《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠣᠯᠠᠨ ᠲᠦᠮᠡᠨ᠎ᠦ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠤᠯᠠᠭᠠᠨᠬᠠᠳᠠ ᠬᠤᠳᠠ᠎ᠶ᠋ᠢᠨ ᠬᠢᠨ ᠠᠮᠢᠳᠤ ᠳᠦᠷᠰᠦᠯᠢᠭ ᠦᠨᠡᠨ ᠪᠤᠳᠠᠳᠠᠢ ᠰᠤᠷᠭᠠᠨ ᠬᠥᠮᠦᠵᠢᠯ᠎ᠦᠨ ᠠᠷᠭ᠎ᠠ ᠬᠡᠯᠪᠡᠷᠢ ᠪᠣᠯᠤᠨ ᠦᠢᠯᠡᠳᠦᠯᠭᠡ᠎ᠶ᠋ᠢᠨ ᠠᠴᠢᠶᠠᠯᠠᠪᠤᠷᠢ᠎ᠶ᠋ᠢ ᠬᠦᠴᠦᠯᠡᠨ ᠰᠦᠪᠡᠭ᠌ᠴᠢᠯᠡᠵᠦ᠍᠂ ᠪᠦᠬᠦ᠌ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠳᠠᠭᠠᠭᠤᠯᠵᠤ ᠪᠠᠢᠭᠠᠳ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠬᠦ᠂ ᠠᠴᠢ ᠬᠠᠷᠢᠭᠤᠯᠠᠨ ᠡᠷᠡᠯᠬᠡᠭ᠌ᠯᠡᠨ ᠤᠷᠤᠭ᠍ᠰᠢᠯᠠᠬᠤ᠎ᠵᠢ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠭᠠᠯ ᠬᠠᠯᠠᠭᠤᠨ ᠦᠢᠯᠡᠳᠦᠯᠭᠡ ᠳᠤᠮᠳᠠ ᠪᠢᠴᠢᠭ᠌ᠯᠡᠵᠤ ᠪᠤᠢ᠃
《〈ᠪᠠᠢᠬᠤ ᠡᠰᠡᠬᠦ᠌〉 ᠡᠴᠡ 〈ᠪᠠᠶᠠᠵᠢᠭ᠍ᠰᠠᠨ ᠡᠰᠡᠬᠦ᠌〉 ᠪᠣᠯᠤᠭ᠍ᠰᠠᠨ ᠨᠢ ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ ᠪᠢᠳᠡᠨ᠎ᠢ ᠡᠷᠪᠡᠬᠡᠢ ᠬᠤᠪᠢᠷᠠᠯᠲᠠ᠎ᠶ᠋ᠢ ᠪᠡᠶᠡᠯᠡᠭᠦᠯᠵᠦ᠍᠂ ᠵᠣᠯ ᠵᠢᠷᠭᠠᠯ᠎ᠢ ᠡᠳ᠋ᠯᠡᠭᠦᠯᠦᠭ᠌ᠰᠡᠨ ᠶᠠᠪᠤᠳᠠᠯ ᠪᠣᠯᠤᠨ᠎ᠠ》᠃ ᠯᠢᠨᠰᠢ ᠱᠢᠶᠠᠨ᠎ᠤ ᠰᠢ ᠱᠠᠨ ᠭᠸᠨ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠯᠢᠦ ᠵᠠᠨ ᠯᠢᠨ ᠨᠤᠲᠤᠭ᠎ᠤᠨ᠎ᠢᠶᠠᠨ ᠬᠤᠪᠢᠷᠠᠯᠲᠠ᠎ᠶ᠋ᠢ ᠶᠠᠷᠢᠬᠤ᠎ᠳᠤ᠂ ᠨᠠᠮ᠎ᠳᠠᠭᠠᠨ ᠲᠠᠯᠠᠷᠬᠠᠵᠤ ᠪᠠᠢᠭ᠎ᠠ ᠰᠡᠳᠭᠢᠯᠭᠡ᠎ᠪᠡᠨ ᠦᠭᠡ᠎ᠪᠡᠷ ᠢᠯᠡᠳᠭᠡᠬᠦᠶᠡ ᠪᠡᠷᠬᠡ ᠪᠠᠢᠯ᠎ᠠ᠃ ᠡᠢᠮᠦᠷᠬᠦᠦ ᠰᠡᠳᠭᠢᠯᠭᠡ᠎ᠶᠢᠨ ᠢᠯᠡᠳᠭᠡᠯ᠎ᠢ ᠯᠢᠦ ᠵᠠᠨ ᠯᠢᠨ ᠶᠠᠷᠢᠬᠰᠠᠨ ᠵᠢᠡᠷ ᠦᠯᠦ ᠪᠠᠷᠠᠨ ᠪᠦᠬᠦ᠌ ᠬᠤᠳᠠ᠎ᠶ᠋ᠢᠨ 2060 ᠭᠠᠴᠠᠭ᠎ᠠ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠴᠦ᠍ ᠶᠠᠷᠢᠵᠤ ᠪᠠᠢᠯ᠎ᠠ᠃
ᠤᠨᠤᠯ᠎ᠢ ᠶᠠᠷᠢᠵᠤ᠂ ᠲᠦᠷᠦ᠍᠎ᠶ᠋ᠢᠨ ᠪᠤᠳᠤᠯᠭ᠎ᠠ᠎ᠶ᠋ᠢ ᠶᠠᠷᠢᠭ᠍ᠰᠠᠨ᠎ᠡᠴᠡ ᠠᠷᠠᠳ᠎ᠤᠨ ᠰᠡᠳᠭᠢᠯ᠎ᠦᠨ ᠬᠠᠮᠲᠤ᠎ᠶ᠋ᠢᠨ ᠲᠠᠨᠢᠯᠲᠠ ᠨᠡᠩ ᠨᠢᠭ᠍ᠲᠠᠷᠠᠪᠠ᠃ ᠤᠯᠠᠭᠠᠨᠬᠠᠳᠠ ᠬᠣᠲᠠ᠎ᠶ᠋ᠢᠨ ᠬᠢᠨ 《ᠵᠢᠷᠭᠤᠭᠠᠨ ᠥᠭᠦᠯᠡᠪᠦᠷᠢ᠎ᠳᠡᠬᠢ ᠪᠣᠳᠠᠲᠤ ᠶᠠᠪᠤᠳᠠᠯ ᠪᠠ ᠶᠣᠰᠣ ᠤᠴᠢᠷ》 ᠢ᠋ ᠲᠤᠭᠤᠷᠠᠳᠠᠯ᠎ᠠ ᠲᠠᠢᠯᠪᠤᠷᠢᠯᠠᠨ ᠶᠠᠷᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠢ ᠮᠡᠷᠭᠡᠵᠢᠯᠲᠡᠨ ᠡᠷᠳᠡᠮᠲᠡᠳ ᠤᠨᠤᠯ ᠶᠠᠷᠢᠬᠤ᠂ ᠤᠳᠤᠷᠢᠳᠭᠤ ᠺᠠᠳ᠋ᠷ ᠪᠠᠢᠳᠠᠯ᠎ᠢ ᠶᠠᠷᠢᠬᠤ᠂ ᠲᠡᠷᠢᠭᠦᠨ᠎ᠦ ᠨᠡᠢᠲᠡᠯᠢᠭ ᠵᠢᠱ᠌ᠢᠢ᠎ᠡ ᠲᠦᠷᠦᠭ᠌ᠳᠡᠯ᠎ᠢᠶᠡᠨ ᠶᠠᠷᠢᠬᠤ᠂ ᠲᠤᠬᠠᠢᠯᠠᠭ᠍ᠰᠠᠨ ᠠᠵᠢᠯ᠎ᠤᠨ ᠭᠣᠣᠯᠯᠠᠬᠤ ᠬᠦᠴᠦᠨ ᠲᠦᠷᠦ᠍᠎ᠶ᠋ᠢᠨ ᠪᠤᠳᠤᠯᠭ᠎ᠠ᠎ᠵᠢ ᠶᠠᠷᠢᠬᠤ᠂ ᠡᠯ᠎ᠡ ᠡᠲᠡᠭᠡᠳ᠎ᠦᠨ ᠬᠥᠮᠦᠰ ᠪᠦᠯᠬᠦᠮᠳᠡᠯ᠎ᠢ ᠶᠠᠷᠢᠬᠤ᠂ ᠨᠠᠮ᠎ᠤᠨ ᠡᠭᠦᠷ᠎ᠦᠨ ᠱᠦᠵᠢ ᠨᠠᠮ᠎ᠤᠨ ᠠᠴᠢ᠎ᠶ᠋ᠢ ᠶᠠᠷᠢᠬᠤ᠂ ᠡᠪ ᠬᠠᠮᠲᠤ ᠨᠠᠮ᠎ᠤᠨ ᠭᠡᠱᠢᠭᠦᠨ ᠬᠠᠷᠢᠭᠤᠴᠠᠯᠭ᠎ᠠ ᠡᠭᠦᠷᠭᠡᠯᠡᠬᠦ᠌᠎ᠶ᠋ᠢ ᠶᠠᠷᠢᠬᠤ᠂ ᠥᠷᠭᠡᠨ ᠤᠯᠠᠨ ᠲᠦᠮᠡᠨ ᠬᠤᠪᠢᠷᠠᠯᠲᠠ᠎ᠶ᠋ᠢ ᠶᠠᠷᠢᠬᠤ ᠵᠡᠷᠭᠡ ᠨᠠᠮ᠎ᠤᠨ ᠳᠠᠭᠤᠨ᠎ᠢ ᠳᠠᠮᠵᠢᠭᠤᠯᠬᠤ 《ᠨᠠᠢ᠍ᠮᠠᠨ ᠬᠢᠴᠢᠶᠡᠯ》 ᠤ᠋ᠨ ᠵᠠᠭ᠍ᠪᠤᠷ᠎ᠢ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂ ᠡᠯ᠎ᠡ ᠬᠦᠷᠢᠶᠡᠨ᠎ᠦ 4000 ᠭᠠᠷᠤᠢ ᠬᠥᠮᠦᠰ᠎ᠢ ᠳᠠᠢ᠌ᠴᠢᠯᠠᠨ ᠲᠣᠰᠭᠣᠨ᠎ᠳᠤ ᠣᠴᠢᠭᠤᠯᠵᠤ᠂ ᠨᠡᠢᠭᠡᠮ ᠲᠣᠭᠣᠷᠢᠭ᠎ᠲᠤ ᠣᠴᠢᠭᠤᠯᠵᠤ᠂ ᠪᠠᠢᠭᠤᠯᠭ᠎ᠠ᠎ᠳᠤ ᠣᠴᠢᠭᠤᠯᠤᠨ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠶ᠋ᠢ 1.3 ᠲᠦᠮᠡ ᠭᠠᠷᠤᠢ ᠤᠳᠠᠭ᠎ᠠ ᠥᠷᠨᠢᠭᠦᠯᠵᠦ᠍᠂ 《ᠠᠷᠠᠳ᠎ᠲᠤ ᠠᠱᠢᠭ ᠬᠦᠷᠲᠡᠭᠡᠬᠦ᠌ ᠵᠣᠯ ᠵᠢᠷᠭᠠᠯ᠎ᠤᠨ ᠨᠠᠷᠢᠨ ᠳᠠᠩᠰᠠ》 ᠵᠢ 87 ᠲᠦᠮᠡ ᠭᠠᠷᠤᠢ ᠬᠤᠪᠢ ᠦᠢᠯᠡᠳᠦᠨ ᠲᠠᠷᠬᠠᠭᠠᠵᠤ᠂ 