ᠰᠤᠷᠪᠤᠯᠵᠢᠯᠠᠭ᠍ᠴᠢ ᠤᠢ᠍ᠢᠷ᠎ᠠ᠎ᠶ᠋ᠢᠨ ᠡᠳᠦᠷ ᠬᠥᠯᠥᠨ ᠪᠤᠢ᠌ᠷ ᠬᠤᠳᠠ᠎ᠶ᠋ᠢᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠬᠥᠯᠥᠨ ᠪᠤᠢ᠌ᠷ ᠵᠦᠩ ᠨᠦᠩ ᠦᠷ᠎ᠡ᠎ᠶ᠋ᠢᠨ ᠦᠢᠯᠡᠰ᠎ᠦᠨ ᠬᠢᠵᠠᠭᠠᠷᠲᠤ ᠺᠣᠮᠫᠠᠨᠢ᠎ᠳᠤ᠂ ᠠᠯᠳᠠᠨ ᠰᠢᠷᠭᠠᠯ ᠦᠩᠬᠡ ᠬᠢᠯᠠᠯᠵᠠᠬᠰᠠᠨ ᠱᠢᠷ᠎ᠠ ᠪᠤᠷᠴᠠᠭ᠎ᠤᠨ ᠦᠷᠡᠲᠠᠪᠬᠤᠷ ᠲᠠᠪᠬᠤᠷ 《ᠪᠣᠭᠣᠮᠲᠠ》 ᠪᠡᠷ ᠥᠩᠭᠡᠷᠡᠵᠦ᠍᠂ ᠳᠠᠮᠵᠢᠭᠤᠯᠬᠤ ᠪᠦᠰᠡ᠎ᠪᠡᠷ ᠳᠠᠮᠵᠢᠨ ᠤᠭᠤᠲᠠᠨ᠎ᠳᠤ ᠣᠷᠣᠵᠤ᠂ ᠳᠠᠬᠢᠨ ᠠᠵᠢᠯᠴᠢᠨ ᠤᠭᠤᠳᠠᠨ ᠠᠮᠠᠰᠠᠷ᠎ᠢ ᠪᠢᠳᠡᠬᠦᠯᠡᠵᠥ᠂ ᠤᠭᠤᠲᠠᠯᠠᠭ᠍ᠰᠠᠨ ᠦᠷ᠎ᠡ ᠨᠢ ᠳᠠᠷᠠᠭ᠎ᠠ ᠨᠢᠭᠡ ᠭᠣᠭ᠍ᠴᠣᠭ᠎ᠠ᠎ᠳᠤ ᠬᠦᠷᠭᠡᠭᠳᠡᠵᠦ᠍᠂ ᠲᠣᠭ᠍ᠲᠠᠭ᠍ᠰᠠᠨ ᠣᠷᠣᠨ᠎ᠳᠤ ᠳᠡᠷᠢ ᠳᠡᠭᠰᠢ ᠲᠠᠯᠪᠢᠭ᠍ᠳᠠᠵᠤ ᠪᠠᠢᠬᠤ ᠵᠢ ᠤᠯᠵᠥ ᠬᠠᠷᠠᠪᠠ᠃ ᠬᠠᠪᠤᠷ᠎ᠤᠨ ᠲᠠᠷᠢᠶᠠᠯᠠᠭ᠎ᠠ᠎ᠠᠴᠠ ᠡᠮᠦᠨ᠎ᠡ᠂ ᠡᠨᠡ ᠬᠦ᠌ ᠠᠵᠤ ᠠᠬᠤᠢᠯᠠᠯ ᠲᠠᠷᠢᠶᠠᠴᠢᠳ᠎ᠲᠤ 5000 ᠲᠣᠨ ᠱᠢᠷ᠎ᠠ ᠪᠤᠷᠴᠠᠭ᠎ᠤᠨ ᠦᠷ᠎ᠡ ᠬᠠᠩᠭᠠᠬᠤ ᠪᠡᠷ ᠪᠤᠢ᠃
ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠴᠢᠩ ᠭᠦᠸᠧ᠄ 《ᠶᠡᠬᠡ ᠰᠤᠷᠭᠠᠭᠤᠯᠢ ᠪᠠᠨ ᠲᠡᠭᠦᠰᠦᠭ᠌ᠰᠡᠨ᠎ᠦ ᠳᠠᠷᠠᠭ᠎ᠠ᠂ ᠨᠠᠮ ᠪᠠ ᠤᠯᠤᠰ ᠤ᠋ᠨ ᠲᠠᠷᠢᠶᠠᠴᠢᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠤᠯᠠᠮᠵᠢᠡᠷ ᠣᠯᠠᠱᠢᠷᠠᠵᠤ᠂ ᠤᠯᠠᠮᠵᠢᠡᠷ ᠰᠠᠢᠵᠢᠷᠠᠵᠤ ᠪᠠᠢᠬᠤ᠎ᠶ᠋ᠢ ᠦᠵᠡᠭᠡᠳ᠂ ᠪᠢ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠤ᠎ᠶ᠋ᠢ ᠰᠣᠩᠭᠣᠪᠠ᠃ ᠤᠷᠢᠳ ᠬᠣᠵᠢᠳ ᠱᠢᠷ᠎ᠠ ᠪᠤᠷᠴᠠᠭ᠎ᠤᠨ ᠲᠠᠷᠢᠮᠠᠯ ᠲᠡᠵᠢᠭᠡᠪᠦᠷᠢ᠎ᠶ᠋ᠢᠨ ᠲᠤᠰᠭᠠᠶ ᠬᠣᠷᠱᠢᠶ᠎ᠠ᠂ ᠠᠮᠤ ᠪᠤᠳᠠᠭᠠᠨ᠎ᠤ ᠠᠷᠠᠯᠵᠢᠶᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠥᠩ ᠨᠦᠩ ᠦᠷ᠎ᠡ ᠵᠢᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶᠢ ᠪᠠᠢᠭᠤᠯᠪᠠ᠃ ᠪᠢ ᠨᠠᠩ ᠴᠢᠷᠮᠠᠢᠨ ᠠᠵᠢᠯᠯᠠᠵᠥ᠂ ᠦᠷ᠎ᠡ᠎ᠶ᠋ᠢᠨ ᠦᠶ᠋ᠯᠡᠰ᠎ᠦᠨ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠬᠡᠪᠡ᠃
ᠤᠯᠤᠰ᠎ᠤᠨ ᠴᠢᠬᠤᠯᠠ ᠲᠠᠸᠠᠷ᠎ᠤᠨ ᠠᠮᠤ ᠵᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠠᠮᠤ ᠪᠤᠳᠠᠭᠠᠨ᠎ᠤ ᠠᠮᠤᠷ ᠲᠦᠪᠱᠢᠨ ᠭᠡᠬᠦ᠌ ᠡᠨᠡ ᠬᠦ᠌ 《ᠤᠯᠤᠰ᠎ᠤᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠪᠦᠬᠦ᠌ ᠬᠣᠱᠢᠭᠤᠨ᠎ᠤ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠦᠬᠦ᠌ ᠲᠠᠯ᠎ᠠ᠎ᠪᠠᠷ ᠪᠡᠬᠢᠵᠢᠭᠦᠯᠵᠦ᠍᠂ ᠤᠯᠤᠰ᠎ᠤᠨ ᠲᠡᠰ᠎ᠤᠨ ᠰᠠᠢᠨ ᠦᠷ᠎ᠡ ᠪᠣᠢᠵᠢᠭᠤᠯᠬᠤ ᠲᠤᠮᠤ ᠱᠢᠶᠠᠨ᠎ᠤ ᠲᠦᠷᠦᠯ ᠲᠡᠮᠳᠡᠭ᠎ᠢ ᠲᠠᠰᠤᠷᠠᠯᠳᠠ ᠦᠭᠡᠢ ᠬᠢᠯᠠᠯᠵᠠᠭᠤᠯᠪᠠ᠃ 2019 ᠣᠨ᠎ᠠᠴᠠ ᠡᠬᠢᠯᠡᠨ᠂ ᠤᠯᠤᠰ᠎ᠠᠴᠠ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠱᠢᠷ᠎ᠠ ᠪᠤᠷᠴᠠᠭ᠎ᠤᠨ ᠰᠠᠢᠨ ᠦᠷ᠎ᠡ ᠪᠣᠢᠵᠢᠭᠤᠯᠬᠤ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ 3 ᠵᠢᠯ ᠳᠠᠷᠠᠭᠠᠯᠠᠨ ᠳᠡᠮᠵᠢᠵᠦ᠍᠂ 2022 ᠣᠨ᠎ᠳᠤ᠂ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠳᠠᠬᠢᠨᠲᠠ ᠤᠯᠤᠰ᠎ᠤᠨ ᠲᠠᠰ᠎ᠤᠨ ᠱᠢᠷ᠎ᠠ ᠪᠤᠷᠴᠠᠭ᠎ᠤᠨ ᠰᠠᠢᠨ ᠦᠷ᠎ᠡ ᠪᠣᠢᠵᠢᠭᠤᠯᠬᠤ ᠲᠣᠮᠣ ᠱᠢᠶᠠᠨ᠎ᠢᠶᠠᠷ ᠦᠨᠡᠯᠡᠭ᠌ᠳᠡᠪᠡ᠃ 2023 ᠣᠨ᠎ᠳᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠱᠢᠷ᠎ᠠ ᠪᠤᠷᠴᠠᠭ᠎ᠤᠨ ᠦᠷ᠎ᠡ ᠦᠶ᠋ᠯᠡᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠯᠤᠰ᠎ᠤᠨ ᠲᠠᠰ᠎ᠤᠨ ᠱᠢᠷ᠎ᠠ ᠪᠤᠷᠴᠠᠭ᠎ᠤᠨ ᠰᠠᠢᠨ ᠦᠷ᠎ᠡ ᠪᠤᠢᠵᠢᠭᠤᠯᠤᠨ ᠦᠷᠡᠵᠢᠬᠦᠯᠬᠦ ᠰᠠᠭᠤᠷᠢᠨ᠎ᠢ 24 ᠲᠦᠮᠡᠨ ᠮᠥ᠍ ᠪᠠᠢᠭᠤᠯᠪᠠ᠃
