ᠡᠷᠴᠢ ᠵᠤᠷᠢᠭ᠎ᠢᠶᠡᠨ ᠬᠦᠪᠴᠢᠯᠡᠨ ᠦᠷᠭᠦᠯᠵᠢᠯᠡᠨ ᠲᠡᠮᠡᠴᠡᠵᠦ ᠳᠠᠬᠢᠨᠲᠠ ᠮᠤᠷᠳᠠᠵᠤ᠂ ᠡᠷᠡᠯᠬᠡᠭᠯᠡᠨ ᠴᠢᠷᠮᠠᠢᠵᠤ ᠳᠠᠷᠪᠠᠭᠤᠯ ᠬᠡᠢᠰᠭᠡᠨ ᠱᠢᠨ᠎ᠡ ᠠᠶᠠᠨ᠎ᠢᠶᠠᠨ ᠡᠬᠢᠯᠡᠭᠦᠯᠦᠨᠡᠮ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠡᠴᠡ ᠱᠢᠨ᠎ᠡ ᠨᠢᠭᠡ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ᠂ ᠪᠢᠳᠡ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠱᠢᠨ᠎ᠡ ᠱᠢᠪᠲᠤᠯᠤᠯᠲᠠ᠎ᠲᠠᠶ ᠪᠣᠯᠵᠣ᠂ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃
ᠣᠳᠣᠬᠠᠨ᠎ᠳᠤ᠂ ᠥᠪᠥᠷ ᠮᠣᠩᠭᠣᠯ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠲᠠᠰᠤᠷᠠᠯᠲᠠ ᠥᠬᠡᠶ ᠳᠡᠭᠡᠭ᠌ᠰᠢᠯᠡᠵᠦ᠍᠂ ᠬᠥᠭ᠌ᠵᠢᠯᠲᠡ᠎ᠶ᠋ᠢᠨ ᠣᠷᠣᠨ ᠵᠠᠶ ᠲᠠᠰᠤᠷᠠᠯᠲᠠ ᠥᠬᠡᠶ ᠥᠷᠭᠡᠵᠢᠵᠦ᠍᠂ ᠥᠷᠭᠡᠨ ᠣᠯᠠᠨ ᠺᠠᠳ᠋ᠷ ᠣᠯᠠᠨ ᠲᠦᠮᠡᠨ᠎ᠦ ᠠᠵᠢᠯ ᠬᠢᠵᠦ᠍ ᠦᠶ᠋ᠯᠡᠰ ᠪᠤᠰᠬᠠᠬᠤ ᠴᠣᠭ ᠰᠦᠯᠳᠡ ᠴᠢᠨᠠᠭᠰᠢᠳᠠ ᠪᠠᠳᠠᠷᠠᠨ᠂ ᠲᠡᠷᠢᠭᠦᠨ᠎ᠦ᠎ᠬᠢ᠎ᠪᠡᠷ ᠪᠠᠷᠢᠮᠵᠢᠶᠠᠯᠠᠬᠤ᠂ ᠲᠡᠷᠢᠭᠦᠨ᠎ᠤ ᠬᠢ ᠪᠤᠯᠬᠤ᠎ᠪᠠᠷ ᠴᠢᠷᠮᠠᠢᠵᠤ ᠲᠡᠰ ᠲᠡᠪᠰᠢᠬᠦ ᠡᠷᠴᠢ ᠵᠣᠷᠢᠭ ᠤᠯᠠᠮ᠎ᠡᠴᠡ ᠤᠯᠠᠮ ᠴᠢᠩᠭᠠᠷᠠᠵᠤ᠂ ᠪᠥᠬᠥ᠌ ᠣᠷᠣᠨᠳᠠᠶᠠᠭᠠᠷᠤᠨ ᠭᠦᠭᠡᠭᠡᠵᠦ ᠭᠦᠢᠴᠡᠨ ᠲᠡᠷᠢᠭᠦᠨ᠎ᠤ ᠬᠢ ᠪᠤᠯᠬᠤ᠎ᠪᠠᠷ ᠴᠢᠷᠮᠠᠢᠬᠤ᠂ ᠬᠥᠭ᠌ᠵᠢᠯᠲᠡ᠎ᠶ᠋ᠢ ᠲᠦᠷᠭᠡᠨ ᠠᠳᠭᠤᠬᠤ ᠠᠭᠤᠷ ᠠᠮᠢᠰᠭᠤᠯ ᠥᠳᠭᠡᠨ ᠵᠤᠵᠠᠭᠠᠨ ᠪᠣᠯᠵᠣ᠂ ᠶᠠᠭ ᠶᠡᠬᠡ ᠦᠶ᠋ᠯᠡᠰ᠎ᠢ ᠪᠦᠲᠦᠭᠡᠵᠦ᠍᠂ ᠶᠡᠬᠡ ᠵᠢᠳᠭᠦᠯ ᠴᠢᠷᠮᠠᠢᠯᠭ᠎ᠠ ᠭᠠᠷᠭᠠᠵᠤ ᠪᠣᠯᠬᠤ ᠬᠥᠭ᠌ᠵᠢᠯᠲᠡ᠎ᠶ᠋ᠢᠨ ᠱᠢᠵᠢᠷ ᠠᠯᠲᠠᠨ ᠴᠠᠭ ᠦᠶ᠎ᠡ᠎ᠳᠦ ᠣᠷᠣᠱᠢᠵᠤ ᠪᠠᠢᠨ᠎ᠠ᠃ ᠪᠢᠳᠡ ᠵᠠᠪᠠᠯ ᠢᠲᠡᠭᠡᠯ ᠵᠣᠷᠢᠭ᠎ᠢᠶᠠᠨ ᠪᠠᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠰᠠᠢ᠌ᠨ ᠡᠴᠡ ᠰᠠᠢᠨ ᠬᠢᠵᠦ᠂ ᠲᠦᠷᠭᠡᠨ ᠡᠴᠡ ᠲᠦᠷᠭᠡᠨ ᠬᠦᠳᠡᠯᠦᠯᠴᠡᠵᠦ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠨ᠂ ᠱᠢᠨ᠎ᠡ ᠠᠮᠵᠢᠯᠲᠠ ᠵᠢ ᠡᠭᠦᠳᠦᠨ ᠪᠦᠲᠦᠭᠡᠵᠦ᠂ ᠭᠣᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠦᠷᠭᠦᠯᠵᠢᠯᠡᠨ ᠪᠦᠬᠦ᠌ ᠤᠯᠤᠰ᠎ᠤᠨ ᠨᠢᠭᠡᠳᠦᠭᠡᠷ ᠡᠩᠨᠡᠭᠡᠨ᠎ᠳᠤ ᠪᠠᠢᠯᠭᠠᠬᠤ᠎ᠪᠠᠷ ᠴᠢᠷᠮᠠᠢᠬᠤ ᠬᠡᠷᠡᠭ᠌ᠲᠡᠢ᠃
ᠵᠠᠭᠤᠨ ᠤᠨᠭᠭᠤᠴᠠ ᠦᠷᠢᠰᠦᠯᠳᠦᠨ ᠠᠶᠠᠯᠠᠬᠤᠶ᠎ᠠ᠂ ᠡᠷᠡᠯᠬᠡᠭ᠌ᠯᠡᠨ ᠲᠡᠮᠡᠴᠡᠭ᠌ᠰᠡᠳ ᠲᠡᠷᠢᠭᠦᠯᠡᠨ᠎ᠡ; ᠪᠡᠷᠬᠡ ᠳᠠᠪᠠᠭ᠎ᠠ ᠳᠠᠪᠠᠬᠤ ᠳ᠋ᠤ ᠤᠷᠤᠭ᠍ᠰᠢᠯᠠᠬᠤ ᠦᠭᠡᠢ ᠪᠣᠯᠪᠠᠰᠤ ᠤᠬᠤᠷᠢᠨ᠎ᠠ᠃ ᠱᠢᠨ᠎ᠡ ᠪᠠᠢᠳᠠᠯ᠂ ᠱᠢᠨ᠎ᠡ ᠡᠭᠦᠷᠭᠡ᠂ ᠱᠢᠨ᠎ᠡ ᠥᠷᠢᠰᠥᠯᠳᠦᠭᠡᠨ᠎ᠦ ᠡᠮᠦᠨ᠎ᠡ᠂ ᠪᠢᠳᠠ ᠲᠡᠷᠡ ᠴᠡᠭ᠎ᠢᠶᠡᠷ ᠨᠢ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠪᠤᠱᠢᠭᠤ ᠱᠠᠯᠠᠮᠠᠭᠠᠢ ᠪᠡᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠵᠣᠷᠢᠭ᠍ᠲᠠᠢ ᠬᠢᠵᠦ᠍ ᠴᠢᠳᠠᠮᠠᠭᠠᠢ ᠬᠢᠵᠦ᠍ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠲᠤᠪᠯᠠᠭᠰᠠᠨ ᠶᠠᠪᠤᠳᠠᠯ᠎ᠢᠶᠡᠨ ᠴᠢᠩᠭ᠎ᠠ ᠠᠳᠬᠤᠵᠤ ᠲᠦᠷᠭᠡᠨ ᠬᠢᠵᠦ᠂ ᠤᠷᠤᠭ᠍ᠰᠢ ᠠᠬᠢᠭᠤᠯᠵᠤ ᠳᠡᠢᠯᠬᠦ᠎ᠶᠢ ᠨᠢ ᠳᠠᠷᠤᠢ ᠲᠦᠷᠭᠡᠨ ᠡᠷᠡᠰ ᠪᠡᠶᠡᠯᠡᠭᠦᠯᠵᠦ᠍᠂ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠢᠳᠪᠦᠷᠢᠯᠡᠵᠦ᠍᠂ ᠬᠤᠳᠠᠯ ᠬᠠᠭᠤᠷᠮᠠᠭ᠂ ᠵᠠᠪᠱᠢᠨ ᠳᠠᠯᠢᠮᠳᠠᠭᠤᠯᠬᠤ᠂ ᠲᠣᠭ᠎ᠠ ᠪᠠᠷᠢᠮᠲᠠ᠎ᠶ᠋ᠢ ᠬᠠᠭᠤᠷᠮᠠᠭ᠍ᠯᠠᠨ ᠵᠣᠬᠢᠶᠠᠬᠤ᠎ᠶ᠋ᠢ ᠡᠷᠡᠰ ᠲᠡᠪᠴᠢᠵᠦ᠍᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠠᠷᠠᠳ᠎ᠢ ᠵᠦᠳᠡᠭᠡᠵᠦ᠍ ᠡᠳ᠋᠎ᠢ ᠰᠦᠢᠳᠭᠡᠬᠦ᠌᠂ ᠬᠣᠭᠣᠰᠣᠷᠠᠲᠠᠯ᠎ᠠ ᠱᠢᠪᠬᠠᠵᠤ ᠬᠤᠪᠠᠬᠠᠢᠷᠠᠲᠠᠯᠠ ᠠᠪᠬᠤ ᠶᠠᠪᠤᠳᠠᠯ᠎ᠢ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠂ 《ᠤᠳᠠᠭᠠᠨ᠂ ᠪᠦᠳᠦᠭᠦᠯᠢᠭ᠂ ᠬᠠᠭᠤᠷᠮᠠᠭ》ᠪᠠᠢᠬᠤ᠎ᠶ᠋ᠢ ᠡᠷᠡᠰ ᠲᠡᠪᠴᠢᠵᠦ᠍᠂ 《ᠬᠣᠢᠷᠭᠣ᠂ ᠰᠠᠯᠠᠨᠭ᠌᠂ ᠬᠠᠱᠠᠨᠭ᠌》 ᠪᠠᠢᠬᠤ ᠵᠢ ᠡᠷᠡᠰ ᠠᠷᠢᠯᠭᠠᠬᠤ ᠬᠡᠷᠡᠭᠲᠡᠢ᠃ ᠮᠣᠩᠭᠣᠯ ᠮᠣᠷᠢᠨ ᠳ᠋ᠤ ᠣᠨᠴᠠ ᠪᠠᠢᠳᠠᠭ ᠬᠠᠲᠠᠨ ᠵᠣᠷᠢᠭ ᠬᠠᠲᠠᠭᠤ ᠵᠣᠷᠢᠭ᠎ᠢ ᠢᠮᠠᠭ᠍ᠲᠠ ᠪᠠᠲᠤᠯᠠᠵᠤ᠂ ᠬᠠᠷᠠᠯᠲᠠ᠎ᠪᠠᠨ ᠪᠠᠲᠤ ᠡᠵᠡᠮᠳᠡᠵᠦ᠂ ᠨᠢᠭᠡ ᠯᠡ ᠰᠡᠳᠭᠢᠯ᠎ᠢᠶᠡᠷ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠠᠷᠭ᠎ᠠ ᠪᠦᠬᠦᠨ᠎ᠢ ᠰᠦᠪᠡᠭ᠌ᠴᠢᠯᠡᠨ ᠦᠷ᠎ᠡ ᠳ᠋ᠦᠩ ᠤᠯᠬᠤ ᠬᠡᠷᠡᠭ᠌ᠲᠡᠶ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ᠎ᠤ ᠤᠳᠤᠷᠢᠳᠭᠤ ᠺᠠᠳ᠋ᠷ ᠴᠤᠭ ᠵᠣᠷᠢᠭ ᠪᠠᠳᠠᠷᠠᠨᠭᠭᠤᠢ ᠪᠡᠷ᠂ ᠴᠢᠷᠮᠠᠢᠨ ᠲᠡᠮᠡᠴᠡᠵᠦ ᠠᠮᠵᠢᠯᠲᠠ ᠪᠦᠲᠦᠮᠵᠢᠭᠠᠷᠭᠠᠨ ᠠᠵᠢᠯ᠎ᠵᠢᠡᠨ ᠰᠠᠢᠲᠤᠷ ᠬᠢᠬᠦ᠌ ᠬᠡᠷᠡᠭ᠌ᠲᠡᠢ᠃ ᠵᠣᠷᠢᠭ᠍ᠲᠠᠢ ᠪᠤᠳᠤᠵᠤ ᠵᠣᠷᠢᠭ᠍ᠲᠠᠢ ᠬᠢᠵᠦ᠂ ᠨᠠᠮ᠎ᠤᠨ ᠲᠥᠪ ᠬᠣᠷᠢᠶ᠎ᠠ᠎ᠵᠢᠨ ᠱᠠᠭᠠᠷᠳᠠᠯᠭ᠎ᠠ᠎ᠳᠤ ᠨᠡᠢᠴᠡᠭ᠌ᠰᠡᠨ ᠤᠷᠢᠲᠠᠯ ᠳᠣᠣᠷ᠎ᠠ᠂ ᠣᠷᠣᠨ ᠨᠤᠲᠤᠭ᠎ᠤᠨ ᠬᠥᠭ᠌ᠵᠢᠯᠲᠡ᠎ᠳᠦ ᠠᠱᠢᠭ᠍ᠲᠠᠢ᠂ ᠠᠷᠠᠳ ᠤᠯᠠᠨ᠎ᠳᠤ ᠠᠱᠢᠭ᠍ᠲᠠᠢ ᠶᠠᠪᠤᠳᠠᠯ ᠯᠠ ᠶᠤᠮ ᠪᠣᠯ ᠴᠥᠮ ᠵᠣᠷᠢᠭ᠍ᠲᠠᠢ ᠲᠤᠷᠱᠢᠵᠤ᠂ ᠵᠣᠷᠢᠭ᠍ᠲᠠᠢ ᠬᠢᠵᠦ᠍᠂ ᠲᠡᠮᠡᠴᠡᠬᠦ᠌ ᠶᠣᠰᠣᠲᠠᠢ ᠪᠠᠢᠪᠠᠯ ᠡᠷᠡᠰ ᠲᠡᠮᠡᠴᠡᠵᠦ᠍᠂ ᠬᠢᠬᠦ ᠶᠤᠰᠤᠲᠠᠢ ᠪᠠᠢᠪᠠᠯ ᠡᠷᠡᠰ ᠱᠢᠭᠤᠷᠬᠠᠢ ᠬᠢᠵᠦ᠍᠂ ᠴᠢᠯᠠᠭᠤᠨ ᠳᠡᠭᠡᠷ᠎ᠡ ᠬᠢᠰᠭᠢᠪᠡᠯ ᠮᠥᠷ᠎ᠲᠡᠶ᠂ ᠲᠡᠮᠦᠷ ᠪᠠᠷᠢᠪᠠᠯ ᠤᠷᠤᠮ ᠲᠠᠶ ᠪᠠᠢᠬᠤ ᠡᠷᠴᠢ ᠵᠣᠷᠢᠭ᠎ᠢᠶᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠬᠡᠷᠡᠭ᠌ᠲᠡᠢ᠂ ᠶᠠᠭᠠᠬᠢᠭ᠍ᠰᠠᠨ ᠴᠤ᠌ ᠠᠵᠢᠯ ᠬᠢᠭᠰᠡᠨ ᠦᠭᠡᠢ ᠪᠠᠢᠳᠠᠯ᠎ᠳᠦ ᠱᠢᠯᠲᠠᠭ ᠡᠷᠢᠵᠦ᠍ ᠪᠣᠯᠬᠤ ᠦᠭᠡᠢ᠃
ᠤᠳᠤᠬᠠᠨ᠎ᠤ ᠠᠰᠢᠭᠳᠠᠢ ᠪᠠᠢᠳᠠᠯ᠎ᠢ ᠠᠰᠢᠭᠯᠠᠬᠤ ᠬᠡᠷᠡᠭᠳᠡᠢ ᠪᠦᠭᠡᠳ ᠡᠨᠡ ᠬᠦ᠌ ᠡᠷᠬᠢᠮ ᠨᠠᠨᠳᠢᠨ ᠴᠠᠭ ᠲᠤᠬᠢᠶᠠᠯ᠎ᠢ ᠠᠯᠳᠠᠵᠤ ᠪᠤᠯᠬᠤ ᠦᠭᠡᠢ᠃ ᠪᠢᠳᠡ ᠮᠠᠨ᠎ᠤ ᠣᠷᠣᠨ᠎ᠤ ᠲᠦᠷᠭᠡᠨ ᠬᠥᠭ᠌ᠵᠢᠯᠲᠡ᠎ᠶ᠋ᠢᠨ ᠬᠠᠨᠳᠤᠰᠢ ᠵᠢᠨ ᠬᠤᠷᠳᠤᠴᠠ᠎ᠪᠠᠨ ᠤᠳᠠᠭᠠᠰᠢᠷᠠᠭᠤᠯᠬᠤ ᠥᠬᠡᠶ ᠪᠠᠢᠬᠤ᠎ᠶᠢ ᠪᠠᠳᠤᠯᠠᠵᠤ᠂ ᠮᠠᠨ᠎ᠤ ᠣᠷᠣᠨ᠎ᠤ ᠲᠡᠷᠢᠭᠦᠨ᠎ᠳᠦ ᠣᠷᠣᠬᠤ᠎ᠪᠠᠷ ᠴᠢᠷᠮᠠᠢᠬᠤ ᠳᠦᠷᠰᠦ ᠪᠠᠢᠳᠠᠯ᠎ᠢ ᠰᠤᠯᠠᠷᠠᠭᠤᠯᠤᠯ ᠥᠬᠡᠶ ᠪᠠᠲᠤᠯᠠᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠡᠴᠡ᠎ᠪᠠᠨ ᠨᠠᠢᠳᠠᠪᠤᠷᠢᠵᠢᠭᠤᠯᠤᠯᠲᠠ ᠶ᠋ᠢ ᠠᠳᠭᠤᠵᠤ᠂ ᠣᠯᠠᠨ᠎ᠤ ᠬᠦᠴᠦᠨ ᠢ ᠲᠥᠪᠯᠡᠷᠡᠭᠦᠯᠦᠨ ᠨᠠᠢᠳᠠᠪᠤᠷᠢᠵᠢᠭᠤᠯᠤᠯᠲᠠ ᠶ᠋ᠢ ᠠᠳᠭᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ ᠶ᠋ᠢ ᠠᠳᠭᠤᠵᠤ᠂ ᠪᠣᠳᠠᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠪᠠᠷᠢᠨ ᠭᠦᠶ᠋ᠴᠡᠳᠭᠡᠬᠦ᠌ ᠪᠠᠴᠢᠮ ᠡᠭᠦᠷᠭᠡ᠎ᠶ᠋ᠢ ᠪᠠᠷᠢᠨ ᠭᠦᠶ᠋ᠴᠡᠳᠭᠡᠵᠦ᠍᠂ ᠱᠠᠯᠠᠪᠳᠠᠨ ᠲᠦᠷᠭᠡᠨ ᠭᠦᠶ᠋ᠴᠡᠳᠭᠡᠵᠦ᠂ ᠠᠯᠭᠤᠷ ᠤᠳᠠᠭᠠᠨ᠂ ᠨᠠᠵᠠᠭᠠᠢ ᠬᠤᠢᠷᠭᠤ ᠪᠠᠢᠵᠤ ᠪᠣᠯᠬᠤ ᠥᠬᠡᠶ᠂ ᠣᠷᠳᠣ ᠬᠤᠭᠤᠴᠠᠭᠠᠨ᠎ᠤ ᠡᠭᠦᠷᠭᠡ᠎ᠳᠦ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ ᠪᠠ ᠲᠡᠰᠪᠦᠷᠢ ᠲᠡᠪᠴᠢᠶᠡᠷᠢ᠎ᠲᠡᠶ ᠪᠠᠢᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠳᠤᠰᠤᠯ ᠤᠰᠤ᠎ᠪᠠᠷ ᠴᠢᠯᠠᠭᠤ᠎ᠶ᠋ᠢ ᠴᠤᠭᠤᠯᠵᠤ᠂ ᠣᠷᠳᠣ ᠬᠤᠭᠤᠴᠠᠭ᠎ᠠ᠎ᠪᠠᠷ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ᠃ ᠰᠠᠨᠠᠭᠠᠴᠢᠯᠠᠭ᠎ᠠ ᠡᠴᠡ᠎ᠪᠠᠨ ᠲᠠᠭᠠᠷᠢᠯᠲᠠ ᠬᠢᠵᠦ᠍᠂ ᠰᠠᠨᠠᠭᠠᠴᠢᠯᠠᠭ᠎ᠠ ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠶᠡᠬᠡᠪᠡᠷ ᠠᠬᠢᠭᠤᠯᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠠᠯᠬᠤᠭ᠎ᠠ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠥᠨ ᠳᠠᠭᠠᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠬᠢ ᠪᠠᠶᠠᠯᠢᠭ᠎ᠢ ᠪᠦᠷᠢᠯᠭᠡᠨ ᠰᠦᠶ᠋ᠳᠭᠡᠬᠦ᠌ ᠦᠵᠡᠭ᠌ᠳᠡᠯ᠎ᠢ ᠬᠣᠷᠢᠭ᠍ᠯᠠᠵᠤ᠂ 《 ᠭᠠᠷ ᠳᠠᠮᠵᠢᠪᠠᠴᠤ ᠠᠰᠢᠭ ᠦᠯᠦ ᠰᠢᠩᠭᠡᠬᠦ》 ᠠᠰᠠᠭᠤᠳᠠᠯ ᠢ ᠦᠨᠡᠨ ᠬᠦ᠌ ᠱᠢᠶ᠋ᠳᠪᠦᠷᠢᠯᠡᠵᠦ᠍᠂ ᠠᠶᠤᠯᠭᠦᠢ ᠦᠶ᠋ᠯᠡᠳᠪᠦᠷᠢᠯᠡᠯ᠎ᠦᠨ ᠰᠠᠭᠤᠷᠢ᠎ᠶ᠋ᠢ ᠪᠡᠬᠢᠵᠢᠭᠦᠯᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠳᠤᠲᠠᠭᠤᠳᠠᠯ᠎ᠢ ᠨᠥᠬᠥᠪᠥᠷᠢᠯᠡᠵᠦ᠍᠂ ᠨᠡᠢᠭᠡᠮ᠎ᠦᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃
ᠰᠢᠨ᠎ᠡ ᠵᠢᠯ᠎ᠤᠨ ᠡᠷᠡᠮᠡᠬᠡᠢᠯᠡᠨ ᠤᠷᠤᠭ᠍ᠰᠢᠯᠠᠯᠳᠠ ᠶᠠᠭ ᠴᠠᠭ᠎ᠲᠠᠭᠠᠨ ᠪᠠᠢᠵᠤ᠂ ᠤᠷᠤᠭᠰᠢᠯᠠᠬᠤ ᠬᠠᠨᠳᠤᠰᠢ ᠪᠠᠨ ᠪᠠᠳᠤ ᠡᠵᠡᠮᠳᠡᠵᠦ ᠳᠠᠬᠢᠨ ᠮᠤᠷᠳᠠᠨ᠎ᠠ᠃ ᠪᠢᠳᠠ ᠲᠡᠮᠡᠴᠡᠯ᠎ᠦᠨ ᠰᠡᠯᠢᠭᠦᠷ᠎ᠢᠶᠡᠨ ᠴᠢᠩᠭ᠎ᠠ ᠠᠳᠭᠤᠵᠤ᠂ ᠪᠣᠳᠠᠲᠠᠢ ᠠᠵᠢᠯᠯᠠᠬᠤ ᠳᠠᠷᠪᠠᠭᠤᠯ᠎ᠢᠶᠠᠨ ᠥᠨᠳᠥᠷ ᠮᠠᠨᠳᠤᠭᠤᠯᠵᠤ᠂ ᠳᠤᠤᠭᠠᠷᠪᠠᠯ ᠳᠠᠭᠤᠨ ᠨᠢᠭᠡᠲᠡᠢ᠂ ᠳᠤᠭ᠍ᠲᠤᠷᠪᠠᠯ ᠬᠦᠴᠦᠨ ᠨᠢᠭᠡᠲᠡᠢ ᠪᠠᠢᠵᠤ᠂ ᠴᠥᠬᠥᠷᠡᠰᠢ ᠦᠭᠡᠢ ᠴᠢᠷᠮᠠᠢᠵᠤ᠂ ᠴᠥᠬᠥᠷᠡᠰᠢ ᠦᠭᠡᠢ ᠤᠷᠤᠭ᠍ᠰᠢᠯᠠᠵᠤ᠂ ᠠᠯᠢᠪᠠ ᠠᠱᠢᠭ᠍ᠲᠠᠢ ᠠᠵᠠ ᠲᠣᠬᠢᠶᠠᠯ᠎ᠢ ᠠᠮᠵᠢᠵᠤ᠂ ᠠᠯᠢᠪᠠ ᠠᠱᠢᠭ᠍ᠲᠠᠢ ᠨᠥᠬᠥᠴᠡᠯ᠎ᠢ ᠠᠱᠢᠭ᠍ᠯᠠᠵᠤ᠂ ᠲᠤᠪᠯᠠᠭᠰᠠᠨᠢᠶᠡᠨ ᠳᠤᠤᠷ᠎ᠠ ᠨᠢ ᠬᠢᠵᠦ᠂ ᠢᠯᠡᠭᠦᠦ ᠬᠢᠵᠦ᠍ ᠴᠢᠳᠠᠪᠠᠯ ᠢᠯᠡᠭᠦᠦ ᠬᠢᠵᠦ᠍᠂ ᠱᠢᠨ᠎ᠡ ᠨᠢᠭᠡ ᠵᠢᠯ᠎ᠳᠦ ᠱᠢᠨ᠎ᠡ ᠣᠷᠣᠨ ᠵᠠᠢ᠎ᠶ᠋ᠢ ᠨᠡᠭᠡᠭᠡᠵᠦ᠍᠂ ᠱᠢᠨ᠎ᠡ ᠦᠢᠯᠡᠰ᠎ᠢ ᠪᠦᠲᠦᠭᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶᠢᠨ ᠨᠡᠩ ᠰᠦᠷ ᠳᠠᠯᠠᠢᠴᠠᠲᠠᠢ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠬᠤ ᠵᠢ ᠠᠬᠢᠭᠤᠯᠤᠶ᠎ᠠ᠃