ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ ᠵᠡᠷᠭᠡ᠎ᠶ᠋ᠢ ᠵᠥᠪᠱᠢᠶᠡᠷᠡᠪᠡ
ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠶ᠋ᠢ ᠪᠠᠲᠤᠯᠠᠵᠤ ᠰᠢ ᠵᠢᠨ ᠫᠢᠩ ᠲᠡᠷᠢᠭᠦᠯᠡᠭ᠌ᠴᠢ᠎ᠶ᠋ᠢᠨ ᠵᠠᠷᠯᠢᠭ ᠲᠦ᠍ ᠭᠠᠷᠤᠨ ᠦᠰᠦᠭ ᠵᠢᠷᠤᠵᠤ ᠨᠡᠢᠲᠡᠯᠡᠵᠡᠢ
ᠰᠢ ᠵᠢᠨ ᠫᠢᠩ ᠯᠢ ᠴᠢᠶᠠᠩ ᠸᠠᠩ ᠬ᠍ᠤ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ
ᠵᠤᠤ ᠯᠸ ᠵᠶ᠋ᠢ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠬᠦᠰ ᠠᠮᠵᠢᠯᠲᠠ᠎ᠲᠠᠶ ᠪᠡᠶᠡᠯᠡᠬᠦᠯᠦᠬᠡᠳ 11 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠶᠡᠬᠡ ᠬᠤᠷᠠᠯ᠎ᠠᠴᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠶ᠋ᠢᠨ ᠬᠣᠷᠢᠶ᠎ᠠ ᠵᠢᠨ ᠠᠵᠢᠯ ᠤᠨ ᠮᠡᠳᠡᠭᠦᠯᠦᠯᠲᠡ ᠵᠡᠷᠭᠡ᠎ᠶ᠋ᠢ ᠵᠥᠪᠱᠢᠶᠡᠷᠡᠪᠡ᠃ ᠶᠡᠬᠡ ᠬᠤᠷᠠᠯ ᠡᠴᠡ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠶ᠋ᠢ ᠪᠠᠲᠤᠯᠠᠵᠤ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠬᠤᠷᠢᠨ ᠨᠢᠬᠡᠳᠦᠬᠡᠷ ᠲᠣᠭᠠᠲᠤ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷᠤᠨ ᠥᠰᠥᠭ ᠵᠢᠷᠤᠵᠤ ᠨᠡᠢᠲᠡᠯᠡᠪᠡ᠃

3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃
ᠱᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᠤ᠋ᠤᠢ ᠰᠡᠭᠦᠳᠡᠷᠯᠡᠪᠡ
ᠲᠡᠭᠦᠰᠭᠦ ᠬᠤᠷᠠᠯ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢ᠌ᠲ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃
ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃
ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2956 ᠬᠥᠮᠦᠨ ᠪᠠᠢᠵᠥ᠂ 2900 ᠬᠥᠮᠦᠨ ᠣᠷᠣᠯᠴᠠᠵᠤ᠂ 56 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ ᠦ ᠲᠣᠭ᠎ᠠ ᠬᠠᠤᠯᠢ ᠳᠤ ᠲᠣᠭ᠍ᠲᠠᠭᠠᠭ᠍ᠰᠠᠨ ᠬᠥᠮᠦᠨ ᠦ ᠲᠣᠭ᠎ᠠ᠎ᠳᠤ ᠨᠡᠢᠴᠡᠵᠡᠢ᠃
ᠦᠳᠡ᠎ᠶ᠋ᠢᠨ ᠬᠣᠢᠨᠠᠬᠢ 3 ᠴᠠᠭ᠎ᠲᠤ ᠵᠣᠣ ᠯᠸ ᠵᠢᠶ ᠬᠤᠷᠠᠯ ᠡᠬᠢᠯᠡᠭ᠌ᠰᠡᠨ᠎ᠢ ᠵᠠᠷᠯᠠᠪᠠ᠃

3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠬᠦ ᠬᠤᠷᠠᠯ ᠬᠢᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠲᠡᠭᠦᠰᠬᠦ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃
ᠱᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠯᠢ ᠰᠢᠦᠸᠠᠢ ᠷᠸᠨ ᠰᠡᠬᠦᠳᠡᠷᠯᠡᠪᠡ
ᠬᠤᠷᠠᠯ᠎ᠠᠴᠠ ᠪᠠᠲᠤᠯᠠᠯᠲᠠ ᠬᠢᠬᠦ᠌᠎ᠪᠡᠷ ᠳᠡᠮᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠠᠢ᠃ ᠱᠢᠢᠳᠪᠦᠷᠢᠳᠦ᠂ ᠬᠤᠷᠠᠯ᠎ᠠᠴᠠ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2024 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠪᠣᠯᠤᠨ ᠠᠵᠢᠯ᠎ᠤᠨ ᠡᠭᠦᠷᠭᠡ᠎ᠶ᠋ᠢ ᠵᠥᠪᠱᠢᠶᠡᠷᠡᠵᠦ᠍᠂ ᠳᠤᠰ ᠢᠯᠡᠳᠬᠡᠯ᠎ᠢ ᠵᠥᠪᠱᠢᠶᠡᠷᠡᠬᠦ᠌᠎ᠪᠡᠷ ᠲᠣᠭ᠍ᠲᠠᠵᠠᠢ ᠬᠡᠵᠥ ᠵᠢᠭᠠᠵᠥ ᠭᠠᠷᠭᠠᠪᠠ᠃
ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠶ᠋ᠢ ᠪᠠᠲᠤᠯᠠᠪᠠ᠃ ᠡᠨᠡ ᠬᠠᠤᠯᠢ᠎ᠶ᠋ᠢ ᠨᠡᠢᠲᠡᠯᠡᠭ᠌ᠰᠡᠨ ᠡᠳᠦᠷ᠎ᠡᠴᠡ ᠡᠬᠢᠯᠡᠵᠥ ᠬᠡᠷᠡᠭ᠌ᠵᠢᠭᠦᠯᠦᠨ᠎ᠡ᠃
ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠬᠣᠶᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠬᠦ ᠪᠡᠷ ᠲᠤᠭᠳᠠᠪᠠ; 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠦᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2024 ᠣᠨ᠎ᠤ ᠲᠥᠪ ᠦᠨ ᠲᠥᠰᠦᠪ᠎ᠢ ᠵᠥᠪᠱᠢᠶᠡᠷᠡᠬᠦ ᠪᠡᠷ ᠲᠤᠭᠳᠠᠪᠠ᠃
ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠢᠳᠪᠦᠷᠢ᠎ᠶ᠋ᠢ ᠪᠠᠲᠤᠯᠠᠪᠠ᠃ ᠱᠢᠢᠳᠪᠦᠷᠢᠳᠦ᠂ ᠬᠤᠷᠠᠯ᠎ᠡᠴᠡ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠳᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠳᠡ ᠵᠢ ᠵᠥᠪᠱᠢᠶᠡᠷᠡᠬᠦ᠌᠎ᠪᠡᠷ ᠲᠣᠭ᠍ᠲᠠᠪᠠ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ ᠤᠨ ᠮᠡᠳᠡᠭᠦᠯᠦᠯᠲᠡ᠎ᠶ᠋ᠢᠨ ᠲᠤᠬᠠᠢ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠢᠳᠪᠦᠷᠢ᠎ᠶ᠋ᠢ ᠪᠠᠲᠤᠯᠠᠵᠤ᠂ ᠡᠨᠡ ᠬᠣᠶᠠᠷ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃
ᠳᠠᠷᠠᠭ᠎ᠠ ᠨᠢ ᠵᠤᠤ ᠯᠸ ᠵᠶ᠋ᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠪᠦᠬᠦ᠌ ᠲᠥᠯᠥᠭᠡᠯᠡᠭ᠌ᠴᠢᠳ ᠪᠣᠯᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠬᠠᠮᠲᠤ᠎ᠶ᠋ᠢᠨ ᠴᠢᠷᠮᠠᠢᠯᠭ᠎ᠠ ᠪᠠᠷ ᠬᠤᠷᠠᠯ ᠮᠠᠰᠢ ᠠᠮᠵᠢᠯᠲᠠ᠎ᠲᠠᠶ ᠬᠤᠷᠠᠯᠳᠤᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠡᠭᠦᠷᠭᠡ᠎ᠶ᠋ᠢ ᠲᠣᠳᠣᠷᠬᠠᠢᠯᠠᠵᠤ᠂ ᠢᠲᠡᠭᠡᠯ᠎ᠢ ᠪᠠᠲᠤᠳᠭᠠᠪᠠ᠂ ᠡᠨᠡ ᠪᠣᠯ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠤᠨ᠎ᠠ ᠭᠡᠵᠦ ᠬᠡᠯᠡᠪᠡ᠃
ᠵᠤᠤ ᠯᠸ ᠵᠶ᠋ᠢ᠂ ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠨᠠᠮ ᠪᠣᠯᠤᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠣᠷᠭᠢᠯᠤᠮ᠎ᠠ ᠬᠠᠯᠠᠭᠤᠨ ᠤᠯᠤᠰ ᠲᠦᠷᠦ᠍᠎ᠶ᠋ᠢᠨ ᠤᠷᠮ᠎ᠠ ᠰᠡᠳᠭᠢᠯᠭᠡ ᠪᠣᠯᠤᠨ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠯ᠎ᠡ ᠵᠦᠢᠯ᠎ᠦᠨ ᠮᠡᠳᠡᠭᠦᠯᠦᠯᠲᠡ ᠪᠣᠯᠤᠨ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠬᠤᠷᠠᠯ᠎ᠤᠨ ᠦᠷ᠎ᠡ ᠪᠦᠲᠦᠭᠡᠯ ᠨᠢ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠨᠢᠭᠡᠳᠦᠯ᠎ᠢ ᠭᠦᠢᠴᠡᠳ ᠢᠯᠡᠷᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯᠤᠨ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠢᠯᠡᠷᠬᠡᠢ ᠳᠠᠪᠠᠭᠤᠯᠢᠭ᠎ᠢ ᠢᠯᠡᠷᠡᠭᠦᠯᠪᠡ ᠭᠡᠵᠤ ᠵᠢᠭᠠᠵᠤ ᠭᠠᠷᠭᠠᠵᠠᠢ᠃
ᠵᠤᠤ ᠯᠸ ᠵᠶ᠋ᠢ᠂ ᠡᠨᠡ ᠵᠢᠯ ᠪᠣᠯ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠡᠭᠦᠷᠭᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠴᠢᠷᠮᠠᠢᠨ ᠪᠡᠶᠡᠯᠡᠭᠦᠯᠬᠦ᠌ ᠨᠢ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠰᠡᠳᠭᠢᠯ ᠨᠢᠬᠡᠳᠤᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠢᠯᠡᠳᠭᠡᠭ᠌ᠰᠡᠨ ᠬᠦᠰᠡᠯ ᠰᠠᠨᠠᠭ᠎ᠠ᠂ ᠡᠭᠦᠳᠦᠭ᠌ᠰᠡᠨ ᠲᠤᠷᠱᠢᠯᠭ᠎ᠠ᠂ ᠡᠳ᠋ᠯᠡᠵᠦ᠍ ᠪᠠᠢᠭ᠎ᠠ ᠡᠷᠬᠡ᠂ ᠪᠠᠳᠠᠷᠠᠭᠤᠯᠵᠤ ᠪᠠᠢᠭ᠎ᠠ ᠦᠢᠯᠡᠳᠦᠯ᠎ᠢ ᠭᠦᠢᠴᠡᠳ ᠬᠦᠨᠳᠦᠳᠭᠡᠵᠦ᠍᠂ ᠪᠦᠬᠦ᠌ ᠨᠡᠢᠭᠡᠮ᠎ᠦᠨ ᠦᠢᠯᠡᠰ ᠪᠤᠰᠭᠠᠵᠤ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠤᠷᠮ᠎ᠠ ᠰᠡᠳᠭᠢᠯᠭᠡ ᠪᠣᠯᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠴᠢᠳᠠᠮᠠᠭᠠᠶ ᠠᠵᠢᠯᠯᠠᠨ ᠴᠢᠳᠠᠮᠠᠭᠠᠶ ᠪᠦᠲᠦᠭᠡᠵᠦ᠍᠂ ᠬᠦᠴᠢᠷ ᠪᠡᠷᠬᠡᠱᠢᠶᠡᠯ ᠢ᠋ ᠨᠢᠭᠡᠳ ᠨᠢᠭᠡ ᠪᠡᠷ ᠴᠢᠷᠮᠠᠢᠨ ᠢᠯᠡᠨ ᠳᠠᠪᠠᠵᠤ᠂ ᠪᠣᠳᠠᠲᠠᠶ ᠶᠠᠪᠤᠳᠠᠯ᠎ᠢ ᠨᠢᠭᠡᠳ ᠨᠢᠭᠡ᠎ᠪᠡᠷ ᠰᠠᠢᠲᠤᠷ ᠬᠢᠵᠦ᠍᠂ ᠡᠭᠦᠷᠭᠡ ᠵᠢ ᠨᠢᠭᠡᠳ ᠨᠢᠭᠡ ᠪᠡᠷ ᠪᠡᠶᠡᠯᠡᠭᠦᠯᠦᠨ᠂ ᠪᠦᠯᠬᠦᠮᠳᠡᠨ ᠲᠡᠮᠡᠴᠡᠬᠦ᠌ ᠳᠤᠮᠳᠠ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠡᠶᠡᠯᠡᠭᠦᠯᠬᠦ᠌ ᠬᠡᠷᠡᠭ᠌ᠲᠡᠶ ᠭᠡᠵᠠᠢ᠃
ᠵᠤᠤ ᠯᠸ ᠵᠶ᠋ᠢ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌᠎ᠳᠦ ᠵᠠᠪᠠᠯ ᠶᠠᠪᠤᠬᠤ ᠵᠠᠮ ᠮᠥᠨ᠃ ᠪᠢᠳᠡ ᠪᠦᠬᠦᠳᠡᠭᠡᠷ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠴᠦ᠍᠂ ᠡᠷᠡᠯᠬᠡᠭ᠌ᠯᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠤᠷᠭᠡᠭᠵᠢᠬᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ ᠭᠡᠵᠤ ᠵᠢᠭᠠᠵᠤ ᠭᠠᠷᠭᠠᠪᠠ᠃
ᠦᠳᠡ᠎ᠶ᠋ᠢᠨ ᠬᠣᠢᠨᠠᠬᠢ 3 ᠴᠠᠭ 31 ᠮᠢᠨᠦ᠋ᠲ᠎ᠲᠦ᠍᠂ ᠵᠤᠤ ᠯᠸ ᠵᠶ᠋ᠢ᠄ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠲᠡᠭᠦᠰᠪᠡ ᠭᠡᠵᠤ ᠨᠡᠢᠳᠡᠯᠡᠵᠡᠢ᠃ ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠠᠶ᠎ᠠ ᠳᠤᠮᠳᠠ ᠦᠨᠳᠦᠷᠯᠡᠪᠡ᠃
ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠳᠠᠬᠰᠡᠳᠲᠤ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱᠢᠲᠡᠶ ᠹᠧᠩ᠂ ᠯᠢᠦ ᠭᠦᠸᠧ ᠵᠥᠩ᠂ ᠯᠢ ᠭᠠᠨ ᠵᠢᠶᠧ᠂ ᠯᠢ ᠱᠣ᠌ ᠯᠸᠢ᠂ ᠾᠧ ᠸᠧᠶ ᠳ᠋ᠦᠩ᠂ ᠾᠧ ᠯᠢ ᠹᠸᠩ᠂ ᠵᠠᠩ ᠶᠢᠣ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍ᠶ᠋ᠢᠨ ᠭᠦᠸᠧ᠂ ᠸᠠᠩ ᠱᠢᠶᠤᠤ ᠬᠣᠩ᠂ ᠡᠸ᠋ ᠵᠧᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠦᠩ᠂ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠫᠠᠪᠠᠯᠠ·ᠭᠧᠯᠸᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠣᠶ᠂ ᠱᠣᠸ᠋ ᠬᠣᠩ᠂ ᠴᠧᠨ ᠡᠸ᠋᠂ ᠮᠥ᠍ ᠬᠣᠩ᠂ ᠱᠢᠶᠠᠨ ᠬᠣᠶ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠭᠡᠱᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨᠨᠡᠷ ᠪᠤᠢ᠃
ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃
ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳᠨᠠᠷ ᠶᠡᠬᠡ ᠬᠤᠷᠠᠯ᠎ᠢ ᠰᠤᠯᠠ ᠰᠣᠨᠣᠰᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)