ᠰᠥᠨᠢᠳ ᠵᠡᠭᠦᠨ ᠬᠣᠱᠢᠭᠤᠨ᠎ᠤ ᠳᠠᠯᠠᠢ ᠰᠤᠮᠤ᠎ᠶ᠋ᠢᠨ ᠪᠠᠶᠠᠡᠡᠷᠳᠡᠨᠢ ᠭᠠᠴᠠᠭ᠎ᠠ ᠪᠣᠯ ᠳᠤᠮᠳᠠᠳᠤ ᠮᠣᠩᠭᠣᠯ᠎ᠤᠨ ᠬᠢᠯᠢ ᠶ᠋ᠢᠨ ᠱᠤᠭᠤᠮ᠎ᠳᠠᠬᠢ ᠬᠥᠮᠦᠨ ᠠᠮᠠ ᠰᠡᠢᠷᠡᠭ ᠭᠠᠴᠠᠭ᠎ᠠ ᠪᠣᠯᠤᠨ᠎ᠠ᠃ ᠡᠨᠳᠡ᠂ ᠵᠠᠩ ᠶᠦᠩ ᠴᠢᠩ ᠭᠡᠳᠡᠭ ᠨᠢᠭᠡᠨ ᠬᠢᠯᠢ ᠬᠠᠮᠠᠭᠠᠯᠠᠭ᠍ᠴᠢ ᠡᠷᠡᠰ ᠪᠠᠲᠤ ᠢᠲᠡᠭᠡᠯ ᠵᠣᠷᠢᠭ ᠪᠠ ᠭᠤᠶᠠᠴᠢ ᠦᠭᠡᠢ ᠵᠤᠷᠢᠭᠤᠯᠬᠤ ᠵᠤᠷᠢᠭ ᠰᠠᠨᠠᠭ᠎ᠠ ᠪᠡᠷ ᠡᠬᠡ ᠤᠯᠤᠰ᠎ᠤᠨ ᠵᠢᠡᠨ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠪᠠᠢᠳᠠᠭ᠃ 《ᠨᠠᠮ᠎ᠤᠨ ᠬᠠᠯᠠᠮᠵᠢ ᠪᠠ ᠬᠥᠮᠦᠵᠢᠯ᠎ᠳᠤ ᠲᠠᠯᠠᠷᠬᠠᠵᠤ ᠪᠠᠢᠨ᠎ᠠ᠂ ᠨᠠᠳᠠ᠎ᠳᠤ ᠬᠢᠯᠢ ᠬᠠᠮᠠᠭᠠᠯᠠᠭ᠍ᠴᠢ ᠪᠣᠯᠬᠤ ᠲᠣᠬᠢᠶᠠᠯ ᠤᠯᠭᠤᠯ᠎ᠠ᠃ ᠪᠢ ᠨᠠᠮ᠎ᠤᠨ ᠢᠲᠡᠭᠡᠯ᠎ᠢ ᠬᠥᠰᠡᠷᠳᠡᠭᠦᠯᠬᠦ ᠦᠭᠡᠢ ᠡᠬᠡ ᠤᠯᠤᠰ᠎ᠤᠨ᠎ᠢᠶᠠᠨ ᠨᠤᠳᠤᠭ ᠲᠡᠪᠢᠰᠭᠡᠷ᠎ᠢ ᠰᠠᠢᠲᠤᠷ ᠰᠠᠬᠢᠨ ᠬᠠᠮᠠᠭᠠᠯᠠᠨ᠎ᠠ》 ᠭᠡᠵᠦ᠍ ᠲᠡᠷᠡ ᠦᠷᠬᠦᠯᠵᠢ ᠬᠡᠯᠡᠳᠡᠭ᠃
ᠵᠠᠩ ᠶᠦᠩ ᠴᠢᠩ ᠬᠢᠯᠢ ᠬᠠᠮᠠᠭᠠᠯᠠᠭ᠍ᠴᠢ᠎ᠶ᠋ᠢᠨ ᠲᠤᠱᠢᠶᠠᠯ᠎ᠢ ᠡᠭᠦᠷᠭᠡᠯᠡᠭᠡᠳ 20 ᠭᠠᠷᠤᠢ ᠵᠢᠯ ᠪᠣᠯᠵᠤ ᠪᠤᠢ᠃ ᠤᠳᠠᠭ᠎ᠠ ᠪᠦᠷᠢ ᠲᠣᠭᠣᠷᠢᠨ ᠴᠠᠭ᠍ᠳᠠᠬᠤ᠎ᠳᠠᠭᠠᠨ ᠲᠡᠷᠡ ᠶᠡᠷᠦ ᠨᠢ ᠲᠡᠮᠳᠡᠭ᠌ᠯᠡᠯ᠎ᠦᠨ ᠳᠡᠪᠲᠡᠷ᠎ᠢᠶᠡᠨ ᠠᠪᠴᠤ᠌ ᠶᠠᠪᠤᠳᠠᠭ᠃ ᠨᠠᠮ᠎ᠤᠨ ᠤᠳᠤᠷᠢᠳᠤᠯᠭ᠎ᠠ ᠪᠣᠯ ᠮᠠᠨ᠎ᠤ ᠤᠷᠤᠭ᠍ᠰᠢᠯᠠᠬᠤ ᠴᠢᠭ᠌ᠯᠡᠯ ᠮᠥᠨ᠂ ᠨᠠᠮ᠎ᠤᠨ ᠠᠴᠢᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠬᠤ ᠪᠣᠯ ᠮᠢᠨᠦ᠍ ᠪᠠᠲᠤ ᠴᠢᠩᠭ᠎ᠠ ᠢᠲᠡᠭᠡᠯ ᠵᠣᠷᠢᠭ ᠮᠥᠨ᠃ ᠨᠠᠮ᠎ᠤᠨ ᠠᠴᠢ ᠳ᠋ᠦ ᠲᠠᠯᠠᠷᠬᠠᠵᠤ ᠪᠢ ᠬᠢᠯᠢ ᠬᠢᠵᠠᠭᠠᠷ᠎ᠢ ᠬᠠᠮᠠᠭᠠᠯᠠᠬᠤ ᠦᠢᠯᠡᠰ᠎ᠲᠦ ᠨᠡᠩ ᠡᠷᠡᠰ ᠱᠢᠭᠤᠷᠬᠠᠢ ᠣᠷᠣᠯᠴᠠᠨ᠎ᠠ; ᠨᠠᠮ᠎ᠤᠨ ᠦᠭᠡ᠎ᠶ᠋ᠢ ᠰᠣᠨᠣᠰᠴᠤ ᠪᠢ ᠬᠢᠯᠢ᠎ᠶ᠋ᠢᠨ ᠱᠤᠭᠤᠮ ᠳᠡᠭᠡᠷ᠎ᠡ ᠥᠴᠦᠬᠡᠨ ᠴᠦ᠍ ᠬᠤᠢᠷᠭᠤᠰᠢᠬᠤ ᠦᠭᠡᠢ ᠵᠢᠳᠬᠦᠨ᠎ᠡ; ᠨᠠᠮ᠎ᠢᠶᠠᠨ ᠲᠠᠭᠠᠵᠤ ᠪᠢ ᠡᠬᠡ ᠤᠯᠤᠰ᠎ᠤᠨ ᠬᠢᠯᠢ ᠬᠢᠵᠠᠭᠠᠷ᠎ᠤᠨ ᠠᠮᠤᠷ ᠲᠦᠪᠱᠢᠨ᠎ᠦ ᠲᠥᠯᠥᠭᠡ ᠬᠦᠴᠦᠨ ᠴᠢᠳᠠᠯ᠎ᠢᠶᠠᠨ ᠬᠠᠷᠠᠮ ᠦᠭᠡᠢ ᠡᠷᠭᠦᠨ᠎ᠡ ᠬᠡᠵᠦ ᠲᠠᠷᠠ ᠡᠨᠡᠬᠦ ᠲᠡᠮᠳᠡᠭ᠌ᠯᠡᠯ᠎ᠦᠨ ᠳᠡᠪᠲᠡᠷ᠎ᠤᠨ ᠵᠢᠡᠨ ᠲᠦᠷᠦᠭᠦᠦ ᠨᠢᠭᠤᠷᠲᠤ᠌ ᠪᠢᠴᠢᠵᠠᠢ᠃
ᠵᠠᠩ ᠶᠦᠩ ᠴᠢᠩ ᠡᠴᠡ ᠭᠠᠳᠠᠨ᠎ᠠ᠂ ᠡᠨᠳᠡ ᠪᠠᠰᠠ ᠮᠠᠰᠢ ᠤᠯᠠᠨ ᠬᠢᠯᠢ ᠬᠠᠮᠠᠭᠠᠯᠠᠭ᠍ᠴᠢᠳ ᠪᠣᠳᠠᠲᠤ ᠠᠵᠢᠯᠯᠠᠭ᠎ᠠ ᠪᠠᠷ᠎ᠢᠶᠠᠨ ᠨᠠᠮ᠎ᠤᠨ ᠠᠴᠢ ᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠬᠤ ᠪᠠᠲᠤ ᠴᠢᠩᠭ᠎ᠠ ᠢᠲᠡᠭᠡᠯ ᠵᠣᠷᠢᠭ᠎ᠵᠢᠡᠨ ᠦᠢᠯᠡᠳᠦᠯᠭᠡᠵᠢᠬᠦᠯᠤᠨᠠ᠃ ᠨᠠᠮ᠎ᠤᠨ ᠬᠠᠯᠠᠮᠵᠢ ᠪᠠ ᠬᠥᠮᠦᠵᠢᠯ ᠨᠢ ᠲᠡᠳᠡᠨ᠎ᠤ ᠬᠢᠯᠢ ᠬᠢᠵᠠᠭᠠᠷᠵᠢᠡᠨ ᠪᠠᠲᠤ ᠰᠠᠬᠢᠬᠤ ᠰᠥᠰᠥ᠍ ᠵᠣᠷᠢᠭ ᠪᠠ ᠬᠦᠴᠦᠨ ᠴᠢᠳᠠᠯ᠎ᠢ ᠤᠨᠳᠤᠷᠤᠭᠤᠯᠵᠤ᠂ ᠲᠡᠳᠠ ᠡᠭᠡ ᠤᠯᠤᠰ᠎ᠤᠨ ᠬᠢᠯᠢ᠎ᠶ᠋ᠢᠨ ᠱᠤᠭᠤᠮ ᠳᠡᠭᠡᠷ᠎ᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠤᠷᠦᠯᠴᠡᠯᠭ᠎ᠠ ᠪᠠ ᠪᠣᠯᠪᠠᠰᠤᠷᠠᠯ᠎ᠳᠤ ᠢᠳᠡᠪᠬᠢᠲᠡᠶ ᠣᠷᠣᠯᠴᠠᠵᠤ᠂ ᠥᠪᠡᠷ᠎ᠦᠨ ᠤᠯᠤᠰ ᠲᠦᠷᠦ᠍᠎ᠶ᠋ᠢᠨ ᠤᠬᠠᠮᠰᠠᠷ ᠪᠠ ᠠᠵᠢᠯ᠎ᠤᠨ ᠴᠢᠳᠠᠪᠤᠷᠢ᠎ᠪᠠᠨ ᠲᠡᠰᠦᠷᠡᠯᠳᠠ ᠤᠢ᠍ᠭᠡᠢ ᠳᠡᠭᠡᠭ᠌ᠰᠢᠯᠡᠭᠦᠯᠪᠠ᠃
ᠰᠥᠨᠢᠳ ᠵᠡᠭᠦᠨ ᠬᠣᠱᠢᠭᠤ ᠨᠠᠮ᠎ᠤᠨ ᠭᠡᠱᠢᠭᠦᠨ ᠺᠠᠳ᠋ᠷ ᠪᠣᠯᠤᠨ ᠤᠯᠠᠨ ᠲᠦᠮᠡᠨ᠎ᠦ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠦᠨᠡᠨ ᠬᠦ᠌ ᠬᠦᠴᠢᠷ᠎ᠢ ᠲᠤᠭᠤᠯᠬᠤ᠂ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠶ᠋ᠢ ᠦᠷᠬᠦᠯᠵᠢᠯᠡᠨ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃ ᠺᠠᠳ᠋ᠷ᠎ᠤᠨ ᠬᠥᠮᠦᠵᠢᠯ᠎ᠦᠨ 《ᠨᠢᠭᠡ ᠵᠢᠭ᠍ᠰᠠᠭᠠᠯ᠎ᠤᠨ ᠭᠠᠵᠠᠷ ᠭᠤᠷᠪᠠᠨ ᠰᠠᠭᠤᠷᠢᠨ》 ᠤ᠋ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠂ ᠮᠠᠯᠴᠢᠨ ᠨᠠᠮ᠎ᠤᠨ ᠭᠡᠱᠢᠭᠦᠨ ᠵᠡᠷᠭᠡ ᠵᠢᠷᠭᠤᠭᠠᠨ ᠲᠥᠷᠥᠯ᠎ᠦᠨ ᠭᠣᠸ᠋ᠯᠳᠠᠯᠭ᠎ᠠ᠎ᠲᠠᠶ ᠬᠠᠮᠲᠤ ᠤᠯᠠᠨ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠠᠰ ᠲᠥᠷᠥᠯ ᠬᠤᠪᠢᠶᠠᠭ᠍ᠰᠠᠨ ᠪᠣᠯᠪᠠᠰᠤᠷᠠᠯ᠎ᠢ ᠪᠥᠬᠥ᠌ ᠲᠠᠯ᠎ᠠ᠎ᠪᠠᠷ᠂ ᠣᠯᠠᠨ ᠠᠷᠭ᠎ᠠ ᠵᠠᠮ᠎ᠢᠶᠠᠷ ᠥᠷᠨᠢᠭᠦᠯᠵᠦ᠍᠂ 《ᠭᠤᠷᠪᠠᠨ ᠰᠠᠯᠵᠤ ᠴᠢᠳᠠᠰᠢ ᠥᠬᠡᠶ》᠂ 《ᠲᠠᠪᠤᠨ ᠬᠠᠮᠲᠤ ᠵᠢᠨ ᠲᠠᠨᠢᠯᠲᠠ᠌》 ᠶ᠋ᠢ ᠰᠡᠳᠭᠢᠯ ᠵᠢᠷᠦᠭᠡᠨ᠎ᠳᠡᠭᠡᠨ ᠱᠢᠩᠭᠡᠭᠡᠵᠦ᠍ ᠦᠶ᠋ᠯᠡ ᠠᠵᠢᠯᠯᠠᠭ᠎ᠠ᠎ᠳᠠᠭᠠᠨ ᠠᠭᠤᠰᠤᠯᠴᠠᠭᠤᠯᠬᠤ ᠶ᠋ᠢ ᠠᠬᠢᠭᠤᠯᠪᠠ᠃ 《ᠬᠥᠭ᠌ᠵᠢᠯᠲᠡ᠎ᠶ᠋ᠢᠨ ᠲᠠᠩᠰᠠ》᠂ 《ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ ᠨᠠᠷᠢᠨ ᠲᠠᠩᠰᠠ》 ᠪᠠᠷ ᠭᠣᠸ᠋ᠯᠳᠠᠯᠭᠠ ᠪᠣᠯᠭᠠᠵᠤ᠂ 《ᠠᠨᠠᠷ᠎ᠤᠨ ᠦᠷ᠎ᠡ》᠂ 《ᠤᠯᠠᠭᠠᠨ ᠪᠢᠴᠢᠭ᠎ᠦᠨ ᠪᠣᠭ᠍ᠴᠣ》 ᠤᠬᠠᠭᠤᠯᠤᠨ ᠲᠠᠢᠯᠪᠤᠷᠢᠯᠠᠬᠤ ᠠᠩᠭᠢ ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠪᠥᠬᠥ᠌ ᠬᠣᠱᠢᠭᠤᠨ᠎ᠤ 7 ᠰᠤᠮᠤ ᠪᠠᠯᠭᠠᠰᠤ ᠪᠠ 50 ᠭᠠᠴᠠᠭ᠎ᠠ᠂ 4 ᠨᠡᠢᠭᠡᠮ ᠲᠣᠭᠣᠷᠢᠭ᠎ᠲᠤ ᠭᠦᠨᠵᠡᠭᠡᠢᠷᠡᠨ ᠣᠨᠣᠯ᠎ᠤᠨ ᠤᠬᠠᠭᠤᠯᠤᠨ ᠲᠠᠢᠯᠪᠤᠷᠢᠯᠠᠯᠲᠠᠬᠢᠵᠦ᠍᠂ 《ᠵᠢᠷᠭᠤᠭᠠᠨ ᠥᠭᠦᠯᠡᠪᠦᠷᠢ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ》᠎ᠢ᠋ ᠲᠣᠳᠣᠷᠬᠠᠶ ᠲᠠᠢᠯᠪᠤᠷᠢᠯᠠᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠨᠠᠮ᠎ᠤᠨ ᠰᠠᠢᠨ᠎ᠢ ᠦᠨᠡᠨ ᠰᠡᠳᠭᠢᠯ᠎ᠡᠴᠡ᠎ᠪᠡᠨ ᠮᠡᠳᠡᠷᠡᠵᠦ᠂ ᠢᠲᠡᠭᠡᠯ ᠵᠣᠷᠢᠭ᠎ᠢᠶᠠᠨ ᠪᠠᠲᠤᠳᠭᠠᠨ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠵᠢ ᠬᠦᠨᠵᠡᠭᠡᠢ ᠠᠬᠢᠭᠤᠯᠪᠠ᠃
ᠣᠳᠣᠬᠠᠨ᠎ᠳᠤ ᠰᠥᠨᠢᠳ ᠵᠡᠭᠦᠨ ᠬᠣᠱᠢᠭᠤᠨ᠎ᠤ ᠬᠢᠨ ᠬᠢᠯᠢ ᠬᠢᠵᠠᠭᠠᠷ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠪᠣᠯᠤᠨ ᠬᠢᠯᠢ ᠬᠢᠵᠠᠭᠠᠷ᠎ᠤᠨ ᠨᠠᠮ᠎ᠤᠨ ᠪᠠᠢᠭᠤᠯᠤᠯᠲᠠ᠎ᠶ᠋ᠢᠨ 《ᠴᠡᠭ ᠱᠤᠭᠤᠮ ᠲᠠᠯ᠎ᠠ》 ᠠᠵᠢᠯ᠎ᠤᠨ ᠠᠷᠭ᠎ᠠ᠎ᠶ᠋ᠢ ᠣᠷᠭᠠᠨᠢᠭ᠎ᠢᠶᠠᠷ ᠤᠶᠠᠯᠳᠤᠭᠤᠯᠵᠤ᠂ ᠬᠢᠯᠢ ᠬᠢᠵᠠᠭᠠᠷ᠎ᠤᠨ ᠰᠤᠮᠤ ᠪᠠᠯᠭᠠᠰᠤ᠎ᠶ᠋ᠢᠨ ᠬᠠᠮᠲᠤᠷᠠᠭ᠍ᠰᠠᠨ ᠨᠠᠮ᠎ᠤᠨ ᠬᠣᠷᠢᠶ᠎ᠠ᠎ᠶ᠋ᠢᠨ 《ᠲᠠᠪᠤᠨ ᠨᠢᠭᠡ》 ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠱᠢᠬᠦᠯᠵᠦ᠍᠂ 5 ᠪᠠᠢᠭᠤᠯᠤᠮᠵᠢ᠎ᠶ᠋ᠢᠨ ᠪᠤᠰᠤ ᠴᠢᠨᠠᠷᠲᠠᠶ 《ᠬᠤᠪᠢᠰᠬᠠᠯᠳᠤ ᠤᠮᠠᠷᠠᠲᠤ ᠬᠢᠯᠢ》 ᠬᠠᠮᠲᠤᠷᠠᠭ᠍ᠰᠠᠨ ᠨᠠᠮ᠎ᠤᠨ ᠬᠣᠷᠢᠶ᠎ᠠ᠎ᠶ᠋ᠢ ᠪᠠᠢᠭᠤᠯᠵᠤ᠂ 309 ᠵᠠᠮ ᠳᠠᠭᠠᠤ ᠪᠡᠬᠢᠯᠡᠯᠲᠡ᠎ᠶ᠋ᠢᠨ ᠡᠷᠦᠬᠡ᠎ᠳᠦ ᠲᠦᠱᠢᠭ᠌ᠯᠡᠨ 《ᠮᠣᠩᠭᠣᠯ ᠬᠡᠷ ᠤᠨ ᠬᠠᠷᠠᠭᠤᠯ᠎ᠤᠨ ᠭᠠᠵᠠᠷ》 ᠬᠢᠯᠢ ᠬᠢᠵᠠᠭᠠᠷ᠎ᠢ ᠲᠣᠭᠣᠷᠢᠨ ᠴᠠᠭᠳᠠᠬᠤ ᠴᠡᠭ᠎ᠢ ᠪᠠᠢᠭᠤᠯᠵᠤ᠂ 《ᠲᠠᠪᠤᠨ ᠡᠷᠦᠬᠡ ᠬᠣᠯᠪᠣᠭᠠᠯᠠᠨ ᠰᠡᠷᠭᠡᠢᠯᠡᠬᠦ᠌》 ᠵᠠᠭ᠍ᠪᠤᠷ᠎ᠢ ᠪᠠᠢᠭᠤᠯᠤᠨ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ᠎ᠤᠨ ᠭᠦᠨᠵᠡᠭᠡᠶ ᠠᠭᠤᠰᠤᠯᠴᠠᠯ ᠬᠦᠭᠵᠢᠯᠲᠡ ᠵᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠣᠣᠯ ᠬᠥᠭ ᠠᠶᠠᠰ᠎ᠢ ᠴᠢᠪᠬᠠᠳᠠᠨ᠂ ᠦᠨᠳᠦᠰᠦᠲᠡᠨᠨᠤᠬᠦᠳᠤᠨ ᠺᠠᠳ᠋ᠷ ᠤᠯᠠᠨ ᠲᠦᠮᠡᠨ᠎ᠤ ᠬᠠᠮᠲᠤ ᠪᠡᠷ ᠬᠢᠯᠢ ᠬᠢᠵᠠᠭᠠᠷ᠎ᠢ ᠬᠦᠴᠦᠷᠭᠡᠭᠵᠢᠭᠦᠯᠵᠦ ᠬᠢᠯᠢ ᠬᠢᠵᠠᠭᠠᠷ᠎ᠢ ᠪᠡᠬᠢᠵᠢᠭᠦᠯᠵᠦ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠵᠢ ᠠᠬᠢᠭᠤᠯᠵᠤ ᠪᠤᠢ᠃