ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠦᠪᠦᠷ ᠮᠤᠩᠭᠤᠯ ᠤᠨ ᠲᠡᠦᠭᠡᠨ ᠳ᠋ᠤ ᠮᠠᠷᠳᠠᠭᠳᠠᠰᠢ ᠦᠭᠡᠢ ᠲᠡᠮᠳᠡᠭᠯᠡᠭᠳᠡᠨ᠂ ᠪᠥᠬᠥ᠌ ᠤᠯᠤᠰ᠎ᠤᠨ ᠠᠷᠠᠳ ᠲᠦᠮᠡᠨ᠎ᠳᠦ ᠰᠠᠢᠨ ᠰᠠᠢᠬᠠᠨ ᠳᠤᠷᠠᠳᠭᠠᠯ ᠦᠯᠡᠳᠡᠭᠡᠨ᠂ ᠨᠠᠩ ᠴᠤ᠌ ᠥᠪᠥᠷ ᠮᠣᠩᠭᠣᠯ ᠳᠤ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠪᠴᠢᠷᠠᠨ᠂ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ᠎ᠶ᠋ᠢ ᠦᠯᠡᠳᠡᠭᠡᠯ᠎ᠡ᠃
ᠠᠷᠪᠠᠨ ᠲᠦᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ ᠤᠨ ᠴᠤᠭᠯᠠᠭᠠᠨ ᠳ᠋ᠤ ᠣᠯᠠᠨ ᠲᠦᠮᠡᠨᠴᠢ ᠤᠷᠤᠯᠳᠤᠭᠠᠨ ᠢ ᠰᠢᠨ᠎ᠡ ᠪᠡᠷ ᠲᠤᠬᠢᠷᠠᠭᠤᠯᠤᠭᠰᠠᠨ ᠨᠢ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠳᠦ ᠣᠷᠣᠯᠴᠠᠭᠤᠯᠬᠤ》ᠦᠷ᠎ᠡ ᠪᠦᠲᠦᠭᠡᠯ ᠢ ᠪᠡᠬᠢᠵᠢᠭᠦᠯᠦᠨ ᠥᠷᠭᠡᠳᠭᠡᠬᠦ᠌᠎ᠳᠦ ᠠᠱᠢᠭ᠍ᠲᠠᠶ ᠪᠠᠢᠵᠤ᠂ ᠨᠠᠩ ᠥᠨᠳᠥᠷ ᠬᠢᠷᠢ ᠲᠦᠪᠱᠢᠨ ᠪᠥᠬᠥᠶ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ ᠵᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠬᠤ ᠳ᠋ᠤ ᠴᠢᠬᠤᠯᠠ ᠠᠷᠭ᠎ᠠ ᠬᠡᠮᠵᠢᠶ᠎ᠡ ᠬᠠᠩᠭᠠᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠳᠠ᠎ᠳᠤ ᠠᠯᠤᠰ ᠬᠡᠳᠦ ᠵᠢᠨ ᠨᠦᠯᠦᠭᠡ ᠦᠵᠡᠬᠦᠯᠬᠦ ᠪᠤᠯᠤᠨ᠎ᠠ᠃
ᠣᠯᠠᠨ ᠲᠦᠮᠡᠨᠴᠢ ᠤᠷᠤᠯᠳᠤᠭᠠᠨ᠎ᠢ ᠥᠷᠨᠢᠭᠦᠯᠬᠦ᠌᠎ᠶ᠋ᠢᠨ ᠬᠠᠮᠲᠤ᠂ ᠮᠠᠨ᠎ᠤ ᠤᠷᠤᠨ ᠪᠠᠰᠠ ᠨᠠᠩ ᠣᠯᠠᠨ ᠥᠨᠳᠥᠷ ᠪᠠᠷᠢᠮᠵᠢᠶᠠᠲᠤ ᠲᠤᠰᠭᠠᠶ ᠮᠡᠷᠭᠡᠵᠢᠯ ᠦᠨ ᠲᠠᠯᠠᠪᠤᠷ ᠲᠥᠬᠥᠭᠡᠷᠦᠮᠵᠢ᠎ᠶ᠋ᠢ ᠣᠯᠠᠨ ᠲᠦᠮᠡᠨ᠎ᠳᠦ ᠴᠢᠯᠥᠭᠡᠲᠡᠶ ᠨᠡᠭᠡᠭᠡᠬᠦ᠌᠎ᠶ᠋ᠢ ᠠᠬᠢᠭᠤᠯᠵᠤ᠂ ᠣᠯᠠᠨ ᠲᠦᠮᠡᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠤᠷᠤᠯᠴᠠᠬᠤ ᠳ᠋ᠤ ᠨᠠᠩ ᠲᠥᠬᠥᠮ᠂ ᠨᠠᠩ ᠠᠱᠢᠭᠳᠠᠢ ᠨᠦᠬᠦᠴᠡᠯ ᠬᠠᠩᠭᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌᠎ᠪᠡᠷ ᠠᠵᠠ ᠲᠣᠬᠢᠶᠠᠯ ᠪᠣᠯᠭᠠᠵᠤ᠂ ᠮᠠᠨ ᠤ ᠤᠷᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠶᠡᠬᠡᠪᠡᠷ ᠠᠬᠢᠭᠤᠯᠪᠠ᠃ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ ᠦ ᠪᠣᠯᠪᠠᠰᠤᠷᠠᠯ ᠤᠨ ᠲᠥᠪ ᠢ 2019 ᠣᠨ᠎ᠳᠤ ᠪᠠᠢᠭᠤᠯᠤᠭ᠍ᠰᠠᠨ᠎ᠠᠴᠠ ᠨᠠᠭᠠᠰᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠤᠯᠠᠨ ᠨᠡᠢᠲᠡ᠎ᠳᠦ ᠦᠨ᠎ᠡ ᠲᠦᠯᠦᠪᠦᠷᠢ ᠦᠭᠡᠢ᠎ᠪᠡᠷ ᠨᠡᠭᠡᠭᠡᠵᠦ᠍᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠦ ᠮᠥᠰᠥᠨ ᠳᠡᠭᠡᠷᠡᠬᠢ ᠴᠡᠩᠭᠡᠯ᠎ᠦᠨ ᠣᠷᠣᠨ ᠪᠤᠯᠵᠤ᠂ ᠵᠢᠯ ᠪᠦᠷᠢ ᠤᠯᠠᠨ ᠲᠦᠮᠡᠨ᠎ᠢ 10 ᠲᠦᠮᠡᠨ ᠬᠥᠮᠦᠨ ᠤᠳᠠᠭ᠎ᠠ᠎ᠠᠴᠠ ᠳᠡᠭᠡᠭ᠌ᠰᠢ ᠬᠦᠯᠢᠶᠡᠨ ᠠᠪᠴᠦ ᠪᠤᠢ᠃ ᠤᠳᠤ᠂ ᠮᠠᠨ᠎ᠤ ᠤᠷᠤᠨ᠎ᠳᠤ ᠮᠥᠰᠥ᠍ ᠴᠠᠰᠤᠨ᠎ᠤ ᠲᠠᠮᠢᠷ᠎ᠤᠨ ᠲᠠᠯᠠᠪᠤᠷ ᠨᠡᠢᠲᠡ 129 ᠪᠤᠯᠵᠠᠢ᠃ ᠡᠬᠦᠨ ᠳ᠋ᠤ ᠮᠥᠰᠥ᠍ᠨᠳᠤ ᠲᠠᠰᠢᠬᠦ ᠲᠠᠯᠠᠪᠤᠷ 81᠂ ᠴᠡᠨᠡᠯᠡᠯᠲᠡ ᠶᠢᠨ ᠲᠠᠯᠠᠪᠤᠷ 48 ᠪᠤᠢ᠃ ᠡᠭᠦᠨ᠎ᠡᠴᠡ ᠭᠠᠳᠠᠨ᠎ᠠ᠂ ᠡᠯ᠎ᠡ ᠭᠠᠵᠠᠷ᠎ᠤᠨ ᠬᠢᠨ ᠪᠠᠰᠠ ᠴᠡᠴᠡᠷᠯᠢᠭ᠎ᠦᠨ ᠤᠰᠤ ᠲᠠᠢ ᠭᠠᠵᠠᠷ᠂ ᠬᠣᠲᠠ᠎ᠶ᠋ᠢᠨ ᠰᠤᠯᠠ ᠭᠠᠵᠠᠷ ᠵᠡᠷᠭᠡ᠎ᠶ᠋ᠢ ᠭᠦᠶ᠋ᠴᠡᠳ ᠠᠱᠢᠭ᠍ᠯᠠᠨ ᠬᠡᠷ ᠦᠨ ᠭᠠᠳᠠᠨᠠᠬᠢ ᠮᠥᠰᠥ᠍ᠨᠳᠤ ᠲᠡᠰᠢᠬᠦ ᠲᠠᠯᠠᠪᠤᠷ ᠪᠠᠢᠭᠤᠯᠵᠤ᠂ ᠣᠯᠠᠨ ᠲᠦᠮᠡᠨ᠎ᠦ ᠳᠡᠷᠭᠡᠳᠡᠬᠢ ᠮᠥᠰᠥ᠍ ᠴᠠᠰᠤᠨ᠎ᠤ ᠲᠠᠮᠢᠷ᠎ᠤᠨ ᠲᠠᠯᠠᠪᠤᠷ᠎ᠢ ᠪᠠᠢᠭᠤᠯᠵᠤ᠂ ᠬᠥᠮᠦᠰ᠎ᠲᠦ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠠᠪᠤ ᠴᠡᠩᠭᠡᠯ᠎ᠢ ᠭᠦᠶ᠋ᠴᠡᠳ ᠡᠳ᠋ᠯᠡᠭᠦᠯᠵᠦ᠍ ᠪᠠᠢᠨ᠎ᠠ᠃
《 ᠮᠥᠰᠦᠴᠠᠰᠤᠳᠦ ᠲᠠᠯ᠎ᠠ ᠨᠤᠲᠤᠭ ᠴᠦ᠍ ᠠᠯᠲᠠ ᠮᠥᠩᠭᠥᠨ ᠠᠭᠤᠯᠠ 》᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ ᠦᠨ ᠤᠯᠠᠷᠢᠯ ᠤᠨ ᠲᠠᠮᠢᠷ᠎ᠤᠨ ᠴᠤᠭ᠍ᠯᠠᠭᠠᠨ᠎ᠤ ᠠᠵᠠ ᠲᠤᠬᠢᠶᠠᠯ᠎ᠢ ᠠᠰᠢᠭᠯᠠᠨ᠂ ᠮᠠᠨ᠎ᠤ ᠤᠷᠤᠨ 《ᠮᠥᠰᠥ᠍ ᠴᠠᠰᠤ +》 ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ 《ᠮᠥᠰᠥ᠍ ᠴᠠᠰᠤ + ᠰᠣᠶᠣᠯ ᠵᠢᠭᠤᠯᠴᠢᠯᠠᠯ》᠂ 《ᠮᠥᠰᠥ᠍ ᠴᠠᠰᠤ + ᠪᠡᠶ᠎ᠡ᠎ᠶ᠋ᠢᠨ ᠲᠠᠮᠢᠷ》᠂ 《 ᠮᠥᠰᠥ᠍ ᠴᠠᠰᠤ + ᠠᠵᠤ ᠦᠶ᠋ᠯᠡᠰ 》᠂ 《ᠮᠥᠰᠥ᠍ ᠴᠠᠰᠤ + ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 》 ᠵᠡᠷᠭᠡ ᠵᠢ ᠠᠭᠤᠰᠤᠯᠴᠠᠭᠤᠯᠤᠨ ᠬᠥᠭ᠌ᠵᠢᠬᠦᠯᠬᠦ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠶᠡᠬᠡᠪᠡᠷ ᠬᠥᠭ᠌ᠵᠢᠭᠦᠯᠵᠦ᠍ ᠪᠤᠢ᠃
ᠣᠢᠷ᠎ᠠ᠎ᠶ᠋ᠢᠨ ᠵᠢᠯ᠎ᠳᠦ᠂ 《 ᠮᠥᠰᠥ᠍ ᠴᠠᠰᠤ + ᠪᠡᠶ᠎ᠡ᠎ᠶ᠋ᠢᠨ ᠲᠠᠮᠢᠷ 》 ᠢ᠋ᠶ᠋ᠠᠷ ᠳᠡᠮᠵᠢᠨ᠂ ᠮᠠᠨ᠎ᠤ ᠤᠷᠤᠨ ᠳᠠᠪᠠᠭᠤᠯᠢᠭ ᠮᠥᠰᠥ᠍ ᠴᠠᠰᠤᠨ᠎ᠤ ᠤᠷᠤᠯᠳᠤᠭᠠᠨ᠎ᠤ ᠲᠥᠷᠥᠯ ᠵᠦᠶ᠋ᠯ᠎ᠢ ᠶᠡᠬᠡ ᠪᠡᠷ ᠬᠥᠭ᠌ᠵᠢᠭᠦᠯᠵᠦ᠍᠂ ᠮᠥᠰᠥ᠍ ᠴᠠᠰᠤᠨ᠎ᠤ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠬᠠᠨ ᠮᠧᠶ᠂ ᠵᠣᠣ ᠳ᠋ᠠᠨ᠂ ᠴᠥ ᠶᠤᠸᠠᠨ ᠮᠸᠩ᠂ ᠳ᠋ᠢᠩ ᠢᠦᠶ ᠬᠤᠸᠠᠨ ᠵᠡᠷᠭᠡ ᠨᠢᠭᠡ ᠪᠦᠯᠦᠭ ᠱᠢᠯᠢᠳᠡᠭ ᠮᠥᠰᠥ᠍ ᠴᠠᠰᠤᠨ᠎ᠤ ᠲᠠᠮᠢᠷᠴᠢᠨ ᠴᠣᠯᠭᠣᠷᠠᠨ ᠭᠠᠷᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ ᠤᠷᠤᠯᠳᠤᠭᠠᠨ ᠤ ᠲᠠᠯᠠᠪᠤᠷ᠎ᠲᠤ᠂ ᠮᠠᠨ᠎ᠤ ᠣᠷᠣᠨ 216 ᠲᠠᠮᠢᠷᠴᠢᠨ ᠲᠣᠮᠢᠯᠠᠵᠤ᠂ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠥᠬᠥ᠌ ᠵᠦᠶ᠋ᠯ᠎ᠦᠨ ᠤᠷᠤᠯᠳᠤᠭᠠᠨ᠎ᠳᠤ ᠣᠷᠣᠯᠴᠠᠵᠤ᠂ 18 ᠠᠯᠲᠠᠠ ᠮᠧᠳᠠᠯ᠂ 17 ᠮᠥᠩᠬᠦᠨ ᠮᠧᠳᠠᠯ᠂ 24 ᠬᠦᠷᠡᠯ ᠮᠧᠳᠠᠯ ᠣᠯᠤᠭ᠍ᠰᠠᠨ ᠲᠡᠦᠬᠡ᠎ᠶ᠋ᠢᠨ ᠬᠠᠮᠤᠭ᠎ᠤᠨ ᠰᠠᠢᠨ ᠬᠢᠷᠢ ᠪᠦᠲᠦᠮᠵᠢ ᠵᠢ ᠤᠯᠤᠭᠰᠠᠨ ᠨᠢ ᠤᠮᠠᠷᠠᠲᠤ ᠬᠢᠯᠢ᠎ᠶ᠋ᠢᠨ ᠮᠥᠰᠥ᠍ ᠴᠠᠰᠤᠨ᠎ᠤ ᠤᠷᠤᠯᠳᠤᠭᠠᠨ᠎ᠤ ᠪᠣᠳᠠᠲᠤ ᠬᠦᠴᠦᠨ᠎ᠢ ᠪᠦᠬᠦ᠌ ᠲᠠᠯ᠎ᠠ᠎ᠪᠠᠷ ᠢᠯᠡᠷᠡᠭᠦᠯᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠪᠡᠯᠡᠳᠭᠡᠨ ᠡᠷᠭᠢᠯᠡᠬᠦ᠌᠎ᠪᠡᠷ ᠳᠡᠮᠵᠢᠨ᠂ ᠥᠪᠥᠷ ᠮᠣᠩᠭᠣᠯ ᠲᠣᠮᠣ ᠬᠡᠯᠪᠡᠷᠢ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠤᠷᠤᠯᠳᠤᠭᠠᠨ ᠡᠷᠭᠢᠯᠡᠬᠦ᠌ ᠲᠤᠷᠱᠢᠯᠭ᠎ᠠ᠎ᠶ᠋ᠢ ᠬᠤᠷᠠᠮᠳᠤᠭᠤᠯᠵᠤ᠂ ᠪᠥᠬᠥ᠌ ᠤᠯᠤᠰ᠎ᠤᠨ ᠴᠢᠨᠠᠷᠲᠠᠶ ᠠᠵᠢᠯᠯᠠᠭ᠎ᠠ᠎ᠶ᠋ᠢ ᠳᠠᠭᠠᠭᠠᠨ ᠡᠷᠭᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠳᠠᠳᠭᠠᠯ ᠢ ᠪᠤᠢ ᠪᠤᠯᠭᠠᠬᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌᠂ ᠬᠣᠲᠠ᠎ᠶ᠋ᠢᠨ ᠵᠠᠰᠠᠯᠲᠠ᠂ ᠣᠯᠠᠨ ᠨᠡᠢᠲᠡ ᠵᠢᠨ ᠦᠶ᠋ᠯᠡᠴᠢᠯᠡᠭᠡᠨ᠎ᠦ ᠴᠢᠳᠠᠪᠤᠷᠢ᠂ ᠭᠠᠳᠠᠭᠠᠳᠤ᠎ᠯᠤᠭ᠎ᠠ᠎ᠶ᠋ᠢᠨ ᠰᠣᠶᠣᠯ᠎ᠤᠨ ᠰᠣᠯᠢᠯᠴᠠᠭ᠎ᠠ ᠵᠡᠷᠭᠡ ᠲᠠᠯ᠎ᠠ᠎ᠪᠠᠷ ᠪᠦᠷ ᠤᠯᠠᠮ ᠨᠢᠭᠡ ᠠᠯᠬᠤᠮ ᠳᠡᠭᠡᠭ᠌ᠰᠢᠯᠡᠪᠡ᠂ ᠡᠲᠡᠭᠡᠷ᠎ᠨᠢ ᠴᠥᠮ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠷᠬᠢᠮ ᠨᠠᠨᠳᠢᠨ ᠥᠪ ᠬᠥᠷᠥᠩᠭᠡ ᠪᠣᠯᠤᠨ᠎ᠠ᠃