ᠬᠠᠤᠯᠢ ᠴᠠᠭᠠᠵᠠ᠎ᠶᠢ ᠲᠥᠪ ᠭᠣᠣᠯᠴᠢ᠎ᠪᠠᠷ ᠬᠡᠷᠡᠭᠵᠢᠬᠦᠯᠵᠦ ᠬᠠᠤᠯᠢ ᠴᠠᠭᠠᠵᠠ᠎ᠶᠢᠨ ᠤᠯᠠᠨ᠎ᠢ ᠢᠳᠡᠭᠡᠬᠦᠯᠬᠦ ᠬᠦᠴᠦᠨ᠎ᠢ ᠲᠡᠭᠡᠭᠰᠢᠯᠡᠬᠦᠯᠦᠶ᠎ᠡ
2024-03-29 10:52:38
ᠵᠣᠬᠢᠶᠠᠭ᠍ᠴᠢ᠄
ᠸᠠᠩ ᠴᠤᠸᠠᠨ ᠬᠣᠩ
ᠣᠩᠱᠢᠭ᠍ᠰᠠᠨ ᠣᠳᠠᠭ᠎ᠠ᠄
★★★☆☆

● ᠬᠠᠤᠯᠢ ᠴᠠᠭᠠᠵᠠ ᠪᠣᠯ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠡᠴᠦᠰ᠎ᠦᠨ ᠰᠡᠷᠭᠡᠢᠯᠡᠯᠲᠡ᠎ᠶᠢᠨ ᠱᠤᠭᠤᠮ ᠮᠥᠨ᠃ ᠬᠠᠤᠯᠢ ᠴᠠᠭᠠᠵᠠ ᠵᠢᠨ ᠰᠡᠷᠭᠡᠢᠯᠡᠯᠲᠡ᠎ᠶᠢᠨ ᠱᠤᠭᠤᠮ ᠎ᠦᠨ ᠤᠯᠠᠨ ᠎ᠢ ᠢᠲᠡᠭᠡᠭᠦᠯᠬᠦ ᠬᠦᠴᠦᠨ ᠳᠤᠲᠠᠮᠠᠭ ᠪᠣᠯᠬᠤ᠎ᠳᠤ ᠬᠦᠷᠪᠡᠯ ᠨᠡᠢᠭᠡᠮ᠎ᠦᠨ ᠲᠥᠪ ᠭᠣᠣᠯᠴᠢ ᠰᠡᠵᠢᠭᠯᠡᠭᠳᠡᠵᠦ᠂ ᠨᠡᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠎ᠢ  ᠪᠠᠲᠤᠯᠠᠬᠤ᠎ᠳᠤ ᠪᠡᠷᠬᠡ ᠪᠣᠯᠣᠨ᠎ᠠ᠃ 

 — ᠶᠡᠷᠦᠩᠬᠡᠢ ᠱᠦᠵᠢ ᠰᠢ᠎ᠶᠢᠨ ᠫᠢᠩ ᠎ᠤᠨ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠳᠡᠭᠡᠷ᠎ᠡ ᠬᠡᠯᠡᠭᠰᠡᠨ ᠦᠭᠡ ᠡᠴᠡ

●ᠬᠠᠤᠯᠢ ᠴᠠᠭᠠᠵᠠ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠵᠥᠪ ᠣᠨᠣᠪᠴᠢᠲᠠᠶ ᠤᠯᠤᠰ ᠲᠥᠷᠥ᠎ᠶᠢᠨ ᠴᠢᠭᠯᠡᠯ᠎ᠢ ᠪᠠᠷᠢᠮᠲᠠᠯᠠᠵᠤ ᠂ ᠬᠠᠤᠯᠢ ᠴᠠᠭᠠᠵᠠ᠎ᠶᠢᠨ ᠤᠯᠠᠨ ᠎ᠢ  ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ᠎ᠪᠡᠷ ᠦᠨᠳᠦᠰᠦᠨ ᠬᠡᠮᠵᠢᠭᠦᠷ ᠪᠣᠯᠭᠠᠬᠤ᠎ᠶᠢ ᠪᠠᠷᠢᠮᠲᠠᠯᠠᠵᠤ᠂ ᠤᠯᠤᠰ᠎ᠤᠨ ᠪᠠᠢᠳᠠᠯ᠎ᠳᠤ ᠨᠡᠢᠴᠡᠬᠦ ᠪᠠ ᠬᠠᠤᠯᠢ ᠴᠠᠭᠠᠵᠠ᠎ᠶᠢᠨ ᠵᠢᠮ᠎ᠡ ᠶᠣᠰᠣ᠌᠎ᠶᠢ ᠵᠢᠷᠤᠮᠯᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠵᠣᠷᠢᠭ᠍ᠲᠠᠢ᠎ᠪᠠᠷ ᠪᠡᠷᠬᠡ ᠰᠡᠳᠦᠪ᠎ᠢ ᠢᠯᠠᠨ ᠳᠠᠪᠠᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠪᠡᠷᠬᠡ ᠰᠡᠳᠦᠪ᠎ᠢ ᠰᠢᠢᠳᠪᠦᠷᠢᠯᠡᠨ᠂ ᠬᠠᠤᠯᠢ ᠴᠠᠭᠠᠵᠠ᠎ᠶᠢᠨ ᠪᠠᠢᠭᠤᠯᠤᠮᠵᠢ ᠵᠢᠨ  ᠥᠭᠡᠷᠡᠴᠢᠯᠡᠯᠲᠡ᠎ᠶᠢ ᠭᠤᠢᠪᠢᠰᠢ ᠦᠭᠡᠢ᠎ᠭᠦᠨᠵᠡᠭᠡᠢᠷᠡᠭᠦᠯᠵᠦ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠲᠠᠰᠤᠷᠠᠯᠳᠠ ᠦᠭᠡᠢ ᠠᠬᠢᠭᠤᠯᠤᠨ᠎ᠠ᠃       

 — ᠶᠡᠷᠦᠩᠬᠡᠢ ᠱᠦᠵᠢ ᠰᠢ᠎ᠶᠢᠨ ᠫᠢᠩ ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶ᠎ᠠ ᠵᠢᠨ ᠬᠣᠷᠢᠨ ᠨᠢᠭᠡᠳᠦᠭᠡᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ ᠡᠴᠡ

ᠦᠨᠡᠨᠴᠢ ᠢᠲᠡᠭᠡᠮᠵᠢ᠎ᠶᠢᠨ ᠪᠠᠢᠭᠤᠯᠤᠯᠲᠠ ᠪᠣᠯ ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠦᠴᠦᠯᠡᠨ ᠠᠬᠢᠭᠤᠯᠬᠤ ᠴᠢᠬᠤᠯᠠ ᠶᠡᠬᠡ ᠢᠨᠵᠧᠨᠧᠷᠢᠩ ᠪᠣᠯᠣᠨ᠎ᠠ᠃ ᠪᠦᠬᠦ ᠣᠷᠣᠨ᠎ᠤ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠬᠤᠷᠠᠯ᠎ᠠᠴᠠ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭᠠᠵᠤ᠂ ᠬᠠᠤᠯᠢ ᠴᠠᠭᠠᠵᠠ᠎ᠶᠢᠨ ᠤᠯᠠᠨ ᠎ᠢ ᠢᠳᠡᠭᠡᠬᠦᠯᠬᠦ ᠬᠦᠴᠦᠨ᠎ᠦ  ᠪᠠᠢᠭᠤᠯᠤᠯᠲᠠ᠎ᠳᠤ ᠪᠣᠳᠠᠲᠠᠢ ᠪᠠᠢᠷᠢᠯᠠᠭᠤᠯᠤᠯᠲᠠ ᠬᠢᠵᠦ᠂ ᠬᠣᠷᠢᠭ᠎ᠠ ᠱᠤᠭᠤᠮ᠎ᠢ ᠰᠠᠬᠢᠬᠤ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠵᠦ᠂ ᠬᠠᠤᠯᠢ ᠴᠠᠭᠠᠵᠠ᠎ᠶᠢᠨ ᠤᠯᠠᠨ ᠎ᠢ  ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ᠎ᠪᠡᠷ ᠳᠠᠮᠵᠢᠨ ᠦᠨᠡᠨᠴᠢ ᠢᠲᠡᠭᠡᠮᠵᠢ᠎ᠶᠢᠨ 《ᠬᠠᠮᠤᠭ᠎ᠦᠨ ᠡᠴᠦᠰ᠎ᠦᠨ ᠰᠡᠷᠭᠡᠢᠯᠡᠯᠲᠡ᠎ᠶᠢᠨ ᠱᠤᠭᠤᠮ》 ᠎ᠢ ᠰᠠᠢᠲᠤᠷ ᠰᠠᠬᠢᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃

ᠬᠠᠤᠯᠢ ᠴᠠᠭᠠᠵᠠ ᠪᠣᠯ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠡᠷᠬᠡ ᠠᠰᠢᠭ᠋᠎ᠤᠨ ᠡᠴᠦᠰ᠎ᠦᠨ ᠪᠠᠲᠤᠯᠠᠭ᠎ᠠ ᠮᠥᠨ᠂ ᠬᠠᠤᠯᠢ ᠴᠠᠭᠠᠵᠠ ᠎ᠶᠢᠨ ᠡᠷᠬᠡ ᠲᠡᠭᠰᠢ ᠲᠥᠪ ᠭᠣᠣᠯᠴᠢ ᠪᠠᠢᠬᠤ ᠨᠢ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠠᠰᠢᠭ᠍ᠲᠠᠢ ᠶᠤᠮ᠃ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷ᠎ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠢ ᠪᠠᠶ᠋ᠢᠭᠤᠯᠬᠤ ᠪᠣᠯ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲ᠋ᠸᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷ᠎ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠢ ᠪᠠᠢᠭᠤᠯᠬᠤ ᠶᠠᠪᠤᠴᠠ᠎ᠳᠤ᠂ ᠬᠠᠤᠯᠢ ᠴᠠᠭᠠᠵᠠ᠎ᠶᠢᠨ ᠤᠯᠠᠨ ᠎ᠢ ᠢᠲᠡᠭᠡᠬᠦᠯᠬᠦ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠬᠤ ᠪᠣᠯ ᠨᠢᠭᠡᠨ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠬᠡᠷᠪᠡ ᠬᠠᠤᠯᠢ ᠴᠠᠭᠠᠵᠠ᠎ᠶᠢᠨ ᠤᠯᠠᠨ ᠎ᠢ ᠢᠳᠡᠭᠡᠬᠦᠯᠬᠦ ᠬᠦᠴᠦᠨ ᠥᠨᠳᠥᠷ ᠪᠢᠰᠢ᠂ ᠬᠠᠤᠯᠢ ᠴᠠᠭᠠᠵᠠ᠎ᠶᠢᠨ ᠡᠷᠬᠡ ᠰᠦᠷ ᠲᠤᠳᠠᠮᠠᠭ ᠪᠣᠯ  ᠠᠷᠠᠳ ᠤᠯᠠᠨ᠎ᠤ ᠬᠠᠤᠯᠢ᠎ᠪᠠᠷ ᠵᠠᠰᠠᠬᠤ ᠲᠤᠬᠠᠢ ᠢᠲᠡᠭᠡᠯ ᠵᠣᠷᠢᠭ᠋᠎ᠢ ᠭᠤᠢᠪᠢᠯᠵᠠᠭᠤᠯᠬᠤ ᠪᠣᠯᠣᠨ᠎ᠠ᠃ ᠭᠠᠭᠴᠠ ᠬᠦ᠌ ᠬᠠᠤᠯᠢ ᠴᠠᠭᠠᠵᠠ᠎ᠶᠢᠨ ᠣᠯᠠᠨ ᠎ᠢ ᠢᠲᠡᠭᠡᠬᠦᠯᠬᠦ ᠬᠦᠴᠦᠨ᠎ᠢ ᠴᠣᠭᠴᠠᠯᠠᠪᠠᠯ  ᠰᠠᠶᠢ ᠬᠠᠤᠯᠢ ᠴᠠᠭᠠᠵᠠ ᠎ᠪᠠᠷ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ᠂ ᠢᠯᠠᠩᠭᠤᠶ᠎ᠠ ᠬᠠᠤᠯᠢ ᠴᠠᠭᠠᠵᠠ ᠪᠠ ᠵᠠᠷᠭᠤ ᠵᠠᠭᠠᠯᠳᠣᠭᠠᠨ᠎ᠳᠤ ᠬᠣᠯᠪᠣᠭᠳᠠᠭᠰᠠᠨ ᠮᠠᠷᠭᠤᠯᠳᠤᠭᠠᠨ᠎ᠢ ᠰᠢᠢᠳᠪᠦᠷᠢᠯᠡᠬᠦ ᠡᠴᠦᠰ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ᠎ᠶᠢ ᠦᠨᠳᠦᠰᠦᠯᠡᠵᠦ ᠭᠠᠷᠭᠠᠭᠰᠠᠨ ᠲᠠᠰᠣᠯᠣᠨ ᠲᠣᠭᠲᠠᠭᠠᠯᠲᠠ ᠰᠠᠶᠢ ᠦᠨᠡᠨ ᠬᠦ᠌ ᠬᠦᠨᠳᠦᠳᠬᠡᠭᠳᠡᠨ ᠬᠡᠷᠡᠭᠵᠢᠬᠦᠯᠦᠭᠳᠡᠵᠦ᠂ ᠠᠷᠠᠳ ᠣᠯᠠᠨ ᠰᠠᠶᠢ ᠬᠠᠤᠯᠢ ᠴᠠᠭᠠᠵᠠ᠎ᠳᠤ ᠢᠳᠡᠪᠬᠢᠲᠡᠢ ᠲᠦᠰᠢᠭᠯᠡᠨ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠵᠦ᠂ ᠡᠶᠡᠳᠡᠭᠦᠯᠭᠡ᠂ ᠲᠠᠰᠣᠯᠣᠨ ᠲᠣᠭᠲᠠᠭᠠᠯᠲᠠ᠎ᠶᠢ ᠦᠨᠡᠨ ᠰᠡᠳᠬᠢᠯ᠎ᠡᠴᠡ᠎ᠪᠡᠨ ᠭᠥᠯᠢᠶᠡᠨ ᠠᠪᠴᠤ᠂ ᠬᠡᠷᠡᠭ᠎ᠢ ᠰᠢᠢᠳᠪᠦᠷᠢᠯᠡᠨ ᠳᠠᠭᠤᠰᠬᠠᠵᠤ᠂  ᠨᠡᠢᠭᠡᠮ᠎ᠦᠨ ᠡᠶ᠎ᠡ ᠵᠣᠬᠢᠴᠠᠯ᠎ᠲᠠᠢ ᠲᠣᠭᠲᠠᠭᠤᠨ ᠪᠠᠢᠳᠠᠯ ᠰᠠᠶᠢ ᠪᠠᠲᠤ ᠪᠡᠬᠢ ᠰᠠᠭᠤᠷᠢ᠎ᠲᠠᠢ ᠪᠣᠯᠵᠤ ᠴᠢᠳᠠᠨ᠎ᠠ᠃

《ᠠᠷᠠᠳ ᠤᠯᠠᠨ᠎ᠳᠤ ᠬᠠᠤᠯᠢ ᠴᠠᠭᠠᠵᠠ᠎ᠶᠢᠨ ᠬᠡᠷᠡᠭ ᠪᠣᠯᠭᠠᠨ᠎ᠠᠴᠠ ᠲᠥᠪ ᠭᠣᠣᠯᠴᠢ ᠰᠢᠳᠤᠷᠭᠤ ᠶᠣᠰᠣ᠌᠎ᠶᠢ ᠮᠡᠳᠡᠷᠡᠭᠦᠯᠬᠦ᠎ᠪᠡᠷ ᠴᠢᠷᠮᠠᠢᠬᠤ》 ᠪᠣᠯ ᠶᠡᠷᠦᠩᠬᠡᠢ ᠱᠦᠵᠢ ᠰᠢ᠎ᠶᠢᠨ ᠫᠢᠩ᠎ᠦᠨ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠲᠤᠰᠢᠶᠠᠭᠰᠠᠨ ᠴᠢᠬᠤᠯᠠ ᠶᠡᠬᠡ ᠰᠡᠳᠦᠪ ᠪᠣᠯᠣᠨ᠎ᠠ᠃ ᠬᠠᠤᠯᠢ ᠴᠠᠭᠠᠵᠠ᠎ᠶᠢᠨ ᠲᠥᠪ ᠭᠣᠣᠯᠴᠢ ᠪᠣᠯ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣᠨ᠎ᠤ ᠬᠣᠷᠢᠭ᠎ᠠ ᠱᠤᠭᠤᠮ ᠮᠥᠨ᠂ ᠠᠷᠠᠳ ᠤᠯᠠᠨ᠎ᠤ ᠬᠠᠤᠯᠢ ᠴᠠᠭᠠᠵᠠ᠎ᠶᠢᠨ ᠲᠤᠬᠠᠢ ᠲᠡᠷᠢᠭᠦᠨ ᠴᠢᠬᠤᠯᠠ ᠦᠷᠳᠡᠭ᠎ᠦᠨ ᠬᠦᠰᠡᠯ ᠱᠠᠭᠠᠷᠳᠠᠯᠭ᠎ᠠ ᠮᠥᠨ᠂ ᠬᠠᠤᠯᠢ ᠴᠠᠭᠠᠵᠠ᠎ᠶᠢᠨ ᠤᠯᠠᠨ ᠎ᠢ ᠢᠲᠡᠭᠡᠬᠦᠯᠬᠦ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠬᠤ᠎ᠶᠢᠨ ᠭᠣᠣᠯᠳᠠᠯᠭ᠎ᠠ ᠪᠠ ᠰᠠᠭᠤᠷᠢ ᠮᠥᠨ᠃ ᠬᠠᠤᠯᠢ ᠴᠠᠭᠠᠵᠠ᠎ᠶᠢᠨ ᠤᠯᠠᠨ᠎ᠢ ᠢᠲᠡᠭᠡᠬᠦᠯᠬᠦ ᠬᠦᠴᠦᠨ᠎ᠦ  ᠪᠠᠢᠭᠤᠯᠤᠯᠲᠠ᠎ᠶᠢ ᠴᠢᠩᠭᠠᠳᠬᠠᠬᠤ᠎ᠳᠤ ᠡᠷᠬᠡᠪᠰᠢ ᠲᠥᠪ ᠭᠣᠣᠯᠴᠢ᠎ᠪᠠᠷ ᠤᠯᠠᠨ ᠨᠡᠶ᠋ᠢᠲᠡ᠎ᠶᠢᠨ ᠢᠲᠡᠭᠡᠮᠵᠢ᠎ᠶᠢ ᠤᠯᠬᠣ ᠬᠡᠷᠡᠭᠲᠡᠢ᠂ ᠤᠯᠠᠨ ᠨᠡᠶ᠋ᠢᠲᠡ᠎ᠶᠢᠨ ᠢᠲᠡᠭᠡᠮᠵᠢ᠎ᠶᠢ ᠠᠯᠢ ᠤᠯᠠᠨ ᠪᠣᠳᠠᠲᠠᠢ ᠬᠡᠷᠡᠭ᠎ᠢ ᠲᠥᠪ ᠭᠣᠣᠯᠴᠢ᠎ᠪᠠᠷ ᠰᠢᠢᠳᠪᠦᠷᠢᠯᠡᠬᠦ᠎ᠳᠦ ᠲᠦᠰᠢᠭᠯᠡᠨ ᠬᠤᠷᠠᠮᠳᠤᠭᠤᠯᠤᠭᠰᠠᠨ ᠶᠤᠮ᠃ ᠬᠡᠷᠡᠭ᠎ᠢ ᠲᠥᠪ ᠭᠣᠣᠯᠴᠢ᠎ᠪᠠᠷ ᠰᠢᠢᠳᠪᠦᠷᠢᠯᠡᠭᠰᠡᠨ ᠡᠰᠡᠬᠦ ᠪᠣᠯ ᠠᠷᠠᠳ ᠤᠯᠠᠨ᠎ᠤ ᠬᠠᠤᠯᠢ ᠴᠠᠭᠠᠵᠠ᠎ᠶᠢ ᠲᠠᠨᠢᠬᠣ᠂ ᠬᠠᠤᠯᠢ ᠬᠡᠷᠡᠭᠵᠢᠬᠦᠯᠬᠦ᠎ᠶᠢ ᠣᠢᠯᠠᠭᠠᠬᠤ᠂ ᠬᠠᠤᠯᠢ ᠬᠡᠷᠡᠭᠵᠢᠬᠦᠯᠬᠦ᠎ᠶᠢ ᠦᠨᠡᠯᠡᠬᠦ᠂ ᠬᠠᠤᠯᠢ ᠬᠡᠷᠡᠭᠵᠢᠬᠦᠯᠬᠦ᠎ᠶᠢ ᠢᠲᠡᠭᠡᠬᠦ ᠬᠠᠮᠤᠭ᠎ᠤᠨ ᠰᠢᠭᠤᠳ ᠲᠤᠰᠬᠠᠯ  ᠮᠥᠨ᠃

ᠰᠢᠯᠭᠠᠷᠠᠭᠰᠠᠨ ᠡᠩᠨᠡᠭᠡ᠎ᠶᠢ ᠪᠠᠢᠭᠤᠯᠵᠤ᠂ ᠬᠠᠤᠯᠢ ᠴᠠᠭᠠᠵᠠ᠎ᠶᠢᠨ 《ᠲᠡᠮᠦᠷ ᠴᠡᠷᠢᠭ》 ᠎ᠢ ᠳᠠᠪᠲᠠᠨ ᠪᠣᠯᠪᠠᠰᠤᠷᠠᠭᠤᠯᠤᠨ᠎ᠠ᠃ ᠡᠯ᠎ᠡ ᠵᠦᠢᠯ᠎ᠦᠨ ᠪᠣᠳᠠᠲᠠᠢ ᠠᠵᠢᠯ᠂ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠨᠦᠭᠦᠳ᠎ᠢ ᠬᠠᠮᠤᠭ᠎ᠦᠨ ᠡᠴᠦᠰ᠎ᠲᠦ ᠴᠥᠮ ᠪᠤᠳᠠᠳᠠᠢ ᠬᠥᠮᠥᠨ ᠳ᠋ᠦ᠍ᠨᠢ ᠨᠠᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠵᠤ᠂ ᠬᠠᠤᠯᠢ ᠴᠠᠭᠠᠵᠠ᠎ᠶᠢᠨ ᠤᠯᠠᠨ᠎ᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠵᠦ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢᠳᠠᠢ ᠬᠠᠤᠯᠢ ᠴᠠᠭᠠᠵᠠ᠎ᠶᠢᠨ ᠲᠡᠮᠦᠷ ᠴᠡᠷᠢᠭ᠎ᠢ ᠪᠠᠶ᠋ᠢᠭᠤᠯᠬᠤ ᠨᠢ ᠨᠡᠩ ᠴᠢᠬᠤᠯᠠ ᠶᠤᠮ᠃ ᠬᠠᠤᠯᠢ ᠴᠠᠭᠠᠵᠠ᠎ᠶᠢᠨ ᠲᠠᠯ᠎ᠠ᠎ᠪᠠᠷ ᠬᠢ ᠠᠷᠠᠳ ᠤᠯᠠᠨ᠎ᠤ ᠢᠲᠡᠭᠡᠯ ᠨᠢ 《ᠬᠥᠮᠥᠨ》᠎ᠢ ᠢᠲᠡᠭᠡᠬᠦ ᠪᠠ 《ᠬᠡᠷᠡᠭ》᠎ᠢ ᠢᠲᠡᠭᠡᠬᠦ᠎ᠡᠴᠡ ᠢᠷᠡᠯᠲᠡ᠎ᠲᠠᠢ᠂ 《ᠬᠥᠮᠥᠨ》 ᠭᠡᠳᠡᠭ ᠨᠢ  ᠬᠠᠤᠯᠢ ᠬᠡᠷᠡᠭᠵᠢᠬᠦᠯᠬᠦ  ᠠᠵᠢᠯᠲᠠᠨ᠎ᠢ ᠵᠢᠭᠠᠵᠤ ᠪᠠᠢᠨ᠎ᠠ᠂ ᠬᠡᠷᠪᠡ ᠰᠢᠭᠦᠬᠦ ᠲᠤᠰᠢᠶᠠᠯᠲᠠᠨ᠂ ᠪᠠᠢᠴᠠᠭᠠᠬᠤ ᠲᠤᠰᠢᠶᠠᠯᠲᠠᠨ  ᠶᠣᠰᠣ᠌ ᠮᠣᠷᠠᠯ᠎ᠤᠨ ᠵᠢᠷᠤᠮᠵᠢᠯ᠎ᠢᠶᠠᠨ ᠠᠯᠳᠠᠬᠤ ᠪᠤᠶᠤ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭ᠎ᠠ ᠦᠢᠯᠡᠳᠪᠡᠯ  ᠤᠯᠠᠨ ᠨᠡᠶ᠋ᠢᠲᠡ᠎ᠪᠡᠷ᠎ᠢᠶᠡᠨ ᠬᠠᠤᠯᠢ ᠴᠠᠭᠠᠵᠠ ᠵᠢᠨ ᠠᠵᠢᠯ ᠬᠢᠵᠦ ᠪᠠᠢᠭ᠎ᠠ ᠬᠦᠮᠦᠰ᠎ᠲᠤ ᠢᠲᠡᠭᠡᠯ᠎ᠦᠨ ᠬᠢᠮᠤᠷᠠᠯ ᠡᠭᠦᠰᠬᠦ ᠪᠣᠯᠣᠨ᠎ᠠ; 《ᠬᠡᠷᠡᠭ》 ᠭᠡᠳᠡᠭ ᠨᠢ  ᠰᠢᠭᠦᠬᠦ ᠲᠤᠰᠢᠶᠠᠯᠲᠠᠨ᠂ ᠪᠠᠢᠴᠠᠭᠠᠬᠤ ᠲᠤᠰᠢᠶᠠᠯᠲᠠᠨ᠎ᠤ ᠰᠢᠢᠳᠪᠦᠷᠢᠯᠡᠭᠰᠡᠨ ᠬᠡᠷᠡᠭ ᠪᠣᠯᠣᠨ᠎ᠠ᠂ ᠬᠡᠷᠪᠡ ᠬᠡᠷᠡᠭ᠎ᠢ ᠰᠠᠢᠲᠤᠷ ᠰᠢᠢᠳᠪᠦᠷᠢᠯᠡᠵᠦ᠂ ᠴᠢᠨᠠᠷ ᠪᠠ ᠦᠷ᠎ᠡ ᠪᠦᠲᠦᠮᠵᠢ ᠨᠢ ᠴᠥᠮ ᠵᠦᠭᠡᠷ ᠪᠠᠢᠪᠠᠯ ᠲᠤᠬᠠᠢ᠎ᠶᠢᠨ ᠬᠥᠮᠥᠨ ᠪᠠ ᠤᠯᠠᠨ ᠲᠦᠮᠡᠨ ᠬᠠᠤᠯᠢ ᠴᠠᠭᠠᠵᠠ᠎ᠶᠢ ᠢᠲᠡᠭᠡᠬᠦ ᠪᠠ ᠬᠦᠨᠳᠦᠳᠬᠡᠬᠦ ᠪᠣᠯᠣᠨ᠎ᠠ᠂ ᠬᠡᠷᠪᠡ ᠰᠠᠢᠲᠤᠷ ᠰᠢᠢᠳᠪᠦᠷᠢᠯᠡᠬᠦ ᠦᠭᠡᠢ ᠪᠣᠯ ᠲᠤᠬᠠᠢ᠎ᠶᠢᠨ ᠬᠥᠮᠥᠨ ᠪᠤᠶᠤ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢ ᠢᠲᠡᠭᠡᠬᠦ ᠬᠡᠮᠵᠢᠶ᠎ᠡ᠎ᠶᠢ ᠪᠠᠭᠤᠷᠠᠭᠤᠯᠵᠦ᠂ ᠬᠠᠤᠯᠢ ᠴᠠᠭᠠᠵᠠ᠎ᠶᠢᠨ ᠤᠯᠠᠨ ᠎ᠢ ᠢᠲᠡᠭᠡᠭᠦᠯᠬᠦ ᠬᠦᠴᠦᠨ᠎ᠢ ᠨᠥᠯᠥᠭᠡᠯᠡᠬᠦ ᠪᠣᠯᠣᠨ᠎ᠠ᠃ ᠰᠢᠨ᠎ᠡ ᠬᠥᠭᠵᠢᠯᠲᠡ᠎ᠶᠢᠨ ᠱᠠᠲᠤᠨ᠎ᠳᠤ᠂ ᠪᠢᠳᠡ ᠬᠡᠪ ᠴᠢᠨᠠᠷ ᠰᠢᠯᠢᠳᠡᠭ᠂ ᠴᠢᠳᠠᠪᠤᠷᠢᠳᠠᠢ᠂ ᠣᠪᠣᠷ ᠰᠤᠷᠲᠠᠯ ᠴᠢᠩᠭ᠎ᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠩᠨᠡᠭᠡ᠎ᠶᠢ ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠣᠯᠪᠣᠭᠳᠠᠯ ᠪᠦᠬᠦᠢ ᠬᠥᠮᠥᠰ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠪᠠ ᠭᠣᠣᠯᠯᠠᠬᠤ ᠲᠠᠢ᠍ᠢᠴᠢᠨ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ᠂ ᠠᠷᠠᠳ ᠤᠯᠠᠨ᠎ᠤ ᠬᠠᠤᠯᠢ ᠴᠠᠭᠠᠵᠠ᠎ᠶᠢᠨ ᠲᠤᠬᠠᠢ ᠰᠢᠨ᠎ᠡ ᠬᠦᠰᠡᠯ ᠡᠷᠡᠮᠡᠯᠵᠡᠯ᠎ᠳᠦ ᠨᠡᠢᠴᠡᠭᠦᠯᠵᠦ᠂ ᠬᠠᠤᠯᠢᠵᠢᠯ᠎ᠦᠨ ᠪᠠᠢᠭᠤᠯᠤᠯᠲᠠ᠎ᠶᠢᠨ ᠰᠢᠨ᠎ᠡ ᠱᠠᠭᠠᠷᠳᠠᠯᠭ᠎ᠠ᠎ᠶᠢ ᠬᠠᠩᠭᠠᠬᠤ ᠬᠡᠷᠡᠭᠲᠡᠢ᠃

ᠬᠠᠤᠯᠢ ᠴᠠᠭᠠᠵᠠ᠎ᠶᠢ ᠢᠯᠡ ᠪᠣᠯᠭᠠᠬᠤ᠎ᠶᠢ ᠠᠬᠢᠭᠤᠯᠵᠤ᠂ ᠲᠥᠪ ᠭᠣᠣᠯᠴᠢ ᠰᠢᠳᠤᠷᠭᠤ ᠶᠣᠰᠣ᠌᠎ᠶᠢ ᠢᠯᠡᠷᠡᠭᠦᠯᠦᠨ᠎ᠡ᠃ ᠬᠠᠤᠯᠢ ᠴᠠᠭᠠᠵᠠ ᠵᠢ ᠲᠥᠪ ᠭᠣᠣᠯᠴᠢ ᠬᠡᠷᠡᠭᠵᠢᠬᠦᠯᠬᠦ᠎ᠶᠢ  ᠠᠬᠢᠭᠤᠯᠬᠤ ᠪᠣᠯ ᠬᠠᠤᠯᠢ ᠴᠠᠭᠠᠵᠠ᠎ᠶᠢ ᠢᠯᠡ᠎ᠪᠡᠷ ᠬᠡᠷᠡᠭᠵᠢᠭᠦᠯᠵᠦ᠂ ᠲᠥᠪ ᠭᠣᠣᠯᠴᠢ ᠰᠢᠳᠤᠷᠭᠤ ᠶᠣᠰᠣ᠌᠎ᠶᠢ ᠣᠯᠵᠤ ᠬᠠᠷᠠᠨ᠂ ᠠᠷᠠᠳ ᠤᠯᠠᠨ᠎ᠳᠤ ᠬᠠᠤᠯᠢ ᠴᠠᠭᠠᠵᠠ᠎ᠶᠢᠨ ᠬᠡᠷᠡᠭ ᠪᠣᠯᠭᠠᠨ᠎ᠠᠴᠠ ᠲᠥᠪ ᠭᠣᠣᠯᠴᠢ ᠰᠢᠳᠤᠷᠭᠤ ᠶᠣᠰᠣ᠌᠎ᠶᠢ ᠮᠡᠳᠡᠷᠡᠭᠦᠯᠬᠦ᠎ᠪᠡᠷ ᠴᠢᠷᠮᠠᠢᠵᠤ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂  ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠶᠠᠪᠤᠳᠠᠯ ᠮᠦᠨ᠃ ᠬᠠᠤᠯᠢ ᠴᠠᠭᠠᠵᠠ ᠎ᠶᠢ ᠢᠯᠡ ᠪᠣᠯᠭᠠᠬᠤ ᠪᠣᠯ  ᠨᠢᠭᠡ  ᠵᠦᠢᠯ᠎ᠦᠨ ᠣᠪᠣᠷ᠂ ᠨᠢᠭᠡ ᠵᠦᠢᠯ᠎ᠦᠨ ᠢᠲᠡᠭᠡᠯ ᠂ ᠨᠢᠭᠡ ᠵᠦᠢᠯ᠎ᠦᠨ ᠬᠦᠴᠦᠨ ᠮᠥᠨ᠂ ᠬᠠᠤᠯᠢ ᠴᠠᠭᠠᠵᠠ᠎ᠶᠢ ᠢᠯᠡ ᠪᠣᠯᠭᠠᠬᠤ᠎ᠪᠠᠷ ᠳᠠᠮᠵᠢᠨ ᠠᠷᠠᠳ ᠤᠯᠠᠨ᠎ᠤ ᠪᠠᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ᠎ᠶᠢ ᠪᠦᠬᠦ ᠲᠠᠯ᠎ᠠ᠎ᠪᠠᠷ ᠪᠠᠲᠤᠯᠠᠵᠤ᠂ ᠬᠠᠤᠯᠢ ᠴᠠᠭᠠᠵᠠ᠎ᠶᠢᠨ ᠡᠷᠬᠡ᠎ᠶᠢ ᠲᠦᠷᠢᠮᠵᠢᠭᠰᠡᠨ ᠵᠢᠴᠢ ᠬᠢᠨᠠᠯᠳᠠ ᠲᠠᠢ ᠪᠠᠢᠬᠣ ᠪᠠᠢᠳᠠᠯ ᠲᠣᠣᠷ᠎ᠠ ᠬᠡᠷᠡᠭᠵᠢᠬᠦᠯᠵᠦ᠂ ᠤᠯᠠᠨ ᠨᠡᠶ᠋ᠢᠲᠡ᠎ᠳᠦ ᠢᠲᠡᠭᠡᠯ᠎ᠲᠠᠢ  ᠠᠭᠤᠷ ᠠᠮᠢᠰᠬᠤᠯ᠎ᠤᠨ ᠳᠤᠮᠳᠠ ᠬᠡᠷᠡᠭᠵᠢᠭᠦᠯᠬᠦ ᠪᠣᠯᠭᠠᠨ᠎ᠠ᠂ ᠢᠩᠭᠢᠬᠦ ᠨᠢ ᠬᠠᠤᠯᠢ ᠴᠠᠭᠠᠵᠠ᠎ᠶᠢᠨ ᠡᠷᠬᠡ᠎ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠬᠤ᠎ᠳᠤ ᠲᠤᠰᠠᠲᠠᠢ ᠪᠦᠭᠡᠳ ᠠᠷᠠᠳ ᠤᠯᠠᠨ᠎ᠤ ᠬᠠᠤᠯᠢ ᠴᠠᠭᠠᠵᠠ᠎ᠶᠢᠨ ᠲᠤᠬᠠᠢ ᠢᠲᠡᠭᠡᠯ᠎ᠢ ᠨᠡᠮᠡᠭᠳᠡᠭᠦᠯᠬᠦ᠎ᠳᠦ ᠴᠦ᠍ ᠲᠤᠰᠠᠲᠠᠢ ᠶᠤᠮ᠃

ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠣᠨᠣᠪᠴᠢᠲᠠᠶ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶᠢᠨ ᠤᠯᠠᠨ ᠎ᠢ ᠢᠳᠡᠭᠡᠬᠦᠯᠬᠦ ᠬᠦᠴᠦᠨ᠎ᠢ ᠲᠡᠭᠡᠭᠰᠢᠯᠡᠬᠦᠯᠦᠨ᠎ᠠ᠃ ᠬᠠᠤᠯᠢ ᠴᠠᠭᠠᠵᠠ ᠵᠢᠨ ᠬᠠᠷᠢᠭᠤᠴᠠᠯᠭ᠎ᠠ᠎ᠶᠢᠨ ᠳᠦᠷᠢᠮ᠎ᠢ ᠪᠦᠬᠥ ᠲᠠᠯ᠎ᠠ᠎ᠪᠠᠷ ᠣᠨᠣᠪᠴᠢᠲᠠᠶ ᠨᠠᠢᠳᠠᠪᠤᠷᠢᠵᠢᠭᠤᠯᠬᠤ ᠪᠣᠯ ᠡᠷᠬᠡ ᠬᠠᠷᠢᠭᠤᠴᠠᠯᠭ᠎ᠠ ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠬᠡ᠎ᠶᠢᠨ ᠬᠢᠵᠠᠭᠠᠷᠯᠠᠯ ᠲᠠᠢ ᠬᠠᠤᠯᠢ ᠴᠠᠭᠠᠵᠠ ᠵᠢᠨ ᠡᠷᠬᠡ᠎ᠶᠢᠨ ᠠᠵᠢᠯᠯᠠᠭᠠᠨ᠎ᠤ ᠲᠣᠭᠲᠠᠴᠠ᠎ᠶᠢ ᠪᠠᠶ᠋ᠢᠭᠤᠯᠬᠤ᠎ᠶᠢᠨ ᠵᠠᠩᠭᠢᠯᠠᠭ᠎ᠠ ᠮᠥᠨ᠂ ᠪᠠᠰᠠ ᠴᠤ᠌ ᠲᠥᠪ ᠭᠣᠣᠯᠴᠢ ᠥᠨᠳᠥᠷ ᠪᠦᠲᠦᠮᠵᠢᠲᠡᠶ ᠡᠷᠬᠡ ᠰᠦᠷ᠎ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ ᠵᠢᠨ ᠪᠠᠢᠭᠤᠯᠤᠯ᠎ᠢ ᠲᠦᠷᠭᠡᠳᠬᠡᠨ ᠪᠠᠶ᠋ᠢᠭᠤᠯᠬᠤ᠎ᠶᠢᠨ ᠰᠠᠭᠤᠷᠢ ᠴᠢᠨᠠᠷᠲᠠᠢ ᠠᠵᠢᠯ ᠮᠥᠨ᠂ ᠲᠡᠷᠡ ᠨᠢ ᠲᠥᠪ ᠴᠢᠩᠭ᠎ᠠ ᠲᠥᠪ ᠭᠣᠣᠯᠴᠢ᠎ᠪᠠᠷ ᠬᠠᠤᠯᠢ ᠴᠠᠭᠠᠵᠠ ᠵᠢ ᠬᠡᠷᠡᠭᠵᠢᠬᠦᠯᠬᠦ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠳᠦᠷᠢᠮ᠎ᠦᠨ ᠳᠠᠪᠬᠤᠷᠭ᠎ᠠ᠎ᠳᠤ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠲᠡᠭᠦᠯᠳᠡᠷᠵᠢᠭᠦᠯᠬᠦ᠎ᠳᠦ ᠂ ᠡᠷᠬᠡ᠎ᠶᠢ ᠬᠡᠷᠡᠭᠯᠡᠬᠦ᠎ᠳᠦ ᠡᠷᠬᠡᠪᠰᠢ ᠬᠠᠤᠯᠢ ᠶᠣᠰᠣᠭᠠᠷ᠂ ᠡᠷᠬᠡ᠎ᠶᠢ ᠬᠡᠷᠡᠭᠯᠡᠬᠦ᠎ᠳᠦ ᠡᠷᠬᠡᠪᠰᠢ ᠬᠢᠨᠠᠯᠲᠠ᠎ᠶᠢ ᠬᠦᠯᠢᠶᠡᠬᠦ ᠵᠠᠷᠴᠢᠮ᠎ᠢ ᠪᠠᠷᠢᠮᠲᠠᠯᠠᠬᠤ ᠬᠡᠷᠡᠭᠲᠡᠢ᠃ ᠡᠷᠬᠡ᠎ᠶᠢ ᠳᠣᠷᠣᠭ᠍ᠰᠢ ᠪᠠᠭᠤᠯᠭᠠᠬᠤ᠎ᠳᠤ ᠳᠤᠷ᠎ᠠ᠎ᠪᠠᠷ ᠨᠢ ᠲᠠᠯᠪᠢᠵᠤ ᠪᠣᠯᠬᠤ ᠦᠭᠡᠢ ᠂ ᠡᠷᠬᠡᠪᠰᠢ ᠬᠠᠤᠯᠢ ᠴᠠᠭᠠᠵᠠ᠎ᠶᠢᠨ ᠬᠡᠷᠡᠭ ᠰᠢᠢᠳᠪᠦᠷᠢᠯᠡᠬᠦ ᠵᠣᠬᠢᠶᠠᠨ ᠪᠠᠢᠭᠤᠯᠤᠯᠲᠠ ᠵᠢᠴᠢ ᠠᠵᠢᠯᠯᠠᠭᠠᠨ᠎ᠤ ᠲᠣᠭᠲᠠᠴᠠ᠎ᠶᠢ ᠪᠦᠷᠢᠨᠰᠢᠭᠦᠯᠵᠦ᠂ ᠡᠷᠬᠡ ᠬᠠᠷᠢᠭᠤᠴᠠᠯᠭ᠎ᠠ᠎ᠶᠢᠨ ᠨᠠᠷᠢᠨ ᠲᠠᠨᠭᠰᠠ᠎ᠶᠢ ᠲᠡᠭᠦᠯᠳᠡᠷᠵᠢᠭᠦᠯᠵᠦ᠂ ᠡᠯ᠎ᠡ ᠲᠦᠷᠦᠯ᠎ᠦᠨ ᠡᠯ᠎ᠡ ᠱᠠᠲᠤ ᠂ ᠳᠠᠪᠬᠤᠷᠭ᠎ᠠ᠎ᠶᠢᠨ ᠬᠡᠷᠡᠭ ᠰᠢᠢᠳᠪᠦᠷᠢᠯᠡᠬᠦ ᠠᠵᠢᠯᠲᠠᠨ᠎ᠤ ᠲᠤᠰᠢᠶᠠᠯ ᠬᠠᠷᠢᠭᠤᠴᠠᠯᠭ᠎ᠠ᠎ᠶᠢᠨ ᠡᠷᠬᠡ᠎ᠶᠢᠨ ᠬᠡᠪᠴᠢᠶ᠎ᠡ᠎ᠶᠢ ᠲᠣᠳᠣᠷᠬᠠᠢᠯᠠᠵᠤ᠂ ᠬᠠᠮᠢᠶᠠᠷᠬᠤ ᠪᠠ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ᠎ᠶᠢ ᠲᠡᠭᠦᠯᠳᠡᠷᠵᠢᠭᠦᠯᠵᠦ ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢ ᠮᠠᠭᠠᠳᠯᠠᠨ ᠲᠣᠭᠲᠠᠭᠠᠬᠤ ᠪᠠ ᠨᠡᠬᠡᠮᠵᠢᠯᠡᠬᠦ᠎ᠶᠢ ᠴᠢᠩᠳᠠᠯᠠᠬᠤ ᠬᠡᠷᠡᠭᠲᠡᠢ᠃ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠣᠨᠣᠪᠴᠢᠲᠠᠢ ᠨᠠᠢᠳᠠᠪᠤᠷᠢᠵᠢᠭᠤᠯᠬᠤ ᠨᠢ ᠬᠠᠤᠯᠢ ᠴᠠᠭᠠᠵᠠ᠎ᠪᠠᠷ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ ᠬᠡᠷᠡᠭ ᠰᠢᠢᠳᠪᠦᠷᠢᠯᠡᠬᠦ ᠠᠵᠢᠯᠲᠠᠨ᠎ᠤ ᠬᠠᠷᠢᠭᠤᠴᠠᠯᠭᠠᠲᠤ ᠰᠡᠳᠬᠢᠯᠭᠡ᠎ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠲᠥᠪ ᠭᠣᠣᠯᠴᠢ᠎ᠪᠠᠷ ᠭᠦᠢᠴᠡᠳᠬᠡᠬᠦ᠎ᠶᠢ ᠠᠬᠢᠭᠤᠯᠵᠤ᠂ ᠬᠠᠤᠯᠢ ᠴᠠᠭᠠᠵᠠ᠎ᠪᠠᠷ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠠᠰᠢᠭ᠍ᠲᠠᠢ᠎ᠪᠠᠷ ᠪᠠᠷᠠᠬᠤ ᠦᠭᠡᠢ᠂ ᠪᠠᠰᠠ  ᠬᠡᠷᠡᠭ ᠰᠢᠢᠳᠪᠦᠷᠢᠯᠡᠬᠦ᠎ᠳᠦ ᠵᠣᠬᠢᠰ ᠦᠭᠡᠢ ᠭᠠᠷ ᠲᠦᠷᠦᠭᠦ᠎ᠶᠢ ᠪᠠᠭᠠᠰᠬᠠᠵᠤ᠂ ᠬᠠᠤᠯᠢ ᠴᠠᠭᠠᠵᠠ᠎ᠶᠢᠨ ᠡᠷᠬᠡ᠎ᠶᠢᠨ ᠵᠢᠷᠤᠮᠵᠢᠯ᠎ᠲᠠᠢ ᠠᠵᠢᠯᠯᠠᠭᠠᠨ᠎ᠢ ᠪᠠᠲᠤᠯᠠᠵᠤ᠂ ᠬᠠᠤᠯᠢ ᠴᠠᠭᠠᠵᠠ᠎ᠶᠢᠨ ᠡᠷᠬᠡ ᠰᠦᠷᠲᠦ ᠴᠢᠨᠠᠷ ᠪᠠ ᠤᠯᠠᠨ ᠎ᠢ  ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ᠎ᠳᠦ ᠠᠰᠢᠭ᠍ᠲᠠᠢ ᠶᠤᠮ᠃

ᠬᠠᠤᠯᠢ ᠴᠠᠭᠠᠵᠠ᠎ᠶᠢᠨ ᠤᠯᠠᠨ ᠎ᠢ ᠢᠳᠡᠭᠡᠬᠦᠯᠬᠦ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠬᠤ ᠪᠣᠯ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠠᠬᠢᠭᠤᠯᠬᠤ ᠨᠠᠭᠠᠲᠤ ᠵᠠᠬ᠎ᠠ᠎ᠶᠢᠨ ᠢᠨᠵᠧᠨᠧᠷᠢᠩ ᠪᠠ ᠰᠠᠭᠤᠷᠢ ᠢᠨᠵᠧᠨᠧᠷᠢᠩ ᠮᠥᠨ᠃ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠢᠯᠡ ᠲᠣᠳᠣ᠌᠂ ᠡᠷᠬᠡ ᠲᠡᠭᠰᠢ᠂ ᠲᠥᠪ ᠭᠣᠣᠯᠴᠢ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠡᠴᠡ ᠰᠠᠯᠵᠤ ᠴᠢᠳᠠᠬᠤ ᠦᠭᠡᠢ ᠶᠤᠮ᠃ ᠬᠠᠤᠯᠢ᠎ᠪᠠᠷ ᠵᠠᠰᠠᠬᠤ ᠣᠷᠴᠢᠨ ᠲᠤᠭᠤᠷᠢᠨ᠎ᠳᠤ ᠰᠠᠶᠢ ᠭᠣᠣᠯᠴᠢ ᠥᠷᠢᠰᠦᠯᠳᠦᠭᠡᠨ᠎ᠲᠠᠢ᠂ ᠲᠣᠭᠲᠠᠭᠤᠨ ᠵᠢᠱ᠌ᠢᠯᠲᠡ᠎ᠲᠠᠢ᠂ ᠨᠠᠢᠳᠠᠪᠤᠷᠢᠲᠠᠢ ᠢᠲᠡᠭᠡᠮᠵᠢ᠎ᠲᠠᠢ ᠪᠣᠯᠵᠤ ᠴᠢᠳᠠᠨ᠎ᠠ᠃ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠱᠠᠭᠠᠷᠳᠠᠯᠭ᠎ᠠ᠎ᠪᠠᠷ ᠴᠢᠨᠠᠷ ᠰᠠᠢᠲᠠᠢ ᠥᠨᠳᠥᠷ ᠪᠦᠲᠦᠮᠵᠢᠲᠡᠢ ᠲᠦᠷᠦ᠎ᠶᠢᠨ ᠪᠣᠳᠣᠯᠭ᠎ᠠ᠎ᠶᠢᠨ ᠬᠠᠩᠭᠠᠯᠭ᠎ᠠ ᠪᠠ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠦᠷᠭᠦᠯᠵᠢᠯᠡᠨ ᠬᠠᠩᠭᠠᠵᠤ᠂ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠡᠷᠴᠢᠮ᠎ᠢᠶᠡᠨ ᠴᠢᠩᠭᠠᠷᠠᠭᠤᠯᠵᠤ᠂ ᠬᠠᠤᠯᠢ ᠴᠠᠭᠠᠵᠠ᠎ᠶᠢᠨ ᠤᠯᠠᠨ᠎ᠢ ᠢᠲᠡᠭᠡᠬᠦᠯᠬᠦ ᠬᠦᠴᠦᠨ᠎ᠢ ᠪᠠᠳᠠᠷᠠᠭᠤᠯᠪᠠᠯ ᠰᠠᠶᠢ ᠬᠠᠤᠯᠢ ᠴᠠᠭᠠᠵᠠ᠎ᠶᠢᠨ 《ᠬᠠᠲᠠᠭᠤ ᠠᠷᠭ᠎ᠠ ᠬᠡᠮᠵᠢᠶ᠎ᠡ》 ᠪᠡᠷ ᠡᠵᠡᠩᠨᠡᠯᠲᠡ᠎ᠶᠢᠨ ᠣᠷᠴᠢᠨ ᠲᠣᠭᠣᠷᠢᠨ᠎ᠤ 《ᠵᠥᠭᠡᠯᠡᠨ ᠪᠣᠳᠠᠲᠤ ᠬᠦᠴᠦᠨ》 ᠎ᠢ ᠳᠡᠭᠡᠭᠰᠢᠯᠡᠭᠦᠯᠵᠦ᠂ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠵᠤ ᠴᠢᠳᠠᠨ᠎ᠠ᠃

(ᠵᠣᠬᠢᠶᠠᠭ᠍ᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭ᠎ᠠ ᠲᠦᠷᠭᠡᠨ ᠭᠣᠣᠯ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ᠎ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ᠂ ᠨᠢᠭᠡᠳᠦᠭᠡᠷ ᠳᠡᠰ᠎ᠤᠨ ᠳᠡᠭᠡᠳᠦ ᠵᠡᠷᠭᠡ᠎ᠶᠢᠨ ᠪᠠᠢᠴᠠᠭᠠᠬᠤ ᠲᠤᠰᠢᠶᠠᠯᠲᠠᠨ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号