26 ᠲᠦᠮᠡ ᠭᠠᠷᠤᠢ ᠬᠥᠮᠦᠨ ᠤᠳᠠᠭ᠎ᠠ᠎ᠶ᠋ᠢ ᠬᠠᠮᠤᠷᠴᠤ᠌᠂ ᠨᠠᠮ᠎ᠤᠨ ᠳᠠᠭᠤᠨ᠎ᠢ 《ᠡᠭᠡᠯ ᠠᠷᠠᠳ᠎ᠤᠨ ᠭᠡᠷ᠎ᠲᠦ ᠬᠦᠷᠭᠡᠬᠦ》 《ᠲᠠᠯ᠎ᠠ ᠨᠤᠲᠤᠭ᠎ᠤᠨ ᠬᠠᠮᠤᠭ᠎ᠤᠨ ᠭᠦᠨ ᠭᠠᠵᠠᠷ᠎ᠲᠤ ᠳᠠᠮᠵᠢᠭᠤᠯᠬᠤ》 ᠵᠢ ᠯᠠᠪᠳᠠᠭᠤᠨ ᠪᠠᠲᠤᠲᠠᠢ ᠠᠬᠢᠭᠤᠯᠪᠠ᠃
ᠪᠠᠰᠠ ᠨᠢᠭᠡᠨ ᠡᠪᠡᠰᠦ ᠪᠣᠷᠳᠣᠭ᠎ᠠ ᠬᠤᠳᠠᠯᠳᠤᠨ ᠠᠪᠬᠤ ᠦᠶ᠎ᠡ ᠪᠤᠯᠬᠤᠶᠡ ᠬᠡᠱᠢᠭ᠌ᠲᠡᠨ ᠬᠣᠱᠢᠭᠤᠨ᠎ᠤ ᠪᠠᠶᠠᠨ ᠵᠢᠷᠦᠬᠡ ᠭᠠᠴᠠᠭᠠᠨ᠎ᠤ ᠮᠠᠯᠴᠢᠨ ᠡᠷᠦᠬᠡ᠂ ᠪᠠᠯᠭᠠᠰᠤᠨ᠎ᠤ ᠺᠠᠳ᠋ᠷ᠂ ᠭᠠᠴᠠᠭᠠᠨ᠎ᠤ ᠨᠠᠮ᠎ᠤᠨ ᠡᠭᠦᠷ᠎ᠦᠨ ᠱᠦᠵᠢ 《ᠰᠠᠨᠳᠠᠯᠢ᠎ᠶ᠋ᠢᠨ ᠬᠤᠷᠠᠯ》 ᠬᠢᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠡᠴᠡ ᠲᠦᠷᠦᠭᠦᠯᠡᠨ 1000 ᠲᠣᠨ ᠡᠪᠡᠰᠦ ᠪᠣᠷᠳᠣᠭ᠎ᠠ᠎ᠶ᠋ᠢ ᠬᠠᠮᠲᠤ᠎ᠪᠠᠷ ᠬᠤᠳᠠᠯᠳᠤᠨ ᠠᠪᠬᠤ᠎ᠪᠠᠷ ᠶᠠᠷᠢᠯᠴᠠᠨ ᠲᠣᠭ᠍ᠲᠠᠵᠤ᠂ ᠪᠠᠴᠢᠮ ᠲᠤᠯᠭᠠᠮ ᠠᠰᠠᠭᠤᠳᠠᠯ᠎ᠢ ᠱᠢᠢᠳᠪᠦᠷᠢᠯᠡᠪᠡ᠃ ᠠᠷᠤ ᠬᠣᠷᠴᠢᠨ ᠬᠣᠱᠢᠭᠤᠨ᠎ᠤ ᠪᠠᠭ᠎ᠠ ᠬᠦᠷᠢᠶᠡᠨ᠎ᠦ ᠬᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠪᠢᠴᠢᠯ ᠪᠡᠬᠢᠯᠡᠯᠲᠡ᠎ᠶ᠋ᠢ ᠪᠠᠢᠭᠤᠯᠤᠨ ᠴᠢᠩᠭᠠᠳᠭᠠᠵᠤ᠂ 《ᠭᠤᠷᠪᠠ᠎ᠶ᠋ᠢ ᠪᠠᠭᠠᠰᠭᠠᠵᠤ ᠭᠤᠷᠪᠠ᠎ᠶ᠋ᠢ ᠱᠢᠯᠢᠳᠡᠭ᠌ᠵᠢᠭᠦᠯᠬᠦ᠌》 ᠪᠡᠷ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠨᠢᠭᠡ ᠪᠦᠯᠦᠭ ᠨᠠᠮ᠎ᠤᠨ ᠭᠡᠱᠢᠭᠦᠨ ᠣᠯᠠᠨ ᠲᠦᠮᠡᠨ᠎ᠦ ᠠᠳᠠᠯᠢ ᠰᠡᠳᠦᠪᠲᠦ ᠬᠠᠮᠲᠤ᠎ᠪᠠᠷ ᠬᠠᠷᠢᠭᠤᠯᠲᠠ ᠥᠭᠬᠦ ᠪᠦᠲᠦᠮᠵᠢᠲᠡᠶ ᠦᠶ᠋ᠯᠡᠳᠦᠯᠭᠡ ᠴᠣᠯᠭᠣᠷᠠᠨ ᠭᠠᠷᠪᠠ᠃
ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ᠎ᠤᠨ ᠬᠦᠴᠦᠨ᠎ᠢ ᠬᠤᠷᠠᠮᠳᠤᠭᠤᠯᠵᠤ᠂ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ᠎ᠶ᠋ᠢ ᠨᠡᠩ ᠱᠢᠯᠢᠳᠡᠭ᠌ᠵᠢᠭᠦᠯᠪᠡ᠃ ᠤᠯᠠᠭᠠᠨᠬᠠᠳᠠ ᠬᠣᠲᠠ᠎ᠶ᠋ᠢᠨ ᠬᠢᠨ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠭᠦᠨᠵᠡᠭᠡᠶ ᠨᠠᠢᠳᠠᠪᠤᠷᠢᠵᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠦ᠍᠂ ᠨᠠᠮ ᠪᠠ ᠣᠯᠠᠨ ᠲᠦᠮᠡᠨ ᠬᠠᠮᠵᠢᠯᠴᠠᠭ᠎ᠠ ᠪᠠᠢᠭᠤᠯᠤᠨ ᠬᠦᠴᠢᠷᠳᠡᠯ᠎ᠢ ᠱᠢᠶ᠋ᠳᠪᠦᠷᠢᠯᠡᠵᠦ᠍᠂ ᠣᠯᠠᠨ ᠲᠦᠮᠡᠨ᠎ᠡᠴᠡ ᠲᠣᠪᠣᠢᠮ᠎ᠠ ᠠᠰᠠᠭᠤᠳᠠᠯ᠎ᠢ ᠴᠤᠭ᠍ᠯᠠᠭᠤᠯᠬᠤ ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠡᠴᠡ ᠰᠡᠳᠭᠢᠮᠵᠢ ᠠᠷᠭ᠎ᠠ ᠬᠡᠮᠵᠢᠶ᠎ᠡ ᠡᠷᠢᠵᠦ᠍ ᠂ ᠪᠦᠬᠦ᠌ ᠨᠡᠢᠭᠡᠮ᠎ᠳᠦ ᠠᠬᠢᠴᠠ᠎ᠶ᠋ᠢᠨ ᠦᠷ᠎ᠡ ᠪᠦᠲᠦᠮᠵᠢ᠎ᠶ᠋ᠢᠨ 《ᠭᠤᠷᠪᠠᠨ ᠴᠢᠭ᠌ᠯᠡᠯ》 ᠤ᠋ᠨ ᠠᠵᠢᠯ᠎ᠤᠨ ᠠᠷᠭ᠎ᠠ᠎ᠶ᠋ᠢ ᠢᠯᠡ ᠨᠡᠢᠲᠡᠯᠡᠬᠦ᠌ ᠪᠡᠷ ᠳᠠᠮᠵᠢᠭᠤᠯᠤᠨ ᠤᠯᠠᠨ ᠲᠦᠮᠡᠨ᠎ᠳᠦ ᠲᠦᠱᠢᠭ᠌ᠯᠡᠨ᠂ ᠤᠯᠠᠨ ᠲᠦᠮᠡᠨ᠎ᠢ ᠲᠠᠢ᠌ᠴᠢᠯᠠᠨ᠂ ᠤᠯᠠᠨ ᠲᠦᠮᠡᠨ᠎ᠢ ᠵᠣᠬᠢᠶᠠᠨ ᠪᠠᠢᠭᠤᠯᠤᠨ ᠠᠰᠠᠭᠤᠳᠠᠯ᠎ᠢ ᠱᠢᠶ᠋ᠳᠪᠦᠷᠢᠯᠡᠵᠦ᠍᠂ ᠬᠣᠲᠠ᠂ ᠱᠢᠶᠠᠨ᠎ᠤ ᠬᠣᠶᠠᠷ ᠱᠠᠲᠤᠨ᠎ᠤ ᠬᠢᠨ ᠤᠯᠠᠨ ᠲᠦᠮᠡᠨ᠎ᠦ ᠲᠤᠰᠭᠠᠯ ᠶᠡᠬᠡᠲᠡᠶ ᠲᠤᠪᠤᠢ᠌ᠮ᠎ᠠ ᠠᠰᠠᠭᠤᠳᠠᠯ᠎ᠢ 7000 ᠭᠠᠷᠤᠶ ᠲᠥᠪᠯᠡᠷᠡᠭᠦᠯᠦᠨ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠦᠷ᠎ᠡ ᠪᠦᠲᠦᠭᠡᠯ᠎ᠢᠶᠡᠨ ᠨᠡᠢᠭᠡᠮ ᠨᠡᠢᠲᠡ᠎ᠳᠦ ᠵᠠᠷᠯᠠᠨ ᠨᠡᠢᠲᠡᠯᠡᠵᠦ᠍᠂ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠂ ᠠᠷᠠᠳ᠎ᠤᠨ ᠰᠡᠳᠭᠢᠯ᠎ᠢ ᠳᠤᠯᠠᠭᠠᠴᠡᠭᠤᠯᠬᠤ᠂ ᠠᠷᠠᠳ᠎ᠤᠨ ᠰᠠᠨᠠᠭᠠᠨ᠎ᠳᠤ ᠨᠡᠢᠴᠡᠭᠦᠯᠬᠦ᠌ ᠠᠵᠢᠯ᠎ᠢ ᠦᠨᠡᠨ ᠬᠦ᠌ ᠤᠯᠠᠨ ᠲᠦᠮᠡᠨ᠎ᠦ ᠰᠡᠳᠭᠢᠯ᠎ᠳᠦ ᠬᠦᠷᠲᠡᠯ᠎ᠡ ᠬᠢᠪᠡ᠃
26 ᠨᠡᠢᠲᠡᠯᠢᠭ ᠵᠢᠱ᠌ᠢᠶ᠎ᠡ᠎ᠶ᠋ᠢ ᠬᠥᠬᠢᠭᠦᠯᠦᠨ ᠰᠠᠢᠱᠢᠶᠠᠵᠤ᠂ ᠲᠤᠬᠠᠢ ᠵᠢᠨ ᠬᠦᠮᠦᠨ 240 ᠤᠳᠠᠭ᠎ᠠ ᠶᠠᠷᠢᠶ᠎ᠠ ᠲᠠᠯᠪᠢᠵᠤ᠂ 1.1 ᠲᠦᠮᠡ ᠭᠠᠷᠤᠶ ᠬᠥᠮᠦᠨ᠎ᠢ ᠬᠠᠮᠤᠷᠪᠠ᠃ ᠪᠠᠭᠠᠷᠢᠨ ᠵᠡᠭᠦᠨ ᠬᠣᠱᠢᠭᠤᠨ᠎ᠤ ᠬᠢᠨ ᠨᠡᠢᠲᠡᠯᠢᠭ ᠵᠢᠱ᠌ᠢᠢ᠎ᠡ᠎ᠶ᠋ᠢ ᠰᠣᠩᠭᠣᠨ ᠪᠤᠢ ᠪᠤᠯᠭᠠᠵᠤ ᠤᠯᠠᠨ ᠲᠦᠮᠡᠨ ᠦᠨᠡᠯᠡᠬᠦ᠂ ᠨᠡᠢᠲᠡᠯᠢᠭ ᠵᠢᠱ᠌ᠢᠢ᠎ᠡ᠎ᠶ᠋ᠢ ᠬᠥᠬᠢᠭᠦᠯᠦᠨ ᠰᠠᠢᠱᠢᠶᠠᠵᠤ ᠤᠯᠠᠨ ᠲᠦᠮᠡᠨ ᠦᠵᠡᠬᠦ᠂ ᠨᠡᠢᠲᠡᠯᠢᠭ ᠵᠢᠱ᠌ᠢᠢ᠎ᠡ᠎ᠶ᠋ᠢ ᠡᠷᠬᠢᠮᠯᠡᠨ ᠲᠡᠭᠡᠳᠦᠯᠡᠵᠦ ᠤᠯᠠᠨ ᠲᠦᠮᠡᠨ ᠰᠤᠷᠤᠯᠴᠠᠬᠤ 《ᠤᠷᠢᠶ᠎ᠠ ᠬᠠᠰᠬᠢᠷᠴᠤ ᠢᠷᠠᠭᠤ ᠠᠯᠳᠠᠷ ᠬᠦᠷᠭᠡᠬᠦ᠌》 ᠠᠵᠢᠯᠯᠠᠭ᠎ᠠ᠎ᠪᠠᠷ ᠳᠠᠮᠵᠢᠨ ᠤᠯᠠᠨ ᠲᠦᠮᠡᠨ᠎ᠢ ᠬᠦᠳᠦᠯᠦᠨ ᠳᠠᠭᠠᠭᠤᠯᠵᠤ᠂ 《ᠨᠠᠮ᠎ᠤᠨ ᠭᠡᠱᠢᠭᠦᠨ ᠠᠵᠢᠯᠯᠠᠵᠤ᠂ ᠤᠯᠠᠨ ᠲᠦᠮᠡᠨ ᠦᠵᠡᠬᠦ᠌》 ᠡᠴᠡ 《ᠬᠠᠮᠲᠤ ᠪᠠᠷ ᠠᠵᠢᠯᠯᠠᠬᠤ》 ᠲᠡᠢᠰᠢ ᠬᠤᠪᠢᠷᠠᠭᠤᠯᠪᠠ᠃
ᠵᠢᠱ᠌ᠢᠶᠡᠴᠢ᠎ᠶ᠋ᠢ ᠰᠣᠩᠭᠣᠨ᠂ ᠦᠯᠢᠭᠡᠷ ᠳᠠᠭᠤᠷᠢᠶᠠᠯ᠎ᠢ ᠪᠤᠢ ᠪᠣᠯᠭᠠᠵᠤ᠂ ᠤᠷᠢᠶᠠᠯᠠᠭ᠎ᠠ ᠵᠢᠯᠤᠭᠤᠳᠤᠯᠭ᠎ᠠ᠎ᠶ᠋ᠢ ᠨᠡᠩ ᠴᠢᠩᠭᠠᠳᠭᠠᠪᠠ᠃ ᠤᠯᠠᠭᠠᠨᠬᠠᠳᠠ ᠬᠤᠳᠠ᠎ᠶ᠋ᠢᠨ ᠬᠢᠨ ᠨᠡᠢᠲᠡᠯᠢᠭ ᠵᠢᠱ᠌ᠢᠢ᠎ᠡ ᠦᠵᠡᠭᠦᠯᠵᠦ᠍ ᠬᠦᠳᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠᠳᠤ ᠬᠠᠮᠲᠤ ᠪᠠᠷ ᠦᠨᠡᠯᠡᠬᠦ᠂ ᠨᠠᠮ᠎ᠤᠨ ᠭᠡᠱᠢᠭᠦᠨ ᠤᠯᠠᠨ ᠲᠦᠮᠡᠨ ᠬᠠᠷᠢᠯᠴᠠᠨ ᠦᠨᠡᠯᠡᠬᠦ; ᠦᠯᠢᠭᠡᠷ ᠳᠠᠭᠤᠷᠢᠶᠠᠯ᠎ᠤᠨ ᠬᠢᠴᠢᠶᠡᠯ᠎ᠢ ᠰᠠᠢᠲᠤᠷ ᠶᠠᠷᠢᠬᠤ; ᠤᠳᠤᠷᠢᠳᠭᠤ ᠺᠠᠳ᠋ᠷ ᠦᠢᠯᠡᠴᠢᠯᠡᠭᠡ ᠬᠦᠷᠭᠡᠬᠦ᠂ ᠱᠢᠶᠠᠩ ᠲᠣᠰᠭᠣᠨ᠎ᠤ ᠡᠷᠳᠡᠮᠳᠡᠨ ᠴᠢᠳᠠᠪᠤᠷᠢᠲᠠᠨ ᠠᠷᠭ᠎ᠠ ᠤᠬᠠᠭᠠᠨ ᠬᠦᠷᠭᠡᠬᠦ᠂ ᠪᠠᠭ᠍ᠰᠢ ᠡᠷᠳᠡᠮᠲᠡᠨ ᠤᠨᠤᠯ ᠬᠦᠷᠭᠡᠬᠦ᠂ ᠲᠤᠰᠭᠠᠢ ᠮᠡᠷᠭᠡᠵᠢᠯᠲᠡᠨ ᠴᠢᠳᠠᠪᠤᠷᠢᠲᠠᠨ ᠮᠡᠷᠭᠡᠵᠢᠯ ᠴᠢᠳᠠᠪᠤᠷᠢ ᠬᠦᠷᠭᠡᠬᠦ᠂ ᠡᠮᠴᠢ ᠰᠤᠪᠢᠯᠠᠭ᠍ᠴᠢ ᠡᠷᠡᠭᠦᠯ ᠮᠡᠨᠳᠤ ᠬᠦᠷᠭᠡᠬᠦ᠂ ᠱᠢᠯᠢᠳᠡᠭ ᠠᠵᠤ ᠠᠬᠤᠢᠯᠠᠯ ᠪᠣᠳᠠᠲᠤ ᠠᠱᠢᠭ ᠬᠦᠷᠭᠡᠬᠦ᠂ ᠰᠠᠢ᠌ᠨ ᠳᠤᠷᠠᠴᠤᠳ ᠬᠠᠢᠷ᠎ᠠ ᠬᠠᠯᠠᠮᠵᠢ ᠬᠦᠷᠭᠡᠬᠦ 《ᠬᠣᠶᠠᠷᠦᠨᠡᠯᠡᠵᠦ᠍ ᠨᠢᠭᠡᠶᠠᠷᠢᠵᠤ ᠲᠤᠯᠤᠭ᠎ᠠ ᠬᠦᠷᠭᠡᠬᠦ᠌》 ᠬᠡᠪ ᠵᠠᠭ᠍ᠪᠤᠷ᠎ᠢ ᠳᠡᠯᠭᠡᠷᠡᠭᠦᠯᠦᠨ ᠬᠡᠷᠡᠭ᠌ᠵᠢᠭᠦᠯᠵᠦ᠂ 《ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠌》᠂ 《ᠳᠡᠷᠭᠡᠳᠡᠬᠢ ᠦᠯᠢᠭᠡᠷ ᠳᠠᠭᠤᠷᠢᠶᠠᠯ᠎ᠡᠴᠡ ᠰᠤᠷᠤᠯᠴᠠᠬᠤ》 ᠵᠡᠷᠭᠡ ᠠᠵᠢᠯᠯᠠᠭ᠎ᠠ᠎ᠶ᠋ᠢ ᠨᠡᠢ᠌ᠳᠡ 1.5 ᠲᠦᠮᠡ ᠭᠠᠷᠤᠶ ᠤᠳᠠᠭ᠎ᠠ ᠥᠷᠨᠢᠭᠦᠯᠵᠦ᠍᠂ ᠤᠯᠠᠨ ᠲᠦᠮᠡᠨ᠎ᠦ ᠳᠡᠷᠭᠡᠳᠡᠬᠢ ᠬᠡᠷᠡᠭ ᠶᠠᠪᠤᠳᠠᠯ᠎ᠢ 2.6 ᠲᠦᠮᠡ ᠭᠠᠷᠤᠶ ᠱᠢᠶ᠋ᠳᠪᠦᠷᠢᠯᠡᠵᠦ᠍᠂ ᠨᠠᠮ᠎ᠤᠨ ᠭᠡᠱᠢᠭᠦᠨ ᠤᠯᠠᠨ ᠲᠦᠮᠡᠨ ᠨᠠᠮ᠎ᠢᠶᠠᠨ ᠲᠠᠭᠠᠨ ᠤᠷᠤᠭᠰᠢᠯᠠᠬᠤ᠂ ᠲᠡᠷᠢᠭᠦᠨ᠎ᠦ ᠬᠢ᠎ᠡᠴᠡ ᠰᠤᠷᠤᠯᠴᠠᠬᠤ᠂ ᠵᠣᠯ ᠵᠢᠷᠭᠠᠯ᠎ᠤᠨ ᠲᠥᠯᠥᠭᠡ ᠲᠡᠮᠡᠦᠯᠬᠦ ᠠᠭᠤᠷ ᠠᠮᠢᠰᠭᠤᠯ ᠲᠠᠰᠤᠷᠠᠯᠳᠠ ᠦᠭᠡᠢ ᠦᠳᠭᠡᠷᠡᠪᠡ᠃