ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠬᠦᠴᠦᠨ ᠴᠢᠳᠠᠯ᠎ᠢᠶᠠᠨ ᠡᠷᠭᠦᠶ᠎ᠠ
2024-02-04 10:50:22
ᠵᠣᠬᠢᠶᠠᠭ᠍ᠴᠢ᠄
ᠵᠤᠤ ᠰᠢ
ᠣᠩᠱᠢᠭ᠍ᠰᠠᠨ ᠣᠳᠠᠭ᠎ᠠ᠄
★★★☆☆

ᠬᠣᠶᠠᠷ ᠬᠤᠷᠠᠯ᠎ᠤᠨ ᠡᠮᠡᠭ᠌ᠲᠡᠢ ᠲᠥᠯᠥᠭᠡᠯᠡᠭ᠌ᠴᠢ ᠭᠡᠱᠢᠭᠦᠨ ᠪᠦᠬᠦ᠌ ᠣᠷᠣᠨ᠎ᠤ ᠡᠭᠡᠴᠢ ᠥᠬᠢᠨ ᠳᠡᠭᠦᠦ᠍ ᠨᠠᠷ᠎ᠲᠸ᠋ ᠰᠠᠨᠠᠭᠠᠴᠢᠯᠠᠭ᠎ᠠ ᠭᠠᠷᠭᠠᠪᠠ

ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠡᠷᠡᠮᠡᠬᠡᠢᠯᠡᠨ ᠤᠷᠤᠭ᠍ᠰᠢᠯᠠᠬᠤ ᠢᠷᠠᠭᠤ ᠬᠠᠭᠤᠳᠠᠰᠤ᠎ᠶ᠋ᠢ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠣᠷᠣᠯᠴᠠᠭ᠍ᠰᠠᠨ ᠡᠮᠡᠭ᠌ᠲᠡᠢ ᠲᠥᠯᠥᠭᠡᠯᠡᠭ᠌ᠴᠢ᠂ ᠡᠮᠡᠭ᠌ᠲᠡᠢ ᠭᠡᠱᠢᠭᠦᠨ ᠡᠴᠡ ᠪᠦᠬᠦ᠌ ᠣᠷᠣᠨ᠎ᠤ ᠥᠷᠭᠡᠨ ᠤᠯᠠᠨ ᠡᠭᠡᠴᠢ ᠥᠬᠢᠨ ᠳᠡᠭᠦᠦ᠍ ᠨᠠᠷ᠎ᠲᠸ᠋ ᠰᠠᠨᠠᠭᠠᠴᠢᠯᠠᠭ᠎ᠠ ᠭᠠᠷᠭᠠᠪᠠ᠄ ᠤᠤᠷ ᠴᠢᠨᠠᠷ᠎ᠢᠶᠠᠨ ᠪᠠᠷᠢᠮᠳᠠᠯᠠᠵᠤ᠂ ᠠᠵᠢᠯ᠎ᠦᠨ ᠪᠠᠢᠷᠢ ᠳ᠋ᠠᠭᠠᠨ ᠰᠠᠭᠤᠷᠢᠯᠡᠵᠤ᠂ ᠠᠵᠢᠯ ᠦᠢᠯᠡᠰ᠎ᠢᠶᠠᠨ ᠬᠦᠨᠳᠦᠳᠭᠡᠵᠦ᠍᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠱᠢᠨ᠎ᠡ ᠠᠶᠠᠨ᠎ᠳᠤ ᠨᠠᠮ ᠪᠣᠯᠤᠨ ᠠᠷᠠᠳ ᠲᠦᠮᠡᠨ᠎ᠳ᠋ᠤ ᠣᠰᠣᠯᠳᠠᠬᠤ ᠦᠭᠡᠢ ᠬᠠᠷᠢᠭᠤᠯᠲᠠ᠎ᠶ᠋ᠢᠨ ᠬᠠᠭᠤᠳᠠᠰᠤ ᠵᠢ ᠲᠤᠱᠢᠶᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ  ᠬᠦᠴᠦᠨ ᠴᠢᠳᠠᠯ᠎ᠢ ᠡᠷᠭᠦᠳᠦᠭᠡᠢ᠃

ᠤᠤᠷ ᠴᠢᠨᠠᠷ᠎ᠢᠶᠠᠨ ᠪᠠᠷᠢᠮᠳᠠᠯᠠᠵᠤ᠂ ᠥᠷᠭᠡᠨ ᠤᠯᠠᠨ ᠡᠮᠡᠭ᠌ᠲᠡᠢᠴᠦᠳ 《ᠬᠣᠶᠠᠷ᠎ᠢ ᠲᠣᠭ᠍ᠲᠠᠭᠠᠭ᠍ᠰᠠᠨ》᠎ᠤ᠋ ᠬᠦᠷᠢᠶᠡᠯᠡᠭ᠌ᠴᠢ᠂ ᠠᠭᠤᠤ ᠶᠡᠬᠡ ᠦᠢᠯᠡᠰ᠎ᠦᠨ ᠪᠦᠲᠦᠭᠡᠨ ᠪᠠᠢᠭᠤᠯᠤᠭ᠍ᠴᠢ᠂ ᠪᠣᠯᠪᠠᠰᠤᠨ ᠬᠡᠪ ᠰᠤᠷᠲᠠᠯ᠎ᠤᠨ ᠰᠠᠨᠠᠭᠠᠴᠢᠯᠠᠭ᠍ᠴᠢ᠂ ᠵᠣᠷᠢᠭ᠍ᠲᠠᠢ ᠪᠠᠷ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠲᠡᠮᠡᠴᠡᠭ᠌ᠴᠢ ᠪᠤᠯᠤᠶ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠨᠢᠭᠡᠳᠤᠨ ᠰᠦᠭ ᠰᠦᠨᠡᠰᠦ᠎ᠵᠢ ᠱᠤᠭᠤᠵᠤ᠂ ᠰᠠᠨᠠᠭᠠᠴᠢᠯᠠᠭ᠎ᠠ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠲᠠᠯ᠎ᠠ᠎ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠤᠯᠤᠶ᠎ᠠ᠃

ᠠᠵᠢᠯ᠎ᠦᠨ ᠪᠠᠢᠷᠢ ᠳ᠋ᠠᠭᠠᠨ ᠰᠠᠭᠤᠷᠢᠯᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠠᠭᠠᠭᠤᠯᠤᠭ᠍ᠴᠢ ᠪᠤᠯᠤᠶ᠎ᠠ᠃ ᠥᠷᠭᠡᠨ ᠣᠯᠠᠨ ᠡᠮᠡᠭ᠌ᠲᠡᠢᠴᠦᠳ᠂ ᠬᠡᠦᠬᠡᠳ᠂ ᠬᠡᠷ ᠪᠦᠯᠢ᠎ᠶ᠋ᠢᠨ᠎ᠬᠢᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠠ᠃

ᠠᠵᠢᠯ ᠦᠢᠯᠡᠰ᠎ᠢᠶᠡᠨ ᠳᠡᠭᠡᠳᠦᠯᠡᠵᠦ᠍᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠭᠠᠪᠢᠶ᠎ᠠ ᠪᠠᠢᠭᠤᠯᠬᠤ ᠬᠣᠱᠢᠭᠤᠴᠢ ᠪᠤᠯᠤᠶ᠎ᠠ᠃ ᠥᠷᠭᠡᠨ ᠣᠯᠠᠨ ᠡᠮᠡᠭ᠌ᠲᠡᠢᠴᠦᠳ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠢᠷᠭᠤᠭᠠᠨ ᠢᠨᠵᠧᠨᠧᠷᠢᠩ᠎ᠢ ᠬᠡᠷᠡᠭ᠌ᠵᠢᠭᠦᠯᠬᠦ᠌᠂ ᠠᠷᠪᠠᠨ ᠵᠦᠶ᠋ᠯ᠎ᠦᠨ ᠡᠭᠦᠷᠭᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠬᠦᠴᠦᠨ᠎ᠢ ᠨᠢᠭ᠍ᠲᠠᠷᠠᠭᠤᠯᠵᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠣᠶᠤᠨ ᠤᠬᠠᠭᠠᠨ᠎ᠢ ᠨᠢᠭ᠍ᠲᠠᠷᠠᠭᠤᠯᠤᠶ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠵᠤ ᠦᠢᠯᠡᠰ ᠪᠤᠰᠬᠠᠵᠤ ᠠᠵᠢᠯ ᠤᠯᠭᠤᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠶ᠎ᠶ᠋ᠢᠨ ᠪᠣᠯᠪᠠᠰᠤᠨ᠂ ᠡᠷᠬᠡ ᠠᠱᠢᠭ᠎ᠢᠶᠠᠨ ᠬᠠᠮᠠᠭᠠᠯᠠᠵᠤ ᠬᠠᠢᠷ᠎ᠠ ᠬᠠᠯᠠᠮᠵᠢ ᠬᠦᠷᠭᠡᠬᠦ᠂ ᠠᠮᠢ ᠨᠠᠰᠤ ᠡᠷᠡᠭᠦᠯ ᠮᠡᠨᠳᠦ᠍᠎ᠶ᠋ᠢᠨ ᠠᠵᠢᠯᠯᠠᠭ᠎ᠠ᠎ᠶ᠋ᠢ ᠪᠣᠳᠠᠲᠠᠶ ᠠᠳᠭᠤᠶ᠎ᠠ᠃

ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠱᠢᠯᠢᠳᠡᠭ ᠭᠡᠷ᠎ᠦᠨ ᠰᠤᠷᠭᠠᠯ ᠭᠡᠷ᠎ᠦᠨ ᠰᠤᠷᠲᠠᠯ᠎ᠢ ᠪᠠᠳᠠᠷᠠᠭᠤᠯᠬᠤ ᠪᠠᠢᠭᠤᠯᠤᠭ᠍ᠴᠢ ᠪᠤᠯᠤᠶ᠎ᠠ᠃ ᠤᠯᠤᠰ᠎ᠢᠶᠠᠨ ᠬᠠᠢᠷᠠᠯᠠᠬᠤ᠎ᠨᠢ ᠬᠡᠷ ᠪᠦᠯᠢ᠎ᠡᠴᠡ ᠡᠬᠢᠯᠡᠳᠡᠭ᠂ ᠥᠷᠭᠡᠨ ᠣᠯᠠᠨ ᠡᠮᠡᠭ᠌ᠲᠡᠢᠴᠦᠳ ᠱᠢᠨ᠎ᠡ ᠴᠠᠭ ᠦᠶ᠎ᠡ᠎ᠶ᠋ᠢᠨ ᠬᠡᠷ ᠪᠦᠯᠢ᠎ᠶ᠋ᠢᠨ ᠪᠣᠯᠪᠠᠰᠤᠨ ᠱᠢᠨ᠎ᠡ ᠬᠡᠪ ᠰᠤᠷᠲᠠᠯ᠎ᠢ ᠰᠠᠨᠠᠭᠠᠴᠢᠯᠠᠵᠤ᠂ ᠨᠠᠰᠤᠲᠠᠨ᠎ᠢᠶᠠᠨ ᠠᠴᠢᠯᠠᠵᠤ ᠲᠥᠷᠥᠯ ᠰᠠᠳᠤᠨ᠎ᠢᠶᠠᠨ ᠬᠠᠢᠷᠠᠯᠠᠵᠤ᠂ ᠠᠵᠢᠯᠴᠢ ᠠᠷᠪᠢᠴᠢ᠎ᠪᠠᠷ ᠠᠵᠤ ᠳᠦᠷᠦᠵᠦ᠍᠂ ᠣᠷᠣᠭ ᠬᠤᠷᠢᠮ ᠦᠷᠡᠵᠢᠯ᠎ᠦᠨ ᠱᠢᠨ᠎ᠡ ᠰᠤᠷᠲᠠᠯ᠎ᠢ ᠰᠠᠨᠠᠭᠠᠴᠢᠯᠠᠵᠤ᠂ ᠤᠯᠠᠮᠵᠢᠯᠠᠯᠲᠤ ᠰᠠᠢᠬᠠᠨ ᠰᠤᠷᠲᠠᠯ᠎ᠢ ᠢᠯᠡᠷᠡᠭᠦᠯᠬᠦ ᠵᠢᠨ ᠬᠠᠮᠳᠤ ᠪᠣᠯᠪᠠᠰᠤᠨ ᠱᠢᠨ᠎ᠡ ᠰᠤᠷᠲᠠᠯ᠎ᠢ ᠪᠠᠳᠠᠷᠠᠭᠤᠯᠤᠶ᠎ᠠ᠃ ᠬᠡᠦᠬᠡᠳ᠎ᠦᠨ ᠦᠰᠦᠨ ᠪᠣᠢᠵᠢᠯᠲᠠ᠎ᠶ᠋ᠢᠨ ᠵᠠᠮᠴᠢᠯᠠᠭ᠍ᠴᠢ᠂ ᠬᠡᠦᠬᠡᠳ᠎ᠦᠨ ᠡᠷᠬᠡ ᠠᠱᠢᠭ᠎ᠤᠨ ᠬᠠᠮᠠᠭᠠᠯᠠᠭ᠍ᠴᠢ᠂ ᠬᠡᠦᠬᠡᠳ᠎ᠦᠨ ᠢᠷᠡᠭᠡᠳᠦᠶ᠎ᠶ᠋ᠢᠨ ᠬᠦᠰᠡᠯ ᠵᠡᠭᠦᠳᠦ ᠵᠢᠨ ᠴᠣᠭ᠍ᠴᠠᠯᠠᠭ᠍ᠴᠢ ᠪᠣᠯᠤᠶ᠎ᠠ᠃ ᠤᠯᠤᠰ᠎ᠢᠶᠠᠨ ᠬᠠᠢᠷᠠᠯᠠᠬᠤ ᠭᠡᠷ᠎ᠢᠶᠡᠨ ᠬᠠᠢᠷᠠᠯᠠᠬᠤ᠂ ᠬᠠᠷᠢᠯᠴᠠᠨ ᠬᠠᠢᠷᠠᠯᠠᠬᠤ᠂ ᠥᠭᠡᠳᠡᠷᠬᠡᠭ ᠴᠠᠢᠯᠭᠠᠨ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠠᠮᠢᠳᠤ  ᠵᠢᠷᠤᠭ ᠪᠤᠯᠭᠠᠶ᠎ᠠ᠃

ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠪᠡᠶ᠎ᠡ᠎ᠪᠡᠨ ᠬᠦᠨᠳᠦᠳᠭᠡᠬᠦ᠌ ᠪᠡᠶ᠎ᠡ᠎ᠪᠡᠨ ᠢᠲᠡᠭᠡᠬᠦ᠌ ᠪᠡᠶ᠎ᠡ᠎ᠪᠡᠨ ᠳᠠᠭᠠᠭᠠᠬᠤ ᠪᠡᠶ᠎ᠡ᠎ᠪᠡᠨ ᠬᠦᠴᠦᠷᠬᠡᠭ᠌ᠵᠢᠭᠦᠯᠬᠦ᠌ ᠶ᠋ᠢᠨ ᠦᠢᠯᠡᠳᠦᠯᠭᠡᠵᠢᠭᠦᠯᠦᠭ᠌ᠴᠢ ᠪᠤᠯᠤᠶ᠎ᠠ᠃ ᠥᠷᠭᠡᠨ ᠤᠯᠠᠨ ᠡᠮᠡᠭ᠌ᠲᠡᠢᠴᠦᠳ ᠱᠢᠯᠢᠳᠡᠭ ᠰᠠᠢᠨ ᠵᠠᠩ ᠴᠢᠨᠠᠷ᠎ᠢᠶᠠᠨ ᠤᠯᠠᠮᠵᠢᠯᠠᠨ ᠵᠠᠯᠭᠠᠮᠵᠢᠯᠠᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠤᠶ᠎ᠠ᠃ ᠤᠨᠤᠯ ᠲᠤᠬᠠᠢᠯᠠᠭ᠍ᠰᠠᠨ ᠠᠵᠢᠯ᠎ᠤᠨ ᠬᠡᠪ ᠪᠣᠯᠪᠠᠰᠤᠷᠠᠯ ᠴᠢᠳᠠᠪᠤᠷᠢ ᠪᠠᠨ ᠳᠡᠭᠡᠭ᠌ᠰᠢᠯᠡᠭᠦᠯᠵᠦ᠍᠂ ᠬᠦᠮᠦᠵᠢᠯ ᠪᠣᠯᠪᠠᠰᠤᠷᠠᠯ᠎ᠢᠶᠠᠨ ᠴᠢᠩᠭᠠᠳᠭᠠᠵᠤ᠂ ᠬᠡᠬᠦᠳᠡᠭ ᠴᠡᠭᠡᠵᠢᠨ᠎ᠳᠡᠭᠡᠨ ᠤᠯᠤᠰ᠎ᠤᠨ ᠶᠡᠬᠡ᠎ᠶᠠᠪᠤᠳᠠᠯ᠎ᠢ ᠪᠠᠭ᠍ᠲᠠᠭᠠᠵᠤ᠂ ᠤᠯᠤᠰ ᠬᠦᠷᠤᠨ᠎ᠦ ᠠᠵᠢᠯ ᠦᠢᠯᠡᠰ᠎ᠦᠨ ᠬᠠᠢᠷ᠎ᠠ ᠰᠡᠳᠭᠢᠯᠭᠡ᠎ᠶ᠋ᠢ ᠬᠥᠮᠦᠵᠢᠭᠦᠯᠵᠦ᠍᠂ ᠰᠤᠷᠤᠯᠴᠠᠬᠤ ᠮᠠᠶᠢᠭ᠎ᠤᠨ᠂ ᠱᠢᠨ᠎ᠡ᠎ᠶ᠋ᠢ ᠡᠭᠦᠳᠬᠦ᠌ ᠮᠠᠶᠢᠭ᠎ᠤᠨ ᠡᠮᠡᠭ᠌ᠲᠡᠢ ᠬᠦᠮᠦᠨ ᠪᠤᠯᠤᠶ᠎ᠠ᠃ ᠡᠭᠦᠷᠭᠡ ᠬᠠᠷᠢᠭᠤᠴᠠᠯᠭ᠎ᠠ᠎ᠶ᠋ᠢ ᠵᠤᠷᠢᠭᠳᠠᠢ ᠡᠭᠦᠷᠭᠡᠯᠡᠨ᠂ ᠶᠡᠭᠡ ᠬᠠᠢᠷ᠎ᠠ ᠵᠢ ᠢᠯᠡᠷᠡᠬᠦᠯᠵᠦ᠂ ᠲᠤᠰ ᠪᠡᠶ᠎ᠡ᠎ᠶ᠋ᠢᠨ ᠳᠠᠪᠱᠢᠯᠲᠠ᠎ᠪᠠᠷ ᠨᠡᠢᠭᠡᠮ᠎ᠦᠨ ᠳᠠᠪᠱᠢᠯᠲᠠ᠎ᠶ᠋ᠢ ᠠᠬᠢᠭᠤᠯᠵᠤ᠂ ᠬᠤᠪᠢ ᠪᠡᠶ᠎ᠡ ᠵᠢᠨ ᠪᠣᠯᠪᠠᠰᠤᠨ᠎ᠢᠶᠠᠷ ᠤᠮᠠᠷᠠᠲᠤ ᠬᠢᠯᠢ᠎ᠶ᠋ᠢᠨ ᠪᠣᠯᠪᠠᠰᠤᠨ᠎ᠢ ᠠᠬᠢᠭᠤᠯᠤᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号