᠨᠠᠷ ᠰᠠᠢᠲᠠᠶ ᠬᠥᠭ᠌ᠵᠢᠬᠦᠯᠬᠦ᠂ 《ᠤᠮᠠᠷᠠᠳᠤ᠎ᠶᠢᠨ ᠭᠤᠷᠪᠠᠨ ᠤᠷᠤᠨ》 ᠎ᠤ᠋ ᠢᠨᠵᠸᠨ᠋ᠸᠷᠢᠩ᠎ᠤᠨ ᠪᠤᠭᠤᠮᠳᠠ ᠰᠢᠪᠳᠤᠯᠬᠤ ᠳᠠᠢᠯᠠᠯᠳᠤᠭᠠᠨ ᠵᠡᠷᠭᠡ ᠮᠠᠨ᠎ᠤ ᠣᠷᠣᠨ᠎ᠤ ᠬᠦᠷᠲᠡᠵᠦ ᠪᠠᠢᠭ᠎ᠠ ᠤᠯᠤᠰ᠎ᠤᠨ ᠪᠠᠢᠯᠳᠤᠬᠤ ᠪᠤᠳᠤᠯᠭ᠎ᠠ᠎ᠶᠢᠨ ᠴᠢᠨᠠᠷᠳᠠᠢ ᠳᠡᠮᠵᠢᠯᠭᠡ᠎ᠶᠢᠨ ᠳᠦᠷᠦ᠎ᠶᠢᠨ ᠪᠤᠳᠤᠯᠭ᠎ᠠ ᠵᠢ ᠭᠦᠢᠴᠡᠳ ᠰᠠᠢᠲᠤᠷ ᠬᠡᠷᠡᠭ᠌ᠯᠡᠵᠦ᠂  ᠬᠥᠭ᠌ᠵᠢᠭᠡᠳᠦᠶ ᠭᠠᠵᠠᠷ ᠣᠷᠣᠨ᠂ ᠡᠬᠢ ᠪᠠᠶᠠᠯᠢᠭ᠎ᠤᠨ ᠬᠡᠯᠪᠡᠷᠢᠲᠦ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ᠎ᠦ ᠣᠷᠣᠨ᠎ᠳᠡᠬᠢ ᠤᠯᠤᠰ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠵᠢ ᠭᠦᠶ᠋ᠴᠡᠳ ᠰᠠᠢᠲᠤᠷ ᠬᠡᠷᠡᠭ᠌ᠯᠡᠵᠦ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠡᠴᠡ ᠭᠠᠷᠭᠠᠭ᠍ᠰᠠᠨ ᠨᠢᠭᠡ ᠪᠦᠯᠦᠭ ᠰᠢᠨ᠎ᠡ ᠠᠰᠢᠭᠳᠠᠢ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ ᠰᠠᠢᠲᠤᠷ ᠬᠡᠷᠡᠭ᠌ᠯᠡᠵᠦ᠂ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠨᠢᠭᠡ ᠪᠦᠷᠢ᠎ᠶ᠋ᠢ ᠦᠨᠡᠨ ᠪᠣᠳᠠᠲᠠᠶ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠵᠤ᠂ ᠳᠡᠮᠵᠢᠯᠭᠡ᠎ᠶᠢᠨ ᠶᠠᠪᠤᠳᠠᠯ ᠪᠣᠯᠭᠠᠨ᠎ᠢ ᠪᠦᠷ ᠨᠢᠳᠦᠨ᠎ᠳᠦ ᠦᠵᠡᠭᠳᠡᠵᠦ ᠭᠠᠷ᠎ᠲᠦ ᠪᠠᠷᠢᠭᠳᠠᠬᠤ ᠲᠦᠷᠦᠯ ᠵᠦᠢᠯ ᠪᠤᠯᠭᠠᠨ ᠬᠤᠪᠢᠷᠠᠭᠤᠯᠬᠤ ᠬᠡᠷᠡᠭᠳᠡᠢ᠃

ᠬᠠᠪᠤᠷ᠎ᠤᠨ ᠤᠷᠢᠬᠠᠨ ᠰᠠᠯᠬᠢᠨ᠎ᠤ ᠬᠦᠴᠦᠨ᠎ᠳᠤ ᠳᠠᠷᠪᠠᠭᠤᠯ ᠬᠡᠢᠰᠭᠡᠨ ᠬᠤᠯᠠ ᠠᠶᠠᠯᠠᠨᠠᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠲᠡᠨᠡᠭ ᠡᠪᠦᠭᠡᠨ ᠠᠭᠤᠯᠠ᠎ᠶ᠋ᠢ ᠨᠡᠭᠦᠯᠭᠡᠭ᠌ᠰᠡᠨ ᠵᠣᠷᠢᠭ ᠰᠠᠨᠠᠭ᠎ᠠ᠎ᠪᠠᠷ ᠬᠦᠴᠢᠷ ᠡᠴᠡ ᠠᠶᠤᠬᠤ ᠦᠭᠡᠢ᠂ ᠬᠠᠷᠢᠭᠤᠴᠠᠯᠭ᠎ᠠ᠎ᠪᠠᠨ ᠮᠡᠳᠡᠵᠦ᠍ ᠬᠠᠷᠢᠭᠤᠴᠠᠯᠭ᠎ᠠ ᠡᠭᠦᠷᠭᠡᠯᠡᠵᠦ᠍᠂ ᠲᠤᠰᠤᠯ ᠤᠰᠤ ᠴᠢᠯᠠᠭᠤ᠎ᠶ᠋ᠢ ᠴᠤᠭᠤᠯᠬᠤ ᠰᠥᠰᠥ᠍ ᠵᠣᠷᠢᠭ᠎ᠢᠶᠠᠷ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠬᠦᠴᠦᠯᠡᠨ ᠲᠡᠮᠡᠴᠡᠵᠦ ᠵᠢᠳᠬᠦᠯ ᠴᠢᠷᠮᠠᠢᠯᠭ᠎ᠠ ᠭᠠᠷᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯ᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠬᠥᠭ᠌ᠵᠢᠯᠲᠡ᠎ᠶ᠋ᠢᠨ ᠬᠥᠳᠡᠯᠭᠡᠬᠦ᠌ ᠴᠢᠳᠠᠪᠤᠷᠢ ᠪᠣᠯᠭᠠᠨ ᠬᠤᠪᠢᠷᠠᠭᠤᠯᠵᠤ᠂ ᠲᠡᠰᠪᠦᠷᠢ ᠬᠠᠲᠠᠭᠤᠵᠢᠯᠲᠠᠢ ᠪᠡᠷ ᠱᠢᠨ᠎ᠡ ᠵᠠᠮ᠎ᠢ ᠨᠡᠭᠡᠭᠡᠵᠦ᠂ ᠴᠤᠴᠠᠯᠲᠠ ᠦᠭᠡᠢ ᠤᠷᠤᠭ᠍ᠰᠢᠯᠠᠨ ᠳᠤᠮᠳᠠ ᠲᠦᠪᠰᠢᠨ᠎ᠳᠦ ᠤᠷᠤᠪᠠᠯ᠂ ᠥᠪᠥᠷ ᠮᠣᠩᠭᠣᠯ ᠭᠡᠭᠡᠨ ᠰᠠᠷᠠᠭᠤᠯ ᠠᠯᠤᠰ ᠢᠷᠡᠭᠡᠳᠦᠢ᠎ᠲᠡᠶ ᠪᠣᠯᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号