ᠦᠷ᠎ᠡ ᠪᠣᠯ ᠲᠠᠷᠢᠶᠠᠯᠠᠩ᠎ᠤᠨ ᠬᠥᠭ᠌ᠵᠢᠯᠲᠡ᠎ᠶ᠋ᠢᠨ 《ᠢᠯᠲᠠᠰᠤ》 ᠮᠥᠨ᠃ ᠣᠳᠣᠬᠠᠨ᠎ᠳᠤ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠳᠤ ᠳ᠋ᠧᠩ ᠺᠸ ᠦᠷ᠎ᠡ᠎ᠶ᠋ᠢᠨ ᠦᠢᠯᠡᠰ᠂ ᠯᠢ ᠵᠦ᠍ ᠦᠷ᠎ᠡ᠎ᠶ᠋ᠢᠨ ᠦᠢᠯᠡᠰ ᠵᠡᠷᠭᠡ ᠱᠢᠷ᠎ᠠ ᠪᠤᠷᠴᠠᠭ᠎ᠤᠨ ᠦᠷ᠎ᠡ᠎ᠶ᠋ᠢᠨ ᠠᠵᠤ ᠠᠬᠤᠢᠯᠠᠯ 7 ᠪᠠᠢᠵᠤ᠂ ᠱᠢᠷ᠎ᠠ ᠪᠤᠷᠴᠠᠭ᠎ᠤᠨ ᠦᠷᠡᠪᠤᠢᠵᠢᠭᠤᠯᠬᠤ ᠰᠠᠭᠤᠷᠢᠨ᠎ᠢ 20 ᠲᠦᠮᠡᠨ ᠮᠦ᠍᠎ᠡᠴᠡ ᠳᠡᠭᠡᠭ᠌ᠰᠢ ᠪᠠᠢᠭᠤᠯᠵᠤ᠂ ᠦᠪᠦᠷ ᠮᠣᠩᠭᠣᠯ ᠤ᠋ᠨ ᠰᠢᠷ᠎ᠠ ᠪᠤᠷᠴᠠᠭ 1137 ᠨᠣᠮᠧᠷᠲᠤ᠂ ᠦᠪᠦᠷ ᠮᠣᠩᠭᠣᠯ ᠤ᠋ᠨ ᠰᠢᠷ᠎ᠠ ᠪᠤᠷᠴᠠᠭ 48 ᠨᠣᠮᠧᠷᠲᠤ᠂ ᠦᠪᠦᠷ ᠮᠣᠩᠭᠣᠯ ᠤ᠋ᠨ ᠰᠢᠷ᠎ᠠ ᠪᠤᠷᠴᠠᠭ 13 ᠨᠣᠮᠧᠷᠲᠤ᠂ ᠳᠤᠮᠳᠠᠳᠤ ᠤᠯᠤᠰ᠎ᠤᠨ ᠱᠢᠷ᠎ᠠ ᠪᠤᠷᠴᠠᠭ 901 ᠨᠣᠮᠧᠷᠲᠤ᠂ ᠳ᠋ᠧᠩ ᠺᠸ 4 ᠨᠣᠮᠧᠷᠲᠤ ᠵᠡᠷᠭᠡ ᠱᠢᠷ᠎ᠠ ᠪᠤᠷᠴᠠᠭ᠎ᠤᠨ ᠰᠠᠢ᠌ᠨ ᠦᠷ᠎ᠡ ᠵᠢ ᠦᠷᠡᠵᠢᠭᠦᠯᠦᠨ ᠪᠣᠢᠵᠢᠭᠤᠯᠵᠤ ᠪᠤᠢ᠃ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠮᠡᠷᠭᠡᠵᠢᠯ᠎ᠦᠨ ᠬᠠᠮᠲᠤᠷᠠᠯᠴᠠᠭ᠎ᠠ ᠪᠡᠷ ᠦᠷ᠎ᠡ ᠪᠣᠢᠵᠢᠭᠤᠯᠬᠤ᠂ ᠡᠬᠦᠯᠳᠡᠷ᠎ᠢ ᠳᠡᠰ ᠳᠡᠪᠰᠢᠬᠦᠯᠦᠨ ᠴᠡᠪᠡᠷᠱᠢᠭᠦᠯᠬᠦ᠌᠂ ᠤᠤᠯ ᠡᠬᠦᠯᠳᠡᠷ᠎ᠢ ᠥᠷᠭᠡᠳᠭᠡᠨ ᠦᠷᠡᠵᠢᠭᠦᠯᠬᠦ᠌᠎ᠡᠴᠡ ᠭᠠᠷᠳᠠᠵᠤ᠂ ᠱᠢᠷ᠎ᠠ ᠪᠤᠷᠴᠠᠭ᠎ᠤᠨ ᠦᠷ᠎ᠡ᠎ᠶ᠋ᠢ ᠰᠤᠳᠤᠯᠤᠨ ᠨᠡᠭᠡᠭᠡᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠱᠢᠷ᠎ᠠ ᠪᠤᠷᠴᠠᠭ᠎ᠤᠨ ᠦᠷ᠎ᠡ᠎ᠶ᠋ᠢ ᠥᠪᠡᠷ᠎ᠢᠶᠡᠨ ᠬᠠᠩᠭᠠᠬᠤ ᠪᠠᠲᠤᠯᠠᠭ᠎ᠠ᠎ᠶ᠋ᠢ ᠪᠡᠶᠡᠯᠡᠭᠦᠯᠦᠭ᠌ᠰᠡᠨ ᠪᠥᠭᠡᠳ ᠡᠷᠬᠢᠨ ᠲᠣᠭᠣᠷᠢᠨ᠎ᠤ ᠬᠠᠷᠠᠮᠥ᠋ᠷᠡᠨ ᠵᠡᠷᠭᠡ ᠮᠤᠵᠢ ᠬᠤᠳᠠ ᠳ᠋ᠤ ᠬᠠᠩᠭᠠᠪᠠ᠃
《ᠳᠠᠷᠢᠶᠠᠨ ᠤ᠋ ᠴᠢᠬᠢ ᠦᠵᠡᠬᠦ ᠲᠠᠪᠴᠠᠩ》 ᠡᠴᠡ ᠨᠢᠭᠡᠳᠦᠯᠲᠡᠶ ᠳᠠᠷᠢᠵᠤ᠂ ᠨᠢᠭᠡᠳᠦᠯᠲᠡᠶ ᠬᠠᠮᠢᠶᠠᠷᠴᠤ᠌᠂ ᠲᠠᠷᠢᠮᠠᠯ᠎ᠤᠨ ᠡᠷᠦᠬᠡ ᠪᠠ ᠠᠵᠤ ᠠᠬᠤᠢᠯᠠᠯ᠎ᠨᠢ ᠲᠠᠷᠢᠮᠠᠯ᠎ᠤᠨ ᠲᠠᠷᠢᠶᠠᠨ ᠭᠠᠵᠠᠷ ᠳᠡᠬᠢ ᠤᠷᠭᠤᠴᠠ ᠵᠢ ᠰᠢᠭᠤᠳ ᠳᠤᠭᠤᠷᠢᠨ ᠦᠵᠡᠬᠦ ᠪᠠ ᠨᠠᠮᠤᠷ᠎ᠤᠨ ᠬᠤᠷᠢᠶᠠᠯᠳᠠ᠎ᠶ᠋ᠢ ᠬᠡᠮᠵᠢᠭ᠌ᠰᠡᠨ ᠦᠷ᠎ᠡ ᠳ᠋ᠦᠩ ᠵᠢᠡᠷ ᠳᠠᠮᠵᠢᠭᠤᠯᠤᠨ᠂ ᠢᠷᠡᠬᠦ᠌ ᠵᠢᠯ᠎ᠦᠨ ᠳᠠᠷᠢᠬᠤ ᠦᠷ᠎ᠡ ᠪᠡᠨ ᠰᠣᠩᠭᠣᠵᠤ ᠪᠣᠯᠤᠨ᠎ᠠ᠃ 2023 ᠣᠨ᠎ᠳᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠬᠤᠳᠠ᠎ᠶ᠋ᠢᠨ ᠱᠠᠲᠤᠨ᠎ᠤ ᠡᠷᠳᠡᠨᠢ ᠱᠢᠰᠢ᠎ᠶ᠋ᠢᠨ 《ᠲᠠᠷᠢᠶᠠᠨ ᠤ᠋ ᠴᠢᠬᠢ ᠦᠵᠡᠬᠦ᠌ ᠲᠠᠪᠴᠠᠩ》᠂ ᠤᠯᠤᠰ᠎ᠤᠨ ᠲᠡᠰ᠎ᠤᠨ ᠱᠢᠷ᠎ᠠ ᠪᠤᠷᠴᠠᠭ᠎ᠤᠨ ᠱᠢᠨ᠎ᠡ ᠡᠬᠦᠯᠳᠡᠷ᠎ᠤᠨ ᠦᠵᠡᠭᠦᠯᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠷᠣᠨ ᠪᠦᠰᠡ᠎ᠶ᠋ᠢᠨ ᠴᠢᠨᠠᠷᠲᠠᠢ ᠱᠢᠷ᠎ᠠ ᠪᠤᠷᠴᠠᠭ᠎ᠤᠨ 《ᠲᠠᠷᠢᠶᠠᠨ ᠤ᠋ ᠴᠢᠬᠢ ᠵᠢ ᠦᠵᠡᠵᠦ᠍ ᠦᠷ᠎ᠡ ᠰᠣᠩᠭᠣᠬᠤ》 ᠲᠠᠪᠴᠠᠩ᠎ᠢ ᠤᠶᠠᠯᠳᠤᠭᠤᠯᠵᠤ᠂ ᠵᠢᠱ᠌ᠢᠢ᠎ᠡ ᠦᠵᠡᠭᠦᠯᠦᠭᠰᠡᠨ ᠶᠡᠷᠦᠩᠬᠡᠢ ᠲᠠᠯᠠᠪᠠᠢ 210 ᠮᠦ᠍᠎ᠳᠦ ᠬᠦᠷᠴᠦ᠍᠂ ᠨᠡᠢ᠌ᠳᠡ 85 ᠡᠬᠦᠯᠳᠡᠷ᠎ᠢ ᠵᠢᠱ᠌ᠢᠢ᠎ᠡ ᠦᠵᠡᠭᠦᠯᠵᠥ᠂ ᠡᠭᠦᠨ᠎ᠳᠦ ᠱᠢᠷ᠎ᠠ ᠪᠤᠷᠴᠠᠭ᠎ᠤᠨ 41 ᠡᠬᠦᠯᠳᠡᠷ᠂ ᠡᠷᠳᠡᠨᠢ ᠱᠢᠰᠢ᠎ᠶ᠋ᠢᠨ 44 ᠡᠬᠦᠯᠳᠡᠷ ᠪᠤᠢ᠃
2023 ᠣᠨ᠎ᠳᠤ 《ᠲᠠᠷᠢᠶᠠᠨ ᠤ᠋ ᠴᠢᠬᠢ ᠵᠢ ᠦᠵᠡᠵᠦ᠍ ᠦᠷ᠎ᠡ ᠰᠣᠩᠭᠣᠬᠤ》 ᠲᠠᠪᠴᠠᠩ᠎ᠤᠨ ᠵᠢᠱ᠌ᠢᠶ᠎ᠡ ᠦᠵᠡᠬᠦᠯᠬᠦ ᠠᠵᠢᠯ ᠨᠢ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠤᠮᠠᠷᠠᠲᠤ ᠬᠡᠰᠡᠭ᠎ᠦᠨ ᠱᠢᠷ᠎ᠠ ᠪᠤᠷᠴᠠᠭ᠎ᠤᠨ ᠭᠣᠣᠯ ᠭᠠᠷᠤᠯᠲᠠ᠎ᠶ᠋ᠢᠨ ᠣᠷᠣᠨ᠎ᠤ ᠲᠠᠪᠤᠨ ᠤᠪᠤᠭ᠎ᠠ ᠪᠠᠯᠭᠠᠰᠤ᠎ᠶ᠋ᠢ ᠲᠠᠢᠴᠢᠯᠠᠪᠠ᠃ ᠲᠠᠪᠤᠨ ᠣᠪᠣᠭ᠎ᠠ ᠪᠠᠯᠭᠠᠰᠤ᠎ᠨᠢ 76 ᠮᠥ᠍ ᠱᠢᠨ᠎ᠡ ᠡᠬᠦᠯᠳᠡᠷ᠎ᠢ ᠳᠡᠯᠭᠡᠨ ᠦᠵᠡᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠠᠢᠭᠤᠯᠵᠤ᠂ 20 ᠱᠢᠷ᠎ᠠ ᠪᠤᠷᠴᠠᠭ᠎ᠤᠨ ᠱᠢᠨ᠎ᠡ ᠡᠬᠦᠯᠳᠡᠷ᠎ᠢ ᠳᠠᠷᠢᠵᠥ᠂ 21 ᠡᠷᠳᠡᠨᠢ ᠱᠢᠰᠢ᠎ᠶ᠋ᠢᠨ ᠱᠢᠨ᠎ᠡ ᠡᠬᠦᠯᠳᠡᠷ᠎ᠢ ᠳᠠᠷᠢᠵᠤ᠂ ᠱᠢᠷ᠎ᠠ ᠪᠤᠷᠴᠠᠭ ᠪᠠ ᠡᠷᠳᠡᠨᠢ ᠱᠢᠰᠢ᠎ᠶ᠋ᠢᠨ ᠪᠣᠷᠲᠣᠭᠣᠷ ᠣᠷᠣᠭᠤᠯᠬᠤ ᠬᠡᠮᠵᠢᠶᠡᠨ᠎ᠦ ᠲᠤᠷᠱᠢᠯᠲᠠ ᠪᠠ ᠦᠷ᠎ᠡ ᠬᠡᠷᠡᠭ᠌ᠯᠡᠬᠦ᠌ ᠬᠡᠮᠵᠢᠶᠡᠨ᠎ᠦ ᠲᠤᠷᠱᠢᠯᠲᠠ᠎ᠶ᠋ᠢ ᠥᠷᠨᠢᠭᠦᠯᠪᠡ᠃ ᠨᠠᠮᠤᠷ᠎ᠤᠨ ᠤᠯᠠᠷᠢᠯ ᠳ᠋ᠤ ᠤᠨᠠᠯᠲᠠ᠎ᠶ᠋ᠢ ᠬᠡᠮᠵᠢᠭᠰᠡᠨ ᠵᠢᠡᠷ᠂ ᠲᠠᠪᠤᠨ ᠣᠪᠣᠭ᠎ᠠ ᠪᠠᠯᠭᠠᠰᠤ᠎ᠶ᠋ᠢᠨ ᠱᠢᠨ᠎ᠡ ᠡᠭᠦᠯᠳᠡᠷ ᠳᠡᠯᠭᠡᠨ ᠦᠵᠡᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠱᠢᠷ᠎ᠠ ᠪᠤᠷᠴᠠᠭ᠎ᠤᠨ ᠦᠷ᠎ᠡ ᠪᠤᠯᠬᠤ ᠦᠪᠦᠷ ᠮᠣᠩᠭᠣᠯ ᠤ᠋ᠨ ᠰᠢᠷ᠎ᠠ ᠪᠤᠷᠴᠠᠭ 9 ᠳ᠋ᠤᠬᠡᠷ ᠨᠣᠮᠧᠷᠳᠤ᠂ ᠡᠷᠳᠡᠨᠢ ᠱᠢᠰᠢ᠎ᠶ᠋ᠢᠨ ᠦᠷ᠎ᠡ ᠲᠦᠸᠧ ᠢᠦᠶ 158 ᠵᠢᠨ ᠮᠥ᠍ ᠨᠢᠭᠡᠴᠢ ᠵᠢᠨ ᠤᠨᠠᠯᠲᠠ ᠨᠢ ᠳᠤᠰ ᠳᠤᠰ 392 ᠵᠢᠩ᠂ 1823 ᠵᠢᠩ᠎ᠢᠶᠡᠷ ᠴᠣᠯᠭᠣᠷᠠᠨ ᠭᠠᠷᠪᠠ᠃ ᠡᠨᠡ ᠬᠣᠶᠠᠷ 《ᠤᠳᠤᠨ》 ᠡᠭᠦᠯᠳᠡᠷ ᠨᠢ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠤᠮᠠᠷᠠᠲᠤ ᠬᠡᠰᠡᠭ᠎ᠦᠨ ᠲᠠᠷᠢᠶᠠᠴᠢᠳ᠎ᠤᠨ 2024 ᠣᠨ᠎ᠤ ᠲᠡᠷᠢᠭᠦᠨ ᠰᠣᠩᠭᠣᠯᠳᠠ ᠵᠢᠨ ᠡᠬᠦᠯᠳᠡᠷ ᠪᠣᠯᠬᠤ ᠪᠣᠯᠤᠨ᠎ᠠ᠃
ᠠᠮᠤ ᠪᠤᠳᠠᠭ᠎ᠠ ᠡᠯᠪᠡᠭ ᠪᠣᠯ ᠳᠦᠷᠦ ᠠᠮᠤᠭᠤᠯᠠᠩ᠂ ᠦᠷ᠎ᠡ᠎ᠶ᠋ᠢᠨ ᠦᠶ᠋ᠯᠡᠰ ᠰᠠᠭᠤᠷᠢ ᠵᠢ ᠴᠤᠬᠴᠠᠯᠠᠨ᠎ᠠ᠃ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠨᠠᠮ᠎ᠤᠨ ᠬᠠᠯᠠᠮᠵᠢᠯᠠᠯ ᠳᠣᠣᠷ᠎ᠠ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠠᠷ᠎ᠠ ᠬᠥᠷᠥᠰᠥᠨ ᠳᠡᠭᠡᠷ᠎ᠡ ᠦᠷ᠎ᠡ᠎ᠶ᠋ᠢᠨ ᠦᠢᠯᠡᠰ᠎ᠦᠨ ᠠᠮᠤᠷ ᠲᠦᠪᠱᠢᠨ᠎ᠦ ᠲᠤᠮᠤ ᠬᠠᠭᠤᠳᠠᠰᠤ ᠵᠢ ᠴᠢᠷᠮᠠᠢᠨ ᠪᠢᠴᠢᠭ᠌ᠯᠡᠵᠦ᠍ ᠪᠠᠢᠨ᠎ᠠ᠃