ᠬᠤᠪᠢ ᠲᠠᠬᠢᠨ ᠴᠢᠷᠮᠠᠢᠵᠤ ᠴᠢᠩᠭ᠎ᠠ ᠠᠳᠬᠤᠵᠤ ᠱᠠᠯᠠᠪᠳᠠᠨ ᠬᠦᠳᠡᠯᠦᠯᠴᠡᠰᠦᠭᠡᠢ — ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ
2024-02-06 10:14:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠯᠤᠰ ᠢᠷᠡᠭᠡᠳᠦᠢ ᠎ᠶ᠋ᠢ ᠵᠢᠷᠤᠭ᠍ᠯᠠᠵᠤ᠂ ᠰᠠᠯᠬᠢ ᠳᠠᠪᠠᠯᠭᠠᠨ᠎ᠢ ᠵᠦᠰᠦᠨ ᠤᠷᠤᠭ᠍ᠰᠢᠯᠠᠨᠠᠮ; ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ ᠨᠡᠩ ᠴᠤ᠌ ᠬᠤᠷᠳᠤᠨ ᠮᠤᠷᠢᠨ᠎ᠳᠤ ᠲᠠᠱᠢᠭᠤᠷ ᠲᠠᠯᠪᠢᠬᠤ  ᠴᠢᠬᠤᠯᠠᠲᠠᠢ ᠪᠤᠯᠤᠯ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠨᠢ ᠥᠪᠥᠷ ᠮᠣᠩᠭᠣᠯ᠎ᠤᠨ ᠱᠢᠨ᠎ᠡ ᠨᠢᠭᠡ ᠵᠢᠯ᠎ᠦᠨ ᠬᠥᠭ᠌ᠵᠢᠯᠲᠡ᠎ᠳᠦ ᠡᠭᠦᠷᠭᠡ᠎ᠶ᠋ᠢᠨ ᠪᠢᠴᠢᠭ᠎ᠢ ᠲᠣᠳᠣᠷᠬᠠᠢᠯᠠᠵᠤ᠂ ᠪᠠᠷᠢᠯᠭ᠎ᠠ᠎ᠶ᠋ᠢᠨ ᠵᠢᠷᠤᠭ᠎ᠢ ᠵᠢᠷᠤᠭᠯᠠᠵᠤ᠂ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠳᠠᠷᠤᠢᠬᠠᠨ ᠬᠥᠳᠡᠯᠦᠯᠴᠡᠵᠦ᠍᠂ ᠦᠭᠡᠳᠡᠯᠡᠨ ᠲᠠᠪᠰᠢᠵᠤ ᠦᠢᠯᠡᠰ ᠪᠦᠲᠦᠭᠡᠵᠦ ᠬᠦᠭᠵᠢᠯᠲᠡ ᠵᠢ ᠡᠷᠢᠯᠬᠢᠯᠡᠵᠦ᠂ ᠴᠢᠩᠭ᠎ᠠ ᠠᠳᠬᠤᠵᠤ ᠱᠠᠯᠠᠪᠳᠠᠨ ᠬᠥᠳᠡᠯᠦᠯᠴᠡᠵᠦ᠍ ᠨᠠᠢᠳᠠᠪᠤᠷᠢᠵᠢᠭᠤᠯᠤᠯᠲᠠ᠎ᠶ᠋ᠢ ᠠᠳᠭᠤᠨ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠳᠠᠪᠠᠯᠲᠠ᠎ᠲᠠᠶ ᠪᠣᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃

ᠥᠩᠭᠡᠷᠡᠭ᠌ᠰᠡᠨ  ᠨᠢᠭᠡ ᠵᠢᠯ ᠎ᠳᠦ᠂ ᠪᠥᠬᠥ᠌ ᠣᠷᠣᠨ᠎ᠤ  ᠭᠤᠤᠯ  ᠪᠣᠯᠬᠤ  ᠠᠵᠤ ᠠᠬᠤᠶ᠎ᠶ᠋ᠢᠨ ᠭᠦᠶ᠋ᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰ᠎ᠤᠨ ᠨᠢᠭᠡᠳᠦᠭᠡᠷ ᠡᠩᠨᠡᠭᠡᠨ᠎ᠳᠦ ᠣᠷᠣᠵᠤ᠂ ᠡᠯ᠎ᠡ ᠠᠢᠮᠠᠭ ᠬᠣᠲᠠ᠎ᠶ᠋ᠢᠨ᠎ᠬᠢᠨ ᠠᠳᠠᠯᠢᠳᠭᠠᠨ ᠰᠤᠷᠴᠤ ᠨᠡᠭᠡᠨ ᠳᠠᠪᠠᠵᠤ᠂ ᠬᠠᠷᠢᠯᠴᠠᠨ ᠥᠷᠢᠰᠥᠯᠳᠦᠨ ᠬᠥᠭ᠌ᠵᠢᠵᠦ᠍᠂ ᠥᠷᠭᠡᠨ ᠣᠯᠠᠨ ᠺᠠᠳ᠋ᠷ ᠣᠯᠠᠨ ᠲᠦᠮᠡᠨ ᠪᠣᠯᠤᠨ ᠨᠡᠢᠭᠡᠮ᠎ᠦᠨ ᠡᠯ᠎ᠡ ᠡᠲᠡᠭᠡᠳ᠎ᠦᠨ᠎ᠬᠢᠨ᠎ᠦ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠬᠠᠶ ᠢᠲᠡᠭᠡᠯ ᠵᠣᠷᠢᠭ᠎ᠢ ᠶᠡᠬᠡ᠎ᠪᠡᠷ ᠨᠡᠮᠡᠭ᠌ᠳᠡᠭᠦᠯᠪᠡ᠃ ᠣᠳᠣᠬᠠᠨ᠎ᠳᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠨᠳᠤᠰᠢ ᠮᠠᠰᠢ ᠰᠠᠢ᠌ᠨ ᠪᠠᠢᠵᠤ᠂ ᠠᠵᠠ ᠲᠣᠬᠢᠶᠠᠯ ᠣᠯᠳᠠᠬᠤᠶ᠎ᠠ ᠪᠡᠷᠬᠡ ᠪᠤᠯᠵᠠᠢ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠬᠠᠯᠠᠮᠵᠢᠯᠠᠯ ᠳᠡᠮᠵᠢᠯᠭᠡ ᠲᠠᠢ᠂ 《ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠢ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠰᠠᠨᠠᠯ》 ᠪᠣᠯᠤᠨ ᠤᠯᠤᠰ᠎ᠤᠨ ᠣᠷᠣᠨ ᠪᠦᠰᠡ᠎ᠶ᠋ᠢᠨ ᠪᠠᠢᠯᠳᠤᠬᠤ ᠪᠤᠳᠤᠯᠭ᠎ᠠ᠎ᠪᠠᠷ ᠪᠦᠷᠢᠯᠳᠦᠭ᠌ᠰᠡᠨ ᠯᠤᠲᠤ ᠶᠡᠬᠡ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠲᠠᠢ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠢᠯᠡᠷᠡᠭᠦᠯᠦᠭ᠌ᠰᠡᠨ ᠬᠦᠴᠦᠷᠬᠡᠭ ᠶᠡᠬᠡ ᠬᠥᠭ᠌ᠵᠢᠯᠲᠡ᠎ᠶ᠋ᠢᠨ ᠰᠦᠷ ᠬᠦᠴᠦᠨ᠎ᠲᠡᠶ ᠂ 《 ᠱᠢᠨ᠎ᠡ ᠵᠠᠮ᠎ᠨᠡᠭᠡᠭᠡᠵᠤ᠂ ᠳᠤᠮᠳᠠ ᠲᠦᠪᠰᠢᠨ᠎ᠳᠤ ᠣᠷᠣᠬᠤ 》 ᠬᠠᠷᠠᠯᠲᠠ᠎ᠵᠢᠨ ᠤᠷᠮᠠᠱᠢᠭᠤᠯᠤᠭ᠍ᠰᠠᠨ ᠠᠯᠤᠰ ᠬᠡᠳᠦ᠍᠎ᠶ᠋ᠢᠨ ᠲᠡᠮᠡᠴᠡᠯ᠎ᠦᠨ ᠵᠣᠷᠢᠯᠲᠠ᠎ᠲᠠᠶ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠬᠤᠷᠠᠮᠳᠤᠭᠤᠯᠤᠭᠰᠠᠨ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ ᠲᠠᠢ ᠁᠎ᠠᠯᠢ ᠤᠯᠠᠨ ᠠᠰᠢᠭᠲᠠᠢ ᠵᠦᠢᠯ ᠲᠠᠪᠬᠤᠴᠠᠨ ᠴᠤᠭᠯᠠᠷᠠᠵᠤ᠂ ᠥᠪᠥᠷ ᠮᠣᠩᠭᠣᠯ ᠲᠡᠦᠬᠡᠲᠦ ᠴᠢᠨᠠᠷᠲᠠᠢ ᠬᠡᠯᠪᠡᠷᠢ᠎ᠪᠡᠨ ᠬᠤᠪᠢᠷᠠᠭᠤᠯᠵᠤ ᠳᠠᠪᠠᠯᠲᠠ ᠬᠢᠬᠦ᠌ ᠴᠤᠩᠬᠤᠪᠴᠢ ᠵᠢᠨ ᠬᠤᠭᠤᠴᠠᠭ᠎ᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠠ ᠲᠣᠬᠢᠶᠠᠯᠳᠤ ᠬᠤᠭᠤᠴᠠᠭᠠᠨ᠎ᠳᠤ ᠣᠷᠣᠪᠠ᠃

ᠳᠠᠪᠰᠢᠭᠰᠠᠨ ᠳᠡᠭᠡᠷ᠎ᠡ᠎ᠳᠠᠪᠰᠢᠵᠤ᠂ ᠴᠢᠷᠮᠠᠢᠭᠰᠠᠨ ᠲᠡᠭᠡᠷ᠎ᠠ ᠪᠠᠨ ᠴᠢᠷᠮᠠᠢᠬᠤ ᠬᠡᠷᠡᠭ᠌ᠲᠡᠶ᠃ ᠪᠦᠬᠦ᠌ ᠤᠯᠤᠰ᠎ᠤᠨ ᠡᠯ᠎ᠡ ᠭᠠᠵᠠᠷ᠎ᠲᠤ ᠵᠠᠭᠤᠨ ᠣᠩᠭᠣᠴᠠ ᠦᠷᠢᠰᠦᠯᠳᠦᠨ ᠤᠷᠤᠭᠰᠢᠯᠠᠵᠤ᠂ ᠮᠢᠩᠭᠠᠨ ᠳᠠᠷᠪᠠᠭᠤᠯ ᠮᠦᠷᠦᠢᠴᠡᠨ ᠠᠶᠠᠯᠠᠵᠤ ᠪᠠᠢᠭ᠎ᠠ ᠥᠷᠢᠰᠥᠯᠳᠦᠭᠡᠨ᠎ᠦ ᠪᠠᠢᠳᠠᠯ᠎ᠤᠨ ᠡᠮᠦᠨ᠎ᠡ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠭᠠᠯᠲᠤ ᠲᠡᠷᠭᠡ ᠬᠤᠷᠳᠤᠴᠠ᠎ᠪᠠᠨ ᠲᠦᠷᠭᠡᠳᠭᠡᠨ ᠠᠶᠠᠯᠠᠬᠤ ᠨᠢ ᠮᠠᠰᠢ ᠬᠢᠯᠪᠠᠷ ᠪᠤᠰᠤ ᠶᠤᠮ᠂ ᠤᠳᠤ ᠶᠠᠭᠠᠬᠢᠭ᠍ᠰᠠᠨ ᠴᠤ᠌ ᠬᠤᠷᠳᠤᠴᠠ ᠪᠠᠨ ᠤᠳᠠᠭᠠᠱᠢᠷᠠᠭᠤᠯᠵᠤ ᠪᠣᠯᠬᠤ ᠦᠭᠡᠢ᠃ ᠣᠷᠣᠨ ᠳᠠᠶᠠᠭᠠᠷ᠎ᠢᠶᠠᠨ ᠡᠷᠬᠡᠪᠰᠢ ᠬᠤᠪᠢ ᠲᠠᠬᠢᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠪᠠᠷ ᠬᠠᠮᠤᠭ᠎ᠤᠨ ᠶᠡᠬᠡ ᠤᠯᠤᠰ ᠲᠦᠷᠦ᠍᠎ᠪᠡᠨ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠪᠣᠯᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠤᠷᠤᠭ᠍ᠰᠢᠯᠠᠨ ᠲᠠᠪᠱᠢᠬᠤ᠎ᠪᠡᠷ ᠲᠣᠭ᠍ᠲᠠᠭᠤᠨ᠎ᠢ ᠠᠬᠢᠭᠤᠯᠵᠤ᠂ ᠤᠷᠢᠳ᠎ᠢᠶᠠᠷ ᠪᠠᠢᠭᠤᠯᠵᠤ ᠲᠠᠷᠠᠭ᠎ᠠ ᠨᠢ ᠰᠢᠪᠳᠤᠯᠵᠦ᠂ ᠲᠣᠭ᠍ᠲᠠᠭᠤᠨ ᠪᠠᠢᠯᠭᠠᠬᠤ ᠶᠣᠰᠣᠲᠠᠢ᠎ᠶ᠋ᠢ ᠨᠢ ᠲᠣᠭ᠍ᠲᠠᠭᠤᠨ ᠪᠠᠢᠯᠭᠠᠵᠤ᠂ ᠠᠬᠢᠭᠤᠯᠬᠤ ᠶᠤᠰᠤᠲᠠᠢ ᠵᠢ ᠨᠢ ᠲᠦᠷᠭᠡᠨ ᠠᠬᠢᠭᠤᠯᠬᠤ ᠂ ᠪᠠᠢᠭᠤᠯᠬᠤ ᠶᠣᠰᠣᠲᠠᠢ᠎ᠶ᠋ᠢ ᠨᠢ ᠳᠠᠷᠤᠢᠬᠠᠨ ᠪᠠᠢᠭᠤᠯᠵᠤ᠂ ᠡᠪᠳᠡᠬᠦ᠌ ᠴᠢᠬᠤᠯᠠᠲᠠᠢ᠎ᠶ᠋ᠢ ᠨᠢ ᠡᠪᠳᠡᠵᠦ᠍᠂ ᠳᠤᠮᠳᠠ ᠲᠦᠪᠰᠢᠨ᠎ᠳᠤ ᠣᠷᠣᠬᠤ ᠤᠷᠢᠳᠴᠢᠯᠠᠭ᠍ᠰᠠᠨ ᠬᠡᠮᠵᠢᠶ᠎ᠡ᠎ᠶ᠋ᠢ ᠵᠠᠪᠳᠤᠨ ᠭᠠᠷᠭᠠᠵᠤ ᠂ ᠲᠡᠰ ᠳᠡᠪᠱᠢᠬᠦ᠌ ᠰᠠᠨᠠᠭᠠᠴᠢᠯᠠᠭᠠᠲᠤ ᠳᠠᠢᠯᠠᠯᠳᠤᠭᠠᠨ᠎ᠢ ᠰᠠᠢᠲᠤᠷ ᠬᠢᠬᠦ᠌ ᠬᠡᠷᠡᠭ᠌ᠲᠡᠢ᠃

ᠠᠵᠤ ᠠᠬᠤᠢ ᠨᠡᠢᠭᠡᠮ᠎ᠦᠨ ᠬᠥᠭ᠌ᠵᠢᠯᠲᠡ ᠮᠢᠩᠭ᠎ᠠ ᠲᠦᠮᠡᠨ ᠵᠦᠢᠯ ᠪᠠᠢᠵᠤ᠂ ᠭᠣᠣᠯᠳᠠᠯᠭ᠎ᠠ᠎ᠶ᠋ᠢ ᠡᠵᠡᠮᠱᠢᠨ ᠵᠠᠩᠭᠢᠯᠠᠭ᠎ᠠ᠎ᠶ᠋ᠢ ᠠᠳᠭᠤᠪᠠᠯ ᠰᠠᠶᠢ ᠠᠰᠢᠭᠳᠠᠢ ᠱᠢᠳᠡᠷ᠎ᠠ ᠲᠠᠯᠪᠢᠵᠤ᠂ ᠰᠠᠨᠠᠭᠠᠴᠢᠯᠠᠭᠠᠲᠤ ᠡᠷᠬᠡ᠎ᠶ᠋ᠢ ᠣᠯᠵᠤ ᠴᠢᠳᠠᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 2024 ᠣᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠳᠭᠤᠵᠤ᠂ ᠪᠠᠯᠠ ᠣᠷᠣᠭᠤᠯᠤᠯᠲᠠ᠎ᠪᠠᠷ ᠳᠠᠢᠴᠢᠯᠠᠬᠤ ᠪᠠᠢᠯᠳᠤᠬᠤ ᠪᠣᠳᠣᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠬᠡᠷᠡᠭ᠌ᠯᠡᠭᠡᠨ᠎ᠦ ᠳᠠᠯᠳᠠ ᠬᠦᠴᠦᠨ᠎ᠢ ᠬᠥᠭ᠌ᠵᠢᠭᠡᠵᠦ᠍᠂ ᠶᠡᠷᠦ᠍ ᠪᠤᠰᠤ᠎ᠶ᠋ᠢᠨ ᠠᠷᠭ᠎ᠠ ᠬᠡᠮᠵᠢᠶ᠎ᠡ᠎ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠎ᠲᠠᠶ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠨᠠᠷᠢᠨ ᠨᠢᠮᠪᠠᠶ ᠪᠠᠢᠭᠤᠯᠵᠤ᠂ ᠡᠷᠡᠰ ᠭᠤᠢᠪᠢᠰᠢ ᠥᠬᠡᠶ᠎ᠪᠡᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ 《 ᠤᠯᠤᠰ᠎ᠤᠨ ᠶᠡᠬᠡ ᠶᠠᠪᠤᠳᠠᠯ 》᠎ᠤᠨ ᠦᠨᠳᠦᠷᠴᠡ᠎ᠡᠴᠡ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠰᠠᠢᠲᠤᠷ ᠪᠥᠲᠥᠭᠡᠨ ᠪᠠᠢᠭᠤᠯᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠷᠢᠰᠢᠯ᠎ᠢ ᠱᠢᠯᠢᠳᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠴᠢᠬᠤᠯᠠ ᠶᠠᠪᠤᠳᠠᠯ᠎ᠢ ᠪᠣᠳᠠᠲᠠᠶ ᠰᠠᠢᠲᠤᠷ ᠬᠢᠵᠦ᠍᠂ ᠡᠬᠡ ᠤᠯᠤᠰ᠎ᠤᠨ 《ᠤᠮᠠᠷᠠᠲᠤ  ᠶᠡᠬᠡ ᠬᠠᠭᠠᠯᠭ᠎ᠠ》 ᠶ᠋ᠢ ᠡᠷᠡᠰ ᠰᠠᠢᠲᠤᠷ ᠰᠠᠬᠢᠵᠤ᠂ ᠨᠡᠢᠰᠯᠡᠯ᠎ᠦᠨ ᠰᠠᠢᠨ 《ᠬᠠᠮᠠᠭᠠᠯᠠᠯᠳᠠ ᠵᠢᠨ ᠭᠤᠤᠯ 》 ᠪᠣᠯᠬᠤ ᠬᠡᠷᠡᠭ᠌ᠲᠡᠶ ᠭᠡᠵᠦ᠍ ᠲᠣᠳᠣᠷᠬᠠᠢᠯᠠᠪᠠ᠃ ᠠᠵᠢᠯ ᠨᠢᠭᠡ ᠪᠦᠷᠢ ᠨᠢ ᠴᠥᠮ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠯᠤᠭ᠎ᠠ ᠨᠢᠭ᠍ᠲᠠ ᠬᠣᠯᠪᠣᠯᠳᠤᠵᠤ ᠪᠠᠢᠳᠠᠭ᠃ ᠣᠳᠣᠬᠠᠨ᠎ᠤ ᠲᠤᠯᠭᠠᠮ ᠡᠭᠦᠷᠭᠡ ᠪᠣᠯ ᠭᠣᠣᠯᠳᠠᠯᠭ᠎ᠠ᠎ᠶ᠋ᠢᠨ ᠲᠣᠭᠣᠷᠢᠨ᠎ᠳᠤ᠂ ᠥᠷᠯᠥᠭᠡ ᠦᠳᠡᠰᠢ᠎ᠶ᠋ᠢ ᠲᠡᠮᠡᠴᠡᠬᠦ᠌᠂ ᠴᠠᠭ ᠪᠢᠳᠡᠨ᠎ᠢ ᠬᠦᠯᠢᠶᠡᠬᠦ ᠦᠭᠡᠢ ᠭᠡᠬᠦ ᠲᠡᠮᠡᠴᠡᠯ᠎ᠦᠨ ᠣᠪᠣᠷ ᠪᠠᠢᠳᠠᠯ ᠪᠠ ᠠᠵᠢᠯ᠎ᠤᠨ ᠰᠤᠷᠲᠠᠯ᠎ᠢᠶᠠᠷ᠂ ᠴᠠᠭ ᠮᠦᠴᠡ ᠵᠢ ᠠᠮᠵᠢᠨ᠂ ᠠᠵᠠ ᠲᠣᠬᠢᠶᠠᠯ᠎ᠢ ᠠᠮᠵᠢᠵᠤ᠂ ᠵᠣᠷᠢᠭ᠍ᠲᠠᠢ ᠬᠢᠵᠦ᠍ ᠵᠣᠷᠢᠭ᠍ᠲᠠᠢ ᠠᠵᠢᠯᠯᠠᠨ᠂ ᠴᠢᠳᠠᠮᠠᠭᠠᠢ᠎ᠪᠠᠷ ᠠᠵᠢᠯᠯᠠᠵᠤ ᠴᠢᠳᠠᠮᠠᠭᠠᠢ᠎ᠪᠠᠷ ᠪᠦᠲᠦᠭᠡᠵᠦ᠍᠂ ᠲᠠᠰᠤᠷᠠᠯᠲᠠ ᠦᠭᠡᠢ ᠳᠠᠪᠠᠭᠤᠯᠢᠭ᠎ᠢ ᠣᠯᠵᠤ᠂ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠢᠷᠡᠭᠡᠳᠦᠢ᠎ᠶ᠋ᠢ ᠲᠡᠮᠡᠴᠡᠨ ᠤᠯᠬᠤ ᠶᠠᠪᠤᠳᠠᠯ ᠪᠣᠯᠤᠨ᠎ᠠ᠃

ᠥᠪᠥᠷ ᠮᠣᠩᠭᠣᠯ᠎ᠢ ᠨᠡᠩ ᠲᠦᠷᠭᠡᠨ ᠨᠡᠩ ᠰᠠᠢ᠌ᠳᠤᠷ ᠬᠦᠭᠵᠢᠬᠦᠯᠬᠦ᠎ᠳᠦ ᠳᠥᠭᠥᠮ ᠳᠥᠲᠡ ᠠᠷᠭ᠎ᠠ ᠵᠠᠮ ᠪᠠᠢᠬᠤ ᠦᠭᠡᠢ᠂ ᠭᠠᠭ᠍ᠴᠠ ᠬᠦ᠌ ᠱᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠱᠠᠯᠠᠪᠳᠠᠨ ᠠᠳᠭᠤᠵᠤ ᠲᠦᠷᠭᠡᠨ ᠬᠢᠬᠦ᠌ ᠬᠡᠷᠡᠭ᠌ᠲᠡᠢ᠃ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ 《ᠲᠠᠪᠤᠨ ᠶᠡᠬᠡ ᠡᠭᠦᠷᠭᠡ》 ᠎ᠶ᠋ᠢ ᠪᠡᠶᠡᠯᠡᠭᠦᠯᠬᠦ᠎ᠳᠦ ᠴᠦ᠍ ᠲᠡᠷᠡ᠂ ᠡᠰᠡᠭᠦᠯ᠎ᠡ《ᠵᠢᠷᠭᠤᠭᠠᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠵᠦ᠍᠂ 10 ᠲᠠᠯ᠎ᠠ᠎ᠶ᠋ᠢᠨ ᠭᠣᠣᠯᠳᠠᠯᠭ᠎ᠠ᠎ᠲᠠᠶ ᠠᠵᠢᠯ᠎ᠢ ᠰᠠᠢᠲᠤᠷ ᠬᠢᠬᠦ᠎ᠳᠦ᠎ᠴᠤ ᠲᠡᠷᠡ᠂ ᠴᠦᠮ ᠬᠢᠯᠪᠠᠷᠬᠠᠨ᠎ᠢᠶᠠᠷ ᠪᠡᠶᠡᠯᠡᠭᠦᠯᠵᠦ᠍ ᠳᠡᠢᠯᠬᠦ᠌ ᠦᠭᠡᠢ ᠶᠤᠮ᠃ ᠭᠠᠭ᠍ᠴᠠ ᠬᠦ᠌ ᠬᠢᠵᠦ᠂ ᠲᠦᠷᠭᠡᠯᠡᠵᠦ᠂ 《 ᠬᠢᠬᠦ》 ᠪᠠ 《ᠲᠦᠷᠭᠡᠯᠡᠬᠦ》 ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠪᠦᠲᠦᠴᠡ᠎ᠶ᠋ᠢ ᠲᠤᠬᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠦᠷ᠎ᠡ ᠠᠱᠢᠭ᠎ᠢ ᠨᠡᠮᠡᠭ᠌ᠳᠡᠭᠦᠯᠬᠦ᠌ ᠲᠠᠯ᠎ᠠ᠎ᠪᠠᠷ ᠴᠢᠳᠠᠬᠤ᠎ᠶᠢᠨ ᠬᠢᠷᠢ ᠪᠡᠷ ᠵᠢᠠᠨ ᠰᠠᠢᠵᠢᠷᠠᠭᠤᠯᠵᠤ᠂ ᠴᠢᠳᠠᠬᠤ᠎ᠶᠢᠨ ᠬᠢᠷᠢ ᠪᠡᠷ ᠵᠢᠠᠨ ᠲᠦᠷᠭᠡᠯᠡᠵᠦ ᠪᠠᠢᠪᠠᠯ ᠰᠠᠶᠢ ᠰᠠᠭᠠᠳ ᠳᠠᠪᠠᠭ᠎ᠠ ᠵᠢ ᠳᠤᠭᠤᠯᠵᠤ ᠳᠠᠪᠠᠯᠳᠠ ᠵᠢ ᠠᠬᠢᠭᠤᠯᠵᠤ᠂ ᠢᠯᠠᠯᠳᠠ ᠤᠯᠬᠤ ᠪᠡᠷ ᠵᠤᠷᠢᠭᠳᠠᠢ ᠲᠡᠮᠡᠴᠡᠵᠦ᠍ ᠴᠢᠳᠠᠨ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠴᠢᠩᠭ᠎ᠠ ᠠᠳᠬᠤᠵᠤ ᠳᠦᠷᠭᠡᠨ ᠬᠢᠬᠦ ᠡᠷᠴᠢ ᠵᠣᠷᠢᠭ᠎ᠢᠶᠠᠨ ᠢᠮᠠᠭ᠍ᠲᠠ ᠪᠠᠲᠤᠯᠠᠵᠤ᠂ ᠲᠤᠪᠯᠠᠭᠰᠠᠨ᠎ᠢᠶᠡᠨ ᠳᠤᠤᠷ᠎ᠠ ᠨᠢ ᠬᠢᠵᠦ᠂ ᠬᠢᠪᠡᠯ ᠳᠦᠷᠬᠡᠨ ᠬᠢᠵᠦ᠂ ᠰᠠᠢᠲᠤᠷ ᠬᠢᠵᠦ᠍᠂ ᠡᠬᠢᠯᠡᠯᠲᠡ᠎ᠶᠢ ᠵᠠᠪᠳᠤᠵᠤ᠂ ᠬᠦᠭᠵᠢᠬᠦᠯᠬᠦ ᠪᠡᠷ ᠬᠦᠴᠦᠯᠡᠵᠦ᠂ ᠠᠵᠠ ᠲᠣᠬᠢᠶᠠᠯ᠎ᠢ ᠠᠮᠵᠢᠵᠤ᠂ ᠡᠯ᠎ᠡ ᠵᠦᠶ᠋ᠯ᠎ᠦᠨ ᠠᠵᠢᠯ᠎ᠢᠶᠠᠨ ᠲᠠᠰᠤᠷᠠᠯᠲᠠ ᠥᠬᠡᠶ ᠰᠠᠢᠲᠤᠷ ᠬᠢᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠱᠢᠨ᠎ᠡ ᠵᠠᠮ᠎ᠢ ᠨᠡᠭᠡᠭᠡᠵᠦ᠍᠂ ᠱᠢᠨ᠎ᠡ ᠣᠷᠣᠨ ᠵᠠᠶ᠎ᠶ᠋ᠢ ᠨᠡᠭᠡᠭᠡᠬᠦ᠌ ᠬᠡᠷᠡᠭ᠌ᠲᠡᠶ᠃

ᠥᠪᠥᠷ ᠮᠣᠩᠭᠣᠯ ᠪᠣᠯ ᠲᠠ ᠪᠢᠳᠡᠨ᠎ᠤ ᠬᠡᠷ ᠤᠷᠤᠨ ᠶᠤᠮ᠂ ᠬᠥᠭ᠌ᠵᠢᠯᠲᠡ ᠨᠢ ᠤᠯᠠᠨ ᠳᠠᠶᠠᠭᠠᠷ᠎ᠲᠦ ᠲᠦᠱᠢᠭ᠌ᠯᠡᠨ᠎ᠡ᠃ ᠥᠷᠭᠡᠨ ᠠᠭᠤᠳᠠᠮ ᠰᠦᠷᠯᠢᠭ ᠦᠵᠡᠮᠵᠢᠳᠤ ᠥᠪᠥᠷ ᠮᠣᠩᠭᠣᠯ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠤ᠂ ᠬᠢᠵᠠᠭᠠᠯᠠᠰᠢ ᠥᠬᠡᠶ ᠳᠠᠯᠳᠠ ᠬᠦᠴᠦᠨ᠎ᠲᠡᠶ ᠥᠪᠥᠷ ᠮᠣᠩᠭᠣᠯ᠎ᠢᠶᠠᠨ ᠨᠠᠩ ᠰᠠᠢᠳᠤᠷ ᠬᠥᠭ᠌ᠵᠢᠭᠦᠯᠬᠦ᠌ ᠪᠣᠯ 2400 ᠭᠠᠷᠤᠶ ᠲᠦᠮᠡᠨ ᠤᠮᠠᠷᠠᠲᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠠᠷᠢᠭᠤᠴᠠᠯᠭ᠎ᠠ ᠪᠣᠯᠤᠨ᠎ᠠ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠴᠠᠭ᠎ᠢ ᠠᠮᠵᠢᠨ ᠪᠠᠢᠳᠠᠯ᠎ᠢ ᠰᠠᠢᠲᠤᠷ ᠲᠣᠭ᠍ᠲᠠᠭᠠᠵᠤ᠂ ᠵᠠᠮ᠎ᠢᠶᠠᠨ ᠱᠢᠯᠤᠭᠤᠳᠭᠠᠵᠤ᠂ ᠵᠦᠪ ᠠᠷᠭ᠎ᠠ ᠬᠡᠮᠵᠢᠶ᠎ᠡ ᠳᠤᠷᠠᠳᠴᠤ᠂ ᠡᠷᠲᠡᠬᠡᠨ ᠭᠠᠷ ᠤᠷᠤᠵᠤ᠂ ᠲᠦᠷᠭᠡᠨ ᠬᠥᠳᠡᠯᠦᠯᠴᠡᠵᠦ᠍᠂ ᠱᠢᠨ᠎ᠡ ᠨᠢᠭᠡ ᠵᠢᠯ᠎ᠳᠦ ᠤᠷᠤᠭ᠍ᠰᠢᠲᠠᠶ᠂ ᠯᠠᠪᠳᠠᠭᠤᠨ᠂ ᠰᠠᠢᠳᠤᠷ ᠬᠢᠬᠦ᠎ᠪᠡᠷ ᠴᠢᠷᠮᠠᠢᠬᠤ ᠬᠡᠷᠡᠭ᠌ᠲᠡᠶ᠃ ᠥᠷᠭᠡᠨ ᠤᠯᠠᠨ ᠺᠠᠳ᠋ᠷ ᠤᠯᠠᠨ ᠲᠦᠮᠡᠨ ᠵᠤᠷᠢᠭ ᠎ᠢ᠋ᠶ᠋ᠡᠨ ᠴᠢᠩᠭᠠᠯᠠᠵᠤ᠂ ᠬᠦᠴᠦᠯᠡᠨ ᠴᠢᠷᠮᠠᠢᠵᠤ᠂ ᠥᠷᠯᠥᠭᠡ ᠦᠳᠡᠰᠢ᠎ᠶ᠋ᠢ ᠲᠡᠮᠡᠴᠡᠨ᠂ ᠱᠠᠯᠠᠪᠳᠠᠨ ᠠᠵᠢᠯᠯᠠᠵᠤ ᠡᠪᠦᠯ᠎ᠤᠨ ᠡᠷᠡᠮᠡᠯᠵᠡᠯ᠎ᠢ ᠬᠠᠪᠤᠷ᠎ᠤᠨ ᠠᠵᠢᠯᠯᠠᠭ᠎ᠠ ᠪᠣᠯᠭᠠᠳᠠᠭ ᠯᠠ ᠶᠤᠮ ᠪᠣᠯ ᠰᠠᠯᠬᠢ ᠬᠦᠯᠭᠡᠯᠡᠨ ᠤᠷᠤᠭᠰᠢᠯᠠᠵᠤ ᠪᠠᠢᠭ᠎ᠠ ᠥᠪᠥᠷ ᠮᠣᠩᠭᠣᠯ ᠨᠡᠩ ᠰᠡᠳᠭᠢᠯ ᠬᠥᠳᠡᠯᠭᠡᠮ᠎ᠡ ᠪᠤᠯᠵᠤ᠂ ᠳᠠᠪᠠᠯᠭᠠᠨ ᠬᠢᠰᠬᠢᠯᠡᠨ ᠤᠷᠤᠭ᠍ᠰᠢᠯᠠᠵᠤ ᠪᠠᠢᠭ᠎ᠠ ᠤᠮᠠᠷᠠᠲᠤ ᠬᠢᠯᠢ ᠨᠡᠩ ᠦᠵᠡᠰᠭᠦᠯᠡᠩᠲᠦ ᠰᠠᠢᠬᠠᠨ ᠪᠣᠯᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号