ᠠᠷᠠᠳ᠎ᠤᠨ ᠰᠡᠳᠭᠢᠯ᠎ᠢ ᠲᠤᠯᠠᠭᠠᠴᠠᠭᠤᠯᠤᠭᠰᠠᠨ 《 ᠪᠦᠷᠢᠨ ᠴᠢᠳᠠᠮᠵᠢᠲᠦ ᠺᠠᠷᠲ 》
2024-03-17 11:24:18
ᠵᠣᠬᠢᠶᠠᠭ᠍ᠴᠢ᠄
ᠭᠣᠣ ᠮᠢᠨ ᠨᠠ ᠯᠢ ᠵᠢᠶᠠᠨ ᠫᠢᠩ
ᠣᠩᠱᠢᠭ᠍ᠰᠠᠨ ᠣᠳᠠᠭ᠎ᠠ᠄
★★★☆☆

《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ᠎ᠠ! ᠲᠠᠨ᠎ᠤ 2024 ᠣᠨ᠎ᠤ 1 ᠰᠠᠷ᠎ᠠ᠎ᠶ᠋ᠢᠨ ᠬᠦᠳᠡᠬᠡ ᠳᠤᠰᠬᠤᠨ ᠮᠠᠯᠵᠢᠬᠤ  ᠣᠷᠣᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠨᠥᠬᠥᠪᠥᠷᠢ᠎ᠶ᠋ᠢ ᠨᠢᠭᠡᠨᠲᠡ 〈 ᠪᠦᠷᠢᠨ ᠴᠢᠳᠠᠮᠵᠢᠲᠦ ᠺᠠᠷᠲ 〉 ᠎ᠤ᠋ᠨ ᠲᠠᠩᠰᠠᠨ ᠡᠷᠦᠬᠡ᠎ᠳᠦ ᠴᠢᠨᠢ ᠣᠷᠣᠭᠤᠯᠤᠭ᠍ᠰᠠᠨ ᠪᠠᠢᠨ᠎ᠠ᠂ ᠪᠠᠢᠴᠠᠭᠠᠵᠦ ᠦᠵᠡᠭᠡᠷᠡᠢ᠃ ᠬᠦᠳᠡᠬᠡ ᠳᠤᠰᠬᠤᠨ ᠮᠠᠯᠵᠢᠬᠤ  ᠣᠷᠣᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠷᠢᠮᠵᠢᠶ᠎ᠠ᠎ᠪᠠᠷ ᠬᠥᠳᠡᠯᠦᠩᠭᠦᠶ᠎ᠪᠡᠷ ᠬᠠᠮᠢᠶᠠᠷᠬᠤ ᠪᠣᠯ ᠵᠥᠷᠢᠶᠡᠲᠦ ᠲᠣᠭᠠᠨ᠎ᠤ ᠠᠪᠤᠷᠠᠨ ᠲᠤᠰᠠᠯᠠᠯᠲᠠ᠎ᠶ᠋ᠢ ᠬᠡᠷᠡᠭ᠌ᠵᠢᠭᠦᠯᠬᠦ᠌ ᠨᠡᠢᠭᠡᠮ᠎ᠦᠨ ᠠᠪᠤᠷᠠᠨ ᠲᠤᠰᠠᠯᠠᠬᠤ ᠨᠢᠭᠡ ᠵᠦᠶ᠋ᠯ᠎ᠦᠨ ᠲᠦᠷᠢᠮ ᠮᠥᠨ᠂ ᠡᠨᠡ ᠨᠢ ᠨᠠᠮ᠎ᠡᠴᠡ ᠶᠠᠳᠠᠭᠤ ᠬᠦᠴᠢᠷᠳᠡᠯᠲᠡᠶ ᠬᠥᠮᠥᠰ᠎ᠢ ᠬᠠᠯᠠᠮᠵᠢᠯᠠᠵᠤ ᠪᠠᠢᠬᠤ᠎ᠶ᠋ᠢ ᠢᠯᠡᠷᠡᠬᠦᠯᠵᠦ ᠪᠠᠢᠨ᠎ᠠ》᠃

ᠲᠦᠷᠦᠭᠦᠬᠡᠨ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠷᠠᠰᠸ᠋ᠨ ᠪᠠᠯᠭᠠᠰᠤᠨ᠎ᠤ ᠴᠠᠷᠠᠰᠸ᠋ᠨ ᠭᠠᠴᠡᠭᠠᠨ᠎ᠤ  ᠶᠠᠳᠠᠭᠤ ᠡᠴᠡ ᠠᠩᠭᠢᠵᠢᠷᠠᠭ᠍ᠰᠠᠨ ᠡᠷᠦᠬᠡ ᠢᠦᠶ ᠵᠢᠶᠧ ᠠᠷᠠᠳ᠎ᠤᠨ ᠶᠠᠪᠤᠳᠠᠯ᠎ᠤᠨ ᠲᠣᠪᠴᠢᠶ᠎ᠠ ᠡᠴᠡ ᠢᠷᠡᠭᠦᠯᠦᠭ᠌ᠰᠡᠨ ᠭᠠᠷ ᠤᠳᠠᠰᠤᠨ᠎ᠤ ᠴᠡᠬᠢᠮ ᠮᠡᠳᠡᠭᠡ ᠶ᠋ᠢ ᠴᠠᠭ ᠲᠤᠬᠠᠶ᠎ᠳᠤᠨᠢ  ᠲᠤᠰᠤᠨ ᠣᠯᠵᠤ᠂ ᠬᠥᠳᠡᠭᠡ ᠲᠣᠰᠭᠣᠨ᠎ᠤ ᠨᠡᠢᠭᠡᠮ᠎ᠦᠨ ᠲᠡᠳᠬᠦᠮᠵᠢ᠎ᠶ᠋ᠢᠨ 870 ᠲᠥᠭᠥᠷᠢᠭ᠎ᠦᠨ ᠬᠥᠳᠡᠭᠡ ᠲᠣᠰᠭᠣᠨ ᠮᠠᠯᠵᠢᠬᠤ ᠤᠷᠤᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠨᠥᠬᠥᠪᠥᠷᠢ᠎ᠶ᠋ᠢ  ᠳᠠᠩᠰᠠᠨ᠎ᠳᠤ ᠣᠷᠣᠭᠤᠯᠤᠭ᠍ᠰᠠᠨ᠎ᠢ ᠮᠡᠳᠡᠯ᠎ᠡ᠃《 ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ ᠪᠠᠢᠨ᠎ᠠ᠂ ᠨᠠᠳᠠ  ᠳ᠋ᠦ ᠡᠢᠮᠦ᠍ ᠠᠷᠪᠢᠨ ᠵᠣᠭᠣᠰ ᠨᠥᠬᠥᠪᠥᠷᠢᠯᠡᠵᠦ᠍ ᠥᠭ᠌ᠭᠦᠭ᠌ᠰᠡᠨ ᠱᠢᠸ᠋᠃ ᠬᠦᠴᠢᠷᠳᠡᠯᠲᠡᠶ ᠵᠡᠮᠳᠡᠭ᠌ᠴᠦᠳ᠎ᠦᠨ ᠠᠮᠢᠳᠤᠷᠠᠯ᠎ᠤᠨ ᠨᠥᠬᠥᠪᠥᠷᠢ᠂ ᠲᠠᠷᠢᠶᠠᠨ ᠭᠠᠵᠠᠷ᠎ᠤᠨ ᠨᠥᠬᠥᠪᠥᠷᠢ ᠁ ᠡᠨᠡ ᠨᠢᠭᠡ ᠵᠢᠯ᠎ᠳᠦ ᠤᠯᠭᠤᠬᠰᠠᠨ ᠡᠯ᠎ᠡ ᠵᠦᠢᠯ᠎ᠤᠨ ᠨᠦᠬᠦᠪᠦᠷᠢ 2 ᠲᠦᠮᠡᠨ ᠲᠥᠭᠥᠷᠢᠭ᠎ᠲᠦ᠍ ᠬᠦᠷᠦᠭᠰᠡᠨ ᠰᠢᠦ ᠂ ᠡᠪ ᠬᠠᠮᠳᠤ ᠨᠠᠮ ᠦᠭᠡᠶ ᠪᠣᠯ ᠮᠠᠨ᠎ᠤ ᠥᠨᠥᠳᠦᠷ᠎ᠦᠨ ᠱᠢᠭ ᠡᠢᠮᠦ᠍ ᠰᠠᠢᠬᠠᠨ ᠠᠮᠢᠳᠤᠷᠠᠯ ᠪᠠᠢᠵᠤ ᠴᠢᠳᠠᠬᠤ ᠦᠭᠡᠶ ᠶᠤᠮ!》

ᠤᠢ᠍ᠢᠷ᠎ᠠ᠎ᠶ᠋ᠢᠨ ᠵᠢᠯ᠎ᠦᠨ ᠲᠤᠷᠰᠢ᠂ ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠦᠴᠦ᠍ᠨ ᠨᠡᠮᠡᠷᠢᠯᠡᠬᠦ᠌᠎ᠪᠡᠷ ᠭᠠᠷᠳᠡᠴᠡ ᠪᠣᠯᠭᠠᠵᠤ᠂ ᠬᠦᠴᠦ᠍᠎ᠪᠡᠨ ᠲᠥᠪᠯᠡᠷᠡᠭᠦᠯᠦᠨ 《 ᠡᠳ᠋᠎ᠦᠨ ᠵᠠᠰᠠᠭ ᠠᠷᠠᠳ᠎ᠤᠨ ᠲᠥᠯᠥᠭᠡ ᠪᠠᠢᠬᠤ》 ᠦᠢᠯᠡᠳᠦᠯ ᠴᠢᠳᠠᠪᠤᠷᠢ᠎ᠶ᠋ᠢ ᠪᠠᠳᠠᠷᠠᠭᠤᠯᠵᠤ᠂ ᠣᠯᠠᠨ ᠨᠡᠢᠲᠡ᠎ᠶ᠋ᠢᠨ ᠡᠳ᠋᠎ᠦᠨ ᠵᠠᠰᠠᠭ᠎ᠤᠨ 《ᠬᠥᠳᠡᠭᠡ ᠠᠵᠤ ᠠᠬᠤᠢ ᠬᠥᠳᠡᠭᠡ ᠲᠣᠰᠭᠣᠨ ᠮᠠᠯᠴᠢᠨ ᠲᠠᠷᠢᠶᠠᠴᠢᠨ》 ᠳᠠᠢᠰᠢ ᠬᠡᠯᠪᠡᠢᠯᠭᠡᠬᠦ᠌᠎ᠶ᠋ᠢ ᠨᠠᠩ ᠢᠯᠡᠬᠦᠦ ᠪᠠᠲᠤᠯᠠᠵᠤ᠂ ᠮᠠᠯᠴᠢᠨ ᠲᠠᠷᠢᠶᠠᠴᠢᠳ᠎ᠲᠤ ᠠᠱᠢᠭ ᠬᠦᠷᠲᠡᠭᠡᠬᠦ᠌ ᠡᠯ᠎ᠡ ᠵᠦᠶ᠋ᠯ᠎ᠦᠨ ᠨᠥᠬᠥᠪᠥᠷᠢ᠎ᠪᠠᠯᠠ ᠮᠥᠩᠭᠥ᠎ᠶ᠋ᠢ ᠬᠡᠪ᠎ᠦᠨ ᠶᠣᠰᠣᠭᠠᠷ ᠣᠯᠭᠣᠬᠤ᠎ᠶ᠋ᠢ ᠰᠠᠢᠲᠤᠷ ᠨᠠᠢᠳᠠᠪᠤᠷᠢᠵᠢᠭᠤᠯᠤᠨ᠂ 《 ᠪᠦᠷᠢᠨ ᠴᠢᠳᠠᠮᠵᠢᠲᠦ ᠺᠠᠷᠲ 》 ᠵᠡᠷᠭᠡ ᠮᠠᠯᠴᠢᠨ ᠲᠠᠷᠢᠶᠠᠴᠢᠨ ᠳ᠋ᠦ ᠠᠱᠢᠭ ᠬᠦᠷᠲᠡᠭᠡᠬᠦ᠌ ᠡᠯ᠎ᠡ ᠵᠦᠶ᠋ᠯ᠎ᠦᠨ ᠨᠥᠬᠥᠪᠥᠷᠢ᠎ᠶ᠋ᠢᠨ ᠪᠠᠯᠠ ᠮᠥᠩᠭᠥ᠎ᠶ᠋ᠢᠨ ᠠᠮᠤᠷ ᠲᠦᠪᠱᠢᠨ᠎ᠢᠶᠡᠷ ᠡᠷᠬᠢᠯᠳᠦᠬᠦ ᠵᠢ ᠪᠠᠳᠤᠯᠠᠨ ᠂ ᠬᠠᠮᠢᠶᠠᠷᠤᠯᠲᠠ᠎ᠶ᠋ᠢ ᠵᠢᠷᠤᠮᠵᠢᠭᠤᠯᠤᠨ᠂ ᠴᠠᠭ ᠲᠤᠬᠠᠶ᠎ᠳᠤᠨᠢ ᠣᠯᠭᠣᠬᠤ ᠶ᠋ᠢ ᠪᠠᠲᠤᠯᠠᠵᠤ᠂ ᠮᠠᠯᠴᠢᠨ ᠲᠠᠷᠢᠶᠠᠴᠢᠨ ᠎ᠤ ᠱᠢᠯᠵᠢᠯᠲᠡ᠎ᠶ᠋ᠢᠨ ᠴᠢᠨᠠᠷᠲᠠᠶ ᠣᠷᠣᠯᠭ᠎ᠠ᠎ᠶ᠋ᠢ ᠪᠠᠲᠤᠯᠠᠪᠠ᠃ 2023 ᠣᠨ᠎ᠳᠤ ᠬᠢᠩᠭᠠᠨ ᠠᠢᠮᠠᠭ《ᠪᠦᠷᠢᠨ ᠴᠢᠳᠠᠮᠵᠢᠲᠦ  ᠺᠠᠷᠲ》᠎ᠤ᠋ᠨ ᠲᠠᠪᠴᠠᠩ᠎ᠢᠶᠠᠷ ᠳᠠᠮᠵᠢᠭᠤᠯᠤᠨ ᠠᠷᠠᠳ᠎ᠲᠤ ᠠᠱᠢᠭ ᠬᠦᠷᠲᠡᠭᠡᠬᠦ᠌ ᠮᠠᠯᠴᠢᠨ ᠲᠠᠷᠢᠶᠠᠴᠢᠨ ᠳ᠋ᠤ ᠠᠱᠢᠭ ᠬᠦᠷᠲᠡᠭᠡᠬᠦ᠌ ᠡᠳ᠋᠎ᠦᠨ ᠵᠠᠰᠠᠭ᠎ᠤᠨ ᠨᠥᠬᠥᠪᠥᠷᠢ ᠪᠠᠯᠠ ᠮᠥᠩᠭᠥ᠎ᠶ᠋ᠢ 45.68 ᠳ᠋ᠦᠩᠱᠢᠭᠤᠷ ᠲᠥᠭᠥᠷᠢᠭ ᠲᠠᠷᠬᠠᠭᠠᠵᠤ᠂ 502.1 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ 10 ᠬᠦᠷᠢᠶᠡᠨ᠎ᠳᠡᠬᠢ 90 ᠵᠦᠶ᠋ᠯ᠎ᠦᠨ ᠨᠥᠬᠥᠪᠥᠷᠢ᠎ᠳᠦ ᠬᠣᠯᠪᠣᠭ᠍ᠳᠠᠭ᠍ᠰᠠᠨ ᠪᠠᠢᠨ᠎ᠠ᠃ 2024 ᠣᠨ᠎ᠤ 1 ᠰᠠᠷ᠎ᠠ᠎ᠳᠤ ᠬᠢᠩᠭᠠᠨ ᠠᠢᠮᠠᠭ《 ᠪᠦᠷᠢᠨ ᠴᠢᠳᠠᠮᠵᠢᠲᠦ ᠺᠠᠷᠲ 》᠎ᠤ᠋ᠨ ᠲᠠᠪᠴᠠᠩ᠎ᠢᠶᠠᠷ ᠳᠠᠮᠵᠢᠭᠤᠯᠤᠨ᠂ ᠠᠷᠠᠳ᠎ᠲᠤ ᠠᠱᠢᠭ ᠬᠦᠷᠲᠡᠭᠡᠬᠦ᠌ ᠮᠠᠯᠴᠢᠨ ᠲᠠᠷᠢᠶᠠᠴᠢᠨ ᠳ᠋ᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ ᠪᠠᠯᠠ ᠮᠥᠩᠭᠥ᠎ᠶ᠋ᠢ 1.5 ᠳ᠋ᠦᠩᠱᠢᠭᠤᠷ ᠲᠥᠭᠥᠷᠢᠭ ᠲᠠᠷᠬᠠᠭᠠᠵᠤ᠂ 28.96 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠮᠠᠯ ᠠᠵᠤ ᠠᠬᠤᠶ ᠲᠠᠷᠢᠶᠠᠯᠠᠩ ᠂ ᠨᠡᠢᠭᠡᠮ᠎ᠦᠨ ᠳᠠᠭᠠᠳᠭᠠᠯ᠂ ᠡᠷᠡᠭᠦᠯ ᠬᠠᠮᠠᠭᠠᠯᠠᠯ ᠵᠡᠷᠭᠡ 7 ᠬᠦᠷᠢᠶᠡᠨ᠎ᠳᠡᠬᠢ 34 ᠵᠦᠶ᠋ᠯ᠎ᠦᠨ ᠨᠥᠬᠥᠪᠥᠷᠢ᠎ᠳᠦ ᠬᠣᠯᠪᠣᠭ᠍ᠳᠠᠭ᠍ᠰᠠᠨ ᠪᠠᠢᠨ᠎ᠠ᠃

 ᠠᠷᠠᠳ᠎ᠲᠤ ᠠᠱᠢᠭ ᠬᠦᠷᠲᠡᠭᠡᠬᠦ᠌ ᠨᠠᠷᠢᠨ ᠲᠠᠩᠰᠠ  ᠎ᠶ᠋ᠢ ᠡᠮᠬᠢᠯᠡᠵᠦ᠍᠂ ᠨᠠᠮ᠎ᠤᠨ  ᠬᠠᠢᠷ᠎ᠠ ᠬᠠᠯᠠᠮᠵᠢᠯᠠᠯ᠎ᠢ ᠮᠡᠳᠡᠷᠡᠬᠦᠯᠪᠡ᠃ 2 ᠰᠠᠷ᠎ᠠ᠎ᠶ᠋ᠢᠨ 1 ᠎ᠤ᠋ ᠥᠷᠯᠥᠭᠡ᠂ ᠴᠠᠷᠠᠰᠤᠨ ᠭᠠᠴᠡᠭᠠᠨ᠎ᠤ ᠤᠢ ᠬᠠᠮᠠᠭᠠᠯᠠᠭ᠍ᠴᠢ ᠯᠢᠦᠢ ᠯᠢᠨ ᠤᠢᠳᠤ ᠭᠠᠵᠠᠷ ᠵᠢᠠᠷ᠎ᠲᠣᠭᠣᠷᠢᠨ ᠪᠠᠢᠴᠠᠭᠠᠪᠠ᠃ 《ᠤᠢ ᠱᠢᠭᠤᠢ᠎ᠶ᠋ᠢᠨ ᠬᠠᠮᠢᠶᠠᠷᠤᠯᠲᠠ᠎ᠶ᠋ᠢᠨ ᠠᠵᠢᠯᠳᠠᠨ᠎ᠤ ᠴᠠᠯᠢᠩ᠎ᠤᠨ ᠨᠥᠬᠥᠪᠥᠷᠢ᠂ ᠨᠤᠲᠤᠭ ᠪᠡᠯᠴᠢᠭᠡᠷ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠂ ᠪᠡᠯᠴᠢᠭᠡᠷᠯᠡᠭᠦᠯᠬᠦ᠌᠎ᠶ᠋ᠢ ᠵᠤᠭᠰᠤᠭᠠᠭᠰᠠᠨ ᠨᠥᠬᠥᠪᠥᠷᠢ᠂  ᠪᠤᠳᠠᠳᠠᠢ ᠠᠮᠤ ᠪᠤᠳᠠᠭ᠎ᠠ ᠲᠠᠷᠢᠬᠰᠠᠨ ᠲᠠᠷᠢᠶᠠᠴᠢᠳ᠎ᠤᠨ ᠨᠢᠭᠡ ᠤᠳᠠᠭ᠎ᠠ᠎ᠶ᠋ᠢᠨ ᠴᠢᠨᠠᠷᠲᠠᠢ ᠨᠥᠬᠥᠪᠥᠷᠢ ᠁ ᠡᠯ᠎ᠡ ᠲᠦᠷᠦᠯ᠎ᠦᠨ ᠨᠥᠬᠥᠪᠥᠷᠢ᠎ᠶ᠋ᠢ ᠨᠡᠮᠡᠪᠡᠯ ᠲᠦᠮᠡ ᠭᠠᠷᠤᠢ ᠲᠥᠭᠥᠷᠢᠭ ᠪᠣᠯᠤᠨ᠎ᠠ᠂ ᠮᠠᠨ᠎ᠤ ᠬᠤᠨᠢ ᠲᠡᠵᠢᠭᠡᠭ᠌ᠰᠡᠨ ᠣᠷᠣᠯᠭ᠎ᠠ ᠵᠢ ᠨᠠᠮᠠᠪᠠᠯ᠂ ᠮᠠᠨ᠎ᠤ ᠬᠡᠷ᠎ᠤᠨ ᠬᠣᠶᠠᠷ ᠣᠶᠤᠲᠠᠨ᠎ᠦ ᠰᠤᠷᠤᠯᠭ᠎ᠠ ᠵᠢᠨ ᠰᠦᠢᠳᠭᠡᠯ᠎ᠳᠤ ᠬᠦᠷᠴᠢᠬᠡᠨ᠎ᠡ》᠃

ᠯᠢᠦᠶ ᠯᠢᠨ ᠪᠣᠯ ᠴᠠᠷᠠᠰᠸ᠋ᠨ ᠭᠠᠴᠡᠭᠠᠨ᠎ᠤ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠮᠥᠨ᠂ ᠤᠨᠢᠨ ᠳᠡᠭᠡᠷ᠎ᠡ ᠨᠢ ᠶᠠᠳᠠᠭᠤ᠎ᠶ᠋ᠢ ᠲᠡᠳᠬᠦᠭ᠌ᠰᠡᠨ᠎ᠡᠴᠡ ᠨᠠᠭᠠᠰᠢ᠂  ᠵᠠᠷᠢᠮ ᠠᠵᠢᠯᠲᠠᠨ ᠦᠷᠭᠦᠯᠵᠢ ᠲᠡᠭᠦᠨ᠎ᠳᠦ ᠮᠠᠯᠴᠢᠨ ᠲᠠᠷᠢᠶᠠᠴᠢᠨ ᠳ᠋ᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠵᠤ ᠥᠭ᠌ᠲᠡᠭ᠃ ᠭᠠᠴᠠᠭᠠᠨ᠎ᠦ ᠠᠷᠠᠳ᠎ᠲᠤ ᠲᠦᠷᠦ᠍᠎ᠶ᠋ᠢᠨ ᠪᠤᠳᠤᠯᠭ᠎ᠠ᠎ᠶ᠋ᠢᠨ ᠮᠡᠳᠡᠭᠡ ᠵᠠᠩᠭᠢ᠎ᠶ᠋ᠢ ᠨᠡᠩ ᠰᠠᠢ᠌ᠳᠤᠷ ᠣᠢᠯᠠᠭᠠᠭᠤᠯᠬᠤ᠎ᠶ᠋ᠢᠨ ᠲᠥᠯᠥᠭᠡ᠂ ᠭᠠᠴᠠᠭᠠᠨ᠎ᠤ ᠬᠢᠨ ᠪᠠᠰᠠ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢᠨ ᠤᠬᠠᠭᠤᠯᠭ᠎ᠠ᠎ᠶ᠋ᠢ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠥᠷᠨᠢᠭᠦᠯᠵᠦ᠍᠂ ᠭᠠᠴᠠᠭᠠᠨ᠎ᠤ ᠵᠢᠷᠭᠢᠶ᠎ᠡ᠎ᠬᠤᠯᠪᠤᠭ᠎ᠠ᠎ᠳᠦ ᠴᠠᠭ ᠲᠤᠬᠠᠢ᠎ᠳᠤᠨᠢ ᠮᠡᠳᠡᠭᠡ ᠵᠠᠩᠭᠢ ᠨᠡᠢᠲᠡᠯᠡᠬᠦ᠌᠎ᠪᠡᠷ ᠪᠠᠷᠠᠬᠤ ᠦᠭᠡᠢ ᠪᠠᠰᠠ ᠭᠠᠷᠠᠭ ᠪᠦᠷᠢ ᠮᠡᠳᠡᠯᠭᠡ᠎ᠶ᠋ᠢᠨ ᠤᠷᠤᠯᠳᠤᠭᠠᠨ ᠶᠠᠪᠤᠭᠤᠯᠬᠤ᠎ᠶ᠋ᠢᠨ ᠬᠠᠮᠲᠤ ᠵᠢᠵᠢᠭ ᠪᠡᠯᠡᠭ ᠬᠦᠷᠭᠡᠵᠦ᠍᠂ ᠭᠠᠴᠠᠭᠠᠨ᠎ᠤ ᠠᠷᠠᠳ᠎ᠤᠨ ᠲᠦᠷᠦ᠍᠎ᠶ᠋ᠢᠨ ᠪᠤᠳᠤᠯᠭ᠎ᠠ ᠰᠤᠷᠤᠯᠴᠠᠬᠤ ᠬᠠᠯᠠᠭᠤᠨ ᠰᠡᠳᠭᠢᠯᠭᠡ᠎ᠶ᠋ᠢ ᠭᠦᠢᠴᠡᠳ ᠲᠠᠢ᠌ᠴᠢᠯᠠᠵᠠᠢ᠃

ᠪᠠᠶ ᠸᠸᠢ ᠬᠤᠭᠤᠯᠠᠨ ᠭᠡᠷ᠎ᠤᠨ ᠬᠠᠷᠢᠭᠤᠴᠠᠯᠭᠠᠲᠠᠨ ᠪᠦᠦ ᠬᠠᠶ ᠸᠸᠨ ᠦᠪᠡᠷ᠎ᠤᠨ ᠤᠷᠤᠨ ᠰᠠᠭᠤᠴᠠ᠎ᠪᠠᠨ ᠠᠰᠢᠬᠯᠠᠨ ᠪᠠᠭᠤᠳᠠᠯ᠎ᠡᠷᠬᠢᠯᠡᠬᠦ ᠳ᠋ᠦ ᠬᠣᠱᠢᠭᠤᠨ᠎ᠤ ᠠᠷᠠᠳ᠎ᠤᠨ ᠵᠠᠰᠠᠭ᠎ᠤᠨ ᠣᠷᠳᠣᠨ ᠡᠴᠡ ᠨᠥᠬᠥᠪᠥᠷᠢ᠎ᠤᠯᠵᠦ ᠪᠤᠯᠤᠨ᠎ᠠ ᠬᠡᠬᠦ  ᠮᠡᠳᠡᠭᠡ ᠵᠠᠩᠭᠢ᠎ᠶ᠋ᠢ ᠭᠠᠴᠠᠭᠠᠨ᠎ᠤ ᠵᠢᠷᠬᠢᠶ᠎ᠡ ᠬᠤᠯᠪᠤᠭ᠎ᠠ᠎ᠲᠡᠭᠡᠷ᠎ᠠ ᠡᠴᠡ ᠦᠵᠡᠭᠰᠠᠨ᠎ᠤ ᠳᠠᠷᠠᠭ᠎ᠠ᠂ ᠬᠣᠨᠣᠭ ᠪᠠᠭᠤᠳᠠᠯ ᠪᠠ ᠢᠳᠡᠭᠡᠨ ᠤᠮᠳᠠᠭᠠᠨ᠎ᠢ ᠨᠢᠭᠡ ᠴᠤᠭ᠍ᠴᠠᠵᠢᠭᠤᠯᠤᠭ᠍ᠰᠠᠨ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ ᠡᠷᠬᠢᠯᠡᠬᠦ ᠵᠢ ᠪᠤᠳᠤᠯᠬᠢᠯᠠᠵᠠᠢ᠃ 《 ᠣᠳᠣ ᠨᠠᠮ᠎ᠤᠨ ᠲᠥᠷᠥ᠎ᠶ᠋ᠢᠨ ᠪᠣᠳᠣᠯᠭ᠎ᠠ ᠤᠯᠠᠮ ᠰᠠᠢᠨ ᠪᠤᠯᠵᠤ ᠪᠤᠢ᠂ ᠮᠠᠨ᠎ᠤ ᠠᠷᠠᠳ᠎ᠤᠨ ᠠᠮᠢᠳᠤᠷᠠᠯ᠎ᠴᠤ ᠤᠯᠠᠮ ᠰᠠᠢᠵᠢᠷᠠᠵᠤ ᠪᠠᠢᠨ᠎ᠠ 》 ᠭᠡᠵᠦ᠍ ᠪᠦᠦ ᠬᠠᠢ ᠸᠸᠨ ᠰᠡᠳᠭᠢᠯ ᠳᠣᠭ᠍ᠳᠣᠯᠤᠨ ᠬᠡᠯᠡᠵᠤ ᠪᠠᠢᠪᠠ᠃

ᠣᠢᠷ᠎ᠠ᠎ᠶ᠋ᠢᠨ ᠵᠢᠯ᠎ᠦᠳ᠎ᠲᠦ᠂ 《 ᠪᠦᠷᠢᠨ ᠴᠢᠳᠠᠮᠵᠢᠲᠦ ᠺᠠᠷᠲ 》᠎ᠤ᠋ᠨ ᠨᠥᠬᠥᠪᠥᠷᠢ᠎ᠶ᠋ᠢᠨ ᠪᠠᠯᠠ ᠮᠥᠩᠭᠥ᠎ᠶ᠋ᠢᠨ ᠲᠠᠷᠬᠠᠭᠠᠯᠲᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠲᠦᠷᠭᠡᠳᠭᠡᠵᠦ᠍᠂ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ᠎ᠡᠴᠡ 《 ᠪᠦᠷᠢᠨ ᠴᠢᠳᠠᠮᠵᠢᠲᠦ ᠺᠠᠷᠲ 》᠎ᠤ᠋ᠨ ᠨᠥᠬᠥᠪᠥᠷᠢ ᠣᠯᠭᠣᠬᠤ ᠠᠵᠢᠯ᠎ᠢ ᠤᠯᠠᠮ ᠱᠢᠯᠢᠳᠡᠭ᠌ᠵᠢᠭᠦᠯᠵᠦ᠍᠂ ᠨᠥᠬᠥᠪᠥᠷᠢ᠎ᠶ᠋ᠢᠨ ᠲᠥᠷᠥᠯ ᠵᠦᠶ᠋ᠯ᠎ᠢ ᠴᠣᠮᠬᠠᠳᠭᠠᠨ᠂ ᠨᠥᠬᠥᠪᠥᠷᠢ ᠣᠯᠭᠣᠬᠤ ᠴᠠᠭ᠎ᠤᠨ ᠬᠢᠵᠠᠭᠠᠷ᠎ᠢ ᠪᠤᠭᠤᠨᠢᠰᠬᠠᠵᠦ᠂ ᠬᠢᠨᠠᠨ ᠬᠠᠷᠭᠤᠭᠤᠯᠬᠤ ᠭᠣᠭ᠍ᠴᠣᠭ᠎ᠠ᠎ᠶ᠋ᠢ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ᠂ ᠦᠨᠳᠦᠰᠦᠨ ᠱᠠᠲᠤᠨ᠎ᠤ ᠠᠵᠢᠯ ᠶᠠᠪᠤᠳᠠᠯ ᠱᠢᠶ᠋ᠳᠪᠦᠷᠢᠯᠡᠬᠦ᠌᠎ᠳᠦ ᠲᠦᠪᠡᠭ᠌ᠲᠡᠶ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠪᠦᠷᠢᠨ ᠴᠢᠳᠠᠮᠵᠢᠳᠤ ᠺᠠᠷᠲ᠎ᠢ ᠬᠡᠷᠡᠭ᠌ᠯᠡᠬᠦ᠌ ᠶᠠᠪᠤᠴᠠ ᠲᠤᠮᠳᠠ ᠠᠷᠠᠳ ᠣᠯᠠᠨ᠎ᠢ ᠨᠠᠩ ᠢᠯᠡᠭᠦᠸ᠋ ᠬᠦᠷᠲᠡᠮᠵᠢ᠎ᠶ᠋ᠢᠨ ᠲᠥᠷᠥᠭ᠌ᠳᠡᠯ᠂  ᠵᠢᠷᠭᠠᠯᠲᠤ ᠲᠥᠷᠥᠭ᠌ᠳᠡᠯ᠎ᠲᠡᠶ ᠪᠣᠯᠭᠠᠵᠠᠶ᠃ 1 ᠰᠠᠷ᠎ᠠ᠎ᠶ᠋ᠢᠨ 22᠎ᠤ᠋ᠨ ᠡᠳᠦᠷ᠂ ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ ᠪᠠᠰᠠ ᠠᠢᠮᠠᠭ᠎ᠤᠨ ᠳᠣᠲᠣᠷᠠᠬᠢ 8 ᠪᠠᠩᠬᠢ᠎ᠲᠠᠶ ᠠᠷᠠᠳ᠎ᠲᠤ ᠠᠱᠢᠭ ᠬᠦᠷᠲᠡᠭᠡᠬᠦ᠌ ᠮᠠᠯᠴᠢᠨ ᠲᠠᠷᠢᠶᠠᠴᠢᠨ ᠳ᠋ᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ ᠪᠠᠯᠠ ᠮᠥᠩᠭᠥ᠌ ᠲᠠᠷᠬᠠᠭᠠᠬᠤ ᠵᠢ ᠨᠠᠢᠳᠠᠵᠤ ᠣᠷᠣᠯᠠᠨ ᠬᠦᠢᠴᠡᠳᠬᠡᠬᠦ  ᠬᠡᠯᠡᠯᠴᠡᠭᠡᠷ ᠲᠣᠭ᠍ᠲᠠᠵᠤ᠂ ᠬᠢᠩᠭᠠᠨ ᠠᠢᠮᠠᠭ᠎ᠤᠨ ᠲᠠᠰ ᠳᠡᠪᠱᠢᠭᠦᠯᠬᠦ᠌ ᠬᠠᠮᠢᠶᠠᠷᠤᠯᠲᠠ᠎ᠶ᠋ᠢᠨ ᠠᠵᠢᠯ᠎ᠢ ᠨᠠᠢᠳᠠᠪᠤᠷᠢᠵᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠵᠡᠶ᠃

《ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠭᠠᠷ ᠤᠳᠠᠰᠤᠨ᠎ᠤ ᠴᠠᠬᠢᠮ ᠮᠡᠳᠡᠬᠡ ᠪᠡᠷ ᠮᠡᠳᠡᠭ᠌ᠳᠡᠭ᠌ᠰᠡᠨ ᠰᠠᠭᠤᠷᠢᠨ ᠳᠡᠭᠡᠷ᠎ᠡ᠂ ᠬᠢᠩᠭᠠᠨ ᠠᠢᠮᠠᠭ ᠪᠠᠰᠠ 〈 ᠪᠦᠷᠢᠨ ᠴᠢᠳᠠᠮᠵᠢᠲᠦ ᠺᠠᠷᠲ 〉 ᠎ᠤ᠋ᠨ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠮᠡᠳᠡᠭ᠌ᠳᠡᠬᠦ᠌ ᠭᠠᠷ ᠤᠳᠠᠰᠤᠨ᠎ᠤ ᠴᠠᠬᠢᠮ ᠮᠡᠳᠡᠬᠡ᠎ᠶ᠋ᠢ ᠵᠡᠷᠭᠡ᠎ᠪᠡᠷ ᠶᠠᠪᠤᠭᠤᠯᠳᠠᠭ᠂ ᠣᠳᠣᠬᠠᠨ᠎ᠳᠤ ᠲᠦᠴᠢᠦᠸᠠᠨ ᠱᠢᠶᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠲᠤᠷᠱᠢᠯᠲᠠ ᠬᠢᠭᠡᠳ ᠠᠮᠵᠢᠯᠲᠠ ᠣᠯᠤᠭ᠍ᠰᠠᠨ ᠪᠥᠭᠡᠳ ᠪᠥᠬᠥ᠌ ᠠᠢᠮᠠᠭ᠎ᠤᠨ ᠬᠡᠪᠴᠢᠶᠡᠨ᠎ᠳᠦ ᠳᠡᠯᠭᠡᠷᠡᠭᠦᠯᠵᠦ᠍ ᠪᠠᠢᠨ᠎ᠠ》᠃ ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠰᠠᠯᠠᠭᠠᠨ᠎ᠤ ᠳᠠᠷᠤᠭ᠎ᠠ ᠮᠠ ᠹᠠᠩ ᠢᠦᠶ᠂ ᠮᠠᠨ᠎ᠦ  ᠲᠣᠪᠴᠢᠶ᠎ᠠ ᠲᠠᠷᠢᠶᠠᠨ ᠭᠠᠵᠠᠷ᠎ᠤᠨ ᠭᠠᠵᠠᠷ᠎ᠤᠨ ᠬᠦᠴᠦᠨ᠎ᠦ ᠬᠠᠮᠠᠭᠠᠯᠠᠯᠲᠠ᠎ᠶ᠋ᠢᠨ ᠨᠥᠬᠥᠪᠥᠷᠢ᠂ ᠲᠠᠷᠢᠶᠠᠯᠠᠩ᠎ᠤᠨ ᠮᠠᠱᠢᠨ ᠬᠤᠳᠠᠯᠳᠤᠨ ᠠᠪᠬᠤ ᠪᠠ ᠬᠡᠷᠡᠭ᠌ᠯᠡᠬᠦ᠌ ᠨᠥᠬᠥᠪᠥᠷᠢ᠂ ᠬᠠᠷ᠎ᠠ ᠬᠥᠷᠥᠰᠥ᠎ᠶ᠋ᠢᠨ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠬᠤ ᠠᠵᠢᠯ᠎ᠤᠨ ᠨᠥᠬᠥᠪᠥᠷᠢ ᠂ ᠲᠠᠷᠢᠶᠠᠨ ᠭᠠᠵᠠᠷ᠎ᠢ ᠭᠦᠨ ᠤᠷᠪᠠᠭᠤᠯᠵᠤ ᠰᠤᠯᠠᠷᠠᠭᠤᠯᠬᠤ ᠠᠵᠢᠯ᠎ᠤᠨ ᠨᠥᠬᠥᠪᠥᠷᠢ  ᠵᠡᠷᠭᠡ ᠳᠥᠷᠪᠡᠨ ᠵᠦᠶ᠋ᠯ᠎ᠦᠨ ᠨᠥᠬᠥᠪᠥᠷᠢ᠎ᠶ᠋ᠢ ᠲᠠᠰ ᠳᠡᠪᠱᠢᠭᠦᠯᠦᠨ ᠬᠠᠮᠢᠶᠠᠷᠴᠤ᠌᠂ ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ᠎ᠡᠴᠡ ᠨᠥᠬᠥᠪᠥᠷᠢ ᠤᠯᠬᠤ ᠡᠲᠡᠭᠡᠳ᠎ᠦᠨ ᠲᠠᠩᠰᠠᠨ ᠡᠷᠦᠬᠡ᠎ᠳᠦ ᠱᠢᠭᠤᠳ ᠦᠭᠴᠤ ᠲᠠᠷᠬᠠᠭᠠᠨ᠂ ᠨᠥᠬᠥᠪᠥᠷᠢ ᠎ᠶ᠋ᠢ ᠴᠠᠭ ᠲᠤᠬᠠᠶ᠎ᠳᠤᠨᠢ ᠲᠣᠭ᠎ᠠ ᠶᠣᠰᠣᠭᠠᠷ ᠨᠢ ᠮᠠᠯᠴᠢᠨ ᠲᠠᠷᠢᠶᠠᠴᠢᠳ ᠲᠸ᠋ ᠣᠯᠭᠣᠬᠤ᠎ᠶ᠋ᠢ ᠦᠨᠡᠨ ᠬᠦ᠌ ᠪᠠᠲᠤᠯᠠᠨ᠎ᠠ ᠭᠡᠵᠦ ᠢᠯᠡᠷᠭᠡᠢᠯᠡᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号