《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠦᠮᠦᠵᠢᠯ ᠦᠢᠯᠡᠳᠦᠯᠬᠡ᠎ᠶᠢᠨ ᠳᠤᠬᠠᠢ ᠰᠢᠷᠢᠰ ᠮᠡᠳᠡᠭᠡᠯᠡᠯ ①
ᠨᠠᠢᠷᠠᠭᠤᠯᠤᠬᠴᠢ᠎ᠶᠢᠨ ᠦᠬᠡ᠄
ᠮᠠᠨ᠎ᠤ ᠤᠷᠤᠨ᠎ᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠬᠡ᠎ᠶᠢ ᠰᠤᠨᠤᠰᠴᠤ᠂ ᠨᠠᠮ᠎ᠢᠶᠡᠨ ᠲᠠᠭᠠᠨ ᠤᠷᠤᠬᠰᠢᠯᠠᠬᠤ》 ᠭᠤᠤᠯ ᠰᠡᠳᠦᠪᠲᠦ ᠬᠦᠮᠦᠵᠢᠯ ᠦᠢᠯᠡᠳᠦᠯᠬᠡ᠎ᠶᠢᠨ ᠠᠵᠢᠯᠯᠠᠭ᠎ᠠ ᠨᠢᠳᠤᠨᠤᠨ᠎ᠤ 12 ᠰᠠᠷ᠎ᠠ ᠡᠴᠡ ᠡᠬᠢᠯᠡᠨ ᠤᠳᠤ ᠶᠠᠭ ᠡᠷᠴᠢᠮ ᠲᠠᠢ ᠶᠠᠪᠤᠬᠳᠠᠵᠦ ᠪᠠᠢᠨ᠎ᠠ᠃
ᠶᠡᠷᠦᠩᠬᠡᠢ ᠱᠦᠵᠢ ᠰᠢ᠎ᠶᠢᠨ ᠫᠢᠩ ᠭᠣᠣᠯ ᠰᠡᠳᠦᠪᠲᠦ ᠬᠥᠮᠦᠵᠢᠯ᠎ᠦᠨ ᠳ᠋ᠦᠩᠨᠠᠯᠲᠠ᠎ᠶᠢᠨ ᠮᠡᠳᠡᠬᠦᠯᠦᠯᠲᠡ ᠪᠠ ᠭᠤᠤᠯ ᠰᠡᠳᠦᠪᠲᠦ ᠬᠦᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠰᠠᠨᠠᠯ᠎ᠢ ᠬᠢᠨᠠᠨ ᠵᠦᠪᠯᠡᠬᠦ ᠳ᠋ᠡᠭᠡᠨ 《ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠬᠡᠵᠦ᠂ ᠰᠠᠨᠠᠯ᠎ᠤᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠬᠤᠵᠤ᠂ ᠤᠷᠲᠤ ᠬᠤᠭᠤᠴᠠᠭᠠᠨ᠎ᠤ ᠪᠦᠲᠦᠮᠵᠢᠲᠡᠶ ᠲᠣᠭᠲᠠᠴᠠ ᠶ᠋ᠢ ᠪᠤᠶ ᠪᠣᠯᠭᠠᠬᠤ ᠬᠡᠷᠡᠭᠲᠡᠢ》ᠭᠡᠬᠦ ᠲᠣᠳᠣᠷᠬᠠᠢ ᠱᠠᠭᠠᠷᠳᠠᠯᠭ᠎ᠠ ᠳᠤᠷᠠᠳᠪᠠ᠃ ᠮᠠᠨ᠎ᠤ ᠤᠷᠤᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ ᠬᠢᠨ ᠭᠤᠤᠯ ᠰᠡᠳᠦᠪᠲᠦ ᠬᠦᠮᠦᠵᠢᠯ᠎ᠤᠨ ᠦᠷ᠎ᠡ ᠪᠦᠲᠦᠭᠡᠯ᠎ᠢ ᠪᠡᠬᠢᠵᠢᠬᠦᠯᠦᠨ ᠦᠷᠭᠡᠳᠭᠡᠬᠦ ᠵᠢᠨ ᠲᠤᠭᠤᠷᠢᠨ᠎ᠳᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠬᠡ᠎ᠶᠢ ᠰᠤᠨᠤᠰᠴᠤ᠂ ᠨᠠᠮ᠎ᠢᠶᠡᠨ ᠲᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠶ᠋ᠢᠨ ᠠᠵᠢᠯᠯᠠᠭ᠎ᠠ᠎ᠶᠢ ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠤᠯᠠᠨ ᠲᠦᠮᠡᠨ᠎ᠤ ᠳᠤᠮᠲᠠᠬᠦᠨᠵᠡᠬᠡᠢ ᠦᠷᠨᠢᠬᠦᠯᠵᠦ᠂ ᠣᠯᠠᠨ ᠲᠦᠮᠡᠨ᠎ᠦ ᠳᠡᠷᠭᠡᠳᠡᠬᠢ ᠶᠠᠪᠤᠳᠠᠯ᠎ᠢᠶᠠᠷ ᠶᠣᠰᠣ᠌ ᠤᠴᠢᠷ᠎ᠢ ᠲᠣᠳᠣᠷᠬᠠᠢᠯᠠᠵᠤ᠂ ᠮᠠᠨ᠎ᠤ ᠤᠷᠤᠨ᠎ᠤ ᠬᠥᠭᠵᠢᠯᠲᠡ ᠪᠠ ᠬᠤᠪᠢᠷᠠᠯᠲᠠ᠎ᠶᠢ ᠤᠬᠠᠭᠤᠯᠵᠤ᠂ ᠭᠤᠤᠯ ᠰᠡᠳᠦᠪᠲᠦ ᠬᠦᠮᠦᠵᠢᠯ᠎ᠤᠨ ᠦᠷ᠎ᠡ ᠪᠦᠲᠦᠭᠡᠯ᠎ᠢ ᠬᠦᠨᠵᠡᠬᠡᠢᠷᠡᠬᠦᠯᠦᠨ ᠪᠤᠲᠠᠲᠠᠢᠵᠢᠭᠤᠯᠵᠦ ᠪᠤᠢ᠃
ᠪᠢᠳᠡ ᠲᠤᠰ ᠬᠤᠭᠤᠴᠠᠭ᠎ᠠ ᠡᠴᠡ ᠡᠬᠢᠯᠡᠨ 《ᠨᠠᠮ᠎ᠤᠨ ᠲᠤᠭ᠎ᠤᠨ ᠨᠠᠮᠢᠷᠠᠭ᠎ᠠ》ᠲᠤᠰᠬᠠᠢ ᠪᠤᠯᠤᠩ ᠳ᠋ᠠᠭᠠᠨ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠬᠡ᠎ᠶᠢ ᠰᠤᠨᠤᠰᠴᠤ᠂ ᠨᠠᠮ᠎ᠢᠶᠡᠨ ᠲᠠᠭᠠᠨ ᠤᠷᠤᠬᠰᠢᠯᠠᠬᠤ》 ᠤᠯᠠᠨ ᠲᠦᠮᠡᠨᠴᠢ ᠬᠦᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠤᠬᠠᠭᠤᠯᠤᠨ ᠲᠠᠢᠯᠪᠤᠷᠢᠯᠠᠯᠲᠠ ᠵᠢ ᠲᠤᠭᠤᠰᠢᠲᠠᠢ ᠨᠠᠢᠳᠠᠪᠤᠷᠢᠵᠢᠭᠤᠯᠤᠭᠰᠠᠨ᠂ ᠠᠰᠠᠭᠤᠳᠠᠯ᠎ᠢ ᠪᠣᠳᠠᠲᠠᠢ ᠰᠢᠢᠳᠪᠦᠷᠢᠯᠡᠭᠰᠡᠨ᠂ ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ᠎ᠶᠢ ᠨᠠᠷᠢᠯᠢᠭ᠋ ᠬᠡᠷᠡᠭᠵᠢᠭᠦᠯᠦᠭᠰᠡᠨ ᠵᠡᠷᠭᠡ ᠪᠠᠢᠳᠠᠯ᠎ᠢ ᠰᠢᠷᠢᠰ ᠮᠡᠳᠡᠭᠡᠯᠡᠯ᠎ᠤᠨ ᠬᠡᠯᠪᠡᠷᠢ ᠪᠡᠷ ᠨᠡᠢᠲᠡᠯᠡᠵᠦ᠂ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠨᠠᠨᠳᠢᠨ ᠲᠤᠷᠰᠢᠯᠭ᠎ᠠ᠂ ᠪᠤᠲᠠᠲᠠᠢ ᠦᠷ᠎ᠡ ᠪᠦᠲᠦᠮᠵᠢ᠎ᠶᠢ ᠤᠩᠰᠢᠬᠴᠢ ᠲᠠ ᠨᠠᠷ ᠲᠠᠭᠠᠨ ᠬᠠᠩᠭᠠᠬᠤ ᠪᠤᠯᠤᠨ᠎ᠠ᠃
ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠭᠣᠣᠯᠯᠠᠨ ᠡᠷᠭᠢᠯᠡᠵᠦ᠂ ᠡᠯ᠎ᠡ ᠱᠠᠲᠤᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠬᠣᠯᠪᠤᠭᠠᠯᠠᠨ ᠬᠥᠳᠡᠯᠦᠯᠴᠡᠵᠦ᠂ ᠬᠠᠮᠢᠶ᠎ᠠ ᠪᠦᠬᠦᠢ ᠠᠵᠤ ᠠᠬᠤᠢᠯᠠᠯ ᠬᠠᠮᠲᠤ᠎ᠪᠠᠷ ᠣᠷᠣᠯᠴᠠᠭᠰᠠᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠵᠢᠴᠢ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠢᠯᠠᠭᠠᠯᠲᠠ》 ᠵᠢᠨ ᠲᠣᠭᠣᠷᠢᠨ ᠦᠵᠡᠭᠦᠯᠭᠡ ᠪᠤᠭᠤᠲᠤ ᠬᠣᠲᠠ᠎ᠳᠤ ᠶᠠᠪᠤᠭᠳᠠᠪᠠ᠃
ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ᠎ᠪᠡᠷ ᠭᠣᠣᠯ ᠰᠢᠵᠢᠮ ᠪᠣᠯᠭᠠᠵᠤ᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠪᠠᠷ ᠭᠣᠣᠯ ᠬᠡᠯᠪᠡᠷᠢ ᠪᠣᠯᠭᠠᠨ ᠲᠣᠭᠣᠷᠢᠨ ᠦᠵᠡᠭᠦᠯᠭᠡ ᠬᠢᠵᠦ᠂ ᠲᠥᠷᠥ᠎ᠶᠢᠨ ᠪᠣᠳᠣᠯᠭ᠎ᠠ ᠵᠢᠨ ᠤᠬᠠᠭᠤᠯᠭ᠎ᠠ᠂ ᠮᠡᠷᠭᠡᠵᠢᠯ ᠬᠦᠷᠭᠡᠬᠦ ᠦᠢᠯᠡᠴᠢᠯᠡᠭᠡᠨ᠎ᠦ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ᠂ ᠲᠤᠰᠬᠠᠢ ᠰᠡᠳᠦᠪᠲᠦ ᠲᠠᠢᠯᠤᠮᠵᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠯ᠎ᠦᠨ ᠲᠠᠨᠢᠯᠴᠠᠭᠤᠯᠭ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠭᠣᠣᠯ ᠰᠡᠳᠦᠪᠲᠦ ᠤᠯᠠᠭᠠᠨᠮᠥ᠋ᠴᠢᠷ᠎ᠦᠨ ᠲᠣᠭᠯᠠᠯᠲᠠ᠂ ᠬᠤᠪᠢᠰᠬᠠᠯ᠎ᠤᠨ ᠣᠷᠳᠣᠨ ᠲᠠᠯᠠᠪᠠᠢ᠎ᠶᠢᠨ ᠲᠤᠬᠠᠢ᠎ᠶᠢᠨ ᠲᠠᠯᠠᠪᠤᠷ᠎ᠤᠨ ᠵᠢᠭᠠᠨ ᠰᠤᠷᠭᠠᠯᠲᠠ᠂ ᠮᠡᠳᠡᠭᠡ ᠵᠠᠩᠭᠢᠵᠢᠯᠲᠠ᠎ᠶᠢᠨ ᠬᠣᠰᠢᠭᠤᠷᠠᠯ ᠮᠡᠷᠭᠡᠵᠢᠯ᠎ᠦᠨ ᠲᠠᠢᠯᠤᠮᠵᠢ ᠵᠢᠴᠢ ᠬᠠᠮᠢᠶ᠎ᠠ ᠪᠦᠬᠦᠢ ᠬᠠᠯᠠᠭᠤᠨ ᠰᠡᠳᠬᠢᠯᠲᠦ ᠠᠵᠤ ᠠᠬᠤᠢᠯᠠᠯ᠎ᠤᠨ ᠬᠠᠨᠳᠢᠪᠯᠡᠯ ᠵᠡᠷᠭᠡ ᠠᠭᠤᠯᠭ᠎ᠠ᠎ᠶᠢ ᠪᠠᠭᠲᠠᠭᠠᠵᠦ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠦ ᠰᠣᠨᠣᠰᠴᠤ ᠣᠢᠯᠠᠭᠠᠬᠤ᠂ ᠬᠦᠯᠢᠶᠡᠨ ᠠᠪᠴᠤ ᠳᠡᠶ᠋ᠢᠯᠬᠦ ᠪᠣᠷᠣᠭᠵᠢᠭᠤᠨ ᠦᠭᠡ ᠶᠠᠷᠢᠶ᠎ᠠ ᠪᠠ ᠴᠢᠩ ᠦᠨᠡᠨᠴᠢ ᠬᠠᠢᠷ᠎ᠠ ᠰᠡᠳᠬᠢᠯᠭᠡ᠎ᠪᠡᠷ ᠨᠠᠮ᠎ᠤᠨ ᠰᠢᠨ᠎ᠡ᠎ᠶᠢ ᠡᠬᠦᠳᠦᠭᠰᠡᠨ ᠤᠨᠤᠯ᠂ ᠲᠦᠷᠦ᠎ᠶᠢᠨ ᠪᠣᠳᠣᠯᠭ᠎ᠠ᠎ᠶᠢ ᠤᠬᠠᠭᠤᠯᠵᠦ᠂ ᠤᠯᠠᠨ ᠲᠦᠮᠡᠨ᠎ᠳᠦ ᠨᠢᠭᠡᠨ ᠤᠳᠠᠭᠠᠨ᠎ᠤ ᠡᠯᠪᠡᠭ ᠪᠠᠶᠠᠯᠢᠭ᠋《ᠰᠣᠶᠣᠯ᠎ᠤᠨ ᠲᠠᠩᠰᠤᠭ ᠬᠣᠭᠣᠯᠠ》 ᠢ᠋ᠢ ᠬᠦᠷᠭᠡᠪᠡ᠃
ᠤᠬᠠᠭᠤᠯᠤᠨ ᠲᠠᠢᠯᠪᠤᠷᠢᠯᠠᠯᠲᠠ᠎ᠶᠢ ᠨᠠᠢᠳᠠᠪᠤᠷᠢᠵᠢᠭᠤᠯᠬᠤ ᠲᠠᠯ᠎ᠠ ᠪᠡᠷ᠂ ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ ᠪᠠ ᠦᠨᠳᠦᠰᠦᠲᠡᠨ᠎ᠦ ᠬᠡᠷᠡᠭ ᠡᠷᠭᠢᠯᠡᠬᠦ ᠵᠦᠪᠯᠡᠯ ᠬᠠᠮᠲᠤᠷᠠᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠶᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠤᠯ᠎ᠤᠨ ᠨᠠᠮ᠎ᠤᠨ ᠬᠣᠷᠢᠶ᠎ᠠ᠎ᠶᠢᠨ ᠭᠡᠰᠢᠭᠦᠨ᠂ ᠬᠦᠷᠢᠶᠡᠯᠡᠩ᠎ᠦᠨ ᠳᠠᠷᠤᠭ᠎ᠠ ᠯᠢ ᠴᠦᠨ ᠯᠢᠨ ᠫᠷᠤᠹᠸᠰᠰᠤᠷ 《〈ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ〉ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》ᠭᠡᠬᠦ ᠰᠡᠳᠦᠪ᠎ᠢᠶᠡᠷ ᠤᠬᠠᠭᠤᠯᠤᠨ ᠲᠠᠢᠯᠪᠤᠷᠢᠯᠠᠯᠲᠠ ᠬᠢᠵᠦ᠂ ᠨᠠᠷᠢᠨ ᠪᠣᠳᠠᠲᠠᠢ ᠰᠢᠭᠤᠳ ᠦᠵᠡᠭᠦᠯᠭᠡ ᠶ᠋ᠢᠨ ᠲᠡᠦᠬᠡᠨ ᠮᠠᠲᠧᠷᠢᠶᠠᠯ ᠪᠠ ᠪᠣᠳᠠᠲᠤ ᠵᠢᠱ᠌ᠢᠶ᠎ᠡ᠎ᠪᠡᠷ《ᠵᠢᠷᠭᠤᠭᠠᠨ ᠥᠭᠦᠯᠡᠪᠦᠷᠢ》 ᠵᠢᠨ ᠪᠠᠶᠠᠯᠢᠭ᠋ ᠠᠭᠤᠯᠤᠬᠳᠠᠬᠤᠨ ᠢ᠋ ᠲᠣᠳᠣᠷᠬᠠᠢᠯᠠᠨ ᠥᠭᠦᠯᠡᠪᠡ᠃ ᠡᠬᠦᠨ᠎ᠤ ᠬᠠᠮᠳᠦ 《ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠠᠨᠠᠯ》 ᠳ᠋ᠤ ᠠᠭᠤᠯᠤᠭᠳᠠᠵᠤ ᠪᠠᠢᠭ᠎ᠠ ᠨᠠᠮ᠎ᠤᠨ ᠲᠥᠪ ᠬᠣᠷᠢᠶ᠎ᠠ᠎ᠶᠢᠨ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠠᠯᠠᠮᠵᠢᠯᠠᠵᠤ ᠪᠠᠢᠬᠤ᠂ ᠥᠪᠥᠷ ᠮᠣᠩᠭᠣᠯ᠎ᠤᠨ ᠬᠥᠭᠵᠢᠯᠲᠡ᠎ᠳᠦ ᠲᠠᠯᠪᠢᠵᠤ ᠪᠠᠢᠭ᠎ᠠ ᠴᠢᠩ ᠰᠡᠳᠬᠢᠯ᠎ᠦᠨ ᠬᠦᠰᠡᠯ ᠡᠷᠡᠮᠡᠯᠵᠡᠯ᠎ᠢ ᠲᠣᠳᠣᠷᠬᠠᠢᠯᠠᠨ ᠥᠭᠦᠯᠡᠭᠰᠡᠨ ᠪᠠᠢᠨ᠎ᠠ᠃ ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠶᠢ ᠦᠪᠡᠷᠲᠡᠭᠡᠨ ᠵᠠᠰᠠᠬᠤ ᠤᠷᠤᠨ᠎ᠤ ᠭᠤᠤᠯ ᠬᠤᠷᠠᠯ᠎ᠤᠨ ᠲᠠᠯᠠᠪᠤᠷ ᠪᠠ ᠠᠢᠮᠠᠭ ᠬᠤᠲᠠ᠎ᠶᠢᠨ ᠬᠤᠪᠢᠶᠠᠷᠢ ᠬᠤᠷᠠᠯ᠎ᠤᠨ ᠲᠠᠯᠠᠪᠤᠷ᠎ᠲᠤ ᠲᠤᠬᠢᠷᠠᠭᠤᠯᠵᠦ᠂ ᠬᠤᠪᠢᠶᠠᠷᠢ ᠬᠤᠷᠠᠯ᠎ᠤᠨ ᠲᠠᠯᠠᠪᠤᠷ ᠨᠢ ᠸᠢᠳᠢᠣ᠋ ᠬᠤᠷᠠᠯ᠎ᠤᠨ ᠬᠡᠯᠪᠡᠷᠢ ᠪᠡᠷ ᠶᠠᠪᠤᠬᠳᠠᠪᠠ᠃
ᠲᠤᠰ ᠤᠳᠠᠭᠠᠨ᠎ᠤ ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠳᠠ ᠵᠢᠨ ᠠᠵᠢᠯᠯᠠᠭ᠎ᠠ ᠨᠢ ᠡᠨᠡ ᠵᠢᠯ᠎ᠤᠨ 3 ᠰᠠᠷ᠎ᠠ᠎ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠤᠬᠠᠭᠤᠯᠤᠨ ᠲᠠᠢᠯᠪᠤᠷᠢᠯᠠᠬᠤ ᠪᠦᠯᠬᠦᠮ᠎ᠢ 6 ᠰᠠᠯᠪᠤᠷᠢ ᠠᠩᠭᠢ ᠬᠤᠪᠢᠶᠠᠵᠤ᠂ ᠲᠤᠰ ᠲᠤᠰ 12 ᠠᠢᠮᠠᠭ ᠬᠣᠲᠠ᠎ᠳᠤ ᠬᠦᠷᠴᠦ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠂ ᠨᠡᠢᠭᠡᠮ ᠲᠣᠭᠣᠷᠢᠭ᠋᠂ ᠭᠠᠴᠠᠭ᠎ᠠ ᠲᠣᠰᠬᠣᠨ᠂ ᠠᠯᠪᠠᠨ ᠪᠠᠢᠭᠤᠯᠭ᠎ᠠ᠂ ᠰᠤᠷᠭᠠᠭᠤᠯᠢ᠂ ᠠᠵᠤ ᠠᠬᠤᠢᠯᠠᠯ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠠᠳᠠᠯᠢ ᠪᠤᠰᠤ ᠬᠦᠯᠢᠶᠡᠨ ᠠᠪᠤᠭ᠍ᠴᠢᠳ᠎ᠲᠤ ᠴᠢᠭᠯᠡᠭᠦᠯᠦᠨ ᠤᠬᠠᠭᠤᠯᠤᠨ ᠲᠠᠢᠯᠪᠤᠷᠢᠯᠠᠵᠤ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠦ ᠰᠣᠨᠣᠰᠴᠤ ᠣᠢᠯᠠᠭᠠᠬᠤ᠂ ᠬᠦᠯᠢᠶᠡᠨ ᠠᠪᠴᠤ ᠳᠡᠶ᠋ᠢᠯᠬᠦ ᠪᠣᠷᠣᠭᠵᠢᠭᠤᠨ ᠬᠡᠯᠡ ᠬᠡᠯᠡᠯᠭᠡ ᠪᠠ ᠴᠢᠩ ᠦᠨᠡᠨᠴᠢ ᠬᠠᠢᠷ᠎ᠠ ᠰᠡᠳᠬᠢᠯᠭᠡ᠎ᠪᠡᠷ ᠳᠡᠷᠭᠡᠳᠡᠬᠢ ᠬᠦᠮᠦᠰ᠎ᠤᠨ ᠬᠠᠮᠤᠭ᠎ᠤᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠶ᠋ᠢ ᠤᠯᠠᠨ ᠲᠦᠮᠡᠨ᠎ᠤ ᠰᠡᠳᠬᠢᠯ᠎ᠳᠦ ᠦᠨᠡᠨᠬᠦ ᠬᠠᠳᠠᠩᠰᠢᠭᠤᠯᠵᠤ᠂ ᠨᠠᠮ᠎ᠤᠨ ᠭᠡᠰᠢᠭᠦᠨ ᠺᠠᠳ᠋ᠷ ᠪᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠦᠵᠡᠯ ᠰᠠᠨᠠᠭᠠᠨ᠎ᠤ ᠲᠠᠯ᠎ᠠ ᠪᠡᠷ ᠣᠯᠣᠯᠲᠠ᠎ᠲᠠᠢ᠂ ᠤᠶᠤᠨ ᠰᠠᠨᠠᠭᠠᠨ᠎ᠤ ᠲᠠᠯ᠎ᠠ ᠪᠡᠷ ᠤᠢᠯᠠᠭᠠᠯᠳᠠ᠎ᠲᠠᠢ ᠪᠣᠯᠭᠠᠵᠤ᠂ ᠤᠬᠠᠭᠤᠯᠤᠨ ᠲᠠᠢᠯᠪᠤᠷᠢᠯᠠᠬᠤ ᠦᠷ᠎ᠡ ᠪᠦᠲᠦᠮᠵᠢ᠎ᠶᠢ ᠬᠠᠮᠤᠭᠶᠡᠬᠡ ᠬᠡᠪᠴᠢᠶᠡᠨ᠎ᠳᠤ ᠬᠦᠷᠲᠡᠯ᠎ᠡ ᠦᠷᠭᠡᠳᠭᠡᠬᠦ ᠪᠡᠷ ᠬᠦᠴᠦᠯᠡᠨ ᠴᠢᠷᠮᠠᠢᠪᠠ᠃
ᠤᠷᠴᠢᠮᠬᠠᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ᠎ᠤ ᠪᠠᠲᠤᠯᠠᠭ᠎ᠠ᠎ᠶᠢᠨ ᠲᠣᠪᠴᠢᠶ᠎ᠠ 2024 ᠣᠨ᠎ᠤ 1 ᠳ᠋ᠤᠭᠡᠷ ᠬᠤᠭᠤᠴᠠᠭᠠᠨ᠎ᠤ 《ᠰᠤᠷᠤᠯᠴᠠᠯᠭ᠎ᠠ᠎ᠶᠢᠨ ᠬᠢᠴᠢᠶᠡᠯ᠎ᠦᠨ ᠲᠠᠩᠬᠢᠮ》 ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠬᠤᠷᠠᠯ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠦᠢᠯᠡᠳᠦᠯᠭᠡ ᠰᠡᠳᠬᠦᠯ᠎ᠦᠨ ᠬᠣᠷᠢᠶ᠎ᠠ᠎ᠶᠢᠨ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨᠲᠤᠰᠬᠠᠢ ᠰᠡᠳᠦᠪᠲᠦ ᠲᠠᠢᠯᠤᠮᠵᠢ ᠬᠢᠵᠦ᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠤᠤᠯ ᠰᠡᠳᠦᠪ᠎ᠤᠨ ᠲᠤᠭᠤᠷᠢᠨ᠎ᠳᠤ 《〈ᠵᠢᠷᠭᠤᠭᠠᠨ ᠥᠭᠦᠯᠡᠪᠦᠷᠢ〉 ᠵᠢᠨ ᠪᠣᠳᠠᠲᠤ ᠶᠠᠪᠤᠳᠠᠯ ᠪᠠ ᠶᠣᠰᠣ᠌ ᠤᠴᠢᠷ᠎ᠢ ᠭᠦᠨᠵᠡᠭᠡᠢ ᠣᠢᠯᠠᠭᠠᠨ ᠡᠵᠡᠮᠰᠢᠬᠦ》 《ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢᠯᠠᠯ ᠪᠠ ᠬᠦᠰᠡᠯ ᠨᠠᠶ᠋ᠢᠳᠠᠯᠭ᠎ᠠ᠎ᠶᠢ ᠭᠦᠨᠵᠡᠭᠡᠢ ᠣᠢᠯᠠᠭᠠᠬᠤ》 ᠵᠡᠷᠭᠡ ᠲᠠᠯ᠎ᠠ᠎ᠠᠴᠠ ᠰᠢᠰᠲᠧᠮ᠎ᠲᠠᠢ ᠭᠦᠨᠵᠡᠭᠡᠢ ᠲᠠᠢᠯᠪᠤᠷᠢᠯᠠᠯᠲᠠ ᠬᠢᠵᠡᠢ᠃ ᠤᠬᠠᠭᠤᠯᠤᠨ ᠲᠠᠢᠯᠪᠤᠷᠢᠯᠠᠯᠲᠠ᠎ᠶᠢ ᠰᠣᠨᠣᠰᠬᠤ᠎ᠪᠠᠷ ᠳᠠᠮᠵᠢᠨ᠂ ᠤᠯᠠᠨ᠎ᠢᠶᠠᠷ᠎ᠢᠶᠠᠨ᠂ ᠬᠣᠢᠰᠢᠳᠠ ᠨᠡᠩ ᠤᠬᠠᠮᠰᠠᠷ ᠡᠴᠡ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠬᠠᠢᠷ᠎ᠠ ᠬᠠᠯᠠᠮᠵᠢᠯᠠᠯ᠎ᠢ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ 《ᠮᠣᠩᠭᠣᠯ ᠮᠣᠷᠢᠨ᠎ᠤ ᠵᠣᠷᠢᠭ᠋ ᠰᠠᠨᠠᠭ᠎ᠠ》 ᠪᠣᠯᠣᠨ 《ᠤᠮᠠᠷᠠᠲᠤ᠎ᠶᠢᠨ ᠭᠤᠷᠪᠠᠨ ᠤᠷᠤᠨ᠎ᠤ ᠵᠣᠷᠢᠭ᠋ ᠰᠠᠨᠠᠭ᠎ᠠ》᠎ᠶ᠋ᠢ ᠶᠡᠬᠡ ᠪᠡᠷ ᠪᠠᠳᠠᠷᠠᠭᠤᠯᠵᠤ᠂ 《ᠬᠣᠶᠠᠷ ᠶᠡᠬᠡ ᠶᠠᠪᠤᠳᠠᠯ》 ᠢ᠋ ᠰᠠᠢᠲᠤᠷ ᠬᠢᠬᠦ᠎ᠳᠤ ᠦᠢᠯᠡᠴᠢᠯᠡᠭᠡ ᠪᠠᠲᠤᠯᠠᠭ᠎ᠠ ᠬᠠᠩᠭᠠᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠨᠡᠩ ᠤᠯᠠᠨ ᠡᠮᠴᠢᠯᠡᠬᠡᠨ᠎ᠤ ᠪᠠᠲᠤᠯᠠᠭ᠎ᠠ᠎ᠶᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃
《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠦᠭᠰᠡᠨ᠎ᠡᠴᠡ ᠨᠠᠭᠠᠰᠢ᠂ ᠤᠯᠠᠭᠠᠨᠴᠠᠪ ᠬᠤᠳᠠ᠎ᠶᠢᠨ ᠵᠢᠨᠢᠩ ᠲᠣᠭᠣᠷᠢᠭ᠋᠎ᠤᠨ ᠬᠢᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠢ ᠬᠥᠲᠥᠯᠥᠨ ᠳᠠᠭᠠᠭᠤᠯᠵᠤ 《ᠵᠢᠷᠭᠤᠭᠠᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ᠌ ᠤᠴᠢᠷ᠎ᠢ ᠭᠦᠨᠵᠡᠭᠡᠢ ᠲᠠᠨᠢᠭᠤᠯᠵᠤ᠂ ᠤᠬᠠᠭᠤᠯᠭ᠎ᠠ ᠬᠥᠮᠦᠵᠢᠯ᠎ᠢ ᠴᠢᠩᠭᠠᠳᠬᠠᠬᠤ᠎ᠶᠢ ᠤᠯᠠᠨ ᠲᠦᠮᠡᠨ᠎ᠤ ᠲᠠᠷᠢᠬᠢᠨ᠎ᠳᠤ ᠰᠠᠭᠤᠬᠳᠠᠭᠤᠯᠤᠨ ᠰᠡᠳᠬᠢᠯ᠎ᠳᠦ ᠬᠠᠳᠠᠩᠰᠢᠭᠤᠯᠵᠤ ᠠᠵᠢᠯᠯᠠᠭ᠎ᠠ᠎ᠳᠤ ᠢᠯᠡᠷᠡᠬᠦᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠣᠲᠠ᠎ᠶᠢᠨ ᠨᠠᠮ᠎ᠤᠨ ᠬᠣᠷᠢᠶ᠎ᠠ᠎ᠶᠢᠨ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠲᠤᠬᠠᠢ ᠠᠵᠢᠯ᠎ᠤᠨ ᠱᠠᠭᠠᠷᠳᠠᠯᠭ᠎ᠠ ᠶᠣᠰᠣᠭᠠᠷ᠂《ᠵᠢᠨᠢᠩ ᠲᠣᠭᠣᠷᠢᠭ᠎ᠤᠨ〈ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ〉 ᠣᠯᠠᠨ ᠲᠦᠮᠡᠨᠴᠢ ᠬᠥᠮᠦᠵᠢᠯ ᠦᠢᠯᠡᠳᠦᠯᠭᠡ ᠶ᠋ᠢᠨ ᠠᠵᠢᠯᠯᠠᠭ᠎ᠠ ᠶ᠋ᠢ ᠥᠷᠨᠢᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠰᠢᠶᠠᠩ ᠪᠠᠯᠭᠠᠰᠤ(ᠵᠡᠭᠡᠯᠢ ᠭᠤᠳᠤᠮᠵᠢ)᠂ ᠲᠣᠰᠬᠣᠨ(ᠨᠡᠢᠭᠡᠮ ᠲᠣᠭᠣᠷᠢᠭ᠋) ᠤ᠋ ᠬᠠᠷᠢᠯᠴᠠᠬᠤ ᠴᠡᠭ᠎ᠲᠦ ᠭᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠲᠤᠰᠬᠠᠢ ᠰᠡᠳᠦᠪᠲᠦ ᠨᠠᠮ᠎ᠤᠨ ᠬᠢᠴᠢᠶᠡᠯ ᠵᠡᠷᠭᠡ᠎ᠶᠢ 30 ᠭᠠᠷᠤᠢ ᠤᠳᠠᠭ᠎ᠠ ᠡᠷᠬᠢᠯᠡᠵᠦ᠂ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠤᠨ 《ᠵᠢᠷᠭᠤᠭᠠᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ᠌ ᠤᠴᠢᠷ᠎ᠢ ᠰᠠᠢᠲᠤᠷ ᠶᠠᠷᠢᠵᠤ᠂ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠪᠠᠷ ᠤᠯᠤᠰ ᠲᠦᠷᠦ᠎ᠶᠢᠨ ᠵᠢᠯᠣᠭᠣᠳᠤᠯᠭ᠎ᠠ᠎ᠶᠢ ᠴᠢᠩᠭᠠᠳᠬᠠᠪᠠ; ᠵᠢᠨᠢᠩ ᠲᠤᠭᠤᠷᠢᠭ᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ 19 ᠨᠠᠮ (ᠠᠵᠢᠯᠯᠠᠬᠤ) ᠤ᠋ᠨ ᠬᠣᠷᠢᠶ᠎ᠠ ᠠ᠋ᠴᠠ ᠠᠳᠠᠯᠢ ᠳᠠᠪᠲᠠᠮᠵᠢ ᠪᠡᠷ ᠬᠦᠴᠦᠯᠡᠬᠦ᠂ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠤᠯᠠᠨ ᠲᠦᠮᠡᠨ᠎ᠤ ᠪᠦᠯᠬᠦᠮ ᠵᠡᠷᠭᠡ ᠬᠦᠴᠦᠨ ᠢᠳᠡᠪᠬᠢᠲᠡᠢ ᠣᠷᠣᠯᠴᠠᠭᠰᠠᠨ 《1+19+N》 ᠠᠵᠢᠯ᠎ᠤᠨ ᠰᠢᠰᠲᠧᠮ᠎ᠢ ᠪᠠᠢᠭᠤᠯᠤᠨ ᠪᠦᠷᠢᠯᠳᠦᠭᠦᠯᠵᠦ᠂ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠳᠤ ᠴᠢᠩᠭ᠎ᠠ ᠬᠦᠴᠦᠲᠡᠢ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠪᠠ; ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠂ ᠤᠬᠠᠭᠤᠯᠤᠨ ᠲᠠᠢᠯᠪᠤᠷᠢᠯᠠᠬᠤ ᠬᠤᠷᠠᠯ᠎ᠢ 2 ᠤᠳᠠᠭ᠎ᠠ ᠡᠷᠭᠢᠯᠡᠵᠦ᠂ ᠪᠥᠬᠥ ᠣᠷᠣᠨ᠎ᠤ 13000 ᠭᠠᠷᠤᠢ ᠨᠠᠮ᠎ᠤᠨ ᠭᠡᠰᠢᠭᠦᠨ ᠺᠠᠳ᠋ᠷᠴᠤᠳ᠎ᠢ ᠬᠠᠮᠤᠷᠴᠦ᠂ ᠨᠠᠮ᠎ᠤᠨ ᠵᠣᠬᠢᠶᠠᠨ ᠪᠠᠢᠭᠤᠯᠤᠯᠲᠠ ᠵᠢᠴᠢ ᠨᠠᠮ᠎ᠤᠨ ᠭᠡᠰᠢᠭᠦᠨ᠎ᠦ ᠣᠨᠣᠯ᠎ᠤᠨ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨᠴᠢ ᠬᠥᠮᠦᠵᠢᠯ ᠦᠢᠯᠡᠳᠦᠯᠬᠡ᠎ᠶᠢᠨ ᠠᠵᠢᠯᠯᠠᠭ᠎ᠠ᠎ᠶᠢᠨ ᠪᠣᠳᠠᠲᠤ ᠦᠷ᠎ᠡ ᠪᠦᠲᠦᠮᠵᠢ ᠣᠯᠬᠤ᠎ᠶᠢ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠪᠠ᠃
ᠦᠪᠡᠷᠲᠡᠭᠡᠨ ᠵᠠᠰᠠᠬᠤ ᠤᠷᠤᠨ᠎ᠤ ᠣᠯᠠᠨ ᠲᠦᠮᠡᠨᠴᠢ ᠬᠥᠮᠦᠵᠢᠯ ᠦᠢᠯᠡᠳᠦᠯᠭᠡ ᠶ᠋ᠢᠨ ᠠᠵᠢᠯᠯᠠᠭ᠎ᠠ ᠨᠢ ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠤᠯᠠᠨ ᠲᠦᠮᠡᠨ᠎ᠤ ᠳᠤᠮᠲᠠ ᠢᠳᠡ ᠬᠦᠭ ᠲᠠᠢ ᠶᠠᠪᠤᠭᠳᠠᠵᠤ᠂ 《ᠵᠢᠷᠭᠤᠭᠠᠨ ᠵᠦᠢᠯ᠎ᠦᠨ ᠠᠴᠢᠶᠠᠯᠠᠪᠤᠷᠢ》 ᠵᠢ ᠰᠠᠢᠲᠤᠷ ᠬᠡᠷᠡᠭᠯᠡᠨ᠂ ᠣᠯᠠᠨ ᠲᠦᠮᠡᠨ᠎ᠦ ᠳᠡᠷᠭᠡᠳᠡᠬᠢ ᠶᠠᠪᠤᠳᠠᠯ᠂ ᠥᠩᠭᠡᠷᠡᠭᠦᠯᠦᠭᠰᠡᠨ ᠶᠠᠪᠤᠳᠠᠯ᠎ᠢᠶᠠᠷ ᠶᠣᠰᠣ᠌ ᠤᠴᠢᠷ᠎ᠢ ᠲᠣᠳᠣᠷᠬᠠᠢᠯᠠᠵᠤ᠂ ᠮᠠᠨ᠎ᠤ ᠤᠷᠤᠨ᠎ᠤ ᠬᠥᠭᠵᠢᠯᠲᠡ ᠪᠠ ᠬᠤᠪᠢᠷᠠᠯᠲᠠ᠎ᠶᠢ ᠤᠬᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠤ ᠨᠠᠮ᠎ᠤᠨ ᠠᠴᠢ ᠡᠨᠡᠷᠢᠯ᠎ᠢ ᠮᠡᠳᠡᠷᠡᠭᠦᠯᠵᠦ᠂ